ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠦᠪᠡᠷᠳᠡᠭᠡᠨ ᠵᠠᠰᠠᠬᠤ ᠤᠷᠤᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ᠎ᠪᠤᠯᠤᠨ ᠦᠪᠡᠷᠳᠡᠭᠡᠨ ᠵᠠᠰᠠᠬᠤ ᠤᠷᠤᠨ ᠤ᠋ ᠤᠢᠯᠡᠳᠪᠤᠷᠢ ᠬᠤᠳᠠᠯᠳᠤᠭᠠᠨ ᠤ᠋ ᠬᠤᠯᠪᠤᠭ᠎ᠠ ᠳ᠋ᠤ ᠬᠦᠷᠴᠦ᠍ ᠤᠬᠠᠭᠤᠯᠤᠨ ᠲᠠᠢᠯᠪᠤᠷᠢᠯᠠᠪᠠ
2023-08-05 17:59:45
ᠵᠣᠬᠢᠶᠠᠭ᠍ᠴᠢ᠄
ᠭᠤᠤ ᠬᠤᠢ ᠯᠢ ᠶᠦᠩ ᠲᠤᠤ ᠱ᠌ᠢ ᠱᠢᠶᠠᠩ ᠵᠢᠶᠦ᠋ᠨ
ᠣᠩᠱᠢᠭ᠍ᠰᠠᠨ ᠣᠳᠠᠭ᠎ᠠ᠄
★★★☆☆

8 ᠰᠠᠷ᠎ᠠ ᠵᠢᠨ 1 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠪᠣᠯᠤᠨ ᠦᠪᠡᠷᠳᠡᠭᠡᠨ ᠵᠠᠰᠠᠬᠤ ᠤᠷᠤᠨ ᠤ᠋ ᠤᠢᠯᠡᠳᠪᠤᠷᠢ ᠬᠤᠳᠠᠯᠳᠤᠭᠠᠨ ᠤ᠋ ᠬᠤᠯᠪᠤᠭ᠎ᠠ ᠳ᠋ᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠎ᠶᠢᠨ ᠨᠠᠮ ᠤ᠋ᠨ ᠲᠡᠦᠬᠡ ᠪᠠ ᠣᠷᠣᠨ ᠨᠤᠲᠤᠭ ᠤ᠋ᠨ ᠣᠢᠯᠠᠯᠭ᠎ᠠ ᠰᠤᠳᠤᠯᠬᠤ ᠲᠠᠰᠤᠭ ᠤ᠋ᠨ ᠡᠷᠬᠢᠯᠡᠭ᠌ᠴᠢ ᠳ᠋ᠦ᠋ ᠢ ᠱᠢᠨ  《ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠪᠣᠳᠠᠲᠠᠢ ᠵᠢ ᠡᠷᠬᠢᠮᠯᠡᠨ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠬᠦᠯᠤᠯᠳᠡ᠎ᠨᠢ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠡᠷᠡᠰ ᠰᠠᠢᠲᠤᠷ ᠨᠠᠢᠳᠠᠪᠤᠷᠢᠵᠢᠭᠤᠯᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ ᠪᠡᠷ ᠪᠥᠲᠥᠭᠡᠨ ᠪᠠᠢᠭᠤᠯᠬᠤ᠂ ᠠᠵᠤ ᠦᠶ᠋ᠯᠡᠰ ᠤ᠋ᠨ ᠪᠦᠲᠦᠴᠡ ᠵᠢ ᠲᠦᠷᠭᠡᠳᠭᠡᠨ ᠱᠢᠯᠢᠳᠡᠭ᠌ᠵᠢᠭᠦᠯᠬᠦ᠌᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠬᠦ᠌᠂ ᠠᠷᠠᠳ ᠤ᠋ᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠬᠤ ᠂ ᠬᠠᠮᠲᠤ ᠪᠡᠷ ᠴᠢᠨᠡᠭᠡᠯᠢᠭ᠌ᠵᠢᠬᠦ᠌ ᠵᠢ ᠯᠠᠪᠳᠠᠭᠤᠨ ᠪᠠᠲᠤᠲᠠᠶ ᠠᠬᠢᠭᠤᠯᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠢ᠋ᠢ ᠵᠠᠰᠠᠬᠤ ᠳᠠᠢᠯᠠᠯᠳᠤᠭᠠᠨ᠎ᠢ ᠰᠠᠢᠲᠤᠷ ᠦᠷᠨᠢᠬᠦᠯᠬᠦ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠴᠢᠬᠤᠯᠠ ᠶᠡᠬᠡ ᠠᠮᠢ ᠠᠬᠤᠶ ᠵᠢᠨ ᠢᠨᠵᠧᠨᠧᠷᠢᠩ᠎ᠢ ᠠᠬᠢᠭᠤᠯᠬᠤ ᠵᠢᠴᠢ ᠭᠤᠤᠯ ᠰᠡᠳᠦᠪᠲᠦ ᠬᠥᠮᠦᠵᠢᠯ ᠤ᠋ᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠠᠬᠢᠭᠤᠯᠬᠤ ᠵᠡᠷᠭᠡ ᠵᠢᠷᠭᠤᠭᠠᠨ ᠲᠠᠯ᠎ᠠ᠎ᠠᠴᠠ ᠭᠦᠨᠵᠡᠭᠡᠶ ᠪᠥᠭᠡᠳ ᠣᠢᠯᠠᠭᠠᠮᠵᠢᠲᠠᠶ᠂ ᠪᠥᠬᠥ᠌ ᠲᠠᠯ᠎ᠠ ᠪᠡᠷ ᠱᠢᠰᠲ᠋ᠧᠮ᠎ᠲᠡᠶ᠂ ᠠᠮᠢᠳᠤᠯᠢᠭ ᠪᠥᠭᠡᠳ ᠪᠣᠳᠠᠲᠠᠶ ᠲᠠᠢᠯᠦᠮᠵᠢ ᠬᠢᠪᠡ᠃ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠡᠷᠬᠢᠯᠡᠭ᠌ᠴᠢ ᠾᠧ ᠵᠢᠶᠧ᠂ ᠡᠷᠭᠡᠪᠰᠢ ᠡᠭᠦᠷᠭᠡ ᠬᠠᠷᠢᠭᠤᠴᠠᠯᠭ᠎ᠠ᠎ᠪᠠᠨ ᠨᠠᠩ ᠰᠠᠢᠲᠤᠷ ᠡᠭᠦᠷᠭᠡᠯᠡᠵᠦ᠍᠂ ᠬᠥᠭ᠌ᠵᠢᠭᠦᠯᠦᠯᠲᠡ ᠥᠭᠡᠷᠡᠴᠢᠯᠡᠯᠲᠡ ᠵᠢᠨ ᠡᠯ᠎ᠡ ᠵᠦᠶ᠋ᠯ ᠤ᠋ᠨ ᠠᠵᠢᠯ ᠤ᠋ᠨ ᠲᠠᠯ᠎ᠠ ᠪᠠᠷ ᠦᠷ᠎ᠡ ᠪᠦᠲᠦᠮᠵᠢ ᠭᠠᠷᠭᠠᠵᠤ᠂ ᠭᠦᠨᠵᠡᠭᠡᠢᠷᠡᠨ ᠪᠣᠳᠠᠲᠠᠢᠵᠢᠬᠤ ᠵᠢ ᠠᠬᠢᠭᠤᠯᠤᠨ᠎ᠠ ᠬᠡᠪᠠ᠃

ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠠᠵᠤ ᠠᠬᠤᠶ ᠵᠢᠨ ᠡᠳᠦᠷ ᠤ᠋ᠨ ᠰᠣᠨᠢᠨ ᠤ᠋ ᠥᠪᠥᠷ ᠮᠣᠩᠭᠣᠯ᠎ᠳ᠋ᠡᠬᠢ ᠰᠤᠷᠪᠤᠯᠵᠢᠯᠠᠭ᠍ᠴᠢ ᠵᠢᠨ ᠥᠷᠲᠡᠭᠡ ᠵᠢᠨ ᠳᠠᠷᠤᠭ᠎ᠠ ᠴᠧᠨ ᠯᠢ 《ᠠᠴᠢ ᠡᠨᠡᠷᠢᠯ᠎ᠳᠦ ᠲᠠᠯᠠᠷᠬᠠᠵᠤ ᠡᠷᠡᠮᠡᠭᠡᠢᠯᠡᠨ ᠤᠷᠤᠭ᠍ᠰᠢᠯᠠᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠬᠤ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠶ᠎ᠡ》 ᠭᠡᠬᠦ᠌ ᠰᠡᠳᠦᠪ᠎ᠢᠶᠡᠷ  ᠶᠡᠷᠦᠩᠬᠡᠶ ᠱᠦᠵᠢ ᠵᠢᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ ᠵᠢ ᠣᠢᠯᠠᠭᠠᠬᠤ᠂  ᠶᠡᠷᠦᠩᠬᠡᠶ ᠱᠦᠵᠢ ᠵᠢᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭᠠᠨ ᠤ᠋ ᠭᠤᠤᠯ ᠠᠭᠤᠯᠭ᠎ᠠ ᠪᠠ ᠦᠶ᠋ᠯᠡᠳᠦᠯᠭᠡ ᠵᠢᠨ ᠱᠠᠭᠠᠷᠳᠠᠯᠭ᠎ᠠ ᠵᠢ ᠡᠵᠡᠮᠳᠡᠬᠦ᠌᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠵᠢᠷᠭᠤᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠬᠤ ᠵᠡᠷᠭᠡ ᠲᠠᠯ᠎ᠠ᠎ᠠᠴᠠ ᠤᠬᠠᠭᠤᠯᠤᠨ ᠲᠠᠢᠯᠪᠤᠷᠢᠯᠠᠪᠠ᠃ ᠮᠡᠳᠡᠭᠦᠯᠦᠯᠲᠡ ᠵᠢ ᠰᠣᠨᠣᠰᠤᠭ᠍ᠰᠠᠨ ᠤ᠋ ᠳᠠᠷᠠᠭ᠎ᠠ᠂ ᠣᠯᠠᠨ᠎ᠢᠶᠠᠷ᠎ᠢᠶᠠᠨ᠂ 《ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠰᠦᠷ ᠲᠠᠯᠠᠢᠴᠠᠳᠠᠢ ᠥᠷᠨᠢᠨ ᠬᠥᠭ᠌ᠵᠢᠭ᠌ᠰᠡᠨ ᠪᠣᠯᠭᠠᠨ ᠪᠥᠲᠥᠭᠡᠨ ᠪᠠᠢᠭᠤᠯᠬᠤ》ᠱᠠᠭᠠᠷᠳᠠᠯᠭ᠎ᠠ ᠵᠢ ᠴᠢᠩᠭ᠎ᠠ ᠡᠵᠡᠮᠳᠡᠵᠦ᠍᠂ ᠨᠠᠩ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠪᠡᠷ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠤ ᠬᠦᠴᠦᠲᠡᠶ ᠲᠤᠯᠭᠠᠭᠤᠷᠢᠯᠠᠯ ᠬᠠᠩᠭᠠᠵᠤ᠂  ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ ᠪᠡᠷ ᠪᠥᠲᠥᠭᠡᠨ ᠪᠠᠢᠭᠤᠯᠬᠤ ᠢ᠋ᠢ ᠴᠢᠷᠮᠠᠢᠨ ᠪᠡᠶᠡᠯᠡᠭᠦᠯᠬᠦ᠌᠎ᠳᠦ ᠬᠤᠳᠠᠯᠳᠤᠭᠠᠨ ᠤ᠋ ᠶᠠᠪᠤᠳᠠᠯ ᠤ᠋ᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ ᠤ᠋ ᠦᠶ᠋ᠯᠡᠳᠪᠦᠷᠢ ᠬᠤᠳᠠᠯᠳᠤᠭᠠᠨ ᠤ᠋ ᠬᠣᠯᠪᠣᠭ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠦᠶ᠋ᠯᠡᠳᠦᠯᠭᠡ ᠰᠡᠳᠬᠦᠯ ᠤ᠋ᠨ ᠬᠣᠷᠢᠶ᠎ᠠ ᠵᠢᠨ ᠶᠡᠷᠦᠩᠬᠡᠶ ᠨᠠᠢᠷᠠᠭᠤᠯᠤᠭ᠍ᠴᠢ ᠵᠠᠩ ᠢ ᠮᠢᠨ  《ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ ᠪᠡᠷ ᠪᠥᠲᠥᠭᠡᠨ ᠪᠠᠢᠭᠤᠯᠵᠤ ᠳᠤᠮᠳᠠᠳᠤ ᠤᠯᠤᠰ ᠤ᠋ᠨ ᠣᠨᠴᠠᠯᠢᠭ᠎ᠲᠠᠶ ᠣᠳᠣᠬᠢᠴᠢᠯᠠᠭ᠍ᠰᠠᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃ ᠮᠡᠳᠡᠭᠦᠯᠦᠯᠲᠡ ᠵᠢ ᠰᠣᠨᠣᠰᠤᠭ᠍ᠰᠠᠨ ᠤ᠋ ᠳᠠᠷᠠᠭ᠎ᠠ᠂ ᠤᠯᠠᠨ᠎ᠢᠶᠠᠷ᠎ᠢᠶᠠᠨ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠠᠵᠢᠯ ᠬᠢᠬᠦ᠌ ᠴᠢᠳᠠᠪᠤᠷᠢ᠎ᠪᠠᠨ ᠴᠢᠩᠭᠠᠳᠭᠠᠵᠤ᠂ ᠨᠡᠢᠲᠡ ᠵᠢᠨ ᠥᠮᠴᠢᠯᠡᠯ ᠤ᠋ᠨ ᠪᠤᠰᠤ ᠠᠵᠤ ᠠᠬᠤᠢ ᠵᠢᠨ ᠡᠷᠡᠭᠦᠯ᠎ᠢᠶᠡᠷ ᠬᠥᠭ᠌ᠵᠢᠬᠦ᠌ ᠪᠠ ᠨᠡᠢᠲᠡ ᠵᠢᠨ ᠥᠮᠴᠢᠯᠡᠯ ᠤ᠋ᠨ ᠪᠤᠰᠤ ᠠᠵᠤ ᠠᠬᠤᠢ ᠵᠢᠨ ᠬᠥᠮᠦᠰ ᠤ᠋ᠨ ᠡᠷᠡᠭᠦᠯ᠎ᠢᠶᠡᠷ ᠦᠰᠦᠨ ᠪᠣᠢᠵᠢᠬᠤ ᠵᠢ ᠠᠬᠢᠭᠤᠯᠵᠤ᠂ ᠱᠢᠨ᠎ᠡ ᠴᠠᠭ ᠦᠶ᠎ᠡ ᠵᠢᠨ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠵᠢᠨ ᠦᠢᠯᠡᠰ᠎ᠲᠦ ᠬᠦᠴᠦᠨ ᠴᠢᠳᠠᠯ᠎ᠢᠶᠠᠨ ᠡᠷᠭᠦᠵᠦ᠍᠂  ᠮᠠᠨ ᠤ᠋ ᠤᠷᠤᠨ ᠤ᠋ ᠠᠷᠠᠳ ᠤ᠋ᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢᠲᠠᠢ ᠬᠥᠭ᠌ᠵᠢᠯᠲᠡ ᠵᠢ ᠤᠯᠠᠮ ᠴᠢᠨᠠᠭ᠍ᠰᠢᠳᠠ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号