ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠬᠦᠷᠴᠦ ᠤᠬᠠᠭᠤᠯᠤᠨ ᠳᠠᠢᠯᠪᠤᠷᠢᠯᠠᠪᠠ
2023-07-23 14:42:24
ᠵᠣᠬᠢᠶᠠᠭ᠍ᠴᠢ᠄
ᠱᠤᠸᠠᠢ ᠵᠧᠩ ᠂ ᠪᠠᠢ ᠯᠢᠶᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 20᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠱᠢᠤᠢ ᠵᠧᠨ ᠱᠠᠨ ᠮᠠᠨ᠎ᠤ ᠣᠷᠣᠨ᠎ᠤ ᠴᠠᠬᠢᠯᠭᠠᠨ ᠬᠦᠴᠦᠨ᠎ᠦ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠪᠥᠭᠡᠳ ᠣᠢᠯᠠᠭᠠᠮᠵᠢᠲᠠᠶ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠠᠢᠨ᠎ᠠ᠃ 《ᠲᠠᠷᠠᠭᠠᠴᠢ᠎ᠶ᠋ᠢᠨ ᠠᠯᠬᠤᠮ᠎ᠳᠤ᠂ ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ   ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ 〈1469〉 ᠳᠤᠮᠳᠠ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠪᠥᠲᠥᠭᠡᠨ ᠪᠠᠢᠭᠤᠯᠤᠯᠲᠠ᠎ᠶ᠋ᠢ ᠴᠤᠬᠴᠠᠯᠠᠬᠤ᠂ ᠴᠠᠬᠢᠯᠭᠠᠨ ᠬᠡᠷᠡᠭ᠌ᠯᠡᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠡᠷᠭᠡ ᠠᠵᠢᠯ᠎ᠢ ᠳᠣᠪᠣᠢᠯᠭᠠᠵᠤ᠂ ᠭᠤᠤᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ᠍ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠲᠡᠰ᠎ᠦᠨ ᠳᠠᠷᠤᠭ᠎ᠠ ᠯᠢᠦ ᠵᠢᠩ ᠷᠦᠩ ᠬᠡᠯᠡᠪᠡ᠃

ᠦᠪᠡᠷᠳᠡᠭᠡᠨ ᠵᠠᠰᠬᠠᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠠᠷᠢᠶᠠᠲᠤ ᠵᠢᠨ ᠶᠠᠪᠤᠳᠠᠯ᠎ᠤᠨ ᠠᠯᠪᠠᠨ ᠭᠡᠷ᠎ᠦᠨ ᠡᠷᠬᠢᠯᠡᠭ᠌ᠴᠢ ᠯᠦ᠍ ᠵᠢᠩ ᠳ᠋ᠦᠩ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢᠨ ᠲᠣᠭᠣᠷᠢᠨ᠎ᠳᠤ᠂《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ  ᠬᠦᠨ ᠵᠤᠵᠠᠭᠠᠨ ᠬᠠᠢᠷ᠎ᠠ ᠬᠠᠯᠠᠮᠵᠢ᠎ᠶ᠋ᠢ ᠭᠦᠨᠵᠡᠭᠡᠢ ᠣᠢᠯᠠᠭᠠᠬᠤ》᠂ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢᠨ ᠪᠠᠶᠠᠯᠢᠭ ᠠᠭᠤᠯᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠬᠤ》᠂ 《 ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ》 ᠵᠡᠷᠭᠡ ᠭᠤᠷᠪᠠᠨ ᠲᠠᠯ᠎ᠠ᠎ᠡᠴᠡ ᠭᠦᠨᠵᠡᠭᠡᠢ ᠲᠠᠢᠯᠤᠮᠵᠢ ᠬᠢᠪᠡ᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠯᠠᠨ᠎ᠢᠶᠠᠷ᠎ᠢᠶᠠᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠢᠯᠳᠠᠨ ᠠᠵᠢᠯᠴᠢᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠢᠷᠭᠠᠯᠲᠤ ᠲᠦᠷᠦᠭ᠌ᠳᠡᠯ᠎ᠢ ᠴᠢᠷᠮᠠᠢᠨ ᠳᠡᠭᠡᠭ᠌ᠰᠢᠯᠡᠭᠦᠯᠵᠦ᠍᠂ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢ ᠠᠵᠢᠯᠳᠠᠨ ᠠᠵᠢᠯᠴᠢᠨ ᠲᠦᠮᠡᠨ᠎ᠳᠤ ᠲᠠᠭᠠᠰᠢᠶᠠᠭᠳᠠᠭᠰᠠᠨ 《ᠠᠵᠢᠯᠳᠠᠨ ᠠᠵᠢᠯᠴᠢᠨ᠎ᠤ ᠭᠡᠷ》 ᠪᠣᠯᠭᠠᠨ ᠪᠦᠳᠦᠭᠡᠨ ᠪᠠᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号