ᠨᠠᠮ᠎ᠤᠨ ᠠᠷᠪᠠᠨ ᠨᠠᠢ᠍ᠮᠠᠲᠣᠭᠠᠷ ᠶᠡᠬᠡ ᠬᠣᠷᠠᠯ ᠡᠴᠡ ᠨᠠᠭᠠᠰᠢ᠂ ᠮᠠᠨ᠎ᠤ ᠣᠷᠣᠨ ᠵᠢᠯ ᠪᠦᠷᠢ ᠲᠣᠮᠲᠠᠴᠢ ᠪᠡᠷ 1200 ᠭᠠᠷᠣᠢ ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠵᠠᠰᠠᠵᠦ᠂ ᠪᠠᠷᠣᠬ ᠪᠦᠬᠦ ᠣᠯᠣᠰ᠎ᠤᠨ ᠡᠯᠡᠰᠦᠷᠬᠡᠭᠵᠢᠭᠰᠨᠨ ᠭᠠᠵᠠᠷ ᠰᠢᠷᠣᠢ᠎ᠶᠢ ᠵᠠᠰᠠᠬᠣ ᠡᠬᠦᠷᠭᠡ᠎ᠶᠢᠨ 40% ᠡᠴᠡ ᠲᠡᠭᠡᠭᠰᠢᠬᠢ᠎ᠶᠢ ᠡᠵᠡᠯᠡᠪᠡ᠃ ᠮᠠᠨ᠎ᠤ ᠣᠷᠣᠨ ᠵᠠᠰᠠᠬ ᠵᠠᠬᠢᠷᠭᠠᠨ ᠶ᠋ᠢᠡᠷ ᠠᠬᠢᠭᠣᠯᠬᠣ᠂ ᠲᠦᠷᠦ᠎ᠶᠢᠨ ᠪᠣᠲᠣᠯᠭ᠎ᠠ ᠪᠡᠷ ᠠᠬᠢᠭᠣᠯᠬᠣ᠂ ᠠᠵᠦ ᠦᠢᠯᠡᠰ ᠶ᠋ᠢᠡᠷ ᠲᠠᠢᠴᠢᠯᠠᠬᠣ᠂ ᠪᠦᠬᠦ ᠨᠡᠢᠭᠡᠮ ᠶ᠋ᠢᠡᠷ ᠵᠢᠡᠨ ᠣᠷᠣᠯᠴᠠᠬᠰᠠᠨ ᠡᠯᠡᠰᠦᠷᠬᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠣ ᠲᠣᠬᠲᠠᠴᠠ᠎ᠶᠢ ᠰᠦᠪᠡᠭᠴᠢᠯᠡᠵᠦ᠂ ᠪᠠᠢᠭᠠᠯᠢ᠎ᠶᠢᠨ ᠣᠢ᠎ᠶᠢ ᠬᠠᠮᠠᠭᠠᠯᠠᠬᠣ᠂ ᠪᠡᠭᠡᠵᠢᠩ ᠲᠢᠶᠠᠨᠵᠢᠨ᠎ᠤ ᠡᠷᠬᠢᠨ ᠲᠣᠭᠣᠷᠢᠨ᠎ᠤ ᠰᠠᠯᠬᠢ ᠡᠯᠡᠰᠦᠨ᠎ᠤ ᠡᠬᠢ᠎ᠶᠢ ᠵᠠᠰᠠᠬᠣ ᠵᠡᠷᠭᠡ ᠣᠯᠣᠰ᠎ᠤᠨ ᠭᠣᠣᠯᠲᠠᠯᠭ᠎ᠠ ᠲᠠᠢ ᠠᠮᠢ ᠠᠬᠣᠢ᠎ᠶᠢᠨ ᠢᠨᠵᠸᠨ᠋ᠸᠷᠢᠩ᠎ᠢ ᠬᠦᠨᠵᠡᠭᠡᠢ ᠬᠡᠷᠡᠭᠵᠢᠬᠦᠯᠵᠦ᠂ ᠨᠡᠯᠦᠭᠡᠷ ᠡᠯᠡᠰᠦ᠎ᠶᠢ ᠨᠣᠬᠲᠣᠯᠠᠵᠦ ᠨᠣᠭᠣᠭᠠᠨ ᠪᠦᠷᠢᠲᠦ ᠪᠣᠯᠭᠠᠬᠰᠠᠨ ᠪᠠᠢᠨ᠎ᠠ᠃

ᠬᠠᠩᠭᠢᠨ ᠬᠤᠰᠢᠭᠤᠨ᠎ᠤ ᠺᠠᠳ᠋ᠷ ᠠᠵᠢᠯᠳᠠᠤᠨ ᠬᠦᠪᠴᠢ ᠵᠢᠨ ᠡᠯᠡᠰᠦᠨ ᠳ᠋ᠦ ᠮᠤᠳᠦ ᠲᠠᠷᠢᠵᠦ ᠪᠠᠢᠭ᠎ᠠ ᠨᠢ
(ᠰᠢᠨᠬᠤᠸᠠ ᠬᠤᠷᠢᠶᠠᠨ ᠦ ᠭᠡᠷᠡᠯ ᠵᠢᠷᠤᠭ)
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠣᠷᠣᠨ ᠨᠡᠢᠲᠡ 1.22 ᠳ᠋ᠦᠩᠱᠢᠭᠤᠷ ᠮᠥ᠍ ᠮᠣᠳᠣ ᠵᠠᠢᠯᠠᠵᠤ᠂ 2.86 ᠳ᠋ᠦᠩᠱᠢᠭᠤᠷ ᠮᠥ᠍ ᠡᠪᠡᠰᠦ ᠳᠠᠷᠢᠵᠤ᠂ ᠵᠢᠯ ᠳᠤᠮᠳᠠᠴᠢ᠎ᠪᠠᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠭᠰᠠᠨ ᠳᠠᠯᠠᠪᠠᠢ 1200 ᠲᠦᠮᠡᠨ ᠮᠤ᠌ᠵᠢ ᠳᠠᠪᠠᠵᠦ᠂ ᠬᠡᠪᠴᠢᠶ᠎ᠡ ᠨᠢ ᠴᠥᠮ ᠪᠥᠬᠥ᠌ ᠤᠯᠤᠰ ᠲᠦ᠍ ᠲᠡᠷᠢᠬᠦᠯᠡᠵᠦ᠂ ᠪᠦᠬᠦ ᠣᠷᠣᠨ᠎ᠤ ᠨᠣᠲᠣᠬ ᠪᠡᠯᠴᠢᠭᠡᠷ᠎ᠤᠨ ᠣᠷᠭᠣᠮᠠᠯ᠎ᠤᠨ ᠬᠣᠴᠢᠯᠭᠠ ᠪᠠ ᠣᠢ ᠰᠢᠭᠣᠢ᠎ᠶᠢᠨ ᠪᠦᠷᠬᠦᠴᠡ 《ᠬᠣᠣᠰ ᠲᠡᠭᠡᠭᠰᠢᠯᠡᠯᠲᠡ》᠎ᠶ᠋ᠢ ᠪᠡᠶᠡᠯᠡᠬᠦᠯᠵᠦ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠲᠡᠯᠡᠪᠡᠢ ᠦᠷᠬᠦᠯᠵᠢᠯᠡᠨ ᠪᠠᠭᠠᠰᠴᠣ᠂ ᠡᠯᠡᠰᠦᠨ ᠰᠢᠭᠣᠷᠭ᠎ᠠ ᠲᠠᠢ ᠡᠳᠦᠷ᠎ᠤᠨ ᠲᠣᠭ᠎ᠠ ᠵᠢᠯ ᠪᠦᠷᠢ 4.9 ᠪᠠᠢᠬᠰᠠᠨ ᠡᠴᠡ ᠪᠠᠨ 0.6 ᠡᠳᠦᠷ ᠪᠣᠯᠵᠦ ᠪᠠᠭᠠᠰᠪᠠ ᠁
ᠨᠣᠮᠢᠨ ᠨᠣᠭᠣᠭᠠᠨ ᠪᠣᠯᠬᠣᠷ ᠦᠵᠡᠰᠬᠦᠯᠡᠩ᠂ ᠨᠣᠮᠢᠨ ᠨᠣᠭᠣᠭᠠᠨ ᠪᠣᠯᠬᠣᠷ ᠲᠠᠭᠣᠷᠢᠰᠬᠣᠯᠠᠩ᠃ ᠦᠪᠦᠷ ᠮᠣᠩᠭᠣᠯ ᠪᠣᠯ ᠮᠠᠨ᠎ᠤ ᠤᠯᠤᠰ᠎ᠤᠨ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤᠨ ᠲᠠᠯᠠᠪᠠᠢ ᠬᠠᠮᠤᠭ᠎ᠠᠴᠠ ᠲᠥᠪᠯᠡᠷᠡᠭᠰᠡᠨ᠂ ᠬᠤᠣᠷ ᠬᠥᠨᠥᠭᠡᠯ ᠬᠠᠮᠤᠭ᠎ᠠᠴᠠ ᠬᠦᠨᠳᠦ ᠨᠣᠴᠢᠲᠠᠢ ᠮᠤᠵᠢ ᠦᠪᠡᠷᠳᠡᠭᠡᠨ ᠵᠠᠰᠠᠬᠤ ᠣᠷᠣᠨ᠎ᠤ ᠨᠢᠭᠡ ᠪᠣᠯᠬᠣ ᠶᠣᠮ᠃ ᠪᠠᠳᠠᠶ᠎ᠶ᠋ᠢᠨ ᠵᠢᠷᠠᠨ᠂ ᠲᠩᠷᠢ᠂ ᠤᠯᠠᠭᠠᠨᠪᠤᠬ᠎ᠠ᠂ ᠬᠥᠪᠴᠢ ᠵᠡᠷᠭᠡ ᠳᠥᠷᠪᠡᠨ ᠶᠡᠭᠡ ᠡᠯᠡᠰᠦ ᠬᠦᠨᠲᠡᠯᠢᠰᠴᠦ᠍᠂ ᠮᠤᠤᠠᠤᠰᠤ᠂ ᠬᠤᠯᠠᠨ ᠰᠢᠷᠭ᠎ᠠ ᠲᠠᠭ᠎ᠠ᠂ ᠬᠤᠷᠴᠢᠨ᠂ ᠬᠥᠯᠥᠨ ᠪᠦᠢᠷ ᠵᠡᠷᠭᠡ ᠳᠥᠷᠪᠡᠨ ᠶᠡᠭᠡ ᠡᠯᠡᠰᠦᠷᠬᠡᠭ ᠭᠠᠵᠠᠷ ᠵᠠᠯᠭᠠᠯᠲᠣᠨ᠂ ᠠᠮᠢ ᠠᠬᠤᠶ ᠣᠷᠴᠢᠨ ᠲᠣᠭᠤᠷᠢᠨ ᠳᠣᠢᠯᠤᠨ ᠬᠡᠪᠡᠷᠡᠭ ᠪᠠᠢᠳᠠᠭ᠃ ᠮᠠᠨ᠎ᠤ ᠤᠷᠤᠨ ᠡᠬᠡ ᠣᠯᠣᠰ᠎ᠤᠨ ᠣᠮᠠᠷᠠᠲᠣ᠎ᠶᠢᠨ ᠴᠢᠬᠣᠯᠠ ᠠᠮᠢ ᠠᠬᠣᠢ᠎ᠶᠢᠨ ᠠᠮᠣᠷ ᠲᠦᠪᠰᠢᠨ᠎ᠤ ᠬᠠᠯᠬᠠᠪᠴᠢ᠎ᠶᠢ ᠪᠡᠳᠤ ᠴᠤᠭᠴᠠᠯᠠᠵᠤ᠂ ᠦᠩᠭᠡᠷᠡᠭᠰᠡᠨ ᠳ᠋ᠦ ᠪᠡᠭᠡᠵᠢᠩ ᠲᠢᠶᠠᠨᠵᠢᠨ᠎ᠤ 《ᠰᠠᠯᠬᠢ ᠡᠯᠡᠰᠦᠨ᠎ᠦ ᠡᠬᠢ》 ᠭᠡᠭᠲᠡᠵᠦ ᠪᠠᠢᠬᠰᠠᠨ ᠡᠴᠡ ᠪᠠᠨ ᠨᠡᠢᠰᠯᠡᠯ᠎ᠦᠨ 《ᠠᠷᠤ ᠴᠡᠴᠡᠷᠯᠢᠭ》 ᠪᠣᠯᠵᠦ᠂ ᠡᠯᠡᠰᠦ ᠣᠷᠣᠬᠰᠢᠯᠠᠨ ᠬᠦᠮᠦᠨ ᠣᠬᠣᠷᠢᠵᠦ ᠪᠠᠢᠬᠰᠠᠨ ᠡᠴᠡ ᠪᠠᠨ ᠨᠣᠭᠣᠭᠠᠷᠠᠭᠣᠯᠣᠯᠲᠠ ᠣᠷᠣᠬᠰᠢᠯᠠᠵᠦ ᠡᠯᠡᠰᠦ ᠣᠬᠣᠷᠢᠬᠣ ᠲᠡᠦᠬᠡᠲᠦ ᠴᠢᠨᠠᠷᠲᠠᠢ ᠬᠣᠪᠢᠷᠠᠯᠲᠠ᠎ᠶᠢ ᠪᠡᠶᠡᠯᠡᠬᠦᠯᠵᠦ᠂ ᠴᠦᠯᠯᠡᠷᠬᠡᠭᠵᠢᠯ ᠪᠠ ᠡᠯᠡᠰᠦᠷᠬᠡᠭᠵᠢᠯ᠎ᠤᠨ ᠬᠣᠣᠰ ᠬᠠᠰᠣᠬᠲᠠᠯᠢ ᠪᠡᠶᠡᠯᠡᠬᠦᠯᠵᠦ᠂ ᠪᠠᠢᠭᠠᠯᠢ᠎ᠶᠢᠨ ᠵᠢᠮ᠎ᠡ ᠶᠣᠰᠣᠨ ᠳ᠋ᠦ ᠨᠡᠢᠴᠡᠭᠰᠡᠨ ᠡᠯᠡᠰᠦ᠎ᠶᠢ ᠰᠡᠷᠭᠡᠢᠯᠡᠨ ᠵᠠᠰᠠᠬᠣ ᠵᠠᠮ᠎ᠢ ᠨᠡᠭᠡᠭᠡᠵᠦ᠂ ᠡᠯᠡᠰᠦᠷᠭᠡᠬᠵᠢᠯᠢ ᠰᠡᠷᠭᠡᠢᠯᠡᠨ ᠡᠯᠡᠰᠤ᠎ᠵᠢ ᠵᠠᠰᠠᠬᠣ ᠦᠪᠦᠷ ᠮᠣᠩᠭᠣᠯ᠎ᠤᠨ ᠭᠠᠢᠬᠠᠮᠰᠢᠬ᠎ᠢ ᠪᠢᠴᠢᠭᠯᠡᠭᠰᠡᠨ ᠪᠢᠯᠡ᠃
ᠦᠪᠦᠷ ᠮᠤᠩᠭᠤᠯ᠎ᠤᠨ ᠵᠠᠬᠪᠣᠷ
▼ ᠲᠣᠮᠣ ᠢᠨᠵᠧᠨᠧᠷᠢᠩ ᠶ᠋ᠢᠡᠷ ᠶᠡᠬᠡ ᠵᠠᠰᠠᠯᠲᠠ᠎ᠶᠢ ᠳᠠᠢᠴᠢᠯᠠᠬᠤ᠂ ᠵᠠᠰᠠᠭ᠎ᠤᠨ ᠣᠷᠳᠣᠨ ᠭᠤᠤᠯᠯᠠᠨ ᠤᠳᠤᠷᠢᠳᠬᠤ᠂ ᠠᠵᠢᠯ ᠲᠥᠷᠥᠯ ᠵᠢᠡᠷ ᠬᠥᠲᠥᠯᠥᠨ ᠲᠠᠭᠠᠭᠤᠯᠬᠤ᠂ ᠨᠡᠢᠭᠡᠮ ᠳᠠᠶᠠᠭᠠᠷ ᠶ᠋ᠢᠡᠨ ᠣᠷᠣᠯᠴᠠᠭᠰᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠵᠠᠬᠪᠤᠷ
ᠥᠪᠥᠷ ᠮᠣᠩᠭᠣᠯ᠎ᠤᠨ ᠡᠯᠡᠰᠦᠨ ᠭᠤᠪᠢ᠎ᠳᠤ ᠠᠵᠢᠯᠯᠠᠵᠤ ᠥᠩᠭᠡᠷᠡᠭ᠌ᠰᠡᠨ ᠡᠷᠳᠡᠮᠲᠡᠨ ᠴᠢᠶᠠᠨ ᠱᠢᠤᠸᠠᠢ ᠰᠸᠨ 《ᠭᠡᠷᠡᠯ ᠢᠯᠡᠭᠦᠦ ᠲᠤᠰᠬᠠᠬᠤ ᠤᠰᠤ ᠪᠠᠭ᠎ᠠ ᠬᠡᠷᠡᠭ᠌ᠯᠡᠬᠦ᠂ ᠱᠢᠨ᠎ᠡ ᠮᠡᠷᠭᠡᠵᠢᠯ᠂ ᠥᠨᠳᠥᠷ ᠦᠷ᠎ᠡ ᠠᠱᠢᠭ》᠂ 《ᠡᠯᠡᠰᠦᠨ᠎ᠦ ᠠᠵᠤ ᠦᠢᠯᠡᠰ᠎ᠢ᠋ ᠬᠦᠭᠵᠢᠬᠦᠯᠬᠦ》 ᠵᠡᠷᠭᠡ ᠲᠦᠰᠦᠪᠯᠡᠯ᠎ᠢ ᠳᠤᠷᠠᠳᠤᠨ ᠭᠠᠷᠭᠠᠬᠰᠠᠨ ᠪᠢᠯᠡ᠃ ᠥᠪᠥᠷ ᠮᠣᠩᠭᠣᠯ᠎ᠤᠨ ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠶ᠋ᠢ ᠵᠠᠰᠠᠭᠰᠠᠨ ᠠᠷᠭ᠎ᠠ ᠬᠡᠮᠵᠢᠶ᠎ᠡ ᠨᠢ ᠡᠯᠡᠰᠦ ᠮᠠᠩᠬ᠎ᠠ᠎ᠶ᠋ᠢ 《ᠪᠦᠮᠪᠦᠷᠴᠡᠭ᠎ᠤᠨ ᠬᠤᠤᠷᠳᠤ ᠬᠠᠪᠤᠳᠠᠷ》 ᠭᠡᠵᠦ ᠵᠢᠭᠰᠢᠬᠦ ᠪᠣᠰᠣ᠂ ᠬᠠᠷᠢᠨ ᠡᠯᠡᠰᠦ ᠮᠠᠩᠬ᠎ᠠ ᠵᠢ ᠡᠬᠢ ᠪᠠᠶᠠᠯᠢᠭ ᠶ᠋ᠢᠡᠷ ᠦᠵᠡᠨ᠂ ᠱᠢᠨᠵᠢᠯᠡᠬᠦ᠌ ᠤᠬᠠᠭᠠᠨᠴᠢ ᠪᠠᠷ ᠠᠰᠢᠬᠯᠠᠵᠦ᠂ ᠡᠯᠡᠰᠦ ᠮᠠᠩᠬ᠎ᠠ᠎ᠶᠢ ᠵᠠᠰᠠᠬᠣ ᠭᠡᠮᠡᠨ ᠵᠣᠷᠢᠬ ᠰᠢᠭᠣᠳᠴᠣ ᠡᠰᠡᠷᠬᠦᠴᠡᠯᠲᠦᠵᠦ ᠪᠠᠢᠬᠰᠠᠨ ᠡᠴᠡ ᠪᠠᠨ ᠡᠯᠡᠰᠦ ᠮᠠᠩᠬ᠎ᠠ᠎ᠶᠢ ᠠᠰᠢᠬᠯᠠᠬᠣ ᠠᠮᠢ ᠠᠬᠣᠢ᠎ᠶᠢ ᠬᠠᠮᠠᠭᠠᠯᠠᠵᠦ ᠬᠦᠭᠵᠢᠬᠦᠯᠬᠦ ᠠᠷᠭ᠎ᠠ ᠬᠡᠮᠵᠢᠶ᠎ᠡ᠎ᠶᠢ ᠠᠪᠣᠬᠰᠠᠨ ᠪᠠᠢᠨ᠎ᠠ᠃
— 《ᠤᠮᠠᠷᠠᠲᠤ ᠵᠢᠨ ᠭᠤᠷᠪᠠᠨ ᠤᠷᠤᠨ》᠎ᠤ᠋ ᠬᠠᠯᠬᠠᠪᠴᠢ ᠣᠶ᠎ᠶ᠋ᠢᠨ ᠱᠢᠰᠲ᠋ᠧᠮ᠎ᠤᠨ ᠪᠦᠲᠦᠭᠡᠨ ᠪᠠᠢᠭᠤᠯᠤᠯᠲᠠ ᠵᠡᠷᠭᠡ ᠤᠯᠤᠰ᠎ᠤᠨ ᠭᠤᠤᠯᠳᠠᠯᠭ᠎ᠠ ᠲᠠᠶ ᠠᠮᠢ ᠠᠬᠤᠶ᠎ᠶ᠋ᠢᠨ ᠢᠨᠵᠧᠨᠧᠷᠢᠩ᠎ᠢ ᠪᠦᠬᠦ᠌ ᠲᠠᠯ᠎ᠠ ᠪᠠᠷ ᠬᠡᠷᠡᠭ᠌ᠵᠢᠭᠦᠯᠵᠦ᠍᠂ 《ᠤᠮᠠᠷᠠᠲᠤ᠎ᠶᠢᠨ ᠭᠤᠷᠪᠠᠨ ᠣᠷᠣᠨ》 ᠤ᠋ ᠬᠠᠯᠬᠠᠪᠴᠢ ᠣᠶ᠎ᠶᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶᠢ ᠥᠪᠥᠷ ᠮᠣᠩᠭᠣᠯ᠎ᠤᠨ ᠠᠮᠢ ᠠᠬᠤᠶ᠎ᠶᠢᠨ ᠪᠥᠲᠥᠭᠡᠨ ᠪᠠᠢᠭᠤᠯᠤᠯᠲᠠ᠎ᠶᠢᠨ ᠴᠢᠬᠤᠯᠠ ᠭᠠᠷᠳᠡᠴᠡ᠎ᠶᠢᠨ ᠨᠢᠭᠡ ᠪᠣᠯᠭᠠᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠭᠤᠤᠯᠳᠠᠯᠭ᠎ᠠ᠎ᠶᠢ ᠳᠣᠪᠣᠢᠯᠭᠠᠨ᠂ ᠲᠣᠮᠣ ᠢᠨᠵᠧᠨᠧᠷᠢᠩ ᠶ᠋ᠢᠡᠷ ᠶᠡᠬᠡ ᠵᠠᠰᠠᠯᠲᠠ᠎ᠶᠢ ᠳᠠᠢᠴᠢᠯᠠᠵᠦ᠂ ᠵᠠᠰᠠᠭ᠎ᠤᠨ ᠣᠷᠳᠣᠨ ᠭᠤᠤᠯᠯᠠᠨ ᠤᠳᠤᠷᠢᠳᠴᠦ᠂ ᠠᠵᠢᠯ ᠲᠥᠷᠥᠯ ᠵᠢᠡᠷ ᠬᠥᠲᠥᠯᠥᠨ ᠲᠠᠭᠠᠭᠤᠯᠵᠦ᠂ ᠨᠡᠢᠭᠡᠮ ᠳᠠᠶᠠᠭᠠᠷ ᠶ᠋ᠢᠡᠨ ᠣᠷᠣᠯᠴᠠᠭᠰᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠵᠠᠬᠪᠣᠷᠢ ᠪᠣᠢ ᠪᠣᠯᠭᠠᠪᠠ;
— ᠨᠢᠭᠡ ᠲᠠᠯ᠎ᠠ᠎ᠪᠠᠷ ᠣᠢᠵᠢᠭᠤᠯᠵᠤ ᠨᠢᠭᠡ ᠲᠠᠯ᠎ᠠ᠎ᠪᠠᠷ ᠰᠡᠷᠭᠦᠭᠡᠵᠦ᠍᠂ 《ᠬᠣᠶᠠᠷ ᠬᠠᠯᠬᠠᠪᠴᠢ ᠨᠢᠭᠡ ᠪᠦᠰᠡ》᠂ ᠤᠷᠭᠤᠮᠠᠯ᠎ᠤᠨ ᠳᠠᠬᠢᠨ ᠤᠷᠭᠤᠬᠤ ᠡᠯᠡᠰᠦᠨ ᠬᠠᠯᠬᠠᠪᠴᠢ᠂ ᠨᠦᠬᠡ ᠮᠠᠯᠲᠠᠵᠤ ᠣᠢᠵᠢᠭᠤᠯᠬᠤ᠂ ᠦᠨᠳᠦᠰᠦ᠎ᠶᠢ ᠨᠢ ᠬᠢᠵᠠᠭᠠᠷᠯᠠᠨ ᠣᠢᠵᠢᠭᠤᠯᠬᠤ ᠵᠡᠷᠭᠡ ᠢᠨᠵᠧᠨᠧᠷᠢᠩ᠎ᠦᠨ ᠵᠠᠬᠪᠣᠷ ᠪᠣᠯᠤᠨ ᠤᠰᠤ ᠠᠷᠪᠢᠯᠠᠵᠤ ᠭᠠᠩ ᠲᠠᠶ ᠲᠡᠮᠡᠴᠡᠨ ᠣᠢᠵᠢᠭᠤᠯᠬᠤ ᠰᠢᠷᠢᠰ ᠮᠡᠷᠭᠡᠵᠢᠯ᠎ᠢ ᠠᠮᠵᠢᠯᠲᠠ ᠲᠠᠶ ᠰᠤᠳᠤᠯᠤᠨ ᠳᠡᠯᠭᠡᠷᠡᠭᠦᠯᠵᠦ᠍᠂ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠪᠢᠲᠡᠭᠦᠮᠵᠢᠯᠡᠨ ᠬᠠᠮᠠᠭᠠᠯᠠᠬᠤ᠂ ᠳᠤᠷ᠎ᠠ᠎ᠪᠠᠷ ᠶ᠋ᠢᠡᠨ ᠣᠬᠲᠣᠯᠬᠣ ᠬᠠᠤᠯᠢ᠎ᠡᠴᠡ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠦᠭᠬᠦ ᠵᠡᠷᠭᠡ ᠠᠷᠭ᠎ᠠ ᠬᠡᠮᠵᠢᠶ᠎ᠡ᠎ᠶᠢ ᠴᠢᠩᠭ᠎ᠠ ᠬᠡᠷᠡᠭᠵᠢᠭᠦᠯᠪᠡ᠃
— ᠪᠥᠬᠥ᠌ ᠣᠷᠣᠨ᠎ᠤ ᠬᠠᠭᠠᠰ ᠡᠴᠡ ᠲᠡᠭᠡᠭᠰᠢᠬᠢ ᠨᠤᠲᠤᠭ ᠳᠡᠪᠢᠰᠭᠡᠷ᠎ᠦᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ᠂ 72%᠎ᠤ᠋ᠨ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠶ᠎ᠶ᠋ᠢ ᠠᠮᠢ ᠠᠬᠤᠶ᠎ᠶ᠋ᠢᠨ ᠣᠷᠣᠨ ᠵᠠᠶ᠎ᠳᠤ ᠣᠷᠣᠭᠤᠯᠵᠤ᠂ ᠤᠯᠠᠭᠠᠨ ᠱᠤᠭᠤᠮ ᠳᠣᠲᠣᠷ᠎ᠠ ᠪᠠᠢᠭᠠᠯᠢ᠎ᠶ᠋ᠢᠨ ᠠᠮᠢ ᠠᠬᠤᠶ᠎ᠶ᠋ᠢᠨ ᠲᠡᠩᠴᠡᠭᠦᠷᠢ᠎ᠶ᠋ᠢ ᠡᠪᠳᠡᠬᠦ᠌ ᠨᠡᠭᠡᠭᠡᠨ ᠬᠥᠭ᠌ᠵᠢᠭᠦᠯᠦᠯᠲᠡ ᠬᠢᠬᠦ᠌ ᠥᠬᠡᠶ᠂ ᠣᠷᠴᠢᠨ ᠲᠣᠭᠣᠷᠢᠨ᠎ᠤ ᠳᠠᠭᠠᠭᠠᠬᠤ ᠴᠢᠳᠠᠪᠤᠷᠢ᠎ᠡᠴᠡ ᠳᠠᠪᠠᠭ᠍ᠰᠠᠨ ᠢᠨᠵᠧᠨᠧᠷᠢᠩ᠎ᠢ ᠪᠠᠢᠭᠤᠯᠬᠤ ᠥᠬᠡᠶ᠂ ᠡᠬᠢ ᠪᠠᠶᠠᠯᠢᠭ᠎ᠤᠨ ᠳᠠᠭᠠᠭᠠᠬᠤ ᠴᠢᠳᠠᠪᠤᠷᠢ᠎ᠶ᠋ᠢ ᠲᠠᠪᠠᠬᠰᠠᠨ ᠲᠥᠷᠥᠯ ᠵᠦᠶ᠋ᠯ᠎ᠢ ᠤᠷᠤᠭᠤᠯᠬᠤ ᠥᠬᠡᠶ; ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ᠂ ᠭᠠᠳᠠᠭ᠍ᠰᠢᠯᠠᠭᠤᠯᠤᠯᠲᠠ ᠶᠡᠬᠡᠲᠡᠢ᠂ ᠳᠣᠣᠷ᠎ᠠ ᠲᠦᠪᠱᠢᠨ ᠪᠦᠬᠦᠢ ᠲᠥᠷᠥᠯ ᠵᠦᠢᠯ᠎ᠢ ᠰᠣᠬᠣᠷ ᠪᠠᠯᠠᠢ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠵᠤ᠂ ᠠᠵᠤ ᠦᠢᠯᠡᠰ᠂ ᠲᠥᠷᠥᠯ ᠵᠦᠢᠯ᠎ᠢ ᠵᠥᠪᠱᠢᠶᠡᠷᠡᠨ ᠣᠷᠣᠭᠤᠯᠬᠤ ᠪᠠᠷᠢᠮᠵᠢᠶ᠎ᠠ᠎ᠶ᠋ᠢ ᠪᠠᠲᠤ ᠡᠵᠡᠮᠳᠡᠪᠡ; ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠦᠳᠦᠭᠦᠯᠢᠭ ᠵᠠᠭ᠍ᠪᠤᠷ ᠢ᠋ ᠡᠷᠡᠰ ᠬᠤᠪᠢᠷᠠᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠬᠤ᠎ᠵᠢ ᠪᠦᠬᠦ ᠬᠦᠴᠦᠨ᠎ᠢᠶᠡᠷ ᠠᠬᠢᠭᠤᠯᠪᠠ᠃
— ᠤᠯᠤᠰ᠎ᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠢᠲᠡᠭᠦᠮᠵᠢᠯᠡᠨ ᠬᠠᠮᠠᠭᠠᠯᠠᠬᠤ ᠣᠷᠣᠨ᠎ᠢ 18 ᠪᠠᠢᠭᠤᠯᠵᠤ᠂ 《ᠮᠠᠯ ᠪᠡᠯᠴᠢᠭᠡᠷ᠎ᠢ ᠲᠡᠩᠴᠡᠭᠦᠷᠢ ᠲᠡᠶ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠡᠯᠴᠢᠭᠡᠷᠢᠠᠮᠠᠷᠠᠭᠤᠯᠬᠤ ᠬᠠᠮᠢᠶᠠᠷᠤᠯᠲᠠ᠎ᠶ᠋ᠢᠨ ᠲᠦᠷᠢᠮ》᠎ᠢ᠋ ᠨᠡᠢᠲᠡᠯᠡᠵᠦ᠍᠂ ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ ᠤᠢᠯᠠᠭᠠᠭᠳᠠᠬᠤᠨ᠎ᠢ ᠪᠠᠷᠢᠮᠲᠠᠯᠠᠪᠠ᠃
— ᠡᠯᠡᠰᠦᠷᠬᠡᠭᠵᠢᠯ ᠢ ᠰᠡᠷᠭᠡᠢᠯᠡᠨ ᠡᠯᠡᠰᠦ ᠵᠢ ᠵᠠᠰᠠᠬᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠳᠡᠯᠭᠡᠷᠡᠭᠦᠯᠦᠨ ᠵᠢᠱ᠌ᠢᠶ᠎ᠡ ᠦᠵᠡᠭᠦᠯᠬᠦ᠌ ᠶᠡᠬᠡ ᠬᠡᠮᠵᠢᠶᠡᠨ᠎ᠦ ᠲᠥᠷᠥᠯ ᠵᠦᠢᠯ᠎ᠢ ᠬᠡᠷᠡᠭ᠌ᠵᠢᠭᠦᠯᠵᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃
— ᠣᠯᠠᠨ ᠵᠢᠯ᠎ᠦᠨ ᠬᠠᠢᠨ ᠰᠥᠪᠡᠭ᠌ᠴᠢᠯᠡᠯᠲᠡ ᠪᠠ ᠦᠶ᠋ᠯᠡᠳᠦᠯᠭᠡ ᠪᠡᠷ ᠳᠡᠮᠵᠢᠨ᠂ ᠮᠠᠨ ᠤ ᠤᠷᠤᠨ 《ᠨᠢᠰᠭᠡᠯ᠎ᠢᠶᠡᠷ ᠳᠠᠷᠢᠵᠤ ᠡᠯᠡᠰᠦ᠎ᠶ᠋ᠢ ᠵᠠᠰᠠᠵᠤ ᠣᠢᠵᠢᠭᠤᠯᠬᠤ ᠮᠡᠷᠭᠡᠵᠢᠯ᠎ᠦᠨ ᠲᠦᠷᠢᠮ》᠂ 《ᠣᠢᠵᠢᠭᠤᠯᠬᠤ ᠮᠡᠷᠭᠡᠵᠢᠯ᠎ᠦᠨ ᠲᠦᠷᠢᠮ》 ᠵᠡᠷᠭᠡ 53 ᠵᠦᠶ᠋ᠯ᠎ᠦᠨ ᠡᠯᠡᠰᠦ᠎ᠶ᠋ᠢ ᠰᠡᠷᠭᠡᠢᠯᠡᠨ ᠵᠠᠰᠠᠬᠤ ᠲᠤᠬᠠᠢ ᠲᠦᠷᠢᠮ ᠲᠣᠭ᠍ᠲᠠᠭᠠᠵᠤ᠂ ᠮᠠᠨ᠎ᠤ ᠤᠯᠤᠰ᠎ᠤᠨ ᠡᠯᠡᠰᠦ᠎ᠶ᠋ᠢ ᠵᠠᠰᠠᠬᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠳᠤ ᠶᠡᠬᠡ ᠬᠡᠮᠵᠢᠶᠡᠨ᠎ᠦ ᠱᠢᠨᠵᠢᠯᠡᠬᠦ᠌ ᠤᠬᠠᠭᠠᠨᠴᠢ ᠠᠷᠭ᠎ᠠ ᠬᠠᠩᠭᠠᠪᠠ᠃
— ᠠᠵᠤ ᠠᠬᠤᠶ᠎ᠶ᠋ᠢᠨ ᠣᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠣᠶ ᠱᠢᠭᠤᠶ ᠡᠯᠡᠰᠦᠨ᠎ᠦ ᠲᠠᠭᠠᠭᠤᠯᠤᠭᠴᠢ ᠠᠵᠤ ᠠᠬᠤᠢᠯᠠᠯ᠎ᠢ ᠪᠣᠢᠵᠢᠭᠤᠯᠤᠨ᠂ ᠣᠶ ᠱᠢᠭᠤᠶ ᠡᠯᠡᠰᠦᠨ᠎ᠦ ᠠᠵᠤ ᠦᠶ᠋ᠯᠡᠰ᠎ᠦᠨ ᠬᠡᠪᠴᠢᠶᠡᠵᠢᠭ᠌ᠰᠡᠨ᠂ ᠡᠷᠴᠢᠮᠵᠢᠭ᠌ᠰᠡᠨ᠂ ᠱᠢᠯᠢᠳᠡᠭ᠌ᠵᠢᠭ᠌ᠰᠡᠨ ᠴᠢᠭ᠌ᠯᠡᠯ᠎ᠢᠶᠡᠷ ᠬᠥᠭ᠌ᠵᠢᠬᠦ᠌᠎ᠶ᠋ᠢ ᠳᠠᠢᠴᠢᠯᠠᠪᠠ᠃
ᠬᠦᠭᠵᠢᠯᠳᠡ ᠵᠢᠨ ᠰᠢᠨ᠎ᠠ ᠵᠠᠮ
▼ ᠡᠯᠡᠰᠦ ᠮᠠᠩᠬ᠎ᠠ᠎ᠶ᠋ᠢ ᠨᠣᠭᠣᠭᠠᠷᠠᠭᠤᠯᠬᠤ᠂ ᠠᠷᠠᠳ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠂ ᠠᠵᠤ ᠠᠬᠤᠢᠯᠠᠯ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌ ᠬᠥᠭ᠌ᠵᠢᠯᠲᠡ᠎ᠶ᠋ᠢᠨ ᠵᠠᠮ
ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠣᠬᠰᠨᠨᠤ ᠬᠣᠪᠢ ᠳ᠋ᠦ᠂ ᠦᠪᠦᠷ ᠮᠣᠩᠭᠣᠯ ᠠᠮᠢ ᠠᠬᠤᠢ᠎ᠶ᠋ᠢ ᠬᠠᠮᠠᠭᠠᠯᠠᠬᠤ᠂ ᠪᠣᠬᠢᠷᠲᠤᠯ᠎ᠢ ᠰᠡᠷᠭᠡᠢᠯᠡᠨ ᠵᠠᠰᠠᠬᠤ᠂ ᠬᠡᠯᠪᠡᠷᠢ᠎ᠪᠠᠨ ᠬᠤᠪᠢᠷᠠᠭᠤᠯᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠬᠤ᠎ᠶ᠋ᠢ ᠠᠬᠢᠭᠤᠯᠪᠡ᠃
ᠣᠳᠣᠬᠠᠨ᠎ᠳᠤ᠂ ᠪᠦᠬᠦ᠌ ᠣᠷᠣᠨ᠎ᠳᠤ ᠡᠯᠡᠰᠦᠨ ᠴᠥᠯ᠎ᠦᠨ ᠭᠠᠵᠠᠷ ᠣᠷᠣᠨ᠎ᠳᠤ ᠠᠭᠤᠯᠤᠭ᠍ᠳᠠᠵᠤ ᠪᠠᠢᠭ᠎ᠠ ᠥᠪᠡᠷᠮᠢᠴᠡ ᠪᠠᠢᠭᠠᠯᠢ ᠶ᠋ᠢᠨ ᠡᠬᠢ ᠪᠠᠶᠠᠯᠢᠭ ᠪᠣᠯᠤᠨ ᠵᠠᠰᠠᠯᠲᠠ᠎ᠶ᠋ᠢᠨ ᠶᠠᠪᠤᠴᠠ᠎ᠳᠤ ᠪᠦᠷᠢᠯᠳᠦᠭ᠌ᠰᠡᠨ ᠡᠯᠪᠡᠭ ᠪᠠᠶᠠᠯᠢᠭ ᠣᠶ ᠱᠢᠭᠤᠶ ᠡᠪᠡᠰᠦᠨ᠎ᠦ ᠡᠬᠢ ᠪᠠᠶᠠᠯᠢᠭ᠎ᠢ ᠠᠱᠢᠭ᠍ᠯᠠᠵᠤ᠂ ᠡᠯᠡᠰᠦᠨ᠎ᠦ ᠤᠷᠭᠤᠮᠠᠯ᠎ᠢ ᠳᠠᠷᠢᠬᠤ ᠬᠢᠬᠡᠳ ᠨᠡᠭᠡᠭᠡᠨ ᠠᠱᠢᠭ᠍ᠯᠠᠬᠤ᠂ ᠣᠨᠴᠠ ᠲᠥᠷᠥᠯ᠎ᠦᠨ ᠡᠮ᠎ᠳᠤ ᠤᠷᠭᠤᠮᠠᠯ᠎ᠢ ᠳᠠᠷᠢᠬᠤ ᠬᠢᠬᠡᠳ ᠡᠳ᠋ᠱᠢᠭᠦᠯᠦᠨ ᠡᠵᠡᠩᠨᠡᠬᠦ᠌᠂ ᠣᠶ ᠱᠢᠭᠤᠶ ᠪᠠ ᠴᠠᠭᠠᠰᠤ ᠦᠢᠯᠡᠳᠪᠦᠷᠢᠯᠡᠬᠦ᠎ᠶ᠋ᠢ ᠨᠢᠭᠡ ᠴᠤᠭ᠍ᠴᠠᠵᠢᠭᠤᠯᠬᠤ ᠪᠤᠯᠤᠨ ᠡᠭᠦᠰᠦᠮᠡᠯ ᠪᠣᠳᠠᠰ᠎ᠤᠨ ᠡᠨ᠋ᠸᠷᠬᠢ ᠵᠢ ᠠᠵᠤ ᠦᠢᠯᠡᠰᠵᠢᠭᠦᠯᠬᠦ᠌᠂ ᠡᠯᠡᠰᠦᠷᠬᠡᠭ ᠣᠷᠣᠨ᠎ᠳᠡᠬᠢ ᠣᠨᠴᠠ ᠲᠥᠷᠥᠯ᠎ᠦᠨ ᠡᠬᠢ ᠪᠠᠶᠠᠯᠢᠭ᠎ᠢ ᠶᠡᠷᠦᠩᠬᠡᠢᠯᠡᠨ ᠨᠡᠭᠡᠭᠡᠨ ᠠᠱᠢᠭ᠍ᠯᠠᠬᠤ᠂ ᠡᠯᠡᠰᠦᠨ ᠴᠥᠯ᠎ᠦᠨ ᠦᠵᠡᠮᠵᠢ᠎ᠶ᠋ᠢᠨ ᠵᠢᠭᠤᠯᠴᠢᠯᠠᠯ᠂ ᠤᠰᠤ ᠠᠷᠪᠢᠯᠠᠬᠤ ᠤᠰᠤᠯᠠᠯᠲᠠ ᠪᠤᠯᠤᠨ ᠰᠠᠯᠬᠢᠨ᠎ᠤ ᠡᠨᠧᠷᠭᠢ ᠨᠡᠷᠡᠨ᠎ᠦ ᠡᠨᠧᠷᠭᠢ᠎ᠶ᠋ᠢ ᠠᠱᠢᠭ᠍ᠯᠠᠬᠤ ᠵᠡᠷᠭᠡ ᠵᠢᠷᠭᠤᠭᠠᠨ ᠶᠡᠬᠡ ᠲᠥᠷᠥᠯ ᠬᠡᠯᠪᠡᠷᠢ᠎ᠶ᠋ᠢᠨ ᠡᠯᠡᠰᠦᠨ᠎ᠦ ᠠᠵᠤ ᠦᠢᠯᠡᠰ᠎ᠢ ᠪᠤᠢ ᠪᠤᠯᠭᠠᠨ ᠬᠥᠭ᠌ᠵᠢᠭᠦᠯᠪᠡ᠃ ᠪᠠᠰᠠ ᠡᠳ᠋ᠱᠢᠭᠦᠯᠬᠦ᠂ ᠬᠠᠳᠠᠭᠠᠯᠠᠬᠤ᠂ ᠪᠣᠭᠣᠳᠠᠯᠯᠠᠬᠤ᠂ ᠲᠡᠭᠡᠭᠡᠪᠦᠷᠢᠯᠡᠬᠦ᠌ ᠵᠡᠷᠭᠡ ᠡᠴᠦᠰ᠎ᠤᠨ ᠭᠡᠯᠬᠢᠶᠡᠨᠤ ᠠᠵᠤ ᠦᠢᠯᠡᠰ᠎ᠦᠨ ᠬᠥᠭ᠌ᠵᠢᠯᠲᠡ᠎ᠶ᠋ᠢ ᠳᠠᠢ᠌ᠴᠢᠯᠠᠵᠤ᠂ ᠳᠠᠷᠢᠬᠤ ᠲᠡᠵᠢᠭᠡᠬᠦ᠌ ᠡᠳ᠋ᠱᠢᠭᠦᠯᠬᠦ᠂ ᠦᠢᠯᠡᠳᠪᠦᠷᠢᠯᠡᠬᠦ᠌ ᠬᠠᠩᠭᠠᠬᠤ ᠪᠣᠷᠣᠯᠠᠭᠤᠯᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠡᠯᠡᠰᠦᠷᠭᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠶ᠋ᠢ ᠰᠥᠷᠭᠡᠦ ᠴᠢᠭ᠌ᠯᠡᠯ᠎ᠢᠶᠡᠷ ᠳᠠᠢ᠌ᠴᠢᠯᠠᠵᠦ᠍᠂ ᠡᠯᠡᠰᠦ ᠮᠠᠩᠬ᠎ᠠ᠎ᠶ᠋ᠢ ᠨᠣᠭᠣᠭᠠᠷᠠᠭᠤᠯᠬᠤ᠂ ᠠᠷᠠᠳ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠂ ᠠᠵᠤ ᠠᠬᠤᠢᠯᠠᠯ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌ ᠬᠥᠭ᠌ᠵᠢᠯᠲᠡ᠎ᠶ᠋ᠢᠨ ᠵᠠᠮ᠎ᠢ ᠨᠡᠭᠡᠭᠡᠭᠰᠡᠨ ᠪᠠᠢᠨ᠎ᠠ᠃
ᠬᠦᠪᠴᠢ᠎ᠶᠢᠨ ᠡᠯᠡᠰᠦ᠎ᠶᠢᠨ ᠶᠡᠷᠦᠩᠬᠡᠢ ᠲᠠᠯᠠᠪᠠᠢ 2790 ᠲᠦᠮᠡᠨ ᠮᠦ᠍᠂ ᠵᠢᠯ ᠲᠣᠮᠲᠠᠴᠢ᠎ᠶᠢᠨ ᠬᠣᠷ᠎ᠠ ᠲᠣᠨᠲᠠᠰᠣᠨᠤ ᠬᠡᠮᠵᠢᠶ᠎ᠡ 150 ᠮᠢᠯᠢᠮᠸᠲᠷ ᠬᠦᠷᠬᠦ ᠦᠭᠡᠢ᠂ ᠠᠭᠣᠷᠰᠢᠯᠲᠠᠶᠢᠨ ᠬᠡᠮᠵᠢᠶ᠎ᠡ ᠨᠢ ᠬᠣᠷ᠎ᠠ ᠲᠣᠨᠲᠠᠰᠣᠨᠤ ᠬᠡᠮᠵᠢᠶᠡᠨ᠎ᠤ 20 ᠲᠠᠬᠢᠨ᠃ ᠬᠡᠳᠦᠨ ᠦᠶ᠎ᠡ᠎ᠶᠢᠨ ᠬᠦᠮᠦᠰ᠎ᠤᠨ ᠰᠢᠷᠭᠠᠭᠣ ᠬᠠᠲᠠᠭᠣᠵᠢᠯᠲᠠᠢ ᠬᠠᠢᠨ ᠰᠦᠪᠡᠭᠴᠢᠯᠡᠯᠲᠡ ᠪᠡᠷ ᠲᠠᠮᠵᠢᠨ᠂ ᠵᠠᠬ᠎ᠠ ᠳᠡᠯᠭᠡᠭᠦᠷᠵᠢᠯᠲᠡ᠂ ᠠᠵᠤ ᠦᠢᠯᠡᠰᠵᠢᠯᠲᠡ᠎ᠶ᠋ᠢᠨ ᠵᠠᠮ᠎ᠢᠶᠠᠷ ᠵᠠᠮᠨᠠᠵᠤ᠂ ᠡᠯᠡᠰᠦᠨ ᠴᠦᠯ᠎ᠢ ᠡᠷᠳᠡᠨᠢᠭᠠᠷᠬᠤᠢ ᠵᠢᠨ ᠤᠷᠤᠨ ᠪᠤᠯᠭᠠᠬᠰᠠᠨ ᠶᠣᠮ᠃ ᠲᠡᠭᠡᠷ᠎ᠡ ᠵᠠᠭᠣᠨ᠎ᠤ ᠨᠠᠶᠠᠭᠠᠳ ᠣᠨ ᠡᠴᠡ ᠡᠬᠢᠯᠡᠨ ᠬᠦᠪᠴᠢ᠎ᠶᠢᠨ ᠡᠯᠡᠰᠦ᠎ᠶᠢ ᠵᠠᠰᠠᠬᠣ ᠳ᠋ᠦ 《ᠠᠳᠠᠷ ᠭᠠᠵᠠᠷ᠎ᠢ ᠡᠷᠦᠬᠡ᠎ᠳᠦ ᠬᠤᠪᠢᠳᠠᠭᠤᠯᠬᠤ᠂ ᠬᠡᠨ ᠣᠢᠵᠢᠭᠤᠯᠪᠠᠯ ᠬᠡᠨ ᠥᠮᠴᠢᠯᠡᠬᠦ᠂ ᠤᠷᠳᠤ ᠬᠤᠭᠤᠴᠠᠭ᠎ᠠ ᠪᠠᠷ ᠦᠯᠦ ᠬᠤᠪᠢᠷᠠᠭᠤᠯᠬᠤ᠂ ᠵᠠᠯᠭᠠᠮᠵᠢᠯᠠᠬᠤ᠎ᠶ᠋ᠢ ᠵᠥᠪᠱᠢᠶᠡᠷᠡᠬᠦ᠌》 ᠲᠦᠷᠦ᠍᠎ᠶ᠋ᠢᠨ ᠪᠤᠳᠤᠯᠭ᠎ᠠ᠎ᠶᠢ ᠬᠡᠷᠡᠭᠵᠢᠬᠦᠯᠦᠭᠰᠨᠨ ᠪᠦᠭᠡᠳ ᠣᠢᠷ᠎ᠠ᠎ᠶ᠋ᠢᠨ ᠵᠢᠯ᠎ᠳᠦ ᠪᠠᠰᠠ《ᠨᠦᠬᠦᠪᠦᠷᠢ ᠦᠭᠬᠦ ᠪᠡᠷ ᠤᠢᠵᠢᠭᠤᠯᠬᠤ ᠵᠢ ᠣᠷᠣᠯᠠᠭᠤᠯᠬᠤ》᠂ 《ᠱᠠᠩᠨᠠᠬᠤ᠎ᠪᠠᠷ ᠪᠠᠯᠠ ᠣᠷᠣᠭᠤᠯᠬᠤ᠎ᠶ᠋ᠢ ᠣᠷᠣᠯᠠᠭᠤᠯᠬᠤ》 ᠵᠡᠷᠭᠡ ᠠᠮᠢ ᠠᠬᠤᠶ᠎ᠶ᠋ᠢᠨ ᠵᠠᠰᠠᠯᠲᠠ᠎ᠶ᠋ᠢᠨ ᠱᠠᠩᠨᠠᠯ ᠨᠦᠬᠦᠪᠦᠷᠢ ᠵᠢᠨ ᠲᠣᠭ᠍ᠲᠠᠴᠠ᠎ᠶᠢ ᠲᠠᠰᠤᠷᠠᠯᠲᠠ ᠥᠬᠡᠶ ᠲᠡᠭᠦᠯᠳᠡᠷᠵᠢᠬᠦᠯᠦᠭᠰᠡᠨ ᠡᠴᠡ ᠡᠯᠡᠰᠦ᠎ᠶ᠋ᠢ ᠵᠠᠰᠠᠬᠤ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ᠂ ᠠᠵᠤ ᠠᠬᠤᠢᠯᠠᠯ ᠪᠠ ᠮᠠᠯᠴᠢᠨ ᠲᠠᠷᠢᠶᠠᠴᠢᠨ᠎ᠤ ᠢᠲᠡᠪᠬᠢᠵᠢᠯ᠎ᠢ ᠲᠠᠢᠴᠢᠯᠠᠬᠰᠠᠨ ᠡᠴᠡ ᠪᠡᠯᠡ ᠮᠥᠩᠭᠥ᠌᠂ ᠮᠡᠷᠭᠡᠵᠢᠯ᠂ ᠬᠥᠳᠡᠯᠮᠦᠷᠢ ᠬᠦᠴᠦ᠍ ᠵᠡᠷᠭᠡ ᠦᠢᠯᠡᠳᠪᠦᠷᠢᠯᠡᠯ᠎ᠦᠨ ᠡᠯᠧᠮᠧᠨ᠋ᠲ ᠡᠯᠡᠰᠦ ᠶ᠋ᠢ ᠵᠠᠰᠠᠵᠤ ᠨᠡᠭᠡᠭᠡᠨ ᠬᠥᠭ᠌ᠵᠢᠭᠦᠯᠬᠦ᠌ ᠲᠡᠢᠰᠢ ᠲᠥᠪᠯᠡᠷᠡᠵᠦ᠍᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠢᠶᠠᠷ ᠭᠣᠣᠯᠯᠠᠭᠤᠯᠤᠨ᠂ ᠪᠦᠬᠦ᠌ ᠨᠡᠢᠭᠡᠮ᠎ᠢᠶᠡᠷ᠎ᠢᠶᠡᠨ ᠣᠷᠣᠯᠴᠠᠵᠤ᠂ ᠤᠯᠠᠨ ᠡᠱᠢᠴᠢᠯᠡᠭᠰᠡᠨ ᠪᠡᠯᠡ ᠣᠷᠣᠭᠤᠯᠤᠯᠲᠠ᠎ᠶ᠋ᠢᠨ ᠡᠯᠡᠰᠦ᠎ᠶ᠋ᠢ ᠵᠠᠰᠠᠬᠤ ᠱᠢᠨ᠎ᠡ ᠪᠠᠢᠷᠢᠱᠢᠯ ᠠᠭᠠᠵᠢᠮ᠎ᠢᠶᠠᠷ ᠪᠦᠷᠢᠯᠳᠦᠵᠦ᠍᠂ ᠡᠯᠡᠰᠦᠨ ᠲᠠᠯᠠᠢ ᠡᠴᠡ 《ᠡᠷᠳᠡᠨᠢ》 ᠱᠦᠭᠦᠵᠦ᠂ ᠨᠣᠭᠣᠭᠠᠷᠠᠭᠤᠯᠬᠤ ᠪᠤᠯᠤᠨ ᠪᠠᠶᠠᠵᠢᠭᠤᠯᠬᠤ᠎ᠶ᠋ᠢ ᠵᠡᠷᠭᠡ ᠪᠡᠷ ᠮᠠᠨᠳᠤᠭᠤᠯᠬᠤ ᠦᠢᠯᠡᠳᠦᠯᠭᠡ ᠨᠢ ᠡᠯᠡᠰᠦ᠎ᠶ᠋ᠢ ᠵᠠᠰᠠᠬᠤ ᠬᠤᠷᠳᠤᠴᠠ᠎ᠶ᠋ᠢ ᠶᠡᠬᠡ ᠪᠡᠷ ᠲᠦᠷᠭᠡᠳᠭᠡᠵᠡᠢ᠃ ᠤᠳᠤ ᠬᠦᠪᠴᠢ ᠵᠢᠨ ᠡᠯᠡᠰᠤᠨ ᠳ᠋ᠤ ᠳᠠᠷᠢᠵᠦ᠍ ᠳᠡᠵᠢᠭᠡᠬᠦ᠌ ᠪᠠᠷ ᠭᠤᠤᠯᠯᠠᠭᠰᠠᠨ ᠨᠢᠭᠡᠳᠤᠭᠡᠷ ᠠᠵᠦ᠍ ᠤᠢᠯᠡᠰ᠂ ᠴᠠᠬᠢᠯᠭᠠᠨ ᠭᠠᠷᠭᠠᠬᠤ ᠠᠵᠦ᠍ ᠤᠢᠯᠡᠳᠪᠤᠷᠢ ᠪᠠᠷ ᠭᠤᠤᠯᠯᠠᠭᠰᠠᠨ ᠬᠤᠶᠠᠳᠤᠭᠠᠷ ᠠᠵᠦ᠍ ᠤᠢᠯᠡᠰ᠂ ᠵᠢᠭᠤᠯᠴᠢᠯᠠᠯ ᠤᠢ᠍ᠢᠯᠡᠴᠢᠯᠡᠭᠡᠨ ᠤ᠋ ᠤᠢ᠍ᠢᠯᠡᠰᠶ᠋ᠢᠡᠷ ᠭᠤᠤᠯᠯᠠᠭᠰᠠᠨ ᠭᠤᠷᠪᠠᠳᠤᠭᠠᠷ ᠠᠵᠦ᠍ ᠤᠢ᠍ᠢᠯᠡᠰ ᠤ᠋ᠨ ᠳᠤᠭᠤᠷᠢᠭ ᠲᠠᠢ ᠳᠤᠰᠭᠠᠢ ᠭᠡᠯᠬᠢᠶ᠎ᠡ ᠪᠦᠷᠢᠯᠳᠤᠵᠦ᠍᠂ ᠡᠨᠡ ᠨᠢ ᠪᠤᠴᠠᠭᠠᠳ ᠠᠮᠢ ᠠᠬᠤᠢ ᠵᠢᠨ ᠪᠦᠳᠦᠭᠡᠨ ᠪᠠᠢᠭᠤᠯᠤᠯᠳᠠ ᠶ᠋ᠢ ᠨᠡᠩ ᠬᠦᠴᠦᠳᠠᠢ ᠲᠠᠢᠴᠢᠯᠠᠪᠡ᠃ ᠤᠳᠤᠬᠠᠨ ᠬᠦᠪᠴᠢ ᠵᠢᠨ ᠡᠯᠡᠰᠤ ᠵᠢᠨ ᠭᠤᠷᠪᠠᠨ ᠤ᠋ ᠨᠢᠭᠡ ᠬᠤᠪᠢ ᠨᠢ ᠨᠢᠬᠡᠨᠳᠡ ᠤᠢ᠍ᠢᠵᠢᠨ ᠨᠤᠭᠤᠭᠠᠷᠠᠵᠦ᠍᠂ ᠬᠦᠮᠦᠨ ᠬᠢᠬᠡᠳ ᠪᠠᠢᠭᠠᠯᠢ ᠡᠶ᠎ᠠ ᠵᠤᠬᠢᠴᠠᠩᠭᠤᠢ ᠪᠡᠷ ᠬᠠᠮᠳᠤ ᠤᠷᠤᠱᠢᠬᠤ ᠠᠮᠢ ᠠᠬᠤᠢ ᠵᠢᠨ ᠪᠤᠯᠪᠠᠰᠤᠨ ᠤ᠋ ᠪᠠᠢᠭᠤᠯᠤᠯᠳᠠ ᠵᠢᠨ ᠦᠯᠢᠭᠡᠷ ᠵᠢᠱ᠌ᠢᠶ᠎ᠠ ᠪᠤᠯᠪᠠ᠃

ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ᠎ᠤ ᠰᠢᠪᠡᠭᠡᠬᠤᠸᠠ ᠪᠠᠯᠭᠠᠰᠤ ᠡᠯᠡᠰᠦᠷᠬᠡᠭ ᠭᠠᠵᠠᠷ᠎ᠢ ᠵᠠᠰᠠᠵᠤ ᠵᠢᠮᠢᠰ᠎ᠤᠨ ᠤᠢ ᠵᠢ ᠬᠦᠭᠵᠢᠭᠦᠯᠵᠦ ᠮᠠᠯᠴᠢᠨ ᠲᠠᠷᠢᠶᠠᠴᠢᠨ ᠤ ᠤᠷᠤᠯᠭ᠎ᠠ ᠵᠢ ᠨᠡᠮᠡᠭᠳᠡᠭᠦᠯᠪᠡ
(ᠰᠢᠨᠬᠤᠸᠠ ᠬᠤᠷᠢᠶᠠᠨ ᠦ ᠭᠡᠷᠡᠯ ᠵᠢᠷᠤᠭ)
ᠨᠠᠨᠳᠢᠨ ᠲᠣᠷᠰᠢᠯᠭ᠎ᠠ
▼ ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ᠎ᠢ ᠵᠠᠰᠠᠬᠤ᠎ᠳᠤ ᠬᠠᠨᠳᠢᠪᠯᠠᠭᠰᠠᠨ 《ᠳᠤᠮᠳᠠᠳᠤ ᠵᠢᠨ ᠲᠥᠰᠦᠯ》᠂ 《ᠳᠤᠮᠳᠠᠳᠤ ᠵᠢᠨ ᠲᠤᠷᠱᠢᠯᠭ᠎ᠠ 》
ᠡᠯᠡᠰᠦ᠎ᠶ᠋ᠢ ᠵᠠᠰᠠᠬᠤ ᠡᠭᠦᠷᠭᠡ᠎ᠶ᠋ᠢ ᠪᠣᠳᠠᠲᠠᠢᠵᠢᠭᠤᠯᠬᠤ᠂ ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ ᠵᠠᠷᠴᠢᠮ᠎ᠢ ᠪᠠᠷᠢᠮᠲᠠᠯᠠᠬᠤ᠂ ᠶᠡᠬᠡ ᠢᠨᠵᠧᠨᠧᠷᠢᠩ ᠵᠢᠡᠷ ᠶᠡᠬᠡ ᠵᠠᠰᠠᠯᠲᠠ᠎ᠶ᠋ᠢ ᠳᠠᠢᠴᠢᠯᠠᠬᠤ᠂ ᠲᠥᠷᠥ᠎ᠶ᠋ᠢᠨ ᠪᠣᠳᠣᠯᠭ᠎ᠠ ᠪᠡᠷ ᠡᠯᠡᠰᠦ᠎ᠶ᠋ᠢ ᠵᠠᠰᠠᠬᠤ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠬᠦ᠂ ᠡᠯᠡᠰᠦ᠎ᠶ᠋ᠢ ᠵᠠᠰᠠᠬᠤ ᠪᠦᠭᠡᠳ ᠪᠠᠶᠠᠵᠢᠬᠤ᠎ᠶ᠋ᠢ ᠪᠠᠷᠢᠮᠲᠠᠯᠠᠬᠤ᠂ ᠣᠶ ᠱᠢᠭᠤᠶ ᠨᠤᠲᠤᠭ ᠪᠡᠯᠴᠢᠭᠡᠷ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠷᠠᠭᠤᠯᠬᠤ᠂ ᠨᠡᠢᠲᠡᠯᠢᠭ ᠵᠢᠱ᠌ᠢᠶ᠎ᠡ ᠦᠯᠢᠭᠡᠷ ᠲᠠᠭᠤᠷᠢᠶᠠᠯ ᠪᠤᠯᠬᠤ ᠬᠦᠮᠦᠰ ᠵᠢᠡᠷ ᠲᠠᠭᠠᠭᠤᠯᠤᠭᠴᠢ ᠪᠤᠯᠭᠠᠨ ᠴᠢᠭ ᠵᠢᠡᠷ ᠨᠡᠢᠳᠡᠮ᠎ᠢ ᠳᠠᠢᠴᠢᠯᠠᠬᠤ ᠵᠡᠷᠭᠡ ᠪᠤᠯ ᠮᠠᠨ᠎ᠤ ᠤᠷᠤᠨ᠎ᠤ ᠡᠯᠡᠰᠦᠷᠬᠡᠭᠵᠢᠯ᠎ᠢ ᠰᠡᠷᠭᠡᠢᠯᠡᠨ ᠵᠠᠰᠠᠭ᠍ᠰᠠᠨ ᠨᠠᠨᠳᠢᠨ ᠲᠤᠷᠱᠢᠯᠭ᠎ᠠ ᠪᠣᠯᠬᠣ ᠶᠣᠮ᠃
ᠡᠯᠡᠰᠦ᠎ᠶᠢ ᠵᠠᠰᠠᠬᠣ ᠶᠠᠪᠤᠴᠠ᠎ᠳᠤ᠂ ᠮᠠᠨ᠎ᠤ ᠤᠷᠤᠨᠪᠣᠳᠠᠲᠤ ᠪᠠᠢᠳᠠᠯ᠎ᠳᠠᠭᠠᠨ ᠰᠠᠭᠤᠷᠢᠯᠠᠨ᠂ ᠴᠥᠭᠡᠨ ᠪᠤᠰᠤ ᠥᠪᠡᠷᠮᠢᠴᠡ ᠣᠨᠴᠠᠯᠢᠭ ᠲᠠᠶ ᠡᠯᠡᠰᠦᠷᠬᠡᠭ᠌ᠵᠢᠯ᠎ᠢ ᠵᠠᠰᠠᠬᠤ ᠵᠠᠭ᠍ᠪᠤᠷ᠎ᠢ ᠬᠠᠢᠨ ᠰᠦᠪᠡᠭ᠌ᠴᠢᠯᠡᠵᠦ᠍᠂ ᠪᠥᠬᠥ᠌ ᠤᠯᠤᠰ᠎ᠤᠨ ᠡᠯᠡᠰᠦᠷᠬᠡᠭ᠌ᠵᠢᠯ᠎ᠢ ᠵᠠᠰᠠᠭ᠍ᠰᠠᠨ ᠦᠷ᠎ᠡ ᠪᠦᠲᠦᠮᠵᠢ ᠪᠡᠷ ᠬᠠᠮᠤᠭ᠎ᠤᠨ ᠲᠣᠪᠣᠢᠮ᠎ᠠ ᠮᠤᠵᠢ ᠦᠪᠡᠷᠳᠡᠭᠡᠨ ᠵᠠᠰᠠᠬᠤᠤᠷᠤᠨᠤ ᠨᠢᠭᠡ ᠪᠣᠯᠵᠣ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠴᠣᠭ᠍ᠴᠠᠯᠠᠬᠰᠠᠨ ᠪᠠᠢᠨ᠎ᠠ᠃
2017 ᠤᠨ ᠳ᠋ᠤ 《ᠤᠯᠠᠨ ᠤᠯᠤᠰ ᠤ᠋ᠨ ᠴᠦᠯᠯᠡᠷᠬᠡᠭ᠌ᠵᠢᠯ ᠢ᠋ ᠰᠡᠷᠭᠡᠢᠯᠡᠬᠦ᠌ ᠨᠠᠢᠳᠠ ᠵᠢᠨ ᠭᠡᠷ᠎ᠠ》 ᠶ᠋ᠢᠨ ᠠᠷᠪᠠᠨ ᠭᠤᠷᠪᠠᠳᠠᠬᠢ ᠭᠡᠯᠡᠯᠴᠡᠭᠡᠷ ᠤ᠋ᠨ ᠬᠤᠷᠠᠯ ᠳᠡᠭᠡᠷ᠎ᠠ᠂ ᠬᠦᠪᠴᠢ ᠵᠢᠨ ᠡᠯᠡᠰᠤ ᠵᠢᠨ ᠤᠢ᠍ᠢᠵᠢᠭᠤᠯᠤᠯᠳᠠ ᠨᠢ ᠳᠤᠮᠳᠠᠳᠤ ᠤᠯᠤᠰ ᠤ᠋ᠨ ᠴᠦᠯᠯᠡᠷᠬᠡᠭ᠌ᠵᠢᠯ ᠢ᠋ ᠰᠡᠷᠭᠡᠢᠯᠡᠵᠤ ᠡᠯᠡᠰᠤ ᠶ᠋ᠢ ᠤᠢᠵᠢᠭᠤᠯᠬᠤ ᠪᠦᠳᠤᠮᠵᠢᠳᠠᠢ ᠤᠢ᠍ᠢᠯᠡᠳᠤᠯᠭᠡ ᠪᠤᠯᠵᠦ᠍ ᠤᠯᠠᠨ ᠤᠯᠤᠰ ᠤ᠋ᠨ ᠴᠦᠯᠯᠡᠷᠬᠡᠭ᠌ᠵᠢᠯ ᠢ᠋ ᠰᠡᠷᠭᠡᠢᠯᠡᠬᠦ᠌ ᠦᠯᠢᠭᠡᠷ ᠵᠢᠱ᠌ᠢᠶ᠎ᠠ ᠪᠤᠯᠵᠦ᠍ ᠪᠢᠯᠡ᠃
2019 ᠣᠨ᠎ᠳᠤ᠂ ᠬᠥᠬᠡᠬᠣᠲᠠ᠎ᠳᠤ ᠬᠣᠷᠢᠨ ᠲᠠᠪᠤᠳᠠᠬᠢ ᠳᠡᠯᠡᠬᠡᠶ ᠶ᠋ᠢᠨ ᠴᠦᠯᠯᠡᠷᠭᠡᠭ᠌ᠵᠢᠯ ᠪᠠ ᠭᠠᠩ ᠬᠠᠭ᠍ᠰᠠᠷᠠᠭᠠᠨ᠎ᠢ ᠰᠡᠷᠭᠡᠢᠯᠡᠨ ᠵᠠᠰᠠᠬᠤ ᠡᠳᠦᠷ᠎ᠢ ᠳᠤᠷᠠᠰᠭᠠᠬᠤ ᠶᠡᠬᠡ ᠬᠤᠷᠠᠯ ᠵᠢᠴᠢ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠳᠡᠯᠡᠬᠡᠶ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠦᠶ᠋ᠯᠡᠰ᠎ᠲᠦ ᠠᠮᠵᠢᠯᠳᠠ ᠪᠦᠳᠤᠮᠵᠢ ᠪᠠ ᠲᠤᠷᠱᠢᠯᠭ᠎ᠠ᠎ᠪᠠᠨ ᠬᠤᠪᠢᠶᠠᠯᠴᠠᠪᠠ᠃ ᠥᠪᠥᠷ ᠮᠣᠩᠭᠣᠯ᠎ᠤᠨ ᠡᠯᠡᠰᠦ᠎ᠶ᠋ᠢ ᠵᠠᠰᠠᠭ᠍ᠰᠠᠨ ᠲᠤᠷᠱᠢᠯᠭ᠎ᠠ ᠳᠡᠯᠡᠬᠡᠢ᠎ᠶ᠋ᠢᠨ ᠡᠯ᠎ᠡ ᠭᠠᠵᠠᠷ ᠲᠦ᠍ ᠦᠨᠳᠦᠷ ᠦᠨᠡᠯᠡᠭᠳᠡᠨ ᠵᠦᠪᠰᠢᠶᠡᠷᠡᠭᠳᠡᠵᠦ᠂ ᠬᠥᠪᠴᠢ᠎ᠶ᠋ᠢᠨ ᠡᠯᠡᠰᠦ᠎ᠶ᠋ᠢ ᠵᠠᠰᠠᠭ᠍ᠰᠠᠨ ᠵᠠᠭ᠍ᠪᠤᠷ ᠨᠢ ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ᠎ᠢ ᠵᠠᠰᠠᠬᠤ᠎ᠳᠤ 《ᠳᠤᠮᠳᠠᠳᠤ ᠵᠢᠨ ᠲᠥᠰᠦᠯ》 ᠬᠠᠩᠭᠠᠵᠤ᠂ 《ᠳᠤᠮᠳᠠᠳᠤ ᠵᠢᠨ ᠲᠤᠷᠱᠢᠯᠭ᠎ᠠ》 ᠵᠢ ᠬᠠᠨᠳᠢᠪᠯᠠᠪᠠ ;
— ᠱᠢᠯᠢ᠎ᠶ᠋ᠢᠨ ᠭᠣᠣᠯ ᠠᠢᠮᠠᠭ᠎ᠤᠨ ᠲᠤᠯᠤᠨ ᠨᠤᠤᠷ ᠱᠢᠶᠠᠨ ᠵᠠᠭᠤᠨ ᠲᠦᠮᠡᠨ ᠮᠦ᠍ ᠬᠠᠢᠯᠠᠷ ᠨᠠᠷᠠᠰᠤᠨ᠎ᠤ ᠣᠢᠵᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ 《ᠬᠡᠨ ᠪᠡᠯᠡ ᠣᠷᠣᠭᠤᠯᠪᠠᠯ ᠬᠡᠨ ᠥᠮᠴᠢᠯᠡᠬᠦ᠌᠂ ᠬᠡᠨ ᠡᠵᠡᠩᠨᠡᠪᠡᠯ ᠬᠡᠨ ᠠᠱᠢᠭ ᠬᠦᠷᠲᠡᠬᠦ᠌》 ᠵᠠᠷᠴᠢᠮ ᠶᠣᠰᠣᠭᠠᠷ᠂ ᠬᠢᠯᠢ ᠳᠣᠲᠣᠷᠠᠬᠢ ᠣᠢᠲᠤ ᠭᠠᠵᠠᠷ᠎ᠢ ᠣᠯᠠᠨ ᠵᠦᠢᠯ᠎ᠦᠨ ᠠᠷᠭ᠎ᠠ ᠬᠡᠯᠪᠡᠷᠢ᠎ᠪᠡᠷ ᠡᠮᠬᠢ ᠵᠢᠷᠤᠮ ᠲᠠᠶ ᠪᠠᠷ ᠱᠢᠯᠵᠢᠭᠦᠯᠬᠦ᠌ᠲᠦᠷᠢᠶᠡᠰᠦᠯᠡᠭᠦᠯᠬᠦ ᠶ᠋ᠢ ᠵᠣᠷᠢᠭ᠍ᠵᠢᠭᠤᠯᠤᠨ ᠳᠡᠮᠵᠢᠪᠡ᠃ ᠬᠣᠷᠢᠭᠠᠳ ᠵᠢᠯ ᠡᠯᠡᠰᠦ ᠵᠢ ᠰᠡᠷᠭᠡᠢᠯᠡᠨ ᠵᠠᠰᠠᠬᠤ ᠪᠠᠷ ᠳᠠᠮᠵᠢᠨ᠂ ᠪᠦᠬᠦ᠌ ᠱᠢᠶᠠᠨ᠎ᠤ ᠣᠢᠲᠤ ᠭᠠᠵᠠᠷ᠎ᠤᠨ ᠲᠠᠯᠠᠪᠠᠢ 2000 ᠣᠨ᠎ᠳᠦ 54 ᠲᠦᠮᠡᠨ ᠮᠦ᠍ ᠪᠠᠢᠭ᠍ᠰᠠᠨ᠎ᠠᠴᠠ᠎ᠪᠠᠨ ᠤᠳᠤ 293 ᠲᠦᠮᠡᠨ ᠮᠦ᠍ ᠪᠣᠯᠤᠨ ᠨᠡᠮᠡᠭ᠌ᠳᠡᠵᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 2000 ᠣᠨ᠎ᠳᠦ 6.8% ᠪᠠᠢᠭ᠍ᠰᠠᠨ᠎ᠠᠴᠠ᠎ᠪᠠᠨ 37.9% ᠪᠣᠯᠤᠨ ᠳᠡᠭᠡᠭ᠌ᠰᠢᠯᠡᠪᠡ᠃
ᠦᠷᠬᠦᠯᠵᠢᠯᠡᠨ ᠪᠢᠴᠢᠪᠡᠯ ᠦᠯᠢᠭᠡᠷ ᠵᠢᠱᠶ᠋ᠶᠠᠶᠢ ᠦᠬᠦᠯᠡᠭᠡᠳ ᠪᠠᠷᠠᠬᠣ ᠦᠭᠡᠢ᠃ ᠡᠯᠡᠰᠦ᠎ᠶ᠋ᠢ ᠵᠠᠰᠠᠬᠤ ᠳ᠋ᠠᠭᠠᠨ ᠮᠠᠨ᠎ᠤ ᠤᠷᠤᠨ ᠤᠷᠢᠳᠴᠢᠯᠠᠨ ᠰᠡᠷᠭᠡᠢᠯᠡᠬᠦ᠌ ᠪᠡᠷ ᠭᠤᠤᠯ ᠪᠣᠯᠭᠠᠬᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠵᠦᠶ ᠵᠣᠬᠢᠰᠲᠠᠶ ᠠᠱᠢᠭ᠍ᠯᠠᠬᠤ ᠴᠢᠭ᠌ᠯᠡᠯᠲᠡ᠎ᠶ᠋ᠢ ᠪᠠᠷᠢᠮᠲᠠᠯᠠᠵᠤ᠂ ᠪᠠᠢᠭᠠᠯᠢ ᠪᠠ ᠠᠵᠤ ᠠᠬᠤᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠨ᠂ ᠡᠯᠡᠰᠦ᠎ᠶ᠋ᠢ ᠵᠠᠰᠠᠬᠤ᠂ ᠤᠰᠤ᠎ᠶ᠋ᠢ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠨᠤᠲᠤᠭ᠎ᠤᠨ ᠡᠪᠡᠰᠦ ᠮᠣᠳᠣ ᠳᠠᠷᠢᠬᠤ᠎ᠶ᠋ᠢ ᠳᠡᠯᠭᠡᠷᠡᠭᠦᠯᠦᠨ ᠬᠡᠷᠡᠭ᠌ᠯᠡᠵᠦ᠍᠂ ᠰᠡᠷᠭᠡᠢᠯᠡᠨ ᠵᠠᠰᠠᠬᠤ ᠵᠠᠭ᠍ᠪᠤᠷ᠎ᠢ ᠱᠢᠨᠵᠢᠯᠡᠬᠦ᠌ ᠤᠬᠠᠭᠠᠨᠴᠢ ᠪᠠᠷ ᠳᠣᠭᠢᠷᠠᠭᠤᠯᠤᠨ᠂ ᠰᠡᠷᠭᠡᠢᠯᠡᠨ ᠵᠠᠰᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠪᠠ᠃ ᠡᠯᠡᠰᠦ᠎ᠶᠢ ᠵᠠᠰᠠᠬᠣ ᠣᠷᠳᠣ ᠬᠤᠭᠤᠴᠠᠭᠠᠨ᠎ᠤ ᠦᠶ᠋ᠯᠡᠳᠦᠯᠭᠡ᠎ᠶᠢᠨ ᠳᠤᠮᠳᠠ᠂ ᠮᠠᠨ ᠤ ᠤᠷᠤᠨ 《ᠬᠥᠪᠡᠭᠡ ᠵᠠᠬ᠎ᠠ᠎ᠶ᠋ᠢ ᠪᠢᠲᠡᠭᠦᠮᠵᠢᠯᠡᠵᠦ ᠣᠶ ᠱᠢᠭᠤᠶ᠎ᠶ᠋ᠢᠨ ᠪᠦᠰᠡ ᠪᠤᠯᠭᠠᠬᠤ》 ᠡᠯᠡᠰᠦ᠎ᠶ᠋ᠢ ᠵᠠᠰᠠᠬᠤ ᠮᠡᠷᠭᠡᠵᠢᠯ᠎ᠦᠨ ᠵᠠᠭ᠍ᠪᠤᠷ᠎ᠢ ᠳ᠋ᠦᠩᠨᠡᠨ ᠲᠡᠭᠦᠯᠳᠡᠷᠵᠢᠭᠦᠯᠵᠦ᠍᠂ ᠰᠠᠯᠬᠢᠨ᠎ᠤ ᠵᠦᠭ ᠡᠯᠡᠰᠦᠨ᠎ᠦ ᠱᠢᠯᠵᠢᠯᠲᠡ᠎ᠶ᠋ᠢᠨ ᠵᠢᠮ᠎ᠡ ᠶᠣᠰᠣ᠎ᠶ᠋ᠢ ᠦᠨᠳᠦᠰᠦᠯᠡᠨ᠂ ᠡᠯᠡᠰᠦ ᠨᠡᠭᠦᠬᠦ᠎ᠶ᠋ᠢ ᠬᠢᠵᠠᠭᠠᠷᠯᠠᠵᠤ᠂ 《ᠨᠡᠭᠦᠳᠡᠯ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠲᠣᠷᠤᠭ ᠮᠣᠳᠣ ᠪᠤᠳᠠ ᠮᠤᠳᠤ ᠶ᠋ᠢ ᠵᠡᠷᠭᠡ ᠪᠡᠷ ᠲᠠᠷᠢᠬᠤ᠂ ᠡᠯᠡᠰᠦ᠎ᠶ᠋ᠢ ᠪᠢᠲᠡᠭᠦᠮᠵᠢᠯᠡᠨ ᠡᠪᠡᠰᠦ ᠪᠣᠢᠵᠢᠭᠤᠯᠬᠤ》 ᠲᠣᠷᠤᠭ ᠮᠤᠳᠤ ᠪᠤᠳᠠ ᠮᠤᠳᠤᠲᠠᠷᠢᠬᠤ ᠶ᠋ᠢ ᠤᠶᠠᠯᠳᠤᠭᠤᠯᠤᠨ ᠨᠡᠭᠦᠳᠡᠯ ᠡᠯᠡᠰᠦ᠎ᠶ᠋ᠢ ᠵᠠᠰᠠᠬᠤ ᠮᠡᠷᠭᠡᠵᠢᠯ᠎ᠢ ᠬᠡᠷᠡᠭ᠌ᠯᠡᠵᠦ᠍᠂ ᠨᠡᠯᠦᠭᠡᠷ ᠡᠯᠡᠰᠦ᠎ᠶᠢ ᠨᠣᠬᠲᠣᠯᠠᠵᠦ ᠨᠣᠮᠢᠨ ᠲᠣᠯᠬᠢᠶ᠎ᠠ ᠰᠠᠴᠣᠬᠰᠠᠨ ᠦᠪᠦᠷ ᠮᠣᠩᠭᠣᠯ᠎ᠤᠨ ᠭᠠᠢᠬᠠᠮᠰᠢᠬ᠎ᠢ ᠪᠢᠴᠢᠭᠯᠡᠭᠰᠡᠨ ᠪᠠᠢᠨ᠎ᠠ᠃
ᠣᠯᠠᠨ ᠵᠢᠯ᠎ᠦᠨ ᠲᠤᠷᠱᠢᠬᠢ ᠡᠯᠡᠰᠦᠷᠬᠡᠭᠵᠢᠯ᠎ᠢ ᠵᠠᠰᠠᠬᠤ ᠰᠦᠪᠡᠭ᠌ᠴᠢᠯᠡᠯᠲᠡ ᠨᠢ ᠮᠠᠨ ᠤ ᠤᠷᠤᠨ᠎ᠳᠤ ᠡᠷᠬᠢᠮ ᠨᠠᠨᠳᠢᠨ ᠲᠤᠷᠱᠢᠯᠭ᠎ᠠ᠎ᠶ᠋ᠢ ᠦᠯᠡᠳᠡᠭᠡᠵᠦ᠍ ᠥᠭ᠌ᠭᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠮᠠᠨ᠎ᠤ ᠤᠯᠤᠰ ᠪᠣᠯᠤᠨ ᠳᠡᠯᠡᠬᠡᠢ ᠳ᠋ᠠᠬᠢᠨ᠎ᠳᠤ ᠨᠢᠭᠡᠨ ᠢᠵᠢ ᠪᠦᠲᠦᠮᠵᠢᠲᠡᠢ ᠠᠷᠭ᠎ᠠ᠎ᠶ᠋ᠢᠨ ᠤᠨᠤᠯ᠎ᠢ ᠬᠠᠩᠭᠠᠵᠤ ᠥᠭ᠌ᠭᠦᠭᠰᠡᠨ ᠪᠠᠢᠨ᠎ᠠ᠃