ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠢᠷ᠎ᠠ ᠳ᠋ᠦ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠱᠢᠨᠬᠤᠸᠠ ᠬᠤᠷᠢᠶ᠎ᠠ ᠵᠢᠨ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠎ᠶ᠋ᠢᠨ ᠳᠡᠳ᠋ ᠶᠡᠷᠦᠩᠬᠡᠶ ᠨᠠᠢᠷᠠᠭᠤᠯᠤᠭ᠍ᠴᠢ ᠵᠠᠩ ᠯᠢ ᠨᠠ ᠨᠡᠷ᠎ᠡ ᠬᠦᠨᠳᠦᠲᠦ ᠵᠠᠭᠤᠴᠢᠯᠠᠭᠤᠷ᠎ᠤᠨ ᠬᠥᠮᠦᠨ᠎ᠤ ᠬᠠᠷᠠᠭᠠᠰᠤ᠎ᠡᠴᠡ᠂ 《ᠳᠠᠪᠠᠭᠤᠯᠢᠭ ᠡᠬᠢ ᠪᠠᠶᠠᠯᠢᠭ᠎ᠢ ᠬᠦᠨ ᠠᠭᠤᠳᠠᠯᠵᠤ ᠭᠤᠤᠯᠯᠠᠭᠴᠢ ᠥᠯᠢᠭᠡᠷ᠎ᠢ ᠰᠠᠢᠲᠤᠷ ᠶᠠᠷᠢᠰᠤᠭᠠᠶ》 ᠭᠡᠬᠦ᠌ ᠰᠡᠳᠦᠪ᠎ᠢᠶᠡᠷ ᠮᠡᠳᠡᠭᠡᠯᠡᠬᠦ᠌ ᠶᠠᠪᠤᠴᠠ᠎ᠳᠠᠬᠢ ᠠᠮᠢᠳᠤᠯᠢᠭ ᠪᠤᠳᠠᠳᠠᠢ ᠵᠢᠱ᠌ᠢᠶ᠎ᠡ᠎ᠪᠡᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠨ ᠭᠤᠤᠯ ᠠᠭᠤᠯᠭ᠎ᠠ᠂ ᠪᠠᠶᠠᠯᠢᠭ ᠠᠭᠤᠯᠤᠭ᠍ᠳᠠᠬᠤᠨ᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠲᠠᠢᠯᠪᠤᠷᠢᠯᠠᠪᠠ᠃ ᠲᠤᠰᠭᠠᠢ ᠰᠡᠳᠦᠪᠲᠦ ᠮᠡᠳᠡᠭᠦᠯᠦᠯᠲᠡ ᠨᠢ ᠤᠯᠤᠰ ᠲᠦᠷᠦ᠍᠎ᠶ᠋ᠢᠨ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠦᠢᠯᠡᠳᠦᠯᠭᠡ᠎ᠶ᠋ᠢᠨ ᠡᠷᠴᠢᠮ᠂ ᠬᠠᠢᠷ᠎ᠠ ᠰᠡᠳᠭᠢᠯᠭᠡ ᠲᠠᠢ ᠪᠠᠢᠳᠠᠭ᠃ ᠣᠯᠠᠨ᠎ᠢᠶᠠᠷ᠎ᠢᠶᠠᠨ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠡᠷᠴᠢ ᠵᠣᠷᠢᠭ᠎ᠢᠶᠠᠨ ᠬᠥᠪᠴᠢᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠪᠠᠷ ᠭᠤᠤᠯᠳᠠᠯᠭ᠎ᠠ ᠪᠣᠯᠭᠠᠭ᠍ᠰᠠᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠶᠡᠬᠡᠪᠡᠷ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠭᠤᠢᠪᠢᠰᠢ ᠦᠬᠡᠢ ᠰᠠᠢᠲᠤᠷ ᠨᠠᠢᠳᠠᠪᠤᠷᠢᠵᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠳ᠋ᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠳ᠋ᠦ᠋ ᠢ ᠱᠢᠨ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠪᠣᠳᠠᠲᠠᠶ᠎ᠶ᠋ᠢ ᠡᠷᠬᠢᠮᠯᠡᠨ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠪᠥᠬᠥ᠌ ᠲᠠᠯ᠎ᠠ᠎ᠪᠠᠷ ᠰᠠᠢᠲᠤᠷ ᠪᠥᠲᠥᠭᠡᠨ ᠪᠠᠢᠭᠤᠯᠬᠤ᠂ ᠠᠵᠤ ᠦᠶ᠋ᠯᠡᠰ᠎ᠦᠨ ᠪᠦᠲᠦᠴᠡ᠎ᠶ᠋ᠢ ᠲᠦᠷᠭᠡᠳᠭᠡᠨ ᠱᠢᠯᠢᠳᠡᠭ᠌ᠵᠢᠭᠦᠯᠬᠦ᠌᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠬᠦ᠌᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠬᠦᠨᠳᠦ ᠡᠭᠦᠷᠭᠡ᠎ᠶ᠋ᠢ ᠡᠭᠦᠷᠭᠡᠯᠡᠬᠦ᠌᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠵᠡᠷᠭᠡ ᠵᠢᠷᠭᠤᠭᠠᠨ ᠲᠠᠯ᠎ᠠ᠎ᠪᠠᠷ ᠭᠦᠨᠵᠡᠭᠡᠶ ᠪᠥᠭᠡᠳ ᠣᠢᠯᠠᠭᠠᠮᠵᠢᠲᠠᠶ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠣᠯᠠᠨ᠎ᠢᠶᠠᠷ᠎ᠢᠶᠠᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠨ ᠲᠤᠬᠠᠶ ᠣᠢᠯᠠᠭᠠᠯᠲᠠ᠎ᠪᠠᠨ ᠴᠢᠨᠠᠭ᠍ᠰᠢᠳᠠ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠡᠭᠦᠷᠭᠡ ᠴᠢᠳᠠᠪᠬᠢᠳᠤ ᠰᠠᠭᠤᠷᠢᠯᠠᠨ᠂ ᠬᠣᠶᠠᠷ ᠶᠡᠬᠡ ᠶᠠᠪᠤᠳᠠᠯ᠎ᠢ ᠭᠤᠢᠪᠢᠰᠢ ᠥᠬᠡᠶ᠎ᠪᠡᠷ ᠰᠠᠢᠲᠤᠷ ᠬᠢᠬᠦ᠌ ᠢᠲᠡᠭᠡᠯ ᠵᠣᠷᠢᠭ᠎ᠢᠶᠠᠨ ᠬᠥᠪᠴᠢᠯᠡᠵᠡᠶ ᠭᠡᠵᠦ᠍ ᠢᠯᠡᠳᠭᠡᠵᠡᠭᠡᠪᠡ᠃