7 ᠰᠠᠷ᠎ᠠ᠎ᠶ᠋ᠢᠨ 14 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠢ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠬᠥᠬᠡᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠾᠧ ᠬᠠᠢ ᠳ᠋ᠦᠩ 《ᠰᠡᠳᠬᠢᠯ ᠲᠠᠯᠪᠢᠨ ᠰᠤᠷᠤᠯᠴᠠᠨ ᠤᠢᠯᠠᠭᠠᠵᠤ᠂ ᠬᠦᠴᠤᠳᠠᠢ ᠪᠦᠳᠤᠮᠵᠢᠳᠠᠢ ᠪᠡᠷ ᠨᠠᠢᠳᠠᠪᠤᠷᠢᠵᠢᠭᠤᠯᠤᠯᠳᠠ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ ᠵᠢᠨ ᠬᠥᠬᠡᠬᠣᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠰᠤᠬᠡᠢ — ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠰᠡᠳᠦᠪ᠎ᠢᠶᠡᠷ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠪᠠ᠃ ᠾᠧ ᠬᠠᠢ ᠳ᠋ᠦᠩ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠢᠷ᠎ᠠ ᠬᠠᠯᠠᠮᠵᠢ᠎ᠶ᠋ᠢ ᠭᠦᠨᠵᠡᠭᠡᠢ ᠤᠬᠠᠬᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠬᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠭᠤᠷᠪᠠᠨ ᠲᠠᠯ᠎ᠠ ᠡᠴᠡ ᠬᠥᠬᠡᠬᠣᠲᠠ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠵᠢᠨ ᠳᠡᠳ᠋ ᠵᠠᠬᠢᠷᠤᠯ ᠠᠨ ᠵᠢᠩ ᠽᠸ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠢ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ᠂ 《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ᠎ᠶ᠋ᠢ ᠭᠦᠨᠵᠡᠭᠡᠢ ᠤᠬᠠᠬᠤ》᠂ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠬᠤ》᠂ 《ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠪᠡᠷ ᠵᠢᠯᠣᠭᠣᠳᠤᠮᠵᠢ ᠪᠣᠯᠭᠠᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ》 ᠭᠤᠷᠪᠠᠨ ᠲᠠᠯ᠎ᠠ ᠡᠴᠡ ᠱᠢᠰᠲ᠋ᠧᠮ᠎ᠲᠡᠶ ᠪᠦᠬᠦ᠌ ᠲᠠᠯ᠎ᠠ᠎ᠪᠠᠷ᠂ ᠭᠦᠨᠵᠡᠭᠡᠢ ᠣᠢᠯᠠᠭᠠᠮᠵᠢᠲᠠᠢ ᠲᠠᠢᠯᠤᠮᠵᠢ ᠬᠢᠵᠡᠢ᠃ 《ᠱᠢᠭᠦᠬᠦ᠌ ᠬᠣᠷᠢᠶ᠎ᠠ ᠵᠢᠨ ᠺᠠᠳ᠋ᠷ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠭᠦᠨ ᠲᠠᠰᠤᠯᠬᠤ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠢ᠎ᠠ ᠵᠢᠨ ᠡᠷᠡᠭᠦᠦ᠍᠎ᠶ᠋ᠢᠨ ᠬᠡᠷᠡᠭ᠎ᠦᠨ ᠱᠢᠭᠦᠨ ᠲᠠᠰᠤᠯᠤᠯᠲᠠ᠎ᠶ᠋ᠢᠨ ᠭᠤᠷᠪᠠᠳᠤᠭᠠᠷ ᠲᠢᠩᠬᠢᠮ᠎ᠦᠨ ᠱᠢᠭᠦᠭ᠌ᠴᠢ᠎ᠶ᠋ᠢᠨ ᠲᠤᠰᠠᠯᠠᠭ᠍ᠴᠢ ᠮᠠ ᠱᠢᠨ ᠱᠢᠨ ᠬᠡᠯᠡᠪᠡ᠃