7 ᠰᠠᠷ᠎ᠠ᠎ᠶ᠋ᠢᠨ 31 ᠡᠴᠡ 8 ᠰᠠᠷ᠎ᠠ᠎ᠶ᠋ᠢᠨ 1᠎ᠤ᠋ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠠᠵᠤ ᠠᠬᠤᠶ᠎ᠶ᠋ᠢᠨ ᠡᠳᠦᠷ᠎ᠦᠨ ᠰᠣᠨᠢᠨ᠎ᠤ ᠥᠪᠥᠷ ᠮᠣᠩᠭᠣᠯ᠎ᠳᠡᠬᠢ ᠰᠤᠷᠪᠤᠯᠵᠢᠯᠠᠭ᠍ᠴᠢ᠎ᠶ᠋ᠢᠨ ᠥᠷᠲᠡᠭᠡ᠎ᠶ᠋ᠢᠨ ᠳᠠᠷᠤᠭ᠎ᠠ ᠴᠧᠨ ᠯᠢ 《 ᠠᠴᠢ ᠡᠨᠡᠷᠢᠯ᠎ᠳᠦ ᠲᠠᠯᠠᠷᠬᠠᠵᠤ ᠡᠷᠡᠯᠬᠡᠭ᠌ᠯᠡᠨ ᠤᠷᠤᠭ᠍ᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ 》 ᠭᠡᠬᠦ᠌ ᠰᠡᠳᠦᠪ᠎ᠢᠶᠡᠷ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ᠎ᠶ᠋ᠢ ᠣᠢᠯᠠᠭᠠᠬᠤ᠂ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠭᠤᠤᠯ ᠠᠭᠤᠯᠭ᠎ᠠ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠡᠵᠡᠮᠳᠡᠬᠦ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠵᠡᠷᠭᠡ ᠲᠠᠯ᠎ᠠ᠎ᠡᠴᠡ ᠤᠬᠠᠭᠤᠯᠤᠨ ᠲᠠᠢᠯᠪᠤᠷᠢᠯᠠᠪᠠ ᠃ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠯᠠᠨ᠎ᠢᠶᠠᠷ᠎ᠢᠶᠠᠨ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠂ ᠨᠡᠩ ᠬᠡᠬᠦᠳᠡᠭ ᠳᠦᠭᠦᠷᠡᠩ ᠲᠦᠷᠰᠦ ᠪᠠᠢᠳᠠᠯ᠂ ᠨᠡᠩ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ ᠠᠮᠵᠢᠯᠲᠠ ᠪᠦᠲᠦᠮᠵᠢ ᠣᠯᠵᠤ᠂ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠠᠨ ᠵᠢᠩ ᠽᠸ 《 ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ 》 ᠭᠡᠬᠦ᠌ ᠰᠡᠳᠦᠪ᠎ᠢᠶᠡᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠶᠠᠨ ᠶᠠᠨ᠂ ᠤᠬᠠᠭᠤᠯᠤᠨ ᠲᠠᠢᠯᠪᠤᠷᠢᠯᠠᠬᠤ᠎ᠪᠠᠷ ᠠᠵᠠ ᠲᠣᠬᠢᠶᠠᠯ ᠪᠣᠯᠭᠠᠵᠤ ᠂ ᠭᠣᠣᠯ ᠰᠡᠳᠦᠪᠲᠦ ᠬᠥᠮᠦᠵᠢᠯ᠎ᠲᠡᠶ ᠤᠶᠠᠯᠳᠤᠭᠤᠯᠤᠨ᠂ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠭᠣᠣᠯ ᠬᠠᠷᠢᠭᠤᠴᠠᠯᠭ᠎ᠠ ᠭᠣᠣᠯ ᠠᠵᠢᠯ᠎ᠡᠴᠡ ᠡᠭᠦᠰᠴᠦ᠍᠂ ᠬᠣᠶᠠᠷ ᠶᠡᠬᠡ ᠶᠠᠪᠤᠳᠠᠯ᠎ᠢ ᠨᠠᠢᠳᠠᠪᠤᠷᠢᠵᠢᠭᠤᠯᠬᠤ᠎ᠶ᠋ᠢ 《 ᠬᠥᠮᠦᠨ᠎ᠤ ᠠᠵᠢᠯ 》 ᠳᠤᠮᠳᠠ ᠢᠯᠡᠷᠡᠭᠦᠯᠵᠦ᠍᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠤᠳᠤᠷᠢᠳᠤᠮᠵᠢ ᠪᠠ ᠤᠳᠭ᠎ᠠ ᠤᠷᠠᠯᠢᠭ᠎ᠤᠨ ᠠᠵᠢᠯᠯᠠᠭ᠎ᠠ ᠳᠤᠮᠳᠠ ᠢᠯᠡᠷᠡᠭᠦᠯᠵᠦ᠍᠂ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃