ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠠᠵᠢᠯᠲᠠᠳ᠎ᠢ ᠲᠤᠢᠯ᠎ᠤᠨ ᠶᠡᠬᠡᠪᠡᠷ ᠵᠣᠷᠢᠭ᠍ᠵᠢᠭᠤᠯᠪᠠ
ᠶᠡᠷᠦᠩᠬᠡᠢ ᠱᠦᠵᠢ ᠰᠢ ᠵᠢᠨ ᠫᠢᠩ ᠦᠨᠳᠦᠰᠦᠲᠡᠨ᠎ᠦ ᠠᠵᠢᠯ᠎ᠢ ᠢᠮᠠᠭ᠍ᠲᠠ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ᠎ᠢ ᠴᠢᠷᠮᠠᠢᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍ ᠲᠠᠬᠢᠨ ᠳᠠᠪᠲᠠᠨ ᠴᠢᠬᠤᠯᠠᠴᠢᠯᠠᠪᠠ᠃ 6 ᠰᠠᠷ᠎ᠠ᠎ᠶ᠋ᠢᠨ 5 ᠡᠴᠡ 8 ᠤ᠋ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠰᠢᠵᠢᠮ ᠮᠥᠨ᠃ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠍᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ ᠵᠡᠷᠭᠡ ᠨᠢ ᠴᠦᠮ ᠡᠬᠦᠨ᠎ᠤ ᠲᠤᠭᠤᠷᠢᠨ ᠳ᠋ᠤ ᠶᠠᠪᠤᠭᠳᠠᠵᠦ᠂ ᠡᠨᠡ ᠬᠦ᠌ ᠭᠣᠣᠯ ᠰᠢᠵᠢᠮ ᠡᠴᠡ ᠥᠴᠦᠬᠡᠨ ᠴᠦ᠍ ᠰᠠᠯᠵᠤ ᠪᠤᠯᠬᠤ ᠦᠭᠡᠢ》᠂ 《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠤᠢᠪᠢᠰᠢ ᠦᠭᠡᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ》 ᠭᠡᠪᠡ᠃
ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠵᠦ ᠲᠠᠰᠤᠷᠠᠯᠲᠠ ᠦᠭᠡᠢ ᠡᠷᠡᠯᠬᠡᠭ᠌ᠯᠡᠨ ᠤᠷᠤᠭ᠍ᠰᠢᠯᠠᠨ᠎ᠠ᠃ ᠤᠢ᠍ᠢᠷ᠎ᠠ᠎ᠶ᠋ᠢᠨ ᠡᠳᠦᠷ᠎ᠦᠳ᠎ᠲᠦ᠂ ᠪᠦᠬᠦ᠌ ᠣᠷᠣᠨ᠎ᠤ ᠰᠤᠷᠭᠠᠨ ᠬᠥᠮᠦᠵᠢᠯ᠎ᠦᠨ ᠱᠢᠰᠲᠸᠮ᠎ᠤᠨ ᠺᠠᠳ᠋ᠷ ᠠᠵᠢᠯᠳᠠᠨ ᠠᠵᠢᠯᠴᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠰᠤᠷᠭᠠᠨ ᠬᠥᠮᠦᠵᠢᠯ᠎ᠦᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠵᠠᠪᠠᠯ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠡᠳᠦᠷ ᠲᠤᠳᠤᠮ᠎ᠤᠨ ᠡᠯ᠎ᠡ ᠵᠦᠢᠯ᠎ᠦᠨ ᠠᠵᠢᠯ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠰᠠᠨᠠᠭᠠᠴᠢᠯᠠᠭ᠍ᠴᠢ᠂ ᠦᠢᠯᠡᠳᠦᠯᠭᠡᠵᠢᠭᠦᠯᠦᠭ᠌ᠴᠢ᠂ ᠬᠠᠮᠠᠭᠠᠯᠠᠭ᠍ᠴᠢ ᠪᠣᠯᠬᠤ᠎ᠪᠠᠷ ᠴᠢᠷᠮᠠᠢᠨ᠎ᠠ ᠭᠡᠵᠦ᠍ ᠤᠯᠠᠨ᠎ᠢᠶᠠᠷ᠎ᠢᠶᠠᠨ ᠢᠯᠡᠳᠭᠡᠵᠡᠭᠡᠪᠡ᠃
ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠦᠴᠦᠷᠭᠡᠭ ᠶᠡᠭᠡ ᠵᠢᠭ᠍ᠰᠠᠭᠠᠯ᠎ᠤᠨ ᠭᠠᠵᠠᠷ ᠢ ᠪᠠᠢᠭᠤᠯᠤᠨ᠎ᠠ
ᠰᠤᠷᠭᠠᠭᠤᠯᠢ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠭᠣᠣᠯ ᠵᠢᠭ᠍ᠰᠠᠭᠠᠯ᠎ᠤᠨ ᠭᠠᠵᠠᠷ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠵᠢᠨ ᠰᠤᠷᠳᠠᠯ ᠤᠬᠠᠭᠤᠯᠭ᠎ᠠ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠪᠦᠦ ᠭᠸ ᠮᠢᠨᠭ᠌᠄《ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠢᠳᠡ ᠪᠠᠲᠤ ᠴᠡᠭᠡᠵᠢᠯᠡᠵᠦ᠍᠂ ᠵᠠᠯᠠᠭᠤ ᠨᠠᠰᠤ᠎ᠪᠠᠨ ᠦᠯᠦ ᠬᠥᠰᠡᠷᠳᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠷᠭᠡᠨ ᠤᠯᠠᠨ ᠪᠠᠭ᠍ᠰᠢ ᠰᠤᠷᠤᠬ᠍ᠴᠢᠳ᠎ᠤᠨ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ᠎ᠶ᠋ᠢ ᠬᠦᠳᠦᠯᠦᠨ ᠵᠢᠯᠣᠭᠣᠳᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠰᠤᠳᠤᠯᠭᠠᠨ᠎ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠯᠤᠰ᠎ᠤᠨ ᠲᠡᠰ᠎ᠤᠨ ᠰᠤᠳᠤᠯᠭᠠᠨ᠎ᠤ ᠰᠠᠭᠤᠷᠢᠨ᠎ᠢ ᠪᠠᠢᠭᠤᠯᠤᠨ ᠱᠢᠯᠢᠳᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠭᠠᠬᠤ ᠮᠠᠲ᠋ᠧᠷᠢᠶᠠᠯ᠎ᠤᠨ ᠰᠤᠳᠤᠯᠭᠠᠨ᠎ᠤ ᠰᠠᠭᠤᠷᠢᠨ᠂ ᠬᠢᠴᠢᠶᠡᠯ᠎ᠦᠨ ᠱᠢᠨ᠎ᠡ᠎ᠶ᠋ᠢ ᠡᠭᠦᠳᠬᠦ᠌ ᠲᠥᠪ᠂ ᠰᠤᠳᠤᠯᠤᠨ ᠰᠤᠷᠤᠯᠴᠠᠬᠤ ᠦᠢᠯᠡᠳᠦᠯᠭᠡ᠎ᠶ᠋ᠢᠨ ᠰᠠᠭᠤᠷᠢᠨ᠎ᠢ ᠪᠠᠢᠭᠤᠯᠵᠤ᠂ ᠨᠢᠭᠡ ᠪᠦᠯᠦᠭ ᠴᠢᠬᠤᠯᠠ ᠶᠡᠬᠡ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠦᠰᠦᠭ ᠪᠢᠴᠢᠭ᠎ᠦᠨ ᠲᠤᠰᠭᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠶ᠋ᠢ ᠪᠠᠢᠭᠤᠯᠵᠤ᠂ 2025 ᠣᠨ ᠪᠣᠯᠬᠤ᠎ᠳᠤ ᠡᠯ᠎ᠡ ᠱᠠᠲᠤᠨ᠎ᠤ ᠡᠯ᠎ᠡ ᠲᠦᠷᠦᠯ᠎ᠦᠨ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠪᠠᠷᠢᠮᠵᠢᠶ᠎ᠠ᠎ᠳᠤ ᠬᠦᠷᠭᠡᠬᠦ᠌ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠦᠨ᠎ᠡ᠃ 〈 ᠪᠦᠬᠦ᠌ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ (ᠬᠡᠦᠬᠡᠳ᠎ᠦᠨ ᠴᠡᠴᠡᠷᠯᠢᠭ) ᠳ᠋ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠦᠬᠦ᠌ ᠲᠠᠯ᠎ᠠ᠎ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ᠌ ᠲᠤᠬᠠᠢ ᠬᠡᠷᠡᠭ᠌ᠵᠢᠭᠦᠯᠬᠦ᠌ ᠲᠥᠰᠦᠯ (2021 — 2025 ᠣᠨ)〉 ᠢ᠋ ᠤᠯᠠᠮ ᠴᠢᠨᠠᠭ᠍ᠰᠢᠳᠠ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠴᠢᠶᠡᠯ᠎ᠳᠦ ᠠᠭᠤᠰᠬᠠᠬᠤ᠂ ᠰᠤᠷᠭᠠᠭᠤᠯᠢ᠎ᠶ᠋ᠢᠨ ᠰᠣᠶᠣᠯ᠂ ᠭᠤᠤᠯ ᠰᠡᠳᠦᠪᠲᠦ ᠠᠵᠢᠯᠯᠠᠭ᠎ᠠ ᠵᠡᠷᠭᠡ ᠲᠠᠯ᠎ᠠ ᠵᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠡᠷᠭᠡ ᠲᠠᠯ᠎ᠠ᠎ᠪᠠᠷ ᠲᠡᠷᠢᠭᠦᠨ᠎ᠦ ᠬᠢ ᠪᠣᠯᠬᠤ᠎ᠪᠠᠷ ᠴᠢᠷᠮᠠᠢᠨ᠂ ᠥᠪᠥᠷ ᠮᠣᠩᠭᠣᠯ᠎ᠢᠶᠠᠨ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠦᠨ ᠬᠦᠷᠢᠶᠡᠨ᠎ᠦ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠥᠬᠥ᠌ ᠤᠯᠤᠰ᠎ᠤᠨ ᠦᠯᠢᠭᠡᠷ ᠵᠢᠱ᠌ᠢᠶ᠎ᠡ ᠪᠤᠯᠭᠠᠨ᠎ᠠ》 ᠭᠡᠪᠡ᠃ 《ᠪᠢᠳᠡ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ 〈ᠤᠯᠤᠰ ᠤᠨ ᠶᠡᠬᠡ ᠶᠠᠪᠤᠳᠠᠯ〉᠎ᠢ᠋ ᠪᠠᠲᠤ ᠴᠡᠭᠡᠵᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ》ᠭᠡᠵᠦ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠶ᠋ᠢᠨ ᠨᠠᠮ ᠤᠨ ᠤᠳᠤᠷᠢᠳᠭᠤ ᠳᠤᠭᠤᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠢᠦᠶ ᠬᠠᠶ ᠬᠡᠯᠡᠪᠡ᠃ ᠲᠡᠷᠡ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠶ᠋ᠢ ᠰᠤᠷᠭᠠᠭᠤᠯᠢ ᠡᠷᠭᠢᠯᠡᠵᠦ᠍ ᠰᠤᠷᠭᠠᠭᠤᠯᠢ ᠵᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ᠌ ᠪᠥᠬᠥ᠌ ᠶᠠᠪᠤᠴᠠ ᠳᠤ ᠪᠥᠬᠥ᠌ ᠲᠠᠯ᠎ᠠ ᠪᠠᠷ ᠠᠭᠤᠰᠭᠠᠨ ᠣᠷᠣᠭᠤᠯᠵᠤ᠂ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠭᠤᠢᠪᠢᠰᠢ ᠥᠬᠡᠶ ᠳᠡᠯᠭᠡᠷᠡᠭᠦᠯᠦᠨ ᠬᠡᠷᠡᠭ᠌ᠯᠡᠵᠦ᠍᠂ ᠶᠡᠬᠡ ᠳᠤᠮᠳᠠᠳᠤ ᠪᠠᠭ᠎ᠠ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠢ ᠨᠢᠭᠡ ᠴᠣᠭ᠍ᠴᠠᠵᠢᠭᠤᠯᠬᠤ ᠪᠠᠢᠭᠤᠯᠤᠯᠲᠠ ᠶ᠋ᠢ ᠭᠦᠨᠵᠡᠭᠡᠶ ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠬᠢᠭᠡᠳ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢ ᠣᠷᠭᠠᠨᠢᠭ ᠢᠶᠠᠷ ᠤᠶᠠᠯᠳᠤᠭᠤᠯᠵᠤ᠂ 《ᠠᠨᠠᠷ ᠤᠨ ᠦᠷ᠎ᠡ ᠬᠥᠮᠦᠨ᠎ᠢ ᠬᠥᠮᠦᠵᠢᠭᠦᠯᠬᠦ᠌ ᠢᠨᠵᠧᠨᠧᠷᠢᠩ ᠢ᠋ ᠭᠦᠨᠵᠡᠭᠡᠢᠷᠡᠭᠦᠯᠬᠦ᠌ ᠪᠠᠢᠭᠤᠯᠤᠯᠲᠠ》 ᠵᠢ ᠬᠡᠷᠡᠭ᠌ᠵᠢᠭᠦᠯᠵᠦ᠍᠂ ᠬᠢᠴᠢᠶᠡᠯ ᠦᠨ ᠠᠭᠤᠰᠤᠯᠴᠠᠯ᠂ ᠰᠤᠳᠤᠯᠤᠨ ᠲᠠᠢᠯᠪᠤᠷᠢᠯᠠᠯᠳᠠ᠂ ᠰᠠᠭᠤᠷᠢᠨ ᠭᠠᠵᠠᠷ ᠦᠨ ᠪᠥᠲᠥᠭᠡᠨ ᠪᠠᠢᠭᠤᠯᠤᠯᠲᠠ᠂ ᠰᠤᠷᠭᠠᠭᠤᠯᠢ ᠶ᠋ᠢᠨ ᠬᠦᠷᠢᠶᠡᠨ ᠦ ᠰᠣᠶᠣᠯ᠂ ᠭᠤᠤᠯ ᠰᠡᠳᠦᠪᠲᠦ ᠦᠶ᠋ᠯᠡᠳᠦᠯᠭᠡ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠍᠂ ᠬᠥᠮᠦᠨ᠎ᠢ ᠬᠥᠮᠦᠵᠢᠭᠦᠯᠬᠦ᠌ ᠦᠷ᠎ᠡ ᠪᠦᠲᠦᠭᠡᠯ ᠢ ᠪᠥᠬᠥ᠌ ᠲᠠᠯ᠎ᠠ ᠪᠡᠷ ᠪᠡᠬᠢᠵᠢᠬᠦᠯᠦᠨᠠ ᠬᠡᠵᠠᠢ᠃
ᠬᠦᠨᠳᠦ ᠡᠭᠦᠷᠭᠡ ᠶ᠋ᠢ ᠵᠣᠷᠢᠭ᠍ᠲᠠᠢ ᠡᠭᠦᠷᠭᠡᠯᠡᠵᠦ᠍ 《ᠠᠨᠠᠷ ᠤᠨ ᠦᠷ᠎ᠡ》 ᠵᠢᠨ ᠤᠢ᠍ᠢᠯᠠᠭᠠᠭ᠍ᠳᠠᠬᠤᠨ ᠢ ᠥᠷᠭᠡᠨ ᠤᠯᠠᠨ ᠵᠠᠯᠠᠭᠤᠴᠤᠳ ᠪᠠᠭᠠᠴᠤᠳ ᠤᠨ ᠰᠡᠳᠭᠢᠯ ᠳᠦ ᠭᠦᠨ ᠬᠠᠳᠠᠩᠱᠢᠭᠤᠯᠤᠨ᠎ᠠ
ᠦᠨᠳᠦᠰᠦᠲᠡᠨ ᠦ ᠭᠠᠵᠠᠷ ᠣᠷᠣᠨ ᠤ ᠪᠠᠭ᠍ᠰᠢ ᠶ᠋ᠢᠨ ᠶᠡᠬᠡ ᠳᠡᠭᠡᠳᠦ ᠰᠤᠷᠭᠠᠭᠤᠯᠢ ᠪᠣᠯᠤᠭ᠍ᠰᠠᠨ ᠤ ᠬᠤᠪᠢ ᠳᠤ ᠂ ᠥᠪᠥᠷ ᠮᠣᠩᠭᠣᠯ ᠤᠨ ᠪᠠᠭ᠍ᠰᠢ ᠶ᠋ᠢᠨ ᠶᠡᠬᠡ ᠰᠤᠷᠭᠠᠭᠤᠯᠢ ᠦᠨᠳᠦᠰᠦᠲᠡᠨ ᠦ ᠪᠦᠯᠬᠦᠮᠳᠡᠯ ᠦᠨ ᠶᠡᠬᠡ ᠲᠠᠯ᠎ᠠ ᠶ᠋ᠢ ᠪᠡᠬᠢᠵᠢᠭᠦᠯᠦᠨ ᠬᠥᠭ᠌ᠵᠢᠭᠦᠯᠬᠦ᠌᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠳᠤ ᠴᠢᠬᠤᠯᠠ ᠶᠡᠬᠡ ᠡᠭᠦᠷᠭᠡ ᠶ᠋ᠢ ᠡᠭᠦᠷᠭᠡᠯᠡᠵᠦ᠍ ᠪᠤᠢ᠃ ᠥᠪᠥᠷ ᠮᠣᠩᠭᠣᠯ ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠨᠠᠮ ᠤᠨ ᠬᠣᠷᠢᠶ᠎ᠠ ᠵᠢᠨ ᠱᠦᠵᠢ ᠯᠢ ᠱᠸ᠋ ᠯᠢᠨ ᠄ 《 ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ ᠳᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠪᠢᠳᠡ ᠤᠯᠠᠮ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ ᠠᠴᠠ᠎ᠪᠠᠨ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠰᠤᠷᠭᠠᠭᠤᠯᠢ ᠶ᠋ᠢᠨ ᠡᠯ᠎ᠡ ᠵᠦᠢᠯ ᠦᠨ ᠠᠵᠢᠯ ᠤᠨ ᠭᠣᠣᠯ ᠱᠢᠵᠢᠮ ᠪᠣᠯᠭᠠᠵᠤ᠂ 〈ᠠᠨᠠᠷ ᠤᠨ ᠦᠷ᠎ᠡ〉 ᠦᠨᠳᠦᠰᠦ ᠶ᠋ᠢ ᠪᠣᠢᠵᠢᠭᠤᠯᠵᠤ ᠰᠦᠭ ᠰᠦᠨᠡᠰᠦ ᠶ᠋ᠢ ᠱᠤᠭᠤᠵᠤ ᠬᠥᠮᠦᠨ ᠢ ᠬᠥᠮᠦᠵᠢᠭᠦᠯᠬᠦ᠌ ᠢᠨᠵᠧᠨᠧᠷᠢᠩ ᠢ ᠦᠷᠭᠦᠯᠵᠢᠯᠡᠨ ᠬᠡᠷᠡᠭ᠌ᠵᠢᠭᠦᠯᠵᠦ᠍᠂ ᠱᠢᠯᠢᠳᠡᠭ ᠪᠠᠭ᠍ᠰᠢ ᠶ᠋ᠢ ᠬᠦᠴᠦᠯᠡᠨ ᠬᠥᠮᠦᠵᠢᠭᠦᠯᠵᠦ᠍᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠵᠢ ᠢᠷᠭᠡᠳ᠎ᠤᠨ ᠰᠤᠷᠭᠠᠨ ᠬᠥᠮᠦᠵᠢᠯ ᠦᠨ ᠪᠦᠬᠦ᠌ ᠶᠠᠪᠤᠴᠠ᠂ ᠵᠠᠯᠠᠭᠤᠴᠤᠳ ᠪᠠᠭᠠᠴᠤᠳ ᠤᠨ ᠦᠰᠦᠨ ᠪᠣᠢᠵᠢᠯᠲᠠ ᠶ᠋ᠢᠨ ᠡᠯ᠎ᠡ ᠱᠠᠳᠤ ᠦᠶ᠎ᠡ ᠳ᠋ᠤ ᠨᠡᠢᠳᠡᠮ ᠲᠡᠯᠭᠡᠷᠡᠬᠦᠯᠬᠦ ᠵᠢ ᠠᠬᠢᠭᠤᠯᠤᠨ᠎ᠠ᠃ ᠡᠭᠦᠨ ᠦ ᠬᠠᠮᠲᠤ᠂ ᠱᠢᠨᠵᠢᠯᠡᠭᠡᠨ ᠦ ᠰᠠᠯᠠᠭ᠎ᠠ ᠵᠢᠨ ᠴᠢᠳᠠᠪᠤᠷᠢᠲᠠᠨ᠎ᠤ ᠲᠠᠪᠴᠠᠩ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠨᠡᠢᠲᠡᠯᠢᠭ ᠴᠢᠨᠠᠷ ᠢ ᠨᠡᠮᠡᠭ᠌ᠳᠡᠭᠦᠯᠬᠦ᠌ ᠪᠡᠷ ᠴᠢᠭ᠌ᠯᠡᠯ ᠪᠣᠯᠭᠠᠨ ᠴᠢᠬᠤᠯᠠ ᠶᠡᠬᠡ ᠰᠠᠭᠤᠷᠢ ᠴᠢᠨᠠᠷᠲᠠᠶ ᠠᠰᠠᠭᠤᠳᠠᠯ ᠤᠨ ᠰᠤᠳᠤᠯᠭᠠᠨ ᠢ ᠴᠢᠩᠭᠠᠳᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠩ ᠥᠨᠳᠥᠷ ᠲᠠᠰ ᠳᠠᠪᠬᠤᠷᠭ᠎ᠠ ᠠᠴᠠ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠨ ᠵᠠᠰᠠᠭ᠎ᠲᠤ ᠲᠤᠰᠠᠯᠠᠬᠤ᠂ ᠥᠭᠡᠷᠡᠴᠢᠯᠡᠯᠲᠡ ᠶ᠋ᠢᠨ ᠦᠶ᠋ᠯᠡᠳᠦᠯᠭᠡ ᠳᠦ ᠶᠣᠰᠣ ᠵᠦᠶ ᠶ᠋ᠢᠨ ᠲᠤᠯᠭᠠᠭᠤᠷᠢᠯᠠᠯ ᠬᠠᠩᠭᠠᠨ᠎ᠠ》 ᠬᠡᠵᠠᠢ᠃
ᠬᠥᠬᠡᠬᠣᠲᠠ ᠶ᠋ᠢᠨ ᠳᠥᠷᠪᠡᠳᠦᠭᠡᠷ ᠳᠤᠮᠳᠠᠳᠤ ᠰᠤᠷᠭᠠᠭᠤᠯᠢ ᠶ᠋ᠢᠨ ᠬᠤᠪᠢᠶᠠᠷᠢ ᠰᠤᠷᠭᠠᠭᠤᠯᠢ (ᠠᠷᠪᠠᠨ ᠳᠣᠯᠣᠳᠤᠭᠠᠷ ᠳᠤᠮᠳᠠᠳᠤ ᠰᠤᠷᠭᠠᠭᠤᠯᠢ) ᠵᠢᠨ ᠪᠠᠭ᠍ᠰᠢ ᠼᠦᠢ ᠱ᠌ᠢ ᠱᠢᠶᠦ᠋ᠩ ᠄ 《ᠶᠡᠷᠦᠩᠬᠡᠢ ᠱᠦᠵᠢ ᠤᠯᠤᠰ ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠤᠢᠪᠢᠰᠢ ᠦᠭᠡᠢ ᠪᠦᠬᠦ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ ᠦᠨ ᠵᠠᠯᠠᠭᠤᠴᠤᠳ ᠪᠠᠭᠠᠴᠤᠳ ᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠲᠤᠷ ᠡᠵᠡᠮᠱᠢᠨ ᠬᠡᠷᠡᠭ᠌ᠯᠡᠬᠦ᠌ ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠳᠠᠬᠢᠨᠲᠠ ᠴᠢᠬᠤᠯᠠᠴᠢᠯᠠᠪᠠ᠃ ᠡᠨᠡ ᠨᠢ ᠪᠠᠰᠠ ᠨᠢᠭᠡ ᠤᠳᠠᠭ᠎ᠠ ᠮᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠠᠵᠢᠯ ᠳᠤ ᠴᠢᠭ᠌ᠯᠡᠯ ᠢ ᠵᠢᠭᠠᠵᠤ ᠥᠭ᠌ᠴᠡᠶ᠃ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠤᠯ ᠳᠤᠮᠳᠠᠳᠤ ᠶ᠋ᠢᠨ ᠰᠣᠶᠣᠯ ᠤᠨ ᠤᠶᠤᠨ ᠤᠬᠠᠭᠠᠨ ᠤ ᠤᠬᠢ ᠱᠦᠯᠳᠦ ᠵᠢ ᠲᠥᠯᠥᠭᠡᠯᠡᠵᠦ᠍᠂ ᠳᠤᠮᠳᠠᠳᠤ ᠤᠯᠤᠰ ᠤᠨ ᠦᠨᠳᠦᠰᠦᠲᠡᠨ᠎ᠨᠦᠭᠦᠳ ᠦᠨ ᠠᠷᠠᠳ ᠲᠦᠮᠡᠨ ᠦ ᠣᠮᠣᠭ᠍ᠰᠢᠯ ᠪᠣᠯᠤᠨ᠎ᠠ᠃ ᠰᠤᠷᠭᠠᠨ ᠬᠥᠮᠦᠵᠢᠯ ᠦᠨ ᠠᠵᠢᠯᠲᠠᠨ ᠪᠣᠯᠤᠭ᠍ᠰᠠᠨ ᠤ ᠬᠤᠪᠢ ᠳᠤ᠂ ᠪᠢ ᠥᠷᠭᠡᠨ ᠣᠯᠠᠨ ᠵᠠᠯᠠᠭᠤᠴᠤᠳ ᠪᠠᠭᠠᠴᠤᠳ ᠢ ᠰᠤᠷᠭᠠᠨ ᠬᠥᠮᠦᠵᠢᠭᠦᠯᠬᠦ᠌ ᠪᠠ ᠬᠥᠲᠥᠯᠥᠨ ᠵᠢᠯᠣᠭᠣᠳᠴᠤ᠌᠂ ᠳᠤᠮᠳᠠᠳᠤ ᠶ᠋ᠢᠨ ᠰᠣᠶᠣᠯ ᠤᠨ ᠥᠪᠡᠷᠮᠢᠴᠡ ᠷᠢᠳᠢ ᠱᠢᠳᠢ ᠶ᠋ᠢ ᠭᠦᠶ᠋ᠴᠡᠳ ᠮᠡᠳᠡᠷᠡᠭᠦᠯᠵᠦ᠍᠂ ᠬᠠᠷᠠᠬᠠᠨ ᠪᠠᠭ᠎ᠠ ᠠᠴᠠ ᠪᠠᠨ ᠳᠤᠮᠳᠠᠳᠤ ᠶ᠋ᠢᠨ ᠰᠣᠶᠣᠯ ᠤᠨ ᠰᠤᠷᠤᠯᠴᠠᠭ᠍ᠴᠢ ᠵᠠᠯᠭᠠᠮᠵᠢᠯᠠᠭ᠍ᠴᠢ᠂ ᠱᠢᠨ᠎ᠡ ᠶ᠋ᠢ ᠡᠭᠦᠳᠦᠭ᠌ᠴᠢ ᠪᠠ ᠤᠯᠠᠮᠵᠢᠯᠠᠭ᠍ᠴᠢ ᠪᠤᠯᠭᠠᠨ ᠬᠦᠮᠦᠵᠢᠬᠦᠯᠬᠦ ᠬᠠᠷᠢᠭᠤᠴᠠᠯᠭ᠎ᠠ᠎ᠲᠠᠶ ᠶᠤᠮ᠃ ᠮᠠᠨ᠎ᠤ ᠦᠨᠳᠦᠰᠦᠲᠡᠨ᠎ᠨᠦᠭᠦᠳ ᠦᠨ ᠪᠠᠭ᠍ᠰᠢ ᠰᠤᠷᠤᠭ᠍ᠴᠢᠳ ᠠᠨᠠᠷ ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠦᠴᠦᠷᠬᠡᠭ ᠶᠡᠬᠡ ᠰᠣᠶᠣᠯ ᠤᠨ ᠬᠥᠭ᠌ᠵᠢᠯᠲᠡ ᠶ᠋ᠢᠨ ᠬᠦᠴᠦᠨ ᠢ ᠪᠦᠷᠢᠯᠳᠦᠬᠦᠯᠵᠦ᠂ ᠳᠤᠮᠳᠠᠳᠤ ᠶ᠋ᠢᠨ ᠰᠣᠶᠣᠯ ᠤᠨ ᠥᠨᠢᠳᠡ ᠶ᠋ᠢᠨ ᠲᠠᠳᠠᠬᠤ ᠬᠦᠴᠦᠨ ᠪᠠ ᠴᠠᠭ ᠦᠶ᠎ᠡ ᠶ᠋ᠢᠨ ᠴᠤᠭ ᠵᠢᠪᠬᠤᠭ᠎ᠠ ᠶ᠋ᠢ ᠢᠯᠡᠷᠡᠭᠦᠯᠬᠦ ᠬᠡᠷᠡᠭᠳᠡᠢ》 ᠬᠡᠵᠠᠢ᠃