7 ᠰᠠᠷ᠎ᠠ ᠶ᠋ᠢᠨ 17 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠣᠷᠳᠣᠰ ᠬᠣᠲᠠ ᠪᠠ ᠦᠬᠠᠶ ᠬᠣᠲᠠ ᠳ᠋ᠤ ᠬᠦᠷᠴᠤ ᠤᠬᠠᠭᠤᠯᠤᠨ ᠲᠠᠢᠯᠪᠤᠷᠢᠯᠠᠪᠠ᠃
ᠣᠷᠳᠣᠰ ᠬᠣᠲᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠦ᠋ᠨ ᠡᠷᠬᠢᠯᠡᠭ᠌ᠴᠢ ᠭᠦᠩ ᠮᠢᠩ ᠵᠦ᠍ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠲᠠᠢ ᠨᠢᠭᠳᠠ ᠤᠶᠠᠯᠳᠤᠭᠤᠯᠤᠨ᠂ 《ᠥᠪᠥᠷ ᠮᠣᠩᠭᠣᠯ ᠤ᠋ᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠤᠬᠠᠶ ᠴᠢᠬᠤᠯᠠ ᠵᠢᠭᠠᠪᠤᠷᠢ᠂ ᠠᠵᠤ ᠦᠢᠯᠡᠰ ᠦ᠋ᠨ ᠪᠦᠲᠦᠴᠡ ᠶ᠋ᠢ ᠱᠠᠯᠠᠪᠳᠠᠨ ᠱᠢᠯᠢᠳᠡᠭ᠌ᠵᠢᠭᠦᠯᠵᠤ᠂ ᠦᠪᠡᠷᠮᠢᠴᠡ ᠤᠨᠴᠠᠯᠢᠭᠳᠤ ᠳᠠᠪᠠᠭᠤᠯᠢᠭ ᠠᠵᠤ ᠦᠶ᠋ᠯᠡᠰ ᠢ᠋ ᠢᠳᠡᠪᠬᠢᠲᠡᠶ ᠬᠥᠭ᠌ᠵᠢᠭᠦᠯᠬᠦ᠌ ᠴᠢᠬᠤᠯᠠ ᠵᠢᠭᠠᠪᠤᠷᠢ᠂ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠵᠤ᠂ ᠬᠠᠮᠲᠤ ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠴᠢᠬᠤᠯᠠ ᠵᠢᠭᠠᠪᠤᠷᠢ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠨ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠦᠷᠭᠦᠯᠵᠢᠯᠡᠨ ᠰᠠᠢᠲᠤᠷ ᠪᠦᠲᠦᠭᠡᠨ ᠪᠠᠢᠭᠤᠯᠬᠤ ᠴᠢᠬᠤᠯᠠ ᠵᠢᠭᠠᠪᠤᠷᠢ ᠪᠣᠯᠤᠨ ᠭᠣᠣᠯ ᠰᠡᠳᠦᠪᠲᠦ ᠬᠥᠮᠦᠵᠢᠯᠢ ᠰᠠᠢᠲᠤᠷ ᠥᠷᠨᠢᠭᠦᠯᠬᠦ᠌ ᠲᠤᠬᠠᠢ ᠴᠢᠬᠤᠯᠠ ᠵᠢᠭᠠᠪᠤᠷᠢ ᠶ᠋ᠢ ᠭᠦᠨᠵᠡᠭᠡᠶ ᠣᠢᠯᠠᠭᠠᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ》 ᠲᠠᠪᠤᠨ ᠲᠠᠯ᠎ᠠ ᠡᠴᠡ ᠪᠦᠬᠦ᠌ ᠲᠠᠯ᠎ᠠ ᠪᠠᠷ ᠱᠢᠰᠲ᠋ᠧᠮ ᠲᠡᠶ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠮᠡᠳᠡᠭᠦᠯᠦᠯᠲᠡ ᠶ᠋ᠢᠨ ᠬᠤᠷᠠᠯ ᠤ᠋ᠨ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠪᠦᠷᠢᠯᠳᠦᠬᠦᠨ ᠣᠷᠳᠣᠰ ᠬᠣᠲᠠ ᠶ᠋ᠢᠨ ᠬᠢᠶ᠎ᠠ ᠪᠠᠭ᠍ᠰᠢ ᠲᠣᠭᠣᠷᠢᠭ ᠤ᠋ᠨ ᠪᠢᠨ ᠾᠧ ᠵᠡᠭᠡᠯᠢ ᠭᠤᠳᠤᠮᠵᠢ ᠶ᠋ᠢᠨ ᠺᠠᠩ ᠴᠧᠩ ᠨᠡᠢᠭᠡᠮ ᠲᠣᠭᠣᠷᠢᠭ ᠲᠤ᠌ ᠬᠦᠷᠴᠦ᠍᠂ ᠨᠡᠢᠭᠡᠮ ᠦ᠋ᠨ ᠪᠠᠲᠤᠯᠠᠭ᠎ᠠ ᠶ᠋ᠢᠨ ᠱᠢᠰᠲ᠋ᠧᠮ ᠦ᠋ᠨ ᠪᠠᠢᠭᠤᠯᠤᠯᠲᠠ᠂ ᠠᠷᠠᠳ ᠲᠦᠮᠡᠨ ᠤ᠋ ᠬᠠᠮᠲᠤ ᠪᠠᠷ ᠪᠠᠶᠠᠵᠢᠨ ᠴᠢᠨᠡᠭᠡᠯᠢᠭ᠌ᠵᠢᠬᠦ᠌ ᠵᠡᠷᠭᠡ ᠠᠭᠤᠯᠭ᠎ᠠ ᠶ᠋ᠢᠨ ᠲᠣᠭᠣᠷᠢᠨ ᠳ᠋ᠤ ᠦᠨᠳᠦᠰᠦᠨ ᠱᠠᠲᠤᠨ ᠤ᠋ ᠺᠠᠳ᠋ᠷ ᠣᠯᠠᠨ ᠲᠦᠮᠡᠨ ᠲᠡᠶ ᠰᠠᠨᠠᠯ ᠶ᠋ᠢᠡᠨ ᠰᠣᠯᠢᠯᠴᠠᠪᠠ ᠃
ᠦᠬᠠᠶ ᠬᠣᠲᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ ᠦ᠋ᠨ ᠳᠡᠳ᠋ ᠳᠠᠷᠤᠭ᠎ᠠ ᠬᠤᠤ ᠴᠢᠩ ᠸᠧᠨ ᠤᠷᠢᠳ ᠬᠣᠵᠢᠳ ᠪᠠᠢᠭᠤᠯᠭ᠎ᠠ᠂ ᠨᠡᠢᠭᠡᠮ ᠲᠣᠭᠣᠷᠢᠭ ᠲᠤ᠌ ᠬᠦᠷᠴᠤ᠂ 《ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠨ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠶᠡ》 ᠭᠡᠬᠦ᠌ ᠰᠡᠳᠦᠪᠢᠶᠡᠷ᠂ 《ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠡᠬᠢ ᠭᠦᠨ ᠵᠤᠵᠠᠭᠠᠨ ᠬᠠᠢᠷ᠎ᠠ ᠬᠠᠯᠠᠮᠵᠢ ᠶ᠋ᠢ ᠭᠦᠨᠵᠡᠭᠡᠢ ᠣᠢᠯᠠᠭᠠᠬᠤ》 ᠂ 《ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶᠠᠨ ᠤ᠋ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠬᠤ》 ᠂ 《ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠵᠢᠷᠭᠤᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠪᠣᠳᠠᠲᠠᠢ ᠳ᠋ᠤ ᠨᠠᠢᠳᠠᠪᠤᠷᠢᠵᠢᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠬᠤ》 ᠭᠤᠷᠪᠠᠨ ᠲᠠᠯ᠎ᠠ ᠡᠴᠡ ᠨᠠᠮ ᠤ᠋ᠨ ᠭᠡᠱᠢᠭᠦᠨ ᠺᠠᠳ᠋ᠷ ᠣᠯᠠᠨ ᠲᠦᠮᠡᠨ ᠳ᠋ᠤ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ ᠤ᠋ ᠳᠠᠷᠠᠭ᠎ᠠ᠂ ᠤᠯᠠᠨ ᠶ᠋ᠢᠡᠷ ᠶ᠋ᠢᠡᠨ ᠪᠣᠳᠠᠲᠤ ᠠᠵᠢᠯᠯᠠᠭ᠎ᠠ ᠪᠠᠷ ᠶ᠋ᠢᠡᠨ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠦᠬᠠᠢ ᠬᠤᠳᠠ ᠳ᠋ᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶ᠋ᠢ ᠦᠨᠡᠨ ᠬᠦ᠌ ᠪᠠᠲᠤᠯᠠᠨ᠎ᠠ ᠭᠡᠵᠦ᠍ ᠢᠯᠡᠳᠭᠡᠵᠡᠭᠡᠪᠡ᠃