7 ᠰᠠᠷ᠎ᠠ᠎ᠶ᠋ᠢᠨ 18 ᠡᠴᠡ 19᠎ᠤ᠋ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠳ᠋ᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠳ᠋ᠦ᠋ ᠢ ᠱᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠪᠠᠢᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠲᠠᠶ ᠨᠢᠭ᠍ᠲᠠ ᠤᠶᠠᠯᠳᠤᠭᠤᠯᠵᠤ᠂ 《ᠶᠡᠷᠦᠩᠬᠡᠢ ᠱᠦᠵᠢ ᠶ᠋ᠢᠨ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠡᠷᠡᠰ ᠰᠢᠭᠤᠷᠬᠠᠢ ᠰᠠᠢᠲᠤᠷ ᠨᠠᠢᠳᠠᠪᠤᠷᠢᠵᠢᠭᠤᠯᠬᠤ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠪᠦᠬᠦ᠌ ᠲᠠᠯ᠎ᠠ ᠪᠠᠷ ᠰᠠᠢᠲᠤᠷ ᠪᠦᠲᠦᠬᠡᠨ ᠪᠠᠢᠭᠤᠯᠬᠤ》᠂ 《ᠠᠵᠤ ᠦᠢᠯᠡᠰ᠎ᠦᠨ ᠪᠦᠲᠦᠴᠡ᠎ᠶ᠋ᠢ ᠲᠦᠷᠭᠡᠳᠭᠡᠨ ᠱᠢᠯᠢᠳᠡᠭ᠌ᠵᠢᠭᠦᠯᠵᠦ᠂ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠬᠦ᠌》 ᠵᠡᠷᠭᠡ ᠵᠢᠷᠭᠤᠭᠠᠨ ᠲᠠᠯ᠎ᠠ ᠡᠴᠨ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠪᠡ᠃ ᠬᠤᠷᠠᠯ᠎ᠳᠤ ᠣᠷᠣᠯᠴᠠᠭ᠍ᠰᠠᠳ᠂ ᠮᠡᠳᠡᠬᠦᠯᠦᠯᠳᠡ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠥᠭᠦᠯᠡᠯᠲᠡ ᠨᠢ ᠬᠦᠨ ᠭᠦᠨᠵᠡᠭᠡᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠯᠳᠡ ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠬᠠᠮᠳᠤᠳᠬᠠᠨ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠬᠡᠪᠡ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠢᠯᠡᠳᠦᠯᠭᠡ ᠰᠡᠳᠬᠦᠯ᠎ᠦᠨ ᠬᠤᠷᠢᠶ᠎ᠠ᠎ᠶ᠋ᠢᠨ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠳᠤ ᠬᠦᠷᠴᠦ᠍᠂ 《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ᠎ᠶ᠋ᠢ ᠭᠦᠨᠵᠡᠭᠡᠢ ᠤᠬᠠᠪᠤᠷᠢᠯᠠᠬᠤ》᠂ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠬᠤ》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ》 ᠭᠤᠷᠪᠠᠨ ᠲᠠᠯ᠎ᠠ ᠡᠴᠨ ᠪᠦᠬᠦ᠌ ᠲᠠᠯ᠎ᠠ᠎ᠪᠠᠷ ᠱᠢᠰᠲ᠋ᠧᠮ᠎ᠲᠡᠶ᠂ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠡᠢ᠃ 《 ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ ᠪᠠᠨ ᠵᠣᠷᠢᠭ᠍ᠲᠠᠢ ᠪᠡᠷ ᠡᠭᠦᠷᠭᠡᠯᠡᠵᠦ᠍᠂ ᠪᠠᠢᠴᠠᠭᠠᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠢᠴᠠᠭᠠᠬᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠳᠣᠯᠣᠳᠤᠭᠠᠷ ᠪᠠᠢᠴᠠᠭᠠᠬᠤ ᠬᠡᠯᠲᠡᠰ᠎ᠦᠨ ᠡᠷᠬᠢᠯᠡᠭ᠌ᠴᠢ ᠰᠦᠨ ᠯᠦ᠍ ᠢ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠢᠯᠡᠳᠦᠯᠭᠡ ᠰᠡᠳᠬᠦᠯ᠎ᠦᠨ ᠬᠤᠷᠢᠶ᠎ᠠ ᠵᠢᠨ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠵᠤ᠂ ᠪᠦᠬᠦ᠌ ᠲᠠᠯ᠎ᠠ ᠪᠠᠷ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠬᠢᠨᠠᠯᠲᠠ ᠲᠠᠯᠪᠢᠬᠤ ᠲᠠᠰᠤᠭ᠎ᠤᠨ ᠳᠡᠳ᠋ ᠡᠷᠬᠢᠯᠡᠭ᠌ᠴᠢ ᠴᠢ ᠢᠦᠢ᠄ 《ᠮᠡᠳᠡᠭᠦᠯᠦᠯᠲᠡ᠎ᠶ᠋ᠢ ᠰᠣᠨᠣᠰᠤᠭᠠᠳ ᠲᠤᠢᠯ᠎ᠢᠶᠠᠷ ᠤᠷᠮᠠᠱᠢᠨ ᠵᠣᠷᠢᠭ᠍ᠵᠢᠪᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠬᠣᠶᠠᠷ ᠶᠡᠬᠡ ᠶᠠᠪᠤᠳᠠᠯ᠎ᠢ ᠡᠷᠡᠰ ᠰᠢᠭᠤᠷᠬᠠᠢ ᠰᠠᠢᠲᠤᠷ ᠨᠠᠢᠳᠠᠪᠤᠷᠢᠵᠢᠭᠤᠯᠬᠤ᠎ᠶ᠋ᠢ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠦᠨᠳᠦᠰᠦᠨ ᠡᠭᠦᠷᠭᠡ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠬᠦᠯᠦᠨ᠎ᠡ》 ᠬᠡᠪᠠ᠃