ᠤᠢ᠍ᠢᠷ᠎ᠠ᠎ᠳᠦ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠷᠢᠳ ᠬᠣᠵᠢᠳ ᠶᠡᠬᠡ ᠳᠡᠭᠡᠳᠦ ᠰᠤᠷᠭᠠᠭᠤᠯᠢ ᠪᠣᠯᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠬᠦᠷᠴᠦ᠍ ᠤᠬᠠᠭᠤᠯᠤᠨ ᠲᠠᠢᠯᠪᠤᠷᠢᠯᠠᠪᠠ᠃
7 ᠰᠠᠷ᠎ᠠ᠎ᠶ᠋ᠢᠨ 4 ᠤ᠋ ᠡᠳᠦᠷ ᠪᠠ 5 ᠤ᠋ ᠡᠳᠦᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠶ᠋ᠯᠡᠳᠦᠯᠭᠡ ᠰᠡᠳᠬᠦᠯ᠎ᠦᠨ ᠬᠣᠷᠢᠶ᠎ᠠ᠎ᠶ᠋ᠢᠨ ᠶᠡᠷᠦᠩᠬᠡᠶ ᠨᠠᠢᠷᠠᠭᠤᠯᠤᠭ᠍ᠴᠢ ᠵᠠᠩ ᠢ ᠮᠢᠨ ᠲᠣᠰ ᠲᠣᠰ ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠠᠢ᠃
ᠵᠠᠩ ᠢ ᠮᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ᠂ ᠤᠯᠠᠨ ᠲᠠᠯ᠎ᠠ᠎ᠠᠴᠠ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠡᠢ᠃ ᠡᠭᠦᠨ᠎ᠦ ᠬᠠᠮᠲᠤ᠂ ᠵᠠᠯᠠᠭᠤᠴᠤᠳ᠎ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠠᠬᠦᠲᠡᠶ ᠤᠶᠠᠯᠳᠤᠭᠤᠯᠵᠤ᠂ ᠤᠯᠠᠨ ᠲᠡᠰ ᠳᠠᠪᠬᠤᠷᠭ᠎ᠠ᠎ᠶ᠋ᠢᠨ ᠡᠮᠴᠢᠯᠡᠬᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠵᠡᠷᠭᠡ᠎ᠪᠡᠷ ᠠᠵᠢᠯ᠎ᠤᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ᠂ ᠤᠯᠠᠨ᠎ᠲᠠᠶ ᠰᠤᠷᠤᠯᠴᠠᠬ᠍ᠰᠠᠨ ᠲᠦᠷᠦᠭ᠌ᠳᠡᠯ᠎ᠢᠶᠡᠨ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠡᠮ᠎ᠦᠨ ᠵᠦᠶ᠋ᠯᠡᠰ᠎ᠦᠨ ᠦᠶ᠋ᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠴᠢᠨ ᠱᠸ᠋ ᠵᠧᠨ ᠢᠯᠡᠷᠬᠡᠢᠯᠡᠬᠦ᠌᠎ᠳᠡᠭᠡᠨ᠄ 《ᠬᠣᠢᠱᠢᠳᠠ ᠨᠠᠩ ᠡᠷᠡᠰ ᠪᠠᠲᠤ ᠪᠠᠷ ᠤᠬᠠᠮᠰᠠᠷ᠎ᠠᠴᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠬᠠᠢᠷ᠎ᠠ ᠬᠠᠯᠠᠮᠵᠢ᠎ᠶ᠋ᠢ ᠠᠵᠢᠯ ᠬᠢᠵᠦ᠍ ᠦᠶ᠋ᠯᠡᠰ ᠪᠤᠰᠬᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠬᠢᠨᠠᠯᠲᠠ ᠬᠠᠮᠢᠶᠠᠷᠤᠯᠲᠠ᠎ᠶ᠋ᠢ ᠦᠶ᠋ᠯᠡᠴᠢᠯᠡᠭᠡ᠎ᠳᠦ ᠠᠬᠤᠭᠤᠯᠵᠤ᠂ ᠬᠢᠲᠠᠳ(ᠮᠣᠩᠭᠣᠯ) ᠡᠮ᠎ᠤᠨ ᠦᠢᠯᠡᠰ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠦᠨ ᠬᠦᠭᠵᠢᠬᠦᠯᠬᠦ᠎ᠶ᠋ᠢ ᠢᠳᠡᠪᠬᠢᠲᠡᠶ ᠳᠡᠮᠵᠢᠨ ᠠᠬᠢᠭᠤᠯᠵᠤ᠂ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠬᠠᠪᠰᠤᠷᠤᠨ ᠳᠡᠮᠵᠢᠨ᠎ᠡ》 ᠬᠡᠵᠠᠢ᠃
7 ᠰᠠᠷ᠎ᠠ᠎ᠶ᠋ᠢᠨ 6 ᠤ᠋ ᠡᠳᠦᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠸᠠᠩ ᠵᠢᠨ ᠪᠦᠦ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠬᠦᠷᠴᠦ᠍ ᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠡᠭᠦᠨ᠎ᠦ ᠬᠠᠮᠲᠤ ᠂ ᠠᠵᠤ ᠦᠶ᠋ᠯᠡᠳᠪᠦᠷᠢ᠎ᠶ᠋ᠢᠨ ᠲᠠᠰ ᠳᠡᠪᠱᠢᠬᠦ᠌ ᠬᠠᠷᠠᠯᠲᠠ᠎ᠶ᠋ᠢ ᠲᠣᠭ᠍ᠲᠠᠭᠠᠬᠤ ᠂ ᠨᠠᠩ ᠥᠨᠳᠥᠷ ᠲᠠᠰ ᠳᠠᠪᠬᠤᠷᠭ᠎ᠠ᠂ ᠨᠠᠩ ᠥᠨᠳᠥᠷ ᠲᠦᠪᠱᠢᠨ ᠳᠡᠭᠡᠷ᠎ᠡ ᠥᠪᠥᠷ ᠮᠣᠩᠭᠣᠯ᠎ᠤᠨ ᠣᠨᠴᠠᠯᠢᠭ ᠳᠠᠢ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠵᠡᠷᠭᠡ ᠲᠠᠯ᠎ᠠ᠎ᠪᠠᠷ ᠪᠠᠭ᠍ᠰᠢ ᠰᠤᠷᠤᠭ᠍ᠴᠢᠳ᠎ᠲᠠᠶ ᠰᠠᠨᠠᠯ᠎ᠢᠶᠠᠨ ᠰᠣᠯᠢᠯᠴᠠᠪᠠ᠃