ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ ᠎ᠳᠤ ᠱᠢᠨᠵᠢᠯᠡᠨ ᠪᠠᠢᠴᠠᠭᠠᠬᠤ ᠦᠶ᠎ᠡ ᠎ᠶ᠋ᠢᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠤᠤᠯ ᠠᠢᠮᠠᠭ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠳ᠋ᠤ ᠬᠦᠷᠴᠤ ᠤᠬᠠᠭᠤᠯᠤᠨ ᠲᠠᠢᠯᠪᠤᠷᠢᠯᠠᠪᠠ
2023-07-20 09:30:19
ᠵᠣᠬᠢᠶᠠᠭ᠍ᠴᠢ᠄
ᠪᠠᠶᠠᠰᠭᠤᠯᠠᠩ ᠱᠤᠸᠠᠢ ᠵᠧᠩ ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

ᠶᠣᠣ ᠶᠦᠩ ᠪᠥᠸᠧ    ᠲᠠᠢᠴᠢᠨ    ᠶᠠᠩ ᠵᠢᠶᠸ ᠳᠤᠰ ᠳᠤᠰ ᠤᠬᠠᠭᠤᠯᠤᠨ ᠲᠠᠢᠯᠪᠤᠷᠢᠯᠠᠵᠠᠢ


ᠤᠢ᠍ᠢᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠣᠣᠯ ᠠᠢᠮᠠᠭ᠂ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠱᠢᠯᠢ᠎ᠶ᠋ᠢᠨ ᠭᠤᠤᠯ ᠠᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠶᠤᠤ ᠶᠦᠩ ᠪᠥᠸᠧ ᠤᠬᠠᠭᠤᠯᠤᠨ ᠲᠠᠢᠯᠪᠤᠷᠢᠯᠠᠬᠤ᠎ᠳᠠᠭᠠᠨ᠂ ᠡᠷᠬᠡᠪᠰᠢ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠠᠪᠤᠨ ᠶᠡᠬᠡ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢᠶᠠᠷ ᠭᠠᠷᠳᠠᠴᠠ ᠪᠣᠯᠭᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠤᠶᠠᠯᠳᠤᠯ᠎ᠤᠨ ᠴᠡᠭ᠂ ᠭᠠᠷᠳᠠᠬᠤ ᠴᠡᠭ᠎ᠢ ᠣᠨᠣᠪᠴᠢᠲᠠᠶ ᠣᠯᠵᠤ᠂ ᠠᠵᠢᠯ᠎ᠤᠨ ᠰᠡᠳᠭᠢᠴᠡ ᠪᠠ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠤᠨ᠂ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠨᠡᠨ ᠬᠦ᠌ ᠪᠣᠳᠠᠲᠠᠶ ᠠᠵᠢᠯ ᠳᠤᠮᠳᠠ᠎ᠪᠠᠨ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠳᠡᠭᠡᠷ᠎ᠡ ᠢᠯᠡᠷᠡᠭᠦᠯᠬᠦ᠌ ᠬᠡᠷᠡᠭ᠌ᠲᠡᠶ᠃ ᠱᠢᠯᠢ᠎ᠶ᠋ᠢᠨ ᠭᠤᠤᠯ ᠠᠢᠮᠠᠭ᠎ᠤᠨ᠎ᠬᠢᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠪᠦᠲᠦᠭᠡᠯᠴᠢ᠎ᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠱᠢᠨ᠎ᠡ ᠵᠠᠮ ᠨᠡᠭᠡᠭᠡᠵᠦ᠍᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠥᠬᠥ᠌ ᠤᠯᠤᠰ᠎ᠤᠨ ᠳᠤᠮᠳᠠ ᠵᠢᠨ ᠲᠦᠪᠰᠢᠨ᠎ᠳᠦ ᠬᠦᠷᠭᠡᠬᠦ᠎ᠶ᠋ᠢ ᠠᠬᠢᠭᠤᠯᠬᠤ》 ᠲᠡᠮᠡᠴᠡᠯ᠎ᠦᠨ ᠶᠠᠪᠤᠴᠠ᠎ᠳᠤ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠶ ᠭᠡᠵᠦ᠍ ᠬᠡᠯᠡᠵᠠᠢ᠃

7 ᠰᠠᠷ᠎ᠠ᠎ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠳᠠᠢᠴᠢᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠳᠤ ᠭᠦᠨᠵᠡᠭᠡᠢᠷᠡᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠲᠠᠢᠴᠢᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠢᠷ᠎ᠠ ᠬᠠᠯᠠᠮᠵᠢ᠎ᠶ᠋ᠢ ᠭᠦᠨᠵᠡᠭᠡᠶ ᠣᠬᠠᠪᠤᠷᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠤᠨᠤᠪᠴᠢᠳᠠᠢ ᠪᠠᠲᠤ ᠡᠵᠡᠮᠳᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠶ ᠳ᠋ᠦ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠭᠤᠷᠪᠠᠨ ᠲᠠᠯ᠎ᠠ᠎ᠪᠠᠷ ᠭᠦᠨᠵᠡᠭᠡᠶ ᠲᠣᠳᠣᠷᠬᠠᠢᠯᠠᠨ ᠲᠠᠢᠯᠪᠤᠷᠢᠯᠠᠬᠤ᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠂ 《ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ》 ᠎ᠢ᠋ ᠰᠠᠢᠲᠤᠷ ᠬᠢᠬᠦ᠌᠂ ᠭᠤᠤᠯ ᠰᠡᠳᠦᠪᠲᠦ ᠬᠥᠮᠦᠵᠢᠯ᠎ᠢ ᠰᠠᠢᠲᠤᠷ ᠥᠷᠨᠢᠭᠦᠯᠬᠦ᠌ ᠵᠡᠷᠭᠡ ᠲᠠᠯ᠎ᠠ᠎ᠪᠠᠷ ᠰᠠᠨᠠᠯ᠎ᠢᠶᠠᠨ ᠰᠣᠯᠢᠯᠴᠠᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠶᠠᠩ ᠵᠢᠶᠸ ᠤᠬᠠᠭᠤᠯᠤᠨ ᠲᠠᠢᠯᠪᠤᠷᠢᠯᠠᠬᠤ ᠳᠠᠢᠯᠤᠮᠵᠢ ᠬᠢᠪᠡ᠃ ᠶᠠᠩ ᠵᠢᠶᠸ 《ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠠᠴᠠ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ ᠣᠯᠵᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ》 ᠪᠡᠷ ᠰᠡᠳᠦᠪ ᠪᠣᠯᠭᠠᠵᠤ᠂ 《ᠦᠵᠡᠯ ᠰᠠᠨᠠᠭ᠎ᠠ᠎ᠶ᠋ᠢ ᠰᠤᠷᠤᠯᠴᠠᠬᠤ》 ᠳᠤᠮᠳᠠ ᠤᠶᠤᠨ ᠰᠠᠨᠠᠭᠠᠨ᠎ᠤ ᠠᠷᠢᠭᠤᠳᠭᠠᠯ ᠬᠦᠷᠲᠡᠵᠦ᠍᠂ 《ᠨᠠᠮᠴᠢ ᠴᠢᠨᠠᠷ᠎ᠢ ᠴᠢᠩᠭᠠᠳᠭᠠᠬᠤ》 ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ 《ᠦᠢᠯᠡᠳᠦᠯᠭᠡ᠎ᠶ᠋ᠢ ᠴᠢᠬᠤᠯᠠᠴᠢᠯᠠᠬᠤ》 ᠳᠤᠮᠳᠠ ᠵᠣᠷᠢᠯᠲᠠ᠎ᠶ᠋ᠢᠨ ᠤᠬᠠᠮᠰᠠᠷ᠎ᠢᠶᠠᠨ ᠪᠠᠲᠤ ᠱᠤᠭᠤᠵᠤ᠂ 《ᠱᠢᠨ᠎ᠡ ᠭᠠᠪᠢᠶ᠎ᠠ ᠪᠠᠢᠭᠤᠯᠬᠤ》 ᠳᠤᠮᠳᠠ ᠴᠠᠭᠠᠷᠠᠭ᠍ᠰᠠᠨ ᠡᠷᠳᠡᠮ ᠴᠢᠳᠠᠪᠤᠷᠢ᠎ᠪᠠᠨ ᠪᠠᠲᠤᠳᠭᠠᠬᠤ ᠵᠡᠷᠭᠡ᠎ᠶ᠋ᠢᠨ ᠲᠣᠭᠣᠷᠢᠨ᠎ᠳᠤ ᠲᠠᠢᠯᠤᠮᠵᠢ ᠬᠢᠵᠠᠢ᠃ ᠤᠯᠠᠨ᠎ᠢᠶᠠᠷ᠎ᠢᠶᠠᠨ᠂ ᠬᠣᠶᠠᠷ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号