8 ᠰᠠᠷ᠎ᠠ ᠶ᠋ᠢᠨ 5 — 7 ᠤ᠋ ᠡᠳᠦᠷ ᠪᠤᠯᠳᠠᠯ᠎ᠠ᠂ ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠤ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠵᠢ ᠰᠤᠷᠤᠯᠴᠠᠨ ᠳᠤᠭᠤᠰᠢᠯᠠᠭᠤᠯᠬᠤ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠳᠠᠢᠯᠪᠤᠷᠢᠯᠠᠬᠤ ᠪᠦᠯᠬᠦᠮ ᠦᠪᠦᠷ ᠮᠤᠨᠭᠭᠤᠯ ᠤ᠋ᠨ ᠤᠢ ᠰᠢᠭᠤᠢ ᠶ᠋ᠢᠨ ᠠᠵᠤ ᠦᠢᠯᠡᠳᠪᠦᠷᠢ ᠶ᠋ᠢᠨ ᠪᠦᠯᠦᠭᠯᠡᠯ ᠪᠤᠯᠤᠨ ᠦᠪᠡᠷᠳᠡᠭᠡᠨ ᠵᠠᠰᠠᠬᠤ ᠤᠷᠤᠨ ᠤ᠋ ᠪᠡᠭᠡᠵᠢᠩ ᠳ᠋ᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ᠌ ᠬᠦᠷᠴᠦ ᠤᠬᠠᠭᠤᠯᠤᠨ ᠳᠠᠢᠯᠪᠤᠷᠢᠯᠠᠪᠠ᠃
ᠦᠪᠦᠷ ᠮᠤᠩᠭᠤᠯ ᠤ᠋ᠨ ᠤᠢ ᠰᠢᠭᠤᠢ ᠶ᠋ᠢᠨ ᠠᠵᠤ ᠦᠢᠯᠡᠳᠪᠦᠷᠢ ᠶ᠋ᠢᠨ ᠪᠦᠯᠦᠭᠯᠡᠯ ᠳ᠋ᠤ᠂ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠳᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠦᠪᠡᠷᠳᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠳᠤᠭ ᠪᠡᠯᠴᠢᠭᠡᠷ ᠤ᠋ᠨ ᠳᠤᠪᠴᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠲᠤᠪᠴᠢᠶᠠᠨ ᠳᠠᠷᠤᠭ᠎ᠠ ᠸᠠᠩ ᠵᠤᠤ ᠱᠧᠩ 《ᠬᠦᠰᠡᠯ ᠨᠡᠢᠳᠠᠯᠭᠠ ᠵᠢ ᠪᠠᠳᠤ ᠴᠡᠭᠡᠵᠢᠯᠡᠵᠦ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢᠨ ᠦᠪᠦᠷ ᠮᠤᠩᠭᠤᠯ ᠤ᠋ᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠶ᠎ᠡ — ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠤ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠵᠢ ᠰᠤᠷᠤᠯᠴᠠᠨ ᠳᠤᠭᠤᠰᠢᠯᠠᠭᠤᠯᠤᠶᠠ》 ᠭᠡᠬᠦ ᠰᠡᠳᠦᠪ ᠶ᠋ᠢᠡᠷ ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠤ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠶ᠋ᠢᠨ ᠭᠤᠤᠯ ᠠᠭᠤᠯᠭ᠎ᠠ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶ᠋ᠢᠨ ᠱᠠᠭᠠᠷᠳᠠᠯᠭ᠎ᠠ ᠵᠢ ᠰᠢᠰᠲᠧᠮ ᠳᠠᠢ ᠳᠠᠢᠯᠪᠦᠷᠢᠯᠡᠪᠡ᠃ ᠬᠤᠷᠠᠯ ᠳ᠋ᠤ ᠤᠷᠤᠯᠴᠠᠭᠰᠠᠳ᠂ ᠬᠦᠰᠡᠯ ᠨᠠᠢᠳᠠᠯᠭ᠎ᠠ ᠵᠢ ᠪᠠᠳᠤ ᠴᠡᠭᠡᠵᠢᠯᠡᠵᠦ᠂ ᠠᠮᠢ ᠠᠬᠤᠢ ᠶ᠋ᠢᠨ ᠪᠦᠳᠦᠭᠡᠨ ᠪᠠᠢᠭᠤᠯᠤᠯᠳᠠ ᠶ᠋ᠢᠨ ᠭᠤᠤᠯ ᠬᠦᠴᠦᠨ ᠤ᠋ ᠬᠠᠷᠢᠭᠤᠴᠠᠯᠭ᠎ᠠ ᠵᠢ ᠤᠬᠠᠮᠰᠠᠷ ᠡᠴᠡ ᠪᠠᠨ ᠡᠬᠦᠷᠭᠡᠯᠡᠵᠦ᠂ ᠤᠢ ᠰᠢᠭᠤᠢ ᠶ᠋ᠢᠨ ᠡᠬᠢ ᠪᠠᠶᠠᠯᠢᠭ ᠤ᠋ᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠤᠨ᠎ᠠ ᠭᠡᠵᠦ ᠢᠯᠡᠷᠭᠡᠢᠯᠡᠵᠡᠭᠡᠪᠡ᠃
ᠦᠪᠡᠷᠳᠡᠭᠡᠨ ᠵᠠᠰᠠᠬᠤ ᠤᠷᠤᠨ ᠤ᠋ ᠪᠡᠭᠡᠵᠢᠩ ᠳ᠋ᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ᠌᠂ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠳᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠦᠪᠦᠷ ᠮᠤᠩᠭᠤᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠤ ᠰᠤᠷᠭᠠᠭᠤᠯᠢ)ᠶ᠋ᠢᠨ ᠳᠡᠳ᠋ ᠵᠠᠬᠢᠷᠤᠯ ᠮᠠ ᠭᠦᠢ ᠶᠢᠩ ᠪᠠᠶᠠᠯᠢᠭ ᠤᠨᠤᠯ᠂ ᠨᠠᠷᠢᠨ ᠪᠤᠳᠠᠳᠠᠢ ᠳᠤᠭ᠎ᠠ ᠪᠠᠷᠢᠮᠳᠠ᠂ ᠠᠮᠢᠳᠤᠯᠢᠭ ᠦᠯᠢᠭᠡᠷ ᠶ᠋ᠢᠡᠷ ᠵᠢᠱ᠌ᠢᠶᠡᠯᠡᠵᠤ᠂ 《ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠡᠬᠢ ᠬᠠᠢᠷ᠎ᠠ ᠬᠠᠯᠠᠮᠵᠢ》 ᠵᠢ ᠬᠦᠨᠵᠡᠭᠡᠢ ᠤᠢᠯᠠᠭᠠᠨ᠂ 《ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠶ᠋ᠢᠨ ᠭᠤᠤᠯ ᠠᠭᠤᠯᠭ᠎ᠠ᠂ ᠦᠢᠯᠡᠳᠦᠯᠭᠡ ᠶ᠋ᠢᠨ ᠱᠠᠭᠠᠷᠳᠠᠯᠭ᠎ᠠ》᠂ 《ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠵᠢᠷᠭᠤᠳᠤᠭᠠᠷ ᠪᠦᠬᠦᠳᠡ ᠬᠤᠷᠠᠯ ᠤ᠋ᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠵᠢ ᠪᠤᠳᠠᠳᠠᠢᠵᠢᠭᠤᠯᠤᠨ ᠨᠠᠢᠳᠠᠪᠤᠷᠢᠵᠢᠭᠤᠯᠤᠶᠠ》 ᠵᠡᠷᠭᠡ ᠭᠤᠷᠪᠡᠨ ᠳᠠᠯ᠎ᠠ ᠡᠴᠡ ᠤᠯᠠᠨ ᠳ᠋ᠤ ᠬᠦᠨᠵᠡᠭᠡᠢ ᠪᠦᠭᠡᠳ ᠤᠢᠯᠠᠭᠠᠮᠵᠢᠳᠠᠢ ᠳᠠᠢᠯᠪᠤᠷᠢᠯᠠᠪᠠ᠃ ᠤᠯᠠᠨ ᠶ᠋ᠢᠡᠷ ᠶ᠋ᠢᠡᠨ᠂ ᠬᠤᠶᠠᠷ ᠶᠡᠬᠡ ᠶᠠᠪᠤᠳᠠᠯ ᠢ᠋ ᠰᠠᠨᠠᠭᠠᠴᠢᠯᠠᠭ᠎ᠠ ᠡᠴᠡ ᠪᠠᠨ ᠰᠠᠢᠳᠤᠷ ᠬᠢᠵᠦ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠵᠢᠷᠭᠤᠳᠤᠭᠠᠷ ᠪᠦᠬᠦᠳᠡ ᠬᠤᠷᠠᠯ ᠤ᠋ᠨ ᠵᠤᠷᠢᠭ ᠰᠠᠨᠠᠭ᠎ᠠ ᠵᠢ ᠪᠤᠳᠠᠳᠠᠢᠵᠢᠭᠤᠯᠤᠨ ᠨᠠᠢᠳᠠᠪᠤᠷᠢᠵᠢᠭᠤᠯᠬᠤ ᠵᠢ ᠪᠦᠬᠦ ᠬᠦᠴᠦᠨ ᠶ᠋ᠢᠡᠷ ᠶ᠋ᠢᠡᠨ ᠠᠬᠢᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢᠨ ᠦᠪᠦᠷ ᠮᠤᠩᠭᠤᠯ ᠤ᠋ᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦ ᠳ᠋ᠤ ᠬᠦᠴᠦᠨ ᠨᠡᠮᠡᠷᠢᠯᠡᠨ᠎ᠠ ᠬᠡᠵᠤ ᠢᠯᠡᠷᠬᠡᠢᠯᠡᠵᠡᠬᠡᠪᠡ᠃