ᠶᠡᠷᠦᠩᠬᠡᠢ ᠱᠦᠵᠢ ᠰᠢ᠎ᠵᠢᠨ ᠫᠢᠩ ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠠᠢᠭᠠᠯᠢ᠎ᠵᠢᠨ ᠡᠬᠢ ᠪᠠᠶᠠᠯᠢᠬ ᠤ᠋ᠨ ᠲᠢᠩᠬᠢᠮ ᠳ᠋ᠤ ᠬᠦᠷᠴᠤ ᠤᠬᠠᠭᠤᠯᠤᠨ ᠲᠠᠢᠯᠪᠤᠷᠢᠯᠠᠪᠠ
2023-08-07 14:40:09
ᠵᠣᠬᠢᠶᠠᠭ᠍ᠴᠢ᠄
ᠱᠤᠸᠠᠢ ᠵᠧᠩ ᠠᠨᠢᠷ
ᠣᠩᠱᠢᠭ᠍ᠰᠠᠨ ᠣᠳᠠᠭ᠎ᠠ᠄
★★★☆☆

8 ᠰᠠᠷ᠎ᠠ᠎ᠵᠢᠨ 1 ᠤ᠋ ᠡᠳᠤᠷ ᠡᠴᠡ  2 ᠎ᠤᠨ ᠡᠳᠦᠷ  ᠪᠤᠯᠳᠠᠯ᠎ᠠ᠂  ᠶᠡᠷᠦᠩᠬᠡᠢ ᠱᠦᠵᠢ ᠰᠢ᠎ᠵᠢᠨ ᠫᠢᠩ ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠵᠢᠨ ᠡᠬᠢ ᠪᠠᠶᠠᠯᠢᠭ ᠤ᠋ᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳ᠋ᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠩᠭᠤ᠎ᠵᠢᠨ ᠳᠡᠳ᠋ ᠳᠠᠷᠤᠭ᠎ᠠ ᠵᠧᠦ ᠺᠠᠢ ᠵᠢᠷᠤᠬ ᠲᠦᠯᠤᠪᠯᠡᠬᠡ ᠵᠢ ᠡᠴᠤᠰ ᠲᠤᠨᠢ ᠲᠤᠯᠳᠠᠯ᠎ᠠ ᠵᠢᠷᠤᠬᠯᠠᠬᠤ ᠢᠳᠡᠬᠡᠯ ᠵᠤᠷᠢᠬ ᠵᠢᠨᠷ 《ᠲᠠᠪᠤᠨ ᠶᠡᠬᠡ ᠡᠭᠦᠷᠭᠡ》 ᠵᠢ ᠰᠠᠢᠲᠤᠷ ᠨᠠᠢᠳᠠᠪᠤᠷᠢᠵᠢᠭᠤᠯᠬᠤ᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ᠋ ᠦᠷᠭᠦᠯᠵᠢᠯᠡᠨ ᠪᠠᠲᠤᠯᠠᠬᠤ᠂ ᠡᠬᠢ ᠪᠠᠶᠠᠯᠢᠬ ᠤ᠋ᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠳ᠋ᠤ ᠱᠢᠨ᠎ᠡ ᠵᠠᠮ ᠭᠠᠷᠭᠠᠬᠤ ᠵᠡᠷᠭᠡ ᠲᠠᠯ᠎ᠠ᠎ᠪᠠᠷ ᠶᠡᠷᠦᠩᠬᠡᠢ ᠱᠦᠵᠢ᠎ᠰᠢ᠎ᠵᠢᠨ ᠫᠢᠩ ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠱᠢᠰᠲ᠋ᠸᠮ ᠲᠠᠢ ᠲᠠᠢᠯᠪᠤᠷᠢᠯᠠᠪᠠ᠃ ᠮᠡᠳᠡᠭᠦᠯᠦᠯᠲᠡ᠎ᠵᠢ ᠰᠣᠨᠣᠰᠤᠭ᠍ᠰᠠᠨ᠎ᠤ ᠲᠠᠷᠠᠭ᠎ᠠ᠂ ᠤᠯᠠᠨ᠎ᠵᠢᠨᠷ ᠵᠢᠨᠨ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠭᠡᠵᠦ᠍᠂ ᠪᠣᠳᠠᠲᠠᠢ᠎ᠵᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠌ ᠠᠵᠢᠯ᠎ᠤᠨ ᠰᠤᠷᠲᠠᠯ᠎ᠵᠢᠨᠷ ᠬᠣᠶᠠᠷ ᠶᠡᠬᠡ ᠶᠠᠪᠤᠳᠠᠯ᠎ᠢ᠋ ᠰᠠᠢᠲᠤᠷ ᠬᠢᠬᠦ᠎ᠳᠦ ᠦᠨᠡᠨ ᠬᠦ᠌ ᠡᠳ᠋᠎ᠦᠨ ᠵᠠᠰᠠᠭ᠎ᠤᠨ ᠬᠦᠴᠦᠨ ᠴᠢᠳᠠᠯ᠎ᠵᠢᠨᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠬᠡᠪᠡ᠃

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠵᠢᠨ ᠡᠬᠢ ᠪᠠᠶᠠᠯᠢᠭ ᠤ᠋ᠨ  ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠎ᠵᠢᠨ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠎ᠵᠢᠨ ᠰᠤᠷᠪᠤᠯᠵᠢᠯᠠᠨ ᠨᠠᠢᠷᠠᠭᠤᠯᠬᠤ ᠲᠥᠪ᠎ᠦᠨ ᠡᠷᠬᠢᠯᠡᠭ᠌ᠴᠢ ᠳ᠋ᠢᠩ ᡁᠢ ᠵᠢᠶᠦ᠋ᠨ 《ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠶ᠎ᠡ》  ᠭᠡᠬᠦ᠌ ᠰᠡᠳᠦᠪ᠎ᠵᠢᠨᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠤᠬᠠᠭᠤᠯᠤᠨ ᠲᠠᠢᠯᠪᠤᠷᠢᠯᠠᠯᠳᠠ ᠵᠢ ᠰᠣᠨᠣᠰᠤᠭ᠍ᠰᠠᠨ᠎ᠤ ᠳᠠᠷᠠᠭ᠎ᠠ᠂ ᠣᠯᠠᠨ ᠵᠢᠨᠷ ᠵᠢᠨᠨ᠂  ᠤᠬᠠᠭᠤᠯᠤᠨ ᠲᠠᠢᠯᠪᠤᠷᠢᠯᠠᠯᠳᠠ ᠵᠢᠨ ᠠᠭᠤᠯᠭ᠎ᠠ ᠨᠢ ᠪᠦᠬᠦ᠌ ᠲᠠᠯ᠎ᠠ ᠵᠢᠨ᠂ ᠶᠤᠰᠤ ᠵᠦᠢ ᠳᠤᠳᠤᠷᠬᠠᠢ᠂ ᠭᠣᠣᠯᠳᠠᠯᠭ᠎ᠠ ᠨᠢ ᠲᠣᠪᠣᠢᠮ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠵᠢᠨ ᠪᠣᠳᠠᠲᠤ ᠪᠠᠢᠳᠠᠯ ᠳᠠᠢ ᠨᠢᠬᠳᠠ  ᠤᠶᠠᠯᠳᠤᠵᠤ᠂ ᠮᠠᠰᠢ ᠴᠢᠩᠭ᠎ᠠ ᠵᠢᠯᠤᠭᠣᠳᠭᠤ ᠴᠢᠨᠠᠷ᠎ᠲᠠᠢ ᠶᠤᠮ᠂ ᠶᠡᠷᠦᠩᠬᠡᠢ ᠱᠦᠵᠢ᠎ᠰᠢ᠎ᠵᠢᠨ ᠫᠢᠩ  ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠵᠢ ᠰᠤᠷᠤᠯᠴᠠᠠ ᠲᠤᠭᠤᠰᠢᠯᠠᠭᠤᠯᠬᠤ᠎ᠵᠢ 《ᠭᠤᠷᠪᠠ᠎ᠵᠢ ᠤᠬᠠᠭᠠᠪᠤᠷᠢᠯᠠᠬᠤ》 ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ 《ᠬᠣᠶᠠᠷ᠎ᠢ᠋ ᠨᠢᠭᠡᠳᠭᠡᠬᠦ᠌ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠰᠠᠢᠨ᠎ᠵᠢᠨᠷ ᠡᠬᠢᠯᠡᠵᠦ ᠰᠠᠢᠨ᠎ᠵᠢᠨᠷ ᠲᠡᠭᠦᠰᠭᠡᠬᠦ᠂ ᠴᠢᠳᠠᠮᠠᠭᠠᠢ᠎ᠪᠠᠷ ᠬᠢᠵᠦ᠍ ᠰᠠᠢᠲᠤᠷ ᠪᠦᠲᠦᠭᠡᠬᠦ᠎ᠵᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠵᠢ ᠴᠢᠷᠮᠠᠢᠨ ᠪᠢᠴᠢᠭ᠌ᠯᠡᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠵᠢᠨᠨ ᠡᠷᠬᠦᠨ᠎ᠠ ᠬᠡᠵᠤ  ᠰᠠᠨᠠᠯ ᠨᠢᠬᠡᠳᠠᠢ ᠢᠯᠡᠳᠬᠡᠵᠡᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号