ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠡᠷᠢᠶᠡᠨ ᠬᠣᠲᠠ ᠪᠠ ᠲᠦᠩᠯᠢᠶᠣᠣ ᠬᠣᠲᠠ᠎ᠳᠤ ᠬᠥᠷᠪᠡ
2023-07-26 09:28:51
ᠵᠣᠬᠢᠶᠠᠭ᠍ᠴᠢ᠄
ᠪᠠᠶᠠᠰᠬᠤᠯᠠᠩ ᠰᠢᠤᠸᠠᠢ ᠢ ᠴᠢᠶᠦ᠋ᠨ ᠵᠠᠩ ᠸᠧᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 24 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠡᠷᠢᠶᠡᠨ ᠬᠤᠳᠠ ᠪᠠ ᠲᠦᠩᠯᠢᠶᠣᠣ ᠬᠤᠳᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃

ᠡᠷᠢᠶᠡᠨ ᠬᠤᠳᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ ᠬᠢᠯᠢ᠎ᠶᠢᠨ ᠪᠣᠭᠣᠮᠲᠠ᠎ᠶᠢᠨ ᠺᠠᠳ᠋ᠷ ᠤᠯᠠᠨ ᠲᠦᠮᠡᠨ᠎ᠲᠠᠢ ᠨᠢᠭᠤᠷᠳᠠᠨ ᠰᠠᠨᠠᠯ᠎ᠢᠶᠠᠨ ᠰᠣᠯᠢᠯᠴᠠᠵᠤ᠂ ᠤᠯᠠᠨ᠎ᠤ ᠬᠠᠯᠠᠮᠵᠢᠯᠠᠨ ᠠᠩᠬᠠᠷᠴᠤ ᠪᠠᠢᠭ᠎ᠠ ᠠᠵᠢᠯ ᠣᠯᠭᠣᠬᠤ ᠦᠢᠯᠡᠰ ᠪᠣᠰᠬᠠᠬᠤ᠂ ᠨᠡᠢᠭᠡᠮ᠎ᠦᠨ ᠪᠠᠲᠤᠯᠠᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ᠃ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ ᠂ ᠤᠯᠠᠨ᠎ᠢᠶᠠᠷ᠎ᠢᠶᠠᠨ ᠪᠣᠳᠠᠲᠤ ᠠᠵᠢᠯᠯᠠᠭ᠎ᠠ᠎ᠪᠠᠷ᠎ᠢᠶᠠᠨ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠬᠢᠯᠢ᠎ᠶᠢᠨ ᠪᠣᠭᠣᠮᠲᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠪᠠᠲᠤᠯᠠᠵᠤ᠂ ᠬᠣᠶᠠᠷ ᠶᠡᠬᠡ ᠶᠠᠪᠤᠳᠠᠯ᠎ᠢ ᠨᠠᠢᠳᠠᠪᠤᠷᠢᠵᠢᠭᠤᠯᠬᠤ᠎ᠶᠢ ᠠᠬᠢᠭᠤᠯᠤᠨ ᠂ ᠬᠢᠯᠢ ᠬᠢᠵᠠᠭᠠᠷ᠎ᠤᠨ ᠠᠮᠤᠷ ᠲᠦᠪᠰᠢᠨ ᠲᠣᠭᠲᠠᠭᠤᠨ ᠪᠠ ᠬᠢᠯᠢ ᠬᠢᠵᠠᠭᠠᠷ᠎ᠤᠨ ᠬᠥᠭᠵᠢᠯ ᠴᠡᠴᠡᠭᠯᠡᠯ᠎ᠢ ᠪᠠᠲᠤᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠲᠦᠩᠯᠢᠶᠣᠣ ᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠮᠠ ᠬᠦᠶ ᠶᠢᠩ 《ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠮᠡᠳᠡᠭᠦᠯᠦᠯᠲᠡ ᠬᠢᠪᠡ᠃ ᠮᠠ ᠬᠦᠢ ᠶᠢᠩ ᠶᠡᠬᠡ ᠬᠡᠮᠵᠢᠶᠡᠨ᠎ᠦ ᠲᠣᠭ᠎ᠠ ᠪᠠᠷᠢᠮᠲᠠ ᠂ ᠵᠢᠷᠤᠭ ᠬᠦᠰᠦᠨᠦᠭᠲᠦ᠎ᠶᠢ ᠠᠰᠢᠭ᠍ᠯᠠᠵᠤ ᠂ ᠤᠯᠠᠨ ᠲᠠᠯ᠎ᠠ᠎ᠠᠴᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠢᠰᠲᠧᠮ᠎ᠲᠠᠢ ᠲᠠᠢᠯᠪᠤᠷᠢᠯᠠᠵᠤ ᠂ ᠤᠯᠠᠨ ᠵᠢᠡᠷ ᠵᠢᠡᠨ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠬᠠᠢᠷ᠎ᠠ ᠬᠠᠯᠠᠮᠵᠢ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠨᠠᠢᠳᠠᠪᠤᠷᠢᠵᠢᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠎ᠳᠤ ᠲᠦᠩᠯᠢᠶᠣᠣ᠎ᠶᠢᠨ ᠬᠦᠴᠦᠨ ᠴᠢᠳᠠᠯ᠎ᠢᠶᠠᠨ ᠡᠷᠭᠦᠬᠦ ᠵᠢ ᠵᠣᠷᠢᠭ᠍ᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号