ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠣᠲᠠ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠳᠠᠭᠠᠳᠬᠠᠯ᠎ᠤᠨ ᠲᠣᠪᠴᠢᠶ᠎ᠠ᠎ᠳᠤ ᠬᠦᠷᠴᠦ ᠤᠬᠠᠭᠤᠯᠤᠨ ᠳᠠᠢᠯᠪᠤᠷᠢᠯᠠᠪᠠ
2023-07-27 09:24:03
ᠵᠣᠬᠢᠶᠠᠭ᠍ᠴᠢ᠄
ᠮᠧᠢ ᠭᠠᠩ ᠭᠦᠸᠧ ᠴᠢ ᠨᠠᠨ ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 25 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠣᠲᠠ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠲᠣᠪᠴᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃

ᠤᠯᠠᠭᠠᠨᠴᠠᠪ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠨᠢᠨ ᠮᠡᠳᠡᠭᠡ ᠬᠡᠪᠯᠡᠯ᠎ᠦᠨ ᠲᠣᠪᠴᠢᠶ᠎ᠠ (ᠬᠡᠪᠯᠡᠯ᠎ᠦᠨ ᠡᠷᠬᠡ᠎ᠶᠢᠨ ᠲᠣᠪᠴᠢᠶ᠎ᠠ) ᠵᠢᠨ ᠳᠠᠷᠤᠭ᠎ᠠ ᠹᠦ ᠯᠧᠢ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠬᠠᠢᠷ᠎ᠠ ᠬᠠᠯᠠᠮᠵᠢ᠎ᠶᠢ ᠭᠦᠨᠵᠡᠭᠡᠢ ᠣᠢᠯᠠᠭᠠᠬᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠭᠦᠨᠵᠡᠭᠡᠢ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠡᠵᠡᠮᠰᠢᠬᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠬᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ᠂ ᠴᠢᠬᠤᠯᠠ ᠶᠡᠬᠡ ᠲᠡᠦᠬᠡᠨ ᠠᠵᠠ ᠲᠣᠬᠢᠶᠠᠯ ᠤ᠋ᠨ ᠬᠤᠭᠤᠴᠠᠭ᠎ᠠ᠂ ᠡᠯ᠎ᠡ ᠵᠦᠢᠯ᠎ᠦᠨ ᠳᠠᠪᠠᠭᠤᠯᠢᠭ ᠵᠢᠡᠨ ᠲᠥᠪᠯᠡᠷᠡᠭᠦᠯᠦᠨ ᠢᠯᠡᠷᠡᠭᠦᠯᠬᠦ ᠬᠤᠭᠤᠴᠠᠭ᠎ᠠ᠂ ᠬᠡᠯᠪᠡᠷᠢ᠎ᠪᠡᠨ ᠬᠤᠪᠢᠷᠠᠭᠤᠯᠤᠨ ᠬᠥᠭᠵᠢᠯᠳᠡ ᠵᠢᠨ ᠬᠤᠷᠳᠤᠴᠠ᠎ᠪᠠᠨ ᠲᠦᠷᠬᠡᠳᠬᠡᠬᠦ ᠬᠤᠭᠤᠴᠠᠭ᠎ᠠ ᠵᠢ ᠡᠵᠡᠮᠳᠡᠨ᠂ ᠢᠲᠡᠭᠡᠯ ᠵᠣᠷᠢᠭ᠋᠎ᠢᠶᠠᠨ ᠴᠢᠨᠠᠭᠰᠢᠳᠠ ᠬᠥᠪᠴᠢᠯᠡᠵᠦ᠂ ᠦᠨᠡᠨ ᠬᠦ᠌ ᠠᠳᠬᠤᠵᠤ ᠪᠣᠳᠠᠲᠠᠢ ᠬᠢᠵᠦ᠂ ᠭᠠᠪᠰᠢᠭᠠᠢᠯᠠᠨ ᠲᠡᠮᠡᠴᠡᠵᠦ᠂ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠭᠠᠨᠴᠠᠪ ᠬᠣᠲᠠ᠎ᠳᠤ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ ᠠᠬᠢᠭᠤᠯᠬᠤ ᠵᠢ ᠵᠤᠷᠢᠬᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠪᠠᠢᠩᠭᠤ᠎ᠶᠢᠨ ᠳᠡᠳ᠋ ᠱᠦᠵᠢ ᠵᠠᠩ ᠽᠢ ᠵᠢᠶᠦ᠋ᠨ 《ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠮᠡᠳᠡᠭᠦᠯᠦᠯᠲᠡ ᠬᠢᠪᠡ᠃ ᠵᠠᠩ ᠽᠢ ᠵᠢᠶᠦ᠋ᠨ ᠶᠡᠬᠡ ᠬᠡᠮᠵᠢᠶᠡᠨ᠎ᠦ ᠲᠣᠭ᠎ᠠ ᠪᠠᠷᠢᠮᠲᠠ ᠂ ᠠᠮᠢᠳᠤᠯᠢᠭ᠋ ᠪᠣᠳᠠᠲᠠᠢ ᠵᠢᠱ᠌ᠢᠶ᠎ᠡ᠎ᠪᠡᠷ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠢᠰᠲᠧᠮ᠎ᠲᠠᠢ ᠲᠣᠳᠣᠷᠬᠠᠢᠯᠠᠨ ᠥᠭᠦᠯᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ᠌ ᠬᠠᠯᠠᠮᠵᠢᠯᠠᠯ ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠠᠴᠢ ᠡᠨᠡᠷᠢᠯ ᠳ᠋ᠤ ᠲᠠᠯᠠᠷᠬᠠᠨ ᠡᠷᠡᠮᠡᠬᠡᠢᠯᠡᠨ ᠤᠷᠤᠭᠰᠢᠯᠠᠬᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠷᠠᠳ᠎ᠤᠨ ᠴᠠᠬᠲᠠᠭ᠎ᠠ ᠲᠤᠰᠠᠯᠠᠬᠤ ᠴᠠᠭᠳᠠᠭ᠎ᠠ᠎ᠶᠢᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠬᠤ ᠂ ᠲᠡᠷᠢᠭᠦᠨ᠎ᠦ ᠬᠢ ᠪᠣᠯᠬᠤ᠎ᠪᠠᠷ ᠴᠢᠷᠮᠠᠢᠬᠤ ᠴᠤᠭ ᠵᠢᠪᠬᠤᠭ᠎ᠠ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠵᠢᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ  ᠵᠢ  ᠵᠣᠷᠢᠭ᠍ᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠳᠠᠭᠠᠳᠬᠠᠯ᠎ᠤᠨ ᠲᠣᠪᠴᠢᠶ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠎ᠦᠨ ᠡᠷᠬᠢᠯᠡᠭᠴᠢ ᠭᠡᠰᠢᠭᠦᠨ ᠰᠢᠦᠢ ᠬᠣᠩ ᡁᠢ 《ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠠᠴᠢ ᠡᠨᠡᠷᠢᠯ ᠳ᠋ᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠮᠡᠳᠡᠭᠦᠯᠦᠯᠲᠡ ᠬᠢᠵᠦ ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠭᠰᠡᠨ ᠪᠥᠭᠡᠳ 《ᠡᠮᠴᠢᠯᠡᠬᠡ᠂ ᠡᠮ ᠡᠮᠨᠡᠯᠬᠡ ᠵᠢᠨ ᠳᠠᠭᠠᠳᠬᠠᠯ᠂ ᠡᠮ ᠡᠮᠨᠡᠯᠬᠡ ᠵᠢᠨ ᠦᠬᠡᠷᠡᠴᠢᠯᠡᠯᠳᠡ》 ᠵᠢ ᠵᠣᠬᠢᠴᠠᠩᠭᠤᠢ ᠬᠥᠭᠵᠢᠭᠦᠯᠬᠦ ᠪᠠ ᠴᠡᠭᠴᠡᠯᠡᠨ ᠵᠠᠰᠠᠬᠤ᠎ᠪᠠᠷ ᠭᠠᠷᠳᠠᠴᠠ ᠪᠣᠯᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ᠎ᠶᠢ ᠭᠦᠨᠵᠡᠭᠡᠢ ᠰᠤᠳᠤᠯᠤᠨ ᠶᠠᠷᠢᠯᠴᠠᠪᠠ᠃ ᠤᠯᠠᠨ ᠵᠢᠡᠷ ᠵᠢᠡᠨ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ ᠳ᠋ᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠨᠡᠩ ᠤᠯᠠᠨ ᠡᠮ ᠡᠮᠨᠡᠯᠭᠡ᠎ᠶᠢᠨ ᠳᠠᠭᠠᠳᠬᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号