7 ᠰᠠᠷ᠎ᠠ᠎ᠶ᠋ᠢᠨ 21᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠳᠤ ᠬᠦᠷᠴᠦ᠍ ᠤᠬᠠᠭᠤᠯᠤᠨ ᠳᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠳ᠋ᠦ᠋ ᠢ ᠱᠢᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠦ ᠬᠦᠷᠴᠦ᠂ 《ᠶᠡᠷᠦᠩᠬᠡᠢ ᠱᠦᠵᠢ᠎ᠶ᠋ᠢᠨ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠡᠷᠡᠰ ᠰᠠᠢᠲᠤᠷ ᠨᠠᠢᠳᠠᠪᠤᠷᠢᠵᠢᠭᠤᠯᠬᠤ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠪᠦᠬᠦ᠌ ᠲᠠᠯ᠎ᠠ᠎ᠪᠠᠷ ᠰᠠᠢᠲᠤᠷ ᠪᠦᠳᠦᠬᠡᠨ ᠪᠠᠢᠭᠤᠯᠬᠤ》 ᠂ 《ᠠᠵᠤ ᠦᠢᠯᠡᠰ᠎ᠦᠨ ᠪᠦᠲᠦᠴᠡ᠎ᠶ᠋ᠢ ᠲᠦᠷᠭᠡᠳᠭᠡᠨ ᠱᠢᠯᠢᠳᠡᠭ᠌ᠵᠢᠭᠦᠯᠵᠦ᠂ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠬᠦ᠌》᠂ 《ᠠᠷᠠᠳ᠎ᠤᠨ ᠠᠮᠢᠳᠤᠷᠠᠯ᠎ᠢ ᠦᠨᠡᠨᠬᠦ᠌ ᠪᠠᠲᠤᠯᠠᠨ ᠰᠠᠢᠵᠢᠷᠠᠭᠤᠯᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ》᠂ 《ᠡᠯᠡᠰᠦᠷᠬᠡᠭᠵᠢᠯ᠎ᠢ ᠰᠡᠷᠭᠡᠢᠯᠡᠵᠦ ᠡᠯᠡᠰᠦ ᠵᠢ ᠵᠠᠰᠠᠬᠤ ᠬᠦᠨᠳᠦ ᠡᠭᠦᠷᠭᠡ᠎ᠶ᠋ᠢ ᠡᠭᠦᠷᠭᠡᠯᠡᠵᠦ᠂ 〈ᠤᠮᠠᠷᠠᠲᠤ᠎ᠶᠢᠨ ᠭᠤᠷᠪᠠᠨ ᠤᠷᠤᠨ〉 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌》 ᠵᠢᠴᠢ 《ᠭᠣᠣᠯ ᠰᠡᠳᠦᠪᠲᠦ ᠬᠥᠮᠦᠵᠢᠯ᠎ᠦᠨ ᠦᠨᠡᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ》 ᠵᠢᠷᠭᠤᠭᠠᠨ ᠲᠠᠯ᠎ᠠ ᠡᠴᠡ ᠭᠦᠨᠵᠡᠭᠡᠶ ᠪᠥᠭᠡᠳ ᠣᠢᠯᠠᠭᠠᠮᠵᠢᠲᠠᠶ᠂ ᠪᠦᠬᠦ᠌ ᠲᠠᠯ᠎ᠠ᠎ᠶ᠋ᠢᠨ ᠱᠢᠰᠲ᠋ᠧᠮ᠎ᠲᠡᠶ ᠲᠠᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠶᠢᠨ ᠲᠤᠰᠭᠠᠢ ᠲᠤᠱᠢᠶᠠᠯᠳᠦ ᠳᠡᠳ᠋ ᠱᠦᠵᠢ ᠳ᠋ᠠᠢ ᠵᠢᠶᠠᠨ ᠹᠸᠩ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠣᠳᠠᠲᠠᠢ᠎ᠶ᠋ᠢ ᠡᠷᠬᠢᠮᠯᠡᠨ ᠡᠷᠡᠮᠡᠬᠡᠢᠯᠡᠨ ᠤᠷᠤᠭ᠍ᠰᠢᠯᠠᠵᠤ᠂ ᠰᠠᠯᠬᠢᠨ᠎ᠤ ᠵᠦᠭ᠌ᠴᠢ᠂ ᠲᠦᠷᠭᠡᠳᠭᠡᠭᠦᠷ᠂ ᠪᠣᠭᠣᠮᠲᠠ ᠵᠢ ᠰᠠᠬᠢᠭ᠍ᠴᠢ᠂ ᠬᠢᠨᠠᠯᠲᠠ ᠲᠠᠯᠪᠢᠭ᠍ᠴᠢ᠎ᠶ᠋ᠢᠨ ᠦᠢᠯᠡᠳᠦᠯ᠎ᠢᠶᠡᠨ ᠦᠷᠭᠦᠯᠵᠢᠯᠡᠨ ᠰᠠᠢᠲᠤᠷ ᠪᠠᠳᠠᠷᠠᠭᠤᠯᠤᠨ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠠᠷᠭ᠎ᠠ ᠪᠤᠳᠤᠵᠦ᠂ ᠰᠠᠢᠨ ᠪᠤᠳᠤᠯᠭ᠎ᠠ ᠲᠡᠪᠰᠢᠬᠦᠯᠵᠦ᠂ ᠪᠣᠳᠠᠲᠠᠢ ᠠᠷᠭ᠎ᠠ ᠭᠠᠷᠭᠠᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠱᠢᠨᠬᠤᠸᠠ ᠬᠤᠷᠢᠶ᠎ᠠ᠎ᠶᠢᠨ ᠥᠪᠥᠷ ᠮᠣᠩᠭᠣᠯ᠎ᠳᠠᠬᠢ ᠬᠤᠪᠢᠶᠠᠷᠢ ᠬᠤᠷᠢᠶ᠎ᠠ᠎ᠶ᠋ᠢᠨ ᠳᠡᠳ᠋ ᠶᠡᠷᠦᠩᠬᠡᠢ ᠨᠠᠢᠷᠠᠭᠤᠯᠤᠭ᠍ᠴᠢ ᠵᠠᠩ ᠯᠢ ᠨᠠ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ᠎ᠳᠤ ᠬᠦᠷᠴᠦ᠍᠂ 《ᠳᠠᠪᠠᠭᠤᠯᠢᠭ ᠡᠬᠢ ᠪᠠᠶᠠᠯᠢᠭ᠎ᠢ ᠭᠦᠨ ᠠᠭᠤᠳᠠᠯᠵᠤ ᠭᠣᠣᠯᠯᠠᠭ᠍ᠴᠢ ᠦᠯᠢᠬᠡᠷ᠎ᠢ ᠰᠠᠢᠲᠤᠷ ᠶᠠᠷᠢᠰᠤᠭᠠᠢ》 ᠭᠡᠬᠦ᠌ ᠰᠡᠳᠦᠪ᠎ᠢᠶᠡᠷ᠂ ᠰᠤᠷᠪᠤᠯᠵᠢᠯᠠᠨ ᠨᠠᠢᠷᠠᠭᠤᠯᠬᠤ ᠠᠵᠢᠯ ᠳᠤᠮᠳᠠᠬᠢ ᠠᠮᠢᠳᠤᠯᠢᠭ ᠵᠢᠱ᠌ᠢᠢ᠎ᠡ᠎ᠲᠡᠶ ᠤᠶᠠᠯᠳᠤᠭᠤᠯᠵᠤ᠂ ᠥᠷᠭᠡᠨ ᠤᠯᠠᠨ ᠡᠪᠯᠡᠯ᠎ᠦᠨ ᠺᠠᠳ᠋ᠷ᠎ᠤᠨ ᠵᠠᠯᠠᠭᠤ ᠨᠠᠰᠤᠨ᠎ᠤ ᠬᠦᠴᠦᠨ ᠴᠢᠳᠠᠯ᠎ᠢᠶᠡᠨ ᠪᠠᠳᠠᠷᠠᠭᠤᠯᠵᠤ᠂ ᠵᠠᠯᠠᠭᠤᠴᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠳᠤᠳᠤᠷᠬᠠᠢᠯᠠᠵᠤ᠂ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠠᠮᠢᠳᠤᠯᠢᠭ ᠦᠢᠯᠡᠳᠦᠯᠭᠡ ᠳᠤᠮᠳᠠ ᠬᠣᠱᠢᠭᠤᠴᠢ ᠴᠡᠷᠢᠭ ᠪᠠ ᠪᠡᠯᠡᠳᠭᠡᠯ ᠬᠦᠴᠦᠨ ᠪᠣᠯᠬᠤ᠎ᠪᠠᠷ ᠴᠢᠷᠮᠠᠢᠬᠤ ᠵᠢ ᠬᠦᠳᠦᠯᠦᠨ ᠵᠢᠯᠣᠭᠣᠳᠪᠠ᠃ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠶᠡᠷᠦᠩᠬᠡᠶ ᠬᠠᠪᠰᠤᠷᠤᠨ ᠵᠢᠯᠣᠭᠣᠳᠣᠭ᠍ᠴᠢ ᠰᠦᠨ ᠠᠨ ᠴᠢᠨ᠄《ᠤᠬᠠᠭᠤᠯᠤᠨ ᠲᠠᠢᠯᠪᠤᠷᠢᠯᠠᠯᠲᠠ ᠨᠢ ᠡᠮᠦᠨ᠎ᠡ ᠹᠷᠣᠨᠲ᠎ᠤᠨ ᠰᠤᠷᠪᠤᠯᠵᠢᠯᠠᠭ᠍ᠴᠢ᠎ᠶ᠋ᠢᠨ ᠥᠪᠡᠷ᠎ᠦᠨ ᠥᠩᠭᠡᠷᠡᠯᠲᠡ᠎ᠳᠦ ᠰᠠᠭᠤᠷᠢᠯᠠᠬᠰᠠᠨ᠎ᠢᠶᠡᠷ ᠮᠠᠰᠢ ᠠᠮᠢᠳᠤᠯᠢᠭ ᠪᠦᠭᠡᠳ ᠨᠥᠯᠥᠭᠡᠯᠡᠬᠦ᠌ ᠬᠦᠴᠦᠨ᠎ᠲᠡᠶ ᠪᠠᠢᠵᠦ᠂ ᠬᠥᠮᠦᠰ᠎ᠦᠨ ᠡᠷᠴᠢ ᠵᠤᠷᠢᠭ᠎ᠢ ᠬᠦᠪᠴᠢᠯᠡᠵᠡᠢ᠃ ᠪᠢᠳᠡ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠵᠠᠯᠠᠭᠤᠴᠤᠳ ᠪᠠᠭᠠᠴᠤᠳ᠎ᠤᠨ ᠳᠤᠮᠳᠠ ᠬᠦᠷᠭᠡᠵᠦ᠍᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠬᠠᠳᠠᠩᠱᠢᠭᠤᠯᠤᠨ᠎ᠠ》 ᠭᠡᠪᠡ᠃