ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ ᠪᠣᠯᠤᠨ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠳᠦ ᠤᠬᠠᠭᠤᠯᠤᠨ ᠲᠠᠢᠯᠪᠤᠷᠢᠯᠠᠪᠠ
2023-08-02 20:30:16
ᠵᠣᠬᠢᠶᠠᠭ᠍ᠴᠢ᠄
ᠱᠤᠸᠠᠢ ᠵᠧᠩ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 28 ᠡᠴᠡ 31᠎ᠤ᠋ ᠡᠳᠦᠷ ᠪᠤᠯᠳᠠᠯ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ ᠪᠣᠯᠤᠨ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠳᠦ ᠬᠦᠷᠴᠦ᠍ ᠤᠬᠠᠭᠤᠯᠤᠨ ᠲᠠᠶ᠋ᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ )ᠵᠢᠨ ᠳᠡᠳ᠋ ᠵᠠᠬᠢᠷᠤᠯ ᠠᠨ ᠵᠢᠩ ᠽᠸ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠲᠠ ᠤᠶᠠᠯᠳᠤᠭᠤᠯᠤᠨ᠂ 《ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠶ᠎ᠡ 》 ᠭᠡᠬᠦ᠌ ᠰᠡᠳᠦᠪ᠎ᠢᠶᠡᠷ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠭᠦᠨᠵᠡᠭᠡᠶ  ᠲᠠᠶ᠋ᠢᠯᠪᠤᠷᠢᠯᠠᠪᠠ᠃ ᠲᠡᠷᠡ᠂ ᠬᠣᠶ᠋ᠢᠰᠢᠳᠠ᠎ᠶᠢᠨ ᠠᠵᠢᠯ ᠳᠤᠮᠳᠠ᠎ᠪᠠᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠢ ᠭᠡᠵᠦ᠍ ᠤᠯᠠᠨ᠎ᠢ ᠵᠣᠷᠢᠭᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ  ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠳᠠᠷᠤᠭ᠎ᠠ ᠭᠦᠸᠧ ᠵᠠᠨ ᠵᠢᠶᠠᠩ ᠮᠠᠨ᠎ᠤ ᠣᠷᠣᠨ᠎ᠤ ᠤᠰᠤᠨ ᠠᠰᠢᠭᠯᠠᠯᠲᠠ᠎ᠶᠢᠨ ᠠᠵᠢᠯ᠎ᠤᠨ ᠣᠨᠴᠠᠯᠢᠭ᠎ᠲᠠᠶ ᠤᠶᠠᠯᠳᠤᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠭᠤᠤᠯ ᠠᠭᠤᠯᠭ᠎ᠠ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ᠎ᠶᠢᠨ ᠱᠠᠭᠠᠷᠳᠠᠯᠭ᠎ᠠ ᠵᠢᠨ ᠲᠤᠬᠠᠢ ᠲᠠᠶ᠋ᠢᠯᠤᠮᠵᠢ ᠬᠢᠪᠠ᠃ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠤᠯᠠᠨ᠎ᠢᠶᠠᠷ᠎ᠢᠶᠠᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ᠎ᠶᠢᠨ ᠤᠯᠤᠰ ᠲᠦᠷᠦ᠎ᠶᠢᠨ ᠵᠣᠭᠰᠣᠴᠠ ᠥᠨᠳᠥᠷ᠂ ᠤᠨᠤᠯ᠎ᠤᠨ ᠥᠭᠦᠯᠡᠯᠲᠡ ᠭᠦᠨᠵᠡᠭᠡᠢ᠂ ᠪᠣᠳᠠᠲᠤ᠌ ᠪᠠᠶ᠋ᠢᠳᠠᠯ ᠯᠤᠭ᠎ᠠ ᠵᠢᠨ ᠤᠶᠠᠯᠳᠤᠴᠠ ᠴᠢᠩᠭ᠎ᠠ᠂ ᠮᠠᠰᠢ ᠴᠢᠩᠭ᠎ᠠ ᠵᠢᠯᠣᠭᠣᠳᠬᠤ ᠴᠢᠨᠠᠷ ᠲᠠᠢ ᠪᠠᠢᠵᠦ᠂ ᠡᠷᠬᠡᠪᠰᠢ ᠪᠣᠳᠠᠲᠤ᠌ ᠠᠵᠢᠯᠯᠠᠭ᠎ᠠ᠎ᠪᠠᠷ᠎ᠢᠶᠠᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠮᠠᠨ᠎ᠤ ᠣᠷᠣᠨ᠎ᠤ ᠤᠰᠤᠨ ᠠᠰᠢᠭᠯᠠᠯᠲᠠ᠎ᠶᠢᠨ ᠰᠢᠰᠲ᠋ᠧᠮ᠎ᠳᠦ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠪᠠᠲᠤᠯᠠᠵᠤ᠂ ᠰᠢᠨ᠎ᠡ ᠴᠠᠭ ᠦᠶ᠎ᠡ᠎ᠶᠢᠨ ᠤᠰᠤ᠎ᠶᠢ ᠵᠠᠰᠠᠵᠤ ᠤᠰᠤ᠎ᠶᠢ ᠬᠥᠭᠵᠢᠭᠦᠯᠬᠦ᠌ ᠡᠭᠦᠷᠭᠡ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠬᠦ᠌ ᠬᠡᠷᠡᠭᠲᠡᠢ ᠭᠡᠵᠦ᠍ ᠰᠠᠨᠠᠯ ᠨᠢᠭᠡᠲᠡᠢ ᠢᠯᠡᠳᠬᠡᠵᠡᠭᠡᠪᠡ᠃

ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠵᠢᠨ ᠳᠠᠷᠤᠭ᠎ᠠ ᠢᠦᠢ ᠬᠠᠢ ᠢᠦᠢ 《 ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠭᠦᠨᠵᠡᠭᠡᠢ ᠣᠶ᠋ᠢᠯᠠᠭᠠᠬᠤ 》᠂ 《 ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠶ᠋ᠢᠯᠠᠭᠠᠬᠤ 》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ 》 ᠭᠤᠷᠪᠠᠨ ᠲᠠᠯ᠎ᠠ᠎ᠶᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠢᠰᠲ᠋ᠧᠮ᠎ᠲᠡᠶ ᠭᠦᠨᠵᠡᠭᠡᠢ ᠲᠣᠳᠣᠷᠬᠠᠶ᠋ᠢᠯᠠᠨ ᠲᠠᠶ᠋ᠢᠯᠪᠤᠷᠢᠯᠠᠪᠠ᠃ ᠤᠯᠠᠨ᠎ᠢᠶᠠᠷ᠎ᠢᠶᠠᠨ᠂  ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ ᠬᠠᠯᠠᠮᠵᠢᠯᠠᠯ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠠᠯᠬᠤᠮ ᠠᠯᠬᠤᠮ᠎ᠢᠶᠠᠷ ᠮᠠᠨ᠎ᠤ ᠣᠷᠣᠨ᠎ᠤ ᠡᠨᠧᠷᠭᠢ᠎ᠶᠢᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号