8 ᠰᠠᠷ᠎ᠠ ᠵᠢᠨ 2 ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ᠍ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠢ ᠣᠷᠴᠢᠨ ᠲᠣᠭᠣᠷᠢᠨ ᠤ᠋ ᠲᠢᠩᠬᠢᠮ ᠵᠢᠴᠢ ᠮᠠᠨᠵᠤᠤᠷ ᠬᠤᠳᠠ ᠳ᠋ᠦ᠍ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮᠳᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠦᠢᠯᠡᠳᠦᠯᠭᠡ ᠰᠡᠳᠬᠦᠯ ᠤ᠋ᠨ ᠬᠣᠷᠢᠶᠠᠨ ᠤ᠋ ᠨᠠᠮ ᠤ᠋ᠨ ᠬᠣᠷᠢᠶᠠᠶᠢᠨ ᠭᠡᠱᠢᠭᠦᠨ᠂ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠵᠦ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶᠡ》 ᠭᠡᠬᠦ᠌ ᠰᠡᠳᠦᠪ ᠵᠢᠡᠷ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯᠳᠠᠬᠢ ᠭᠦᠨ ᠵᠤᠵᠠᠭᠠᠨ ᠬᠠᠢᠷ᠎ᠠ ᠬᠠᠯᠠᠮᠵᠢ ᠵᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ ᠵᠢᠨ ᠱᠠᠭᠠᠷᠳᠠᠯᠭ᠎ᠠ ᠵᠢᠴᠢ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ᠪᠡᠷ ᠵᠢᠯᠣᠭᠣᠳᠤᠮᠵᠢ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠪᠣᠳᠠᠲᠠᠢ ᠳ᠋ᠦ᠍ ᠨᠠᠢᠳᠠᠪᠤᠷᠢᠵᠢᠭᠤᠯᠬᠤ ᠵᠢ ᠠᠬᠢᠭᠤᠯᠬᠤ ᠭᠤᠷᠪᠠᠨ ᠲᠠᠯ᠎ᠠ᠎ᠠᠴᠠ ᠪᠦᠬᠦ᠌ ᠲᠠᠯ᠎ᠠ ᠪᠡᠷ ᠱᠢᠰᠲ᠋ᠧᠮᠲᠡᠶ ᠲᠠᠢᠯᠤᠮᠵᠢ ᠬᠢᠵᠡᠢ᠃ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠵᠠᠶ ᠶᠢᠩ ᠵᠢᠶᠦᠢ᠍ᠨ ᠄ 《 ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠰᠠᠯᠠᠭ᠎ᠠ ᠮᠥᠴᠢᠷ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ᠂ ᠠᠵᠤ ᠠᠬᠤᠶ ᠨᠡᠢᠭᠡᠮ ᠤ᠋ᠨ ᠬᠥᠭ᠌ᠵᠢᠯᠲᠡᠳᠦ ᠦᠶ᠋ᠯᠡᠴᠢᠯᠡᠬᠦ᠌ ᠴᠢᠬᠤᠯᠠ ᠲᠤᠱᠢᠶᠠᠯ ᠬᠠᠷᠢᠭᠤᠴᠠᠯᠭ᠎ᠠ ᠵᠢ ᠡᠭᠦᠷᠭᠡᠯᠡᠵᠦ᠍ ᠪᠠᠢᠨ᠎ᠠ᠂ ᠪᠢᠳᠡ ᠶᠡᠷᠦᠩᠬᠡᠶ ᠱᠦᠵᠢ ᠵᠢᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠠᠵᠢᠯ ᠣᠯᠭᠣᠯᠲᠠ ᠵᠢ ᠲᠣᠭ᠍ᠲᠠᠪᠤᠷᠢᠵᠢᠭᠤᠯᠬᠤ᠂ ᠠᠷᠠᠳ ᠤ᠋ᠨ ᠠᠮᠢᠳᠤᠷᠠᠯ ᠢ᠋ ᠪᠠᠲᠤᠯᠠᠬᠤ᠂ ᠬᠥᠭ᠌ᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ ᠵᠢ ᠰᠠᠢᠲᠤᠷ ᠭᠡᠷᠡᠭᠵᠢᠬᠦᠯᠵᠦ ᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ ᠳᠤᠮᠳᠠ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠪᠡᠷ ᠴᠢᠷᠮᠠᠢᠨ᠎ᠠ 》 ᠭᠡᠪᠡ᠃
ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮᠳᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠮᠠ ᠬᠦᠶ ᠶᠢᠩ 《ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶᠡ》 ᠭᠡᠬᠦ᠌ ᠰᠡᠳᠦᠪ ᠵᠢᠡᠷ ᠨᠠᠷᠢᠨ ᠪᠣᠳᠠᠲᠠᠢ ᠲᠣᠭ᠎ᠠ ᠪᠠᠷᠢᠮᠲᠠ ᠪᠣᠯᠤᠨ ᠵᠢᠷᠤᠭ ᠬᠦᠰᠦᠨᠦᠭ᠌ᠲᠦ᠍ᠪᠡᠷ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ᠍ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠱᠢᠰᠲ᠋ᠧᠮᠲᠡᠶ ᠲᠣᠳᠣᠷᠬᠠᠢᠯᠠᠨ ᠦᠬᠦᠯᠡᠭᠰᠡᠨ ᠪᠥᠭᠡᠳ ᠭᠦᠨᠵᠡᠭᠡᠢ ᠲᠠᠢᠯᠪᠤᠷᠢᠯᠠᠵᠠᠢ᠃ ᠲᠡᠷᠡ ᠤᠯᠠᠨ ᠢ᠋᠂ ᠶᠡᠷᠦᠩᠬᠡᠢ ᠱᠦᠵᠢ ᠰᠢ ᠵᠢᠨ ᠫᠢᠩ ᠤ᠋ᠨ ᠳᠣᠲᠣᠨᠣ ᠬᠠᠯᠠᠮᠵᠢᠯᠠᠯ᠂ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠵᠢ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠥᠪᠥᠷ ᠮᠣᠩᠭᠣᠯ ᠤ᠋ᠨ ᠠᠮᠢ ᠠᠬᠤᠢ ᠣᠷᠴᠢᠨ ᠲᠣᠭᠣᠷᠢᠨ ᠤ᠋ ᠥᠨᠳᠥᠷ ᠲᠦᠪᠱᠢᠨ ᠪᠦᠬᠦᠢ ᠬᠠᠮᠠᠭᠠᠯᠠᠯᠳᠠ ᠪᠡᠷ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠭᠡᠷᠡᠢ ᠭᠡᠵᠦ᠍ ᠵᠣᠷᠢᠭ᠍ᠵᠢᠭᠤᠯᠪᠠ᠃
ᠮᠠᠨᠵᠤᠤᠷ ᠬᠣᠲᠠ ᠳ᠋ᠦ᠍᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠵᠠᠩ ᠬᠣᠩ ᠹᠦ᠋ 《ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶᠡ》 ᠭᠡᠬᠦ᠌ ᠰᠡᠳᠦᠪ ᠵᠢᠡᠷ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠢ᠋ ᠬᠠᠢᠷᠠᠯᠠᠨ ᠬᠠᠯᠠᠮᠵᠢᠯᠠᠵᠤ ᠪᠠᠢᠬᠤ ᠵᠢ ᠭᠦᠨᠵᠡᠭᠡᠢ ᠣᠢᠯᠠᠭᠠᠬᠤ᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠭᠦᠨᠵᠡᠭᠡᠢ ᠠᠭᠤᠯᠤᠭ᠍ᠳᠠᠬᠤᠨ ᠪᠣᠯᠤᠨ ᠦᠢᠯᠡᠳᠦᠯᠭᠡ ᠵᠢᠨ ᠱᠠᠭᠠᠷᠳᠠᠯᠭ᠎ᠠ ᠵᠢ ᠭᠦᠨᠵᠡᠭᠡᠢ ᠡᠵᠡᠮᠱᠢᠬᠦ᠌ ᠵᠢᠴᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠪᠣᠳᠠᠲᠠᠢ ᠨᠠᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠭᠤᠷᠪᠠᠨ ᠲᠠᠯ᠎ᠠ᠎ᠠᠴᠠ ᠪᠦᠬᠦ᠌ ᠲᠠᠯ᠎ᠠ ᠪᠡᠷ ᠱᠢᠰᠲᠸᠮ ᠲᠠᠢ ᠲᠠᠢᠯᠤᠮᠵᠢ ᠬᠢᠵᠡᠢ᠃ ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ ᠤ᠋ ᠳᠠᠷᠠᠭ᠎ᠠ᠂ ᠤᠯᠠᠨ ᠵᠢᠡᠷ ᠵᠢᠡᠨ᠂ ᠪᠣᠳᠠᠲᠤ ᠠᠵᠢᠯᠯᠠᠭ᠎ᠠ ᠪᠡᠷ ᠵᠢᠡᠨ ᠶᠡᠷᠦᠩᠬᠡᠢ ᠱᠦᠵᠢ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠮᠠᠨᠵᠤᠤᠷ ᠬᠤᠳᠠ ᠳ᠋ᠦ᠍ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠵᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃