ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠠᠯᠠᠱᠠ ᠠᠢᠮᠠᠭ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠳ᠋ᠦ ᠬᠦᠷᠴᠦ ᠤᠬᠠᠭᠤᠯᠤᠨ ᠲᠠᠢᠯᠪᠤᠷᠢᠯᠠᠪᠠ
2023-07-31 19:15:54
ᠵᠣᠬᠢᠶᠠᠭ᠍ᠴᠢ᠄
ᠮᠠ ᠹᠠᠩ ᠯᠢᠦ ᠬᠣᠩ ᠵᠠᠩ ᠵᠤᠤ ᠰᠢ ᠵᠢᠶᠠ ᠶᠦᠩ ᠯᠠᠢ
ᠣᠩᠱᠢᠭ᠍ᠰᠠᠨ ᠣᠳᠠᠭ᠎ᠠ᠄
★★★☆☆

7 ᠰᠠᠷ᠎ᠠ ᠵᠢᠨ 26 — 27  ᠤ᠋ ᠡᠳᠦᠷ ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠢ᠎ᠠ᠂ ᠠᠯᠠᠱᠠ ᠠᠢᠮᠠᠭ ᠪᠣᠯᠤᠨ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠳ᠋ᠦ ᠬᠦᠷᠴᠦ᠍ ᠤᠬᠠᠭᠤᠯᠤᠨ ᠲᠠᠢᠯᠪᠤᠷᠢᠯᠠᠪᠠ ᠃

ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠢ᠎ᠠ ᠳ᠋ᠦ ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂ ᠱᠢᠨᠬᠤᠸᠠ ᠬᠣᠷᠢᠶ᠎ᠠ᠎ᠶᠢᠨ ᠥᠪᠥᠷ ᠮᠣᠩᠭᠣᠯ ᠤ᠋ᠨ ᠬᠤᠪᠢᠶᠠᠷᠢ ᠬᠣᠷᠢᠶ᠎ᠠ ᠵᠢᠨ ᠳᠡᠳ᠋ ᠶᠡᠷᠦᠩᠬᠡᠢ ᠨᠠᠢᠷᠠᠭᠤᠯᠤᠭ᠍ᠴᠢ ᠵᠠᠩ ᠯᠢ ᠨᠠ ᠠᠯᠳᠠᠷ ᠬᠦᠨᠳᠦᠳᠡᠢ ᠰᠤᠨᠢᠨ ᠮᠡᠳᠡᠭᠡᠨ᠎ᠤ ᠠᠵᠢᠯᠳᠠᠨ ᠤ᠋ ᠬᠠᠷᠠᠭᠠᠰᠤ ᠡᠴᠡ ᠂ ᠣᠨᠣᠪᠴᠢᠲᠠᠢ ᠲᠣᠭ᠎ᠠ ᠪᠠᠷᠢᠮᠲᠠ ᠂ ᠠᠮᠢᠳᠤᠯᠢᠭ ᠪᠣᠳᠠᠲᠤ ᠵᠢᠱ᠌ᠢᠢ᠎ᠡ ᠪᠣᠯᠤᠨ ᠠᠵᠢᠯ ᠤ᠋ᠨ ᠪᠣᠳᠠᠲᠤ ᠪᠠᠢᠳᠠᠯ ᠲᠠᠢ ᠪᠡᠨ ᠤᠶᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭᠠᠨ ᠤ᠋ ᠭᠣᠣᠯ ᠠᠭᠤᠯᠭ᠎ᠠ ᠂ ᠪᠠᠶᠠᠯᠢᠭ ᠠᠭᠤᠯᠤᠭ᠍ᠳᠠᠬᠤᠨ ᠂ ᠦᠢᠯᠡᠳᠦᠯᠭᠡ ᠵᠢᠨ ᠱᠠᠭᠠᠷᠳᠠᠯᠭ᠎ᠠ ᠵᠢ ᠭᠦᠨᠵᠡᠭᠡᠢ ᠱᠢᠰᠲ᠋ᠧᠮ᠎ᠲᠡᠶ ᠲᠣᠳᠣᠷᠬᠠᠢᠯᠠᠨ ᠦᠭᠦᠯᠡᠭᠰᠡᠨ ᠪᠥᠭᠡᠳ ᠲᠠᠢᠯᠤᠮᠵᠢ ᠬᠢᠵᠦ᠍ ᠂ ᠪᠠᠢᠴᠠᠭᠠᠨ ᠰᠤᠳᠤᠯᠵᠤ ᠰᠤᠷᠪᠤᠯᠵᠢᠯᠠᠭᠰᠠᠨ ᠪᠣᠳᠠᠳᠤ ᠬᠡᠷᠡᠭ ᠤ᠋ᠨ ᠵᠢᠱ᠌ᠢᠢ᠎ᠡ ᠪᠡᠷ ᠭᠠᠷᠳᠠᠴᠠ ᠪᠣᠯᠭᠠᠵᠤ ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠬᠡᠷᠬᠢᠨ ᠰᠠᠢᠲᠤᠷ ᠣᠢᠯᠠᠭᠠᠵᠤ ᠨᠡᠪᠳᠡᠷᠡᠳᠡᠯ᠎ᠡ ᠮᠡᠳᠡᠵᠤ ᠂ ᠪᠣᠳᠠᠲᠠᠢ ᠳ᠋ᠦ ᠨᠠᠢᠳᠠᠪᠤᠷᠢᠵᠢᠭᠤᠯᠬᠤ ᠲᠤᠬᠠᠢ ᠶᠠᠷᠢᠭ᠍ᠰᠠᠨ ᠪᠠᠢᠨ᠎ᠠ ᠃ ᠤᠯᠠᠨ ᠵᠢᠡᠷ ᠵᠢᠡᠨ ᠶᠡᠷᠦᠩᠬᠡᠢ ᠱᠦᠵᠢ ᠰᠢ ᠵᠢᠨ ᠫᠢᠩ ᠤ᠋ᠨ ᠳᠣᠲᠣᠨᠣ ᠬᠠᠯᠠᠮᠵᠢᠯᠠᠯ ᠂ ᠴᠢᠩ ᠰᠡᠳᠭᠢᠯ ᠤ᠋ᠨ ᠨᠠᠢᠳᠠᠯᠭ᠎ᠠ ᠵᠢ ᠡᠯ᠎ᠡ ᠵᠦᠢᠯ ᠤ᠋ᠨ ᠠᠵᠢᠯ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ ᠃

ᠠᠯᠠᠱᠠ ᠠᠢᠮᠠᠭ ᠲᠦ᠍ ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ ᠤ᠋ᠨ ᠨᠠᠮ ᠤ᠋ᠨ ᠬᠣᠷᠢᠶ᠎ᠠ᠎ᠶᠢᠨ ᠱᠦᠵᠢ᠂ ᠲᠢᠩᠬᠢᠮ ᠤ᠋ᠨ ᠳᠠᠷᠤᠭ᠎ᠠ ᠴᠠᠩ ᡁᠢ ᠭᠠᠩ 《 ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶ᠎ᠡ 》 ᠭᠡᠬᠦ᠌ ᠰᠡᠳᠦᠪ ᠵᠢᠡᠷ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭᠠᠨ ᠤ᠋ ᠴᠢᠬᠤᠯᠠ ᠶᠡᠬᠡ ᠠᠴᠢ ᠬᠣᠯᠪᠣᠭ᠍ᠳᠠᠯ ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ ᠵᠢᠨ ᠱᠠᠭᠠᠷᠳᠠᠯᠭ᠎ᠠ ᠵᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠦᠭᠦᠯᠡᠪᠡ ᠃  ᠤᠯᠠᠨ ᠢ᠋ ᠰᠤᠷᠤᠯᠴᠠᠯᠭ᠎ᠠ ᠵᠢᠨ ᠦᠷ᠎ᠡ ᠪᠦᠲᠦᠭᠡᠯ ᠵᠢᠡᠨ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠡᠯ᠎ᠡ ᠵᠦᠢᠯ ᠤ᠋ᠨ ᠠᠵᠢᠯ ᠵᠢᠡᠨ ᠯᠠᠪᠳᠠᠭᠤᠨ ᠪᠠᠲᠤᠲᠠᠢ ᠪᠦᠲᠦᠮᠵᠢᠲᠡᠢ ᠰᠠᠢᠲᠤᠷ ᠬᠢᠵᠦ᠍ ᠂ ᠪᠣᠳᠠᠲᠤ ᠠᠵᠢᠯᠯᠠᠭ᠎ᠠ᠎ᠪᠠᠷ ᠵᠢᠡᠨ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ᠍ ᠵᠣᠷᠢᠭ᠍ᠵᠢᠭᠤᠯᠪᠠ ᠃ ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨ ᠤ᠋ ᠳᠠᠷᠠᠭ᠎ᠠ ᠤᠯᠠᠨ ᠵᠢᠡᠷ ᠵᠢᠡᠨ ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠰᠠᠢᠲᠤᠷ ᠠᠳᠭᠤᠵᠤ ᠂ ᠠᠯᠠᠱᠠ ᠵᠢᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠂ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠥᠭ᠌ᠵᠢᠯᠲᠡ ᠵᠡᠷᠭᠡ ᠡᠯ᠎ᠡ ᠵᠦᠢᠯ ᠤ᠋ᠨ ᠠᠵᠢᠯ ᠳ᠋ᠦ ᠬᠦᠴᠦ᠍᠎ᠪᠡᠨ ᠲᠥᠪᠯᠡᠷᠡᠭᠦᠯᠵᠦ᠍ ᠂ ᠯᠠᠪᠳᠠᠭᠤᠨ ᠪᠠᠲᠤᠲᠠᠢ᠎ᠪᠠᠷ ᠠᠤᠭ᠎ᠠ ᠶᠡᠬᠡ ᠵᠢᠷᠤᠭ ᠲᠥᠰᠦᠪ ᠢ᠋ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠪᠡᠶᠡᠯᠡᠬᠦᠯᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ ᠃

ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠳ᠋ᠦ᠍ ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠂ ᠠᠷᠠᠳ ᠤ᠋ᠨ ᠡᠳᠦᠷ ᠤ᠋ᠨ ᠰᠣᠨᠢᠨ ᠤ᠋ ᠬᠤᠷᠢᠶ᠎ᠠ᠎ᠶᠢᠨ ᠥᠪᠥᠷ ᠮᠣᠩᠭᠣᠯ ᠤ᠋ᠨ ᠬᠤᠪᠢᠶᠠᠷᠢ ᠬᠣᠷᠢᠶ᠎ᠠ ᠵᠢᠨ  ᠰᠤᠷᠪᠤᠯᠵᠢᠯᠠᠨ ᠨᠠᠢᠷᠠᠭᠤᠯᠬᠤ ᠲᠥᠪ ᠤ᠋ᠨ ᠡᠷᠬᠢᠯᠡᠭ᠌ᠴᠢ ᠳ᠋ᠢᠩ ᡁᠢ ᠵᠢᠶᠦ᠋ᠨ 《 ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶ᠎ᠡ 》 ᠭᠡᠬᠦ᠌ ᠰᠡᠳᠦᠪ ᠵᠢᠡᠷ ᠮᠡᠳᠡᠭᠦᠯᠦᠯᠲᠡ ᠬᠢᠵᠦ᠍ ᠂ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠵᠢᠨ ᠠᠵᠢᠯᠲᠠᠳ ᠲᠠᠢ ᠬᠠᠮᠲᠤ᠎ᠪᠠᠷ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠣᠢᠯᠠᠭᠠᠪᠠ ᠃ ᠮᠡᠳᠡᠭᠦᠯᠦᠯᠲᠡ ᠵᠢ ᠰᠣᠨᠣᠰᠤᠭ᠍ᠰᠠᠨ ᠤ᠋ ᠳᠠᠷᠠᠭ᠎ᠠ ᠂ ᠤᠯᠠᠨ ᠵᠢᠡᠷ ᠵᠢᠡᠨ ᠂ ᠪᠣᠳᠠᠲᠤ ᠠᠵᠢᠯᠯᠠᠭ᠎ᠠ᠎ᠪᠠᠷ ᠵᠢᠡᠨ 《 ᠬᠣᠶᠠᠷ ᠢ᠋ ᠲᠣᠭ᠍ᠲᠠᠭᠠᠭᠰᠠᠨ 》 ᠢ᠋ ᠡᠷᠡᠰ ᠬᠦᠷᠢᠶᠡᠯᠡᠵᠦ᠍ ᠂ 《ᠬᠣᠶᠠᠷ ᠢ᠋ ᠬᠠᠮᠠᠭᠠᠯᠠᠬᠤ 》 ᠵᠢ ᠡᠷᠡᠰ ᠪᠡᠶᠡᠯᠡᠭᠦᠯᠦᠨ᠎ᠡ ; ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠵᠢᠨ ᠬᠥᠭᠥᠷᠭᠡ ᠬᠣᠯᠪᠣᠭᠠᠰᠤ ᠵᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠨ ᠂ ᠠᠵᠢᠯ ᠤ᠋ᠨ ᠬᠦᠴᠦᠯᠡᠬᠦ᠌ ᠴᠡᠭ ᠵᠢᠡᠨ ᠣᠨᠣᠪᠴᠢᠲᠠᠢ ᠣᠯᠵᠤ ᠂ ᠦᠨᠳᠦᠰᠦᠲᠡᠨ᠎ᠨᠦᠭᠦᠳ ᠤ᠋ᠨ ᠡᠮᠡᠭ᠌ᠲᠡᠢᠴᠦᠳ ᠢ᠋ ᠪᠦᠯᠬᠦᠮᠳᠡᠭᠦᠯᠦᠨ ᠳᠠᠭᠠᠭᠤᠯᠵᠤ ᠂ ᠮᠣᠩᠭᠣᠯ ᠮᠤᠷᠢᠨ ᠤ᠋ ᠵᠣᠷᠢᠭ ᠰᠠᠨᠠᠭ᠎ᠠ ᠪᠣᠯᠤᠨ 《 ᠤᠮᠠᠷᠠᠲᠤ ᠵᠢᠨ ᠭᠤᠷᠪᠠᠨ ᠣᠷᠣᠨ ᠤ᠋ ᠵᠣᠷᠢᠭ ᠰᠠᠨᠠᠭ᠎ᠠ 》 ᠵᠢ ᠪᠠᠳᠠᠷᠠᠭᠤᠯᠵᠤ ᠂ ᠪᠣᠳᠠᠲᠠᠢ ᠠᠵᠢᠯᠯᠠᠬᠤ ᠵᠢ ᠴᠢᠬᠤᠯᠠᠴᠢᠯᠠᠨ ᠂ ᠨᠠᠢᠳᠠᠪᠤᠷᠢᠵᠢᠭᠤᠯᠤᠯᠲᠠ ᠵᠢ ᠠᠳᠭᠤᠵᠤ ᠂ ᠦᠷ᠎ᠡ ᠪᠦᠲᠦᠮᠵᠢ ᠵᠢ ᠴᠢᠬᠤᠯᠠᠴᠢᠯᠠᠨ ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠦ᠍ ᠂ ᠥᠪᠥᠷ ᠮᠣᠩᠭᠣᠯ ᠤ᠋ᠨ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ ᠵᠢ ᠠᠬᠢᠭᠤᠯᠬᠤ ᠳ᠋ᠦ 《 ᠡᠮᠡᠭᠳᠠᠢᠴᠤᠳ ᠤ᠋ᠨ ᠬᠦᠴᠦᠨ ᠴᠢᠳᠠᠯ 》 ᠎ᠵᠢᠡᠨ ᠨᠡᠮᠡᠷᠢᠯᠡᠨ᠎ᠡ ᠭᠡᠵᠦ᠍ ᠢᠯᠡᠳᠭᠡᠵᠡᠭᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号