— ᠥᠪᠡᠷᠲᠡᠭᠡᠨ ᠵᠠᠰᠠᠬᠤ ᠣᠷᠣᠨ᠎ᠤ ᠤᠨᠤᠯ᠎ᠤᠨ ᠰᠤᠷᠤᠯᠴᠠᠯᠭ᠎ᠠ ᠢ᠋ᠢᠨ ᠬᠥᠩᠭᠡᠨ ᠮᠣᠷᠢᠲᠤ ᠴᠡᠷᠢᠭ᠎ᠦᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠠᠪᠤᠳᠤᠭᠠᠷ ᠪᠠᠭ᠎ᠠ ᠰᠠᠯᠪᠤᠷᠢ ᠠᠩᠭᠢ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ ᠪᠣᠯᠣᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠳᠦ ᠬᠦᠷᠴᠦ ᠤᠬᠠᠭᠤᠯᠤᠨ ᠲᠠᠢᠯᠪᠤᠷᠢᠯᠠᠪᠠ
ᠣᠢᠷ᠎ᠠ᠎ᠶᠢᠨ ᠡᠳᠦᠷ᠂ 《ᠡᠭᠦᠷᠢᠲᠡ ᠨᠠᠮ ᠢ᠋ᠢᠡᠨ ᠲᠠᠭᠠᠨ ᠤᠷᠤᠬᠰᠢᠯᠠᠵᠦ᠂ ᠰᠢᠨ᠎ᠡ ᠴᠠᠬ ᠦᠶ᠎ᠠ᠎ᠳᠤ ᠭᠠᠪᠢᠶ᠎ᠠ ᠪᠠᠢᠭᠤᠯᠬᠤ》ᠥᠪᠡᠷᠲᠡᠭᠡᠨ ᠵᠠᠰᠠᠬᠤ ᠣᠷᠣᠨ᠎ᠤ ᠤᠨᠤᠯ᠎ᠤᠨ ᠰᠤᠷᠤᠯᠴᠠᠯᠭ᠎ᠠ ᠢ᠋ᠢᠨ ᠬᠥᠩᠭᠡᠨ ᠮᠣᠷᠢᠲᠤ ᠴᠡᠷᠢᠭ᠎ᠦᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠠᠪᠤᠳᠤᠭᠠᠷ ᠪᠠᠭ᠎ᠠ ᠰᠠᠯᠪᠤᠷᠢ ᠠᠩᠭᠢ ᠬᠥᠬᠡᠬᠣᠲᠠ᠎ᠳᠤ ᠰᠠᠭᠤᠭ᠎ᠠ ᠬᠡᠰᠡᠭ ᠶᠡᠬᠡ ᠳᠡᠭᠡᠳᠦ ᠰᠤᠷᠭᠠᠭᠤᠯᠢ ᠵᠢᠴᠢ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠳᠦ ᠬᠦᠷᠴᠦ᠂ ᠨᠡᠢ᠍ᠢᠳᠡ 9 ᠲᠠᠯᠠᠪᠤᠷ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠥᠷᠨᠢᠭᠦᠯᠵᠡᠢ᠃
ᠮᠦᠸᠸ ᠯᠢᠩ᠂ ᠯᠢ ᠢ ᡁᠢ᠂ ᠭᠦᠸᠧ ᠶᠦᠩ ᠰᠢᠩ᠂ ᠮᠠ ᠪᠢᠨ᠂ ᠤᠷᠠᠨ᠎ᠠ᠂ ᠺᠠᠩ ᠲᠦᠩ᠂ ᠪᠠᠢ ᠷᠦᠢ ᠰᠢᠨ ᠵᠡᠷᠭᠡ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ᠎ᠦᠨ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠭ᠍ᠴᠢ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠡᠭᠦᠷᠢᠳᠡ ᠨᠠᠮ᠎ᠢᠶᠠᠨ ᠲᠠᠭᠠᠨ ᠤᠷᠤᠬᠰᠢᠯᠠᠵᠦ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠬᠤ》 ᠭᠣᠣᠯ ᠰᠡᠳᠦᠪ᠎ᠦᠨ ᠲᠣᠭᠣᠷᠢᠨ᠎ᠳᠤ᠂ ᠠᠮᠢᠳᠤᠯᠢᠭ᠋ ᠪᠣᠳᠠᠲᠠᠢ ᠦᠯᠢᠭᠡᠷ ᠵᠢᠱ᠌ᠢᠶ᠎ᠡ ᠪᠡᠷ ᠦᠪᠡᠷ᠎ᠤᠨ ᠲᠡᠮᠡᠴᠡᠯ᠎ᠦᠨ ᠦᠯᠢᠭᠡᠷ ᠪᠣᠯᠣᠨ ᠰᠤᠷᠤᠯᠴᠠᠭᠰᠠᠨ ᠲᠥᠷᠥᠭᠳᠡᠯ ᠳᠠᠢ ᠪᠡᠨ ᠤᠶᠠᠯᠳᠤᠭᠤᠯᠵᠤ᠂ ᠤᠯᠠᠨ ᠲᠠᠯ᠎ᠠ᠂ ᠤᠯᠠᠨ ᠳᠠᠪᠬᠤᠷᠭ᠎ᠠ᠂ ᠤᠯᠠᠨ ᠬᠠᠷᠠᠭᠠᠰᠤ ᠡᠴᠡ ᠪᠦᠬᠦ ᠲᠠᠯ᠎ᠠ ᠪᠠᠷ ᠲᠣᠳᠣᠷᠬᠠᠢᠯᠠᠨ ᠲᠠᠢᠯᠪᠤᠷᠢᠯᠠᠵᠤ᠂ ᠥᠷᠭᠡᠨ ᠤᠯᠠᠨ ᠪᠠᠭ᠍ᠰᠢ ᠰᠤᠷᠤᠭ᠍ᠴᠢ ᠪᠣᠯᠣᠨ ᠺᠠᠳ᠋ᠷ ᠤᠯᠠᠨ ᠲᠦᠮᠡᠨ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠬᠰᠢᠯᠠᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠭᠦ ᠵᠢ ᠬᠦᠮᠦᠵᠢᠭᠦᠯᠦᠨ ᠵᠢᠯᠤᠭᠤᠳᠪᠠ᠃
9 ᠰᠠᠷ᠎ᠠ᠎ᠶᠢᠨ 11᠎ᠤ᠋ ᠦᠳᠡ᠎ᠶᠢᠨ ᠡᠮᠦᠨ᠎ᠡ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠪᠠᠷᠠᠭᠤᠨ ᠲᠣᠭᠣᠷᠢᠭ᠋᠎ᠤᠨ 8 ᠳ᠋ᠤᠭᠠᠷ ᠵᠢᠭᠠᠨ ᠰᠤᠳᠤᠯᠬᠤ ᠠᠰᠠᠷ᠎ᠤᠨ ᠮᠡᠳᠡᠭᠦᠯᠦᠯᠲᠡ᠎ᠶᠢᠨ ᠲᠢᠩᠬᠢᠮ᠎ᠳᠦ᠂ ᠪᠥᠬᠥ ᠰᠤᠷᠭᠠᠭᠤᠯᠢ᠎ᠶᠢᠨ ᠡᠯ᠎ᠡ ᠳᠡᠭᠡᠳᠦ ᠰᠤᠷᠭᠠᠭᠤᠯᠢ ᠰᠠᠯᠪᠤᠷᠢ᠎ᠶᠢᠨ 300 ᠭᠠᠷᠤᠢ ᠪᠠᠭ᠍ᠰᠢ ᠰᠣᠷᠣᠭ᠍ᠴᠢ᠎ᠶᠢᠨ ᠲᠥᠯᠥᠭᠡᠯᠡᠭᠴᠢ ᠤᠬᠠᠭᠤᠯᠤᠨ ᠲᠠᠢᠯᠪᠤᠷᠢᠯᠠᠯᠲᠠ ᠵᠢ ᠬᠢᠨᠠᠮᠠᠭᠠᠢ ᠰᠣᠨᠣᠰᠤᠨ᠂ ᠪᠠᠢᠨ ᠪᠠᠢᠨ ᠲᠡᠮᠳᠡᠭᠯᠡᠯ ᠬᠢᠵᠦ ᠪᠠᠢᠯ᠎ᠠ᠃ ᠲᠠᠪᠤᠳᠤᠭᠠᠷ ᠪᠠᠭ᠎ᠠ ᠰᠠᠯᠪᠤᠷᠢ ᠠᠩᠭᠢ᠎ᠶᠢᠨ ᠬᠢᠨ᠎ᠦ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠨᠢ ᠪᠠᠬᠰᠢ ᠰᠤᠷᠤᠬᠴᠢᠳ᠎ᠤᠨ ᠨᠢᠵᠢᠭᠢᠨᠡᠲᠡᠯ᠎ᠡ ᠠᠯᠠᠭ᠎ᠠ ᠲᠡᠰᠢᠯᠲᠡ᠎ᠶᠢ ᠤᠯᠪᠠ᠃ 《ᠥᠨᠥᠳᠥᠷ᠎ᠦᠨ ᠤᠬᠠᠭᠤᠯᠤᠨ ᠲᠠᠢᠯᠪᠤᠷᠢᠯᠠᠯᠲᠠ ᠨᠢ ᠡᠯᠪᠡᠭ ᠪᠠᠶᠠᠯᠢᠭ᠋ ᠠᠭᠤᠯᠬᠤᠨ᠎ᠲᠠᠢ᠂ ᠠᠮᠢᠳᠤᠯᠢᠭ᠋ ᠰᠣᠨᠢᠷᠬᠠᠯᠲᠠᠢ ᠦᠵᠡᠯ ᠰᠠᠨᠠᠭ᠎ᠠ ᠤᠯᠤᠰ ᠲᠦᠷᠦ᠎ᠶᠢᠨ ᠳᠤᠮᠤ ᠬᠢᠴᠢᠶᠡᠯ ᠪᠤᠯᠵᠠᠢ᠃ ᠤᠶᠤᠨᠲᠦ ᠮᠠᠯ ᠠᠵᠤ ᠠᠬᠤᠢ᠎ᠶᠢᠨ ᠲᠤᠰᠬᠠᠢ ᠮᠡᠷᠭᠡᠵᠢᠯ᠎ᠦᠨ ᠰᠤᠷᠤᠭ᠍ᠴᠢ ᠪᠣᠯᠤᠭᠰᠠᠨ᠎ᠤ ᠬᠤᠪᠢ᠎ᠳᠤ᠂ ᠨᠡᠩ ᠢᠯᠡᠭᠦᠦ ᠴᠢᠷᠮᠠᠢᠨ ᠰᠤᠷᠤᠯᠴᠠᠵᠤ᠂ ᠵᠠᠯᠠᠭᠤ ᠨᠠᠰᠤ᠎ᠪᠠᠨ ᠦᠯᠦ ᠬᠥᠰᠡᠷᠳᠡᠭᠦᠯᠦᠨ᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠳᠡᠭ᠎ᠢ ᠨᠡᠩ ᠭᠦᠨᠵᠡᠭᠡᠢ ᠤᠢᠯᠠᠭᠠᠵᠠᠢ》 ᠭᠡᠵᠦ ᠲᠤᠰ ᠰᠤᠷᠭᠠᠭᠤᠯᠢ᠎ᠶᠢᠨ ᠠᠮᠢᠲᠠᠨ᠎ᠤ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠶᠢᠨ ᠰᠤᠷᠤᠭ᠍ᠴᠢ ᠸᠠᠩ ᠵᠢᠶᠧ ᠱᠧᠨ ᠬᠡᠯᠡᠪᠡ᠃
11 ᠤ᠋ ᠦᠳᠡ᠎ᠶᠢᠨ ᠬᠣᠢᠨ᠎ᠠ᠂ ᠲᠠᠪᠤᠳᠤᠭᠠᠷ ᠪᠠᠭ᠎ᠠ ᠰᠠᠯᠪᠤᠷᠢ ᠠᠩᠭᠢ᠎ᠶᠢᠨ ᠬᠢᠨ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠳᠤ ᠬᠦᠷᠴᠦ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 6 ᠭᠡᠰᠢᠭᠦᠨ ᠡᠭᠡᠯᠵᠢᠯᠡᠨ ᠤᠬᠠᠭᠤᠯᠤᠨ ᠲᠠᠢᠯᠪᠤᠷᠢᠯᠠᠵᠦ᠂ ᠦᠵᠡᠯ ᠰᠠᠨᠠᠭᠠᠨ᠎ᠤ ᠭᠦᠨᠴᠡ᠎ᠲᠠᠢ ᠪᠥᠭᠡᠳ ᠬᠠᠢᠷ᠎ᠠ ᠰᠡᠳᠬᠢᠯᠭᠡ᠎ᠲᠠᠢ ᠤᠨᠤᠯ᠎ᠤᠨ ᠤᠬᠠᠭᠤᠯᠤᠨ ᠲᠠᠢᠯᠪᠤᠷᠢᠯᠠᠯᠲᠠ ᠬᠢᠭᠰᠡᠨ ᠪᠠᠢᠨ᠎ᠠ᠃ 《ᠪᠢ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠤᠨ ᠲᠤᠬᠠᠢ ᠬᠠᠢᠷ᠎ᠠ ᠬᠠᠯᠠᠮᠵᠢ ᠪᠠ ᠬᠠᠯᠠᠮᠵᠢᠯᠠᠯ᠎ᠢ ᠨᠡᠩ ᠭᠦᠨᠵᠡᠭᠡᠢ ᠣᠢᠯᠠᠭᠠᠨ ᠮᠡᠳᠡᠷᠡᠯ᠎ᠡ᠂ ᠡᠨᠡ ᠨᠢ ᠪᠢᠳᠡᠨ᠎ᠢ ᠮᠠᠰᠢ ᠶᠡᠬᠡ ᠪᠡᠷ ᠵᠤᠷᠢᠬᠵᠢᠭᠤᠯᠤᠭᠰᠠᠨ ᠶᠤᠮ᠃ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ ᠪᠣᠯᠤᠭᠰᠠᠨ᠎ᠤ ᠬᠤᠪᠢ᠎ᠳᠤ᠂ ᠪᠢ ᠲᠤᠬᠠᠢᠯᠠᠭᠰᠠᠨ ᠠᠵᠢᠯ᠎ᠳᠠᠭᠠᠨ ᠰᠠᠭᠤᠷᠢᠯᠠᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠂ ᠥᠷᠭᠡᠨ ᠤᠯᠠᠨ ᠵᠠᠯᠠᠭᠤ ᠰᠤᠷᠤᠭ᠍ᠴᠢᠳ᠎ᠢ ᠬᠦᠮᠦᠵᠢᠬᠦᠯᠦᠨ ᠬᠦᠳᠦᠯᠦᠨ ᠲᠠᠭᠠᠭᠤᠯᠵᠤ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠨ ᠡᠭᠦᠷᠭᠡ ᠬᠠᠷᠢᠭᠤᠴᠠᠯᠭ᠎ᠠ ᠪᠠᠨ ᠵᠣᠷᠢᠭ᠍ᠲᠠᠢ᠎ᠪᠠᠷ ᠡᠭᠦᠷᠭᠡᠯᠡᠵᠦ᠂ ᠴᠠᠭ ᠦᠶ᠎ᠡ ᠲᠠᠢ ᠵᠡᠷᠭᠡ ᠪᠡᠷ ᠤᠷᠤᠭᠰᠢᠯᠠᠵᠤ᠂ ᠰᠢᠨ᠎ᠡ ᠠᠶᠠᠨ ᠳ᠋ᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠰᠠᠢᠲᠤᠷ ᠪᠢᠴᠢᠭᠯᠡᠨ᠎ᠡ》 ᠭᠡᠵᠦ ᠲᠤᠰ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ ᠠᠮᠦᠭᠤᠯᠠᠩ ᠬᠡᠯᠡᠪᠡ᠃
《ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ ᠪᠡᠷ ᠭᠠᠷᠤᠭ᠎ᠠ ᠪᠣᠯᠭᠠᠵᠦ᠂ ᠰᠠᠭᠤᠭᠠᠯᠢ ᠠᠷᠠᠳ᠎ᠤᠨ ᠬᠠᠨᠤᠮᠵᠢᠲᠠᠶ ᠪᠠᠢᠬᠤ᠎ᠪᠠᠷ ᠬᠦᠴᠦᠯᠡᠬᠦ᠌ ᠴᠡᠭ ᠪᠣᠯᠭᠠᠵᠦ᠂ ᠰᠠᠭᠤᠭᠠᠯᠢ ᠠᠷᠠᠳ᠎ᠤᠨ ᠰᠠᠨᠠᠭᠠᠰᠢᠷᠠᠯ ᠵᠤᠪᠠᠨᠢᠯ᠎ᠢ ᠠᠷᠢᠯᠭᠠᠬᠤ ᠪᠡᠷ ᠬᠠᠷᠠᠯᠳᠠ ᠪᠣᠯᠭᠠᠵᠤ᠂ ᠦᠨᠳᠦᠰᠦᠨ ᠱᠠᠲᠤᠨ᠎ᠤ ᠨᠡᠢᠭᠡᠮ ᠲᠣᠭᠣᠷᠢᠭ᠎ᠲᠤ 30 ᠵᠢᠯ ᠠᠵᠢᠯᠯᠠᠬᠤ ᠳ᠋ᠠᠭᠠᠨ ᠪᠢ ᠢᠮᠠᠭ᠍ᠲᠠ ᠦᠨᠡᠨ ᠰᠡᠳᠭᠢᠯ ᠦᠯᠡᠮᠵᠢ ᠵᠢᠨ ᠬᠠᠢᠷ᠎ᠠ ᠪᠡᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠡᠢᠭᠡᠮ ᠲᠣᠭᠣᠷᠢᠭ᠎ᠤᠨ ᠥᠷᠭᠡᠨ ᠤᠯᠠᠨ ᠰᠠᠭᠤᠭᠠᠯᠢ ᠠᠷᠠᠳ᠎ᠤᠨ ᠳᠣᠲᠣᠨᠣ ᠬᠥᠮᠦᠨ ᠪᠣᠯᠵᠠᠢ》᠂ 《ᠪᠢᠳᠡ ᠵᠣᠷᠢᠭ᠍ᠲᠠᠢ ᠪᠠᠷ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠬᠣᠱᠢᠭᠤᠷᠠᠬᠤ ᠭᠠᠪᠱᠢᠭᠠᠢᠯᠠᠭ᠍ᠴᠢ᠂ ᠡᠭᠦᠳᠦᠨ ᠨᠡᠭᠡᠭᠡᠭ᠌ᠴᠢ᠂ ᠵᠤᠷᠢᠭᠤᠯᠤᠬᠴᠢ ᠪᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠬᠠᠮᠤᠭ᠎ᠤᠨ ᠡᠮᠦᠨ᠎ᠡ ᠡᠩᠨᠡᠭᠡ᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠨᠢᠭᠡᠳᠦᠭᠡᠷ ᠹᠷᠣᠨᠲ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯ ᠳᠠᠢᠯᠠᠯᠳᠤᠭᠠᠨ᠎ᠤ ᠲᠠᠯᠠᠪᠤᠷ᠂ ᠨᠡᠢᠭᠡᠮ᠎ᠦᠨ ᠦᠢᠯᠡᠴᠢᠯᠡᠭᠡᠨ᠎ᠦ ᠡᠯ᠎ᠡ ᠬᠦᠷᠢᠶ᠎ᠡ ᠴᠠᠷᠠᠭ᠎ᠠ ᠳ᠋ᠤ ᠢᠳᠡᠪᠬᠢᠯᠡᠨ ᠤᠷᠤᠯᠴᠠᠵᠤ᠂ ᠬᠠᠷᠰᠢ ᠰᠠᠭᠠᠳ᠎ᠢ ᠢᠯᠠᠨ ᠳᠠᠪᠠᠬᠤ ᠲᠤᠮᠳᠠ ᠵᠠᠮ ᠨᠡᠭᠡᠭᠡᠨ ᠤᠷᠤᠭ᠍ᠰᠢᠯᠠᠵᠤ᠂ ᠬᠦᠴᠢᠷ ᠪᠡᠷᠭᠡᠰᠢᠶᠡᠯ᠎ᠢ ᠢᠯᠠᠨ ᠲᠠᠪᠠᠬᠤ ᠳᠤᠮᠳᠠ ᠠᠮᠵᠢᠯᠲᠠ ᠪᠦᠲᠦᠮᠵᠢ ᠭᠠᠷᠭᠠᠵᠤ᠂ ᠵᠠᠯᠠᠭᠤ ᠨᠠᠰᠤ ᠪᠠ ᠬᠦᠴᠦ᠍ ᠬᠥᠯᠥᠰᠥ ᠪᠡᠷ᠎ᠢᠶᠡᠨ ᠱᠢᠨ᠎ᠡ ᠠᠶᠠᠨ ᠵᠠᠮ᠎ᠳᠠᠬᠢ ᠱᠢᠨ᠎ᠡ ᠭᠠᠢᠬᠠᠮᠱᠢᠭ᠎ᠢ ᠡᠭᠦᠳᠦᠨ᠎ᠡ ᠁ 》᠃ 9 ᠰᠠᠷ᠎ᠠ ᠵᠢᠨ 12 ᠤ᠋ᠨ ᠡᠳᠦᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠤᠷᠢᠳ ᠬᠣᠵᠢᠳ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠦᠨ ᠰᠡᠳᠭᠢᠯᠭᠡ ᠲᠡᠶ ᠲᠠᠢᠯᠤᠮᠵᠢ ᠨᠢ ᠦᠷᠭᠡᠨ ᠤᠯᠠᠨ ᠪᠠᠭ᠍ᠰᠢᠰᠤᠷᠤᠬᠴᠢᠳ ᠤ᠋ᠨ ᠬᠦᠷᠢᠶᠡᠯᠡᠯ᠎ᠢ ᠣᠯᠵᠠᠶ᠃
《ᠶᠡᠬᠡ ᠳᠡᠭᠡᠳᠦ ᠰᠤᠷᠭᠠᠭᠤᠯᠢ᠎ᠶ᠋ᠢᠨ ᠡᠪᠯᠡᠯ ᠤ᠋ᠨ ᠡᠭᠦᠷ ᠰᠤᠷᠤᠬᠴᠢᠳ ᠤ᠋ᠨ ᠨᠡᠢᠭᠡᠮᠯᠢᠭ ᠤ᠋ᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠱᠢᠭᠦᠳ᠎ᠦᠨ ᠭᠣᠢᠳᠠ ᠰᠠᠢᠬᠠᠨ ᠪᠥᠭᠡᠳ ᠠᠮᠢᠳᠤᠯᠢᠭ ᠪᠤᠳᠠᠳᠠᠢ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠦᠯᠢᠭᠡᠷ ᠳᠠᠭᠤᠷᠢᠶᠠᠯ᠎ᠤᠨ ᠬᠦᠴᠦᠨ᠎ᠢ ᠤᠬᠠᠨ ᠤᠢᠯᠠᠭᠠᠪᠠ》 ᠭᠡᠵᠦ᠍ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠪᠥᠵᠢᠭ᠎ᠦᠨ ᠳᠡᠭᠡᠳᠦ ᠰᠤᠷᠭᠠᠭᠤᠯᠢ᠎ᠶ᠋ᠢᠨ ᠡᠪᠯᠡᠯ ᠦᠨ ᠶᠡᠷᠦᠩᠬᠡᠢ ᠡᠭᠦᠷ᠎ᠦᠨ ᠱᠦᠵᠢ ᠪᠦᠦ ᠪᠠᠭᠠᠲᠤᠷ ᠬᠡᠯᠡᠪᠡ᠃
ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ ᠵᠢᠤᠢ ᠯᠢ ᠪᠢᠨ᠄《ᠤᠬᠠᠭᠤᠯᠤᠨ ᠲᠠᠢᠯᠪᠤᠷᠢᠯᠠᠯᠳᠠ ᠵᠢᠨ ᠠᠭᠤᠯᠭ᠎ᠠ᠎ᠵᠢ ᠬᠢᠴᠢᠶᠡᠯ᠎ᠦᠨ ᠲᠠᠩᠬᠢᠮ᠎ᠳᠤ ᠤᠷᠤᠭᠤᠯᠵᠦ᠂ ᠰᠤᠷᠤᠭ᠍ᠴᠢᠳ᠎ᠤᠨ ᠬᠤᠪᠢ ᠬᠥᠮᠦᠨ᠎ᠦ ᠬᠦᠰᠡᠯᠡᠩ ᠪᠠ ᠥᠷᠲᠡᠭ᠎ᠦᠨ ᠬᠦᠭᠡᠭᠡᠴᠡᠯᠳᠦᠯ ᠵᠢᠡᠨ ᠠᠭᠤᠤ ᠶᠡᠬᠡ ᠦᠶ᠋ᠯᠡᠰ᠎ᠦᠨ ᠬᠥᠭ᠌ᠵᠢᠯᠲᠡ᠎ᠳᠦ ᠠᠭᠤᠰᠭᠠᠵᠦ᠂ ᠬᠤᠪᠢ ᠬᠥᠮᠦᠨ᠎ᠦ ᠬᠠᠢᠷ᠎ᠠ ᠰᠡᠳᠭᠢᠯᠭᠡ ᠪᠡᠨ ᠤᠯᠤᠰ ᠣᠷᠣᠨ᠎ᠤ ᠬᠦᠰᠡᠯ ᠵᠡᠭᠦᠳᠦ᠎ᠳᠤ ᠠᠭᠤᠰᠭᠠᠬᠤ ᠵᠢ ᠬᠦᠳᠦᠯᠦᠨ ᠵᠢᠯᠤᠭᠤᠳᠤᠨ᠎ᠠ》 ᠭᠡᠵᠦ ᠢᠯᠡᠷᠭᠡᠢᠯᠡᠪᠡ᠃
9 ᠰᠠᠷ᠎ᠠ᠎ᠶ᠋ᠢᠨ 13 ᠤ᠋ ᠡᠳᠦᠷ᠂ ᠲᠠᠪᠤᠳᠤᠭᠠᠷ ᠪᠠᠭ᠎ᠠ ᠰᠠᠯᠪᠤᠷᠢ ᠠᠩᠭᠢ ᠵᠢᠨ ᠬᠢᠨ ᠥᠪᠥᠷ ᠮᠣᠩᠭᠣᠯ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠥᠷ ᠮᠣᠩᠭᠣᠯ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ᠎ᠤᠨ ᠪᠦᠷᠢᠯᠳᠦᠬᠦᠨ ᠵᠢᠴᠢ ᠵᠣᠬᠢᠶᠠᠨ ᠪᠠᠢᠭᠤᠯᠬᠤ (ᠨᠢᠭᠡᠳᠦᠮᠡᠯ ᠹᠷᠣᠨᠲ) ᠬᠡᠯᠲᠡᠰ᠂ ᠤᠬᠠᠭᠤᠯᠬᠤ ᠬᠡᠯᠲᠡᠰ᠂ ᠰᠤᠷᠤᠭ᠍ᠴᠢᠳ᠎ᠤᠨ ᠠᠵᠢᠯ᠎ᠤᠨ ᠭᠠᠵᠠᠷ᠂ ᠡᠪᠯᠡᠯ᠎ᠦᠨ ᠡᠭᠦᠷ ᠤ᠋ᠨ ᠪᠥᠬᠥ᠌ ᠪᠦᠷᠢᠯᠳᠦᠬᠦᠨ᠂ ᠡᠯ᠎ᠡ ᠰᠠᠯᠪᠤᠷᠢ᠎ᠶ᠋ᠢᠨ ᠨᠠᠮ᠎ᠤᠨ ᠶᠡᠷᠦᠩᠬᠡᠶ ᠡᠭᠦᠷ᠎ᠦᠨ ᠱᠦᠵᠢ᠂ ᠳᠡᠳ᠋ ᠱᠦᠵᠢ᠂ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠵᠢᠭᠠᠨ ᠰᠤᠳᠤᠯᠬᠤ ᠬᠡᠯᠲᠡᠰ᠎ᠦᠨ ᠪᠥᠬᠥ᠌ ᠪᠠᠭ᠍ᠰᠢ᠂ ᠲᠤᠰᠭᠠᠶ ᠲᠤᠱᠢᠶᠠᠯ᠎ᠳᠤ ᠪᠠ ᠲᠤᠱᠢᠶᠠᠯ ᠬᠠᠪᠰᠤᠷᠭᠠᠭ᠍ᠰᠠᠨ ᠪᠥᠬᠥ᠌ ᠬᠠᠪᠰᠤᠷᠤᠨ ᠵᠢᠯᠣᠭᠣᠳᠣᠭ᠍ᠴᠢ ᠪᠣᠯᠤᠨ ᠰᠤᠷᠤᠭ᠍ᠴᠢᠳ᠎ᠤᠨ ᠲᠥᠯᠥᠭᠡᠯᠡᠭ᠌ᠴᠢ ᠨᠡᠢᠲᠡ 300 ᠭᠠᠷᠤᠶ ᠬᠥᠮᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠪᠠ᠃ ᠲᠤᠰ ᠰᠤᠷᠭᠠᠭᠤᠯᠢ᠎ᠶ᠋ᠢᠨ ᠨᠡᠭᠦᠷᠡᠰᠦᠨ᠎ᠦ ᠲᠤᠰᠭᠠᠢ ᠮᠡᠷᠭᠡᠵᠢᠯ᠎ᠦᠨ ᠰᠤᠷᠤᠬ᠍ᠴᠢ ᠫᠠᠨ ᠵᠢᠩ ᠸᠸᠨ᠄ 《ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠪᠢᠳᠡᠨ᠎ᠦ ᠣᠢᠯᠠᠭᠠᠵᠤ ᠳᠡᠢᠯᠬᠦ᠌ ᠵᠢᠵᠢᠭ ᠦᠯᠢᠬᠡᠷ᠎ᠢᠶᠡᠷ ᠶᠡᠬᠡ ᠶᠣᠰᠣ᠎ᠶ᠋ᠢ ᠲᠣᠳᠣᠷᠬᠠᠢᠯᠠᠨ ᠲᠠᠢᠯᠪᠤᠷᠢᠯᠠᠵᠤ ᠦᠭᠪᠡ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ ᠲᠦᠮᠡᠨ᠎ᠤ ᠲᠤᠬᠠᠢ ᠭᠦᠨ ᠵᠤᠵᠠᠭᠠᠨ ᠬᠠᠢᠷ᠎ᠠ ᠰᠡᠳᠭᠢᠯᠭᠡ ᠶ᠋ᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ ᠶ᠋ᠢᠨ ᠱᠠᠭᠠᠷᠳᠠᠯᠭ᠎ᠠ᠎ᠶ᠋ᠢ ᠣᠢᠯᠠᠭᠠᠪᠠ᠃ ᠪᠢ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ ᠪᠠᠷ ᠤᠯᠤᠰ᠎ᠲᠠᠭᠠᠨ ᠵᠢᠳᠬᠦᠬᠦ᠌ ᠵᠠᠮ᠎ᠢᠶᠠᠷ ᠡᠷᠡᠰ ᠵᠠᠮᠨᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠶᠠᠷᠢᠯ᠎ᠠ᠃
ᠥᠪᠥᠷ ᠮᠣᠩᠭᠣᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠶ᠋ᠢᠨ ᠨᠠᠮ᠎ᠤᠨ ᠬᠣᠷᠢᠶ᠎ᠠ ᠵᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠸᠠᠩ ᠯᠢ ᠵᠢᠶᠦ᠋ᠨ᠄《ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 6 ᠪᠠᠭ᠍ᠰᠢ ᠥᠪᠡᠷ᠎ᠦᠨ ᠰᠤᠷᠤᠯᠴᠠᠯᠭ᠎ᠠ᠂ ᠠᠵᠢᠯ᠂ ᠠᠮᠢᠳᠤᠷᠠᠯ᠎ᠤᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠵᠤ᠂ ᠳᠡᠷᠭᠡᠳᠡᠬᠢ ᠶᠠᠪᠤᠳᠠᠯ᠎ᠢᠶᠠᠷ᠎ᠢᠶᠠᠨ ᠶᠡᠬᠡ ᠶᠣᠰᠣ᠎ᠶ᠋ᠢ ᠶᠠᠷᠢᠵᠤ᠂ ᠠᠭᠤᠯᠭ᠎ᠠ ᠨᠢ ᠪᠠᠶᠠᠯᠢᠭ᠂ ᠵᠢᠱ᠌ᠢᠶ᠎ᠡ ᠨᠢ ᠠᠮᠢᠳᠤᠯᠢᠭ᠂ ᠦᠭᠡ ᠶᠠᠷᠢᠶ᠎ᠠ ᠨᠢ ᠴᠤᠪᠤᠭᠤᠯᠢᠭ ᠪᠠᠢᠵᠤ᠂ ᠪᠦᠬᠦᠳᠡᠭᠡᠷ ᠤᠯᠤᠯᠳᠠ ᠶᠡᠬᠡ ᠳᠠᠢ ᠪᠤᠯᠵᠠᠢ᠃ ᠳᠠᠷᠠᠭᠠᠴᠢ᠎ᠶ᠋ᠢᠨ ᠠᠯᠬᠤᠮ᠎ᠳᠤ᠂ ᠪᠢᠳᠠ ᠰᠤᠷᠭᠠᠭᠤᠯᠢ᠎ᠶ᠋ᠢᠨ ᠲᠠᠯ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠦᠷᠭᠦᠯᠵᠢᠯᠡᠨ ᠵᠣᠬᠢᠶᠠᠨ ᠪᠠᠢᠭᠤᠯᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠢ ᠤᠬᠠᠮᠰᠠᠷ᠎ᠠᠴᠠ ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠬᠠᠨ᠂ ᠤᠯᠤᠰ ᠭᠡᠷ᠎ᠦᠨ ᠬᠠᠢᠷ᠎ᠠ ᠰᠡᠳᠭᠢᠯᠭᠡ ᠪᠡᠨ ᠵᠤᠵᠠᠭᠠᠳᠭᠠᠵᠤ᠂ ᠱᠢᠷᠭᠠᠭᠤ ᠰᠤᠷᠤᠯᠴᠠᠨ᠂ ᠬᠠᠲᠠᠭᠤᠵᠢᠯᠲᠠᠢ ᠠᠵᠢᠯᠯᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠳᠦ ᠰᠤᠷᠭᠠᠭᠤᠯᠢ ᠵᠢᠨ ᠬᠦᠴᠦᠨ ᠴᠢᠳᠠᠯ᠎ᠢᠶᠠᠨ ᠡᠷᠭᠦᠨ᠎ᠠ》 ᠬᠡᠪᠡ᠃
9 ᠰᠠᠷ᠎ᠠ᠎ᠶ᠋ᠢᠨ 14 ᠤ᠋ ᠡᠳᠦᠷ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠵᠠᠯᠠᠭᠤᠴᠤᠳ᠎ᠤᠨ ᠤᠯᠤᠰ ᠲᠦᠷᠦ᠍᠎ᠶ᠋ᠢᠨ ᠳᠡᠭᠡᠳᠦ ᠰᠤᠷᠭᠠᠭᠤᠯᠢ᠎ᠳᠤ ᠦᠵᠡᠯ ᠰᠠᠨᠠᠭ᠎ᠠ ᠤᠨᠤᠯ᠎ᠤᠨ ᠰᠤᠷᠤᠯᠴᠠᠯᠭ᠎ᠠ ᠵᠢᠨ ᠬᠠᠯᠠᠭᠤᠨ ᠥᠷᠨᠢᠯᠲᠡ ᠭᠠᠷᠭᠠᠪᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ (ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ) ᠵᠢᠨ ᠵᠠᠮ ᠬᠠᠷᠢᠯᠴᠠᠭᠠᠨ᠎ᠤ ᠢᠨᠵᠧᠨᠧᠷᠢᠩ᠎ᠦᠨ ᠰᠠᠯᠪᠤᠷᠢ᠎ᠶ᠋ᠢᠨ ᠳᠡᠳ᠋ ᠡᠷᠬᠢᠯᠡᠭ᠌ᠴᠢ ᠵᠠᠩ ᠬᠣᠩ᠄ 《ᠮᠦᠸᠸ ᠯᠢᠩ ᠪᠠᠭ᠍ᠰᠢ ᠵᠢᠨ ᠶᠠᠷᠢᠭᠰᠠᠨ 〈ᠳᠤᠮᠳᠠᠳᠤ ᠤᠯᠤᠰ᠎ᠤᠨ ᠦᠨᠳᠦᠰᠦᠨ ᠪᠦᠳᠦᠭᠡᠨ ᠪᠠᠢᠭᠤᠯᠤᠯᠲᠠ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠬᠠᠷᠠᠬᠤ ᠨᠢ〉 ᠭᠡᠬᠦ᠌ ᠨᠣᠮ ᠡᠴᠡ ᠬᠦᠨ ᠰᠡᠳᠬᠢᠭᠳᠡᠯ ᠳᠤᠯᠤᠯᠡ᠃ ᠮᠠᠨ᠎ᠤ ᠤᠯᠤᠰ᠎ᠤᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ ᠪᠠᠢᠨ᠎ᠠ᠂ ᠢᠯᠠᠩᠭᠤᠶ᠎ᠠ ᠲᠦᠷᠦᠭᠦᠬᠡᠨ ᠵᠠᠺᠠᠷᠲ᠋ᠠ ᠪᠠᠨᠳᠦ᠋ᠩ᠎ᠤᠨ ᠲᠦᠷᠭᠡᠨ᠎ᠦ ᠲᠡᠮᠦᠷ ᠵᠠᠮ᠎ᠢ ᠤᠷᠤᠭ᠍ᠰᠢᠲᠠᠢ ᠠᠱᠢᠭ᠍ᠯᠠᠯᠲᠠ᠎ᠳᠤ ᠣᠷᠣᠭᠤᠯᠤᠭ᠍ᠰᠠᠨ ᠶᠠᠪᠤᠳᠠᠯ ᠪᠣᠯ ᠳᠤᠮᠳᠠᠳᠤ ᠢᠨᠳᠣᠨᠧᠱᠢᠢ᠎ᠠ᠎ᠶ᠋ᠢᠨ 〈ᠨᠢᠭᠡ ᠪᠦᠰᠡ ᠨᠢᠭᠡ ᠵᠠᠮ〉 ᠢ᠋ ᠬᠠᠮᠲᠤ ᠪᠠᠷ ᠪᠦᠲᠦᠭᠡᠨ ᠪᠠᠢᠭᠤᠯᠤᠭᠠᠳ ᠣᠯᠤᠭ᠍ᠰᠠᠨ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠪᠣᠯᠤᠨ᠎ᠠ᠂ ᠡᠨᠡ ᠨᠢ ᠮᠠᠨ᠎ᠤ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠡᠳᠡᠭᠡᠳ᠎ᠤᠨ ᠬᠥᠮᠦᠰ᠎ᠢ ᠲᠤᠢᠯ᠎ᠢᠶᠠᠷ ᠣᠮᠣᠭ᠍ᠰᠢᠭᠤᠯᠪᠠ᠃ ᠪᠢᠳᠡ ᠡᠬᠡ ᠣᠷᠣᠨ᠎ᠤ ᠪᠠᠨ ᠪᠦᠲᠦᠭᠡᠨ ᠪᠠᠢᠭᠤᠯᠤᠯᠲᠠ᠎ᠳᠤ ᠦᠷᠭᠦᠯᠵᠢᠯᠡᠨ ᠬᠤᠪᠢ ᠨᠡᠮᠡᠷᠢ᠎ᠪᠡᠨ ᠦᠵᠡᠭᠦᠯᠦᠨ᠎ᠡ!》 ᠬᠡᠯᠡ᠃
ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠵᠠᠯᠠᠭᠤᠴᠤᠳ᠎ᠤᠨ ᠤᠯᠤᠰ ᠲᠦᠷᠦ᠍᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ ᠪᠣᠯᠤᠨ ᠡᠪᠯᠡᠯ᠎ᠦᠨ ᠵᠠᠯᠠᠭᠤᠴᠤᠳ᠎ᠤᠨ ᠤᠨᠤᠯ᠎ᠤᠨ ᠬᠡᠯᠲᠡᠰ᠎ᠦᠨ ᠪᠠᠭ᠍ᠰᠢ ᠲᠦᠩ ᠵᠧᠨ ᠶᠤᠸᠠᠨ᠄《ᠤᠬᠠᠭᠤᠯᠤᠨ ᠲᠠᠢᠯᠪᠤᠷᠢᠯᠠᠬᠤ ᠠᠩᠬᠢ᠎ᠶ᠋ᠢᠨ ᠪᠦᠷᠢᠯᠳᠦᠬᠦᠨ ᠨᠤᠬᠦᠳ ᠪᠣᠯ ᠡᠯ᠎ᠡ ᠠᠵᠢᠯ ᠲᠦᠷᠦᠯ᠎ᠡᠴᠡ ᠢᠷᠡᠭ᠌ᠰᠡᠨ ᠲᠡᠷᠢᠭᠦᠨ᠎ᠦ ᠬᠥᠮᠦᠰ ᠪᠣᠯᠤᠨ᠎ᠠ᠂ ᠲᠡᠳᠡᠨ᠎ᠦ ᠲᠡᠷᠢᠭᠦᠨ᠎ᠦ ᠦᠢᠯᠡ ᠠᠵᠢᠯᠯᠠᠭ᠎ᠠ ᠪᠣᠯᠤᠨ ᠰᠡᠳᠭᠢᠯ ᠬᠥᠳᠡᠯᠭᠡᠮ᠎ᠡ ᠦᠯᠢᠭᠡᠷ ᠨᠠᠮᠠᠶ᠋ᠢ ᠭᠦᠨ ᠨᠥᠯᠥᠭᠡᠯᠡᠪᠡ᠃ ᠬᠣᠢᠱᠢᠳᠠ ᠪᠢ ᠤᠬᠠᠭᠤᠯᠤᠨ ᠲᠠᠢᠯᠪᠤᠷᠢᠯᠠᠯᠳᠠ ᠵᠢ ᠰᠤᠨᠤᠰᠤᠭᠰᠠᠨ ᠣᠯᠤᠯᠲᠠ ᠲᠦᠷᠦᠭᠳᠡᠯ ᠵᠢᠡᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠠᠵᠢᠯ᠎ᠳᠠᠭᠠᠨ ᠠᠭᠤᠰᠤᠯᠴᠠᠭᠤᠯᠵᠤ᠂ ᠨᠠᠮ᠎ᠤᠨ ᠲᠡᠷᠢᠭᠦᠨ᠎ᠦ ᠣᠨᠣᠯ᠎ᠤᠨ ᠰᠤᠷᠤᠯᠴᠠᠭ᠍ᠴᠢ᠂ ᠤᠬᠠᠭᠤᠯᠤᠭ᠍ᠴᠢ᠂ ᠦᠶ᠋ᠯᠡᠳᠦᠯᠭᠡᠵᠢᠭᠦᠯᠦᠭ᠌ᠴᠢ ᠪᠤᠯᠤᠨ᠎ᠠ》 ᠬᠡᠵᠦ ᠬᠡᠯᠡᠪᠡ᠃
9 ᠰᠠᠷ᠎ᠠ᠎ᠶ᠋ᠢᠨ 15 ᠤ᠋ ᠡᠳᠦᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠠᠪᠤᠳᠤᠭᠠᠷ ᠪᠠᠭ᠎ᠠ ᠰᠠᠯᠪᠤᠷᠢ ᠠᠩᠬᠢ ᠵᠢᠨ ᠬᠢᠨ ᠪᠤᠭᠤᠲᠤ ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠳᠦ ᠬᠦᠷᠴᠦ᠍ ᠺᠠᠳ᠋ᠷ ᠠᠵᠢᠯᠳᠠᠨᠠᠵᠢᠯᠴᠢᠨ ᠳ᠋ᠤ ᠤᠬᠠᠭᠤᠯᠤᠨ ᠲᠠᠢᠯᠪᠤᠷᠢᠯᠠᠵᠤ᠂ ᠺᠣᠮᠫᠠᠨᠢ᠎ᠶ᠋ᠢᠨ ᠡᠯ᠎ᠡ ᠰᠠᠯᠠᠭ᠎ᠠ ᠮᠥᠴᠢᠷ᠂ ᠨᠢᠭᠡᠴᠢ᠎ᠶ᠋ᠢᠨ 100 ᠱᠢᠬᠠᠮ ᠺᠠᠳ᠋ᠷ ᠠᠵᠢᠯᠳᠠᠨ ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠪᠠ᠃ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠮᠠᠰᠢ ᠶᠡᠬᠡᠳᠡ ᠵᠤᠷᠢᠬᠵᠢᠨ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠂ ᠬᠣᠶᠠᠷ ᠶᠡᠬᠡ ᠶᠠᠪᠤᠳᠠᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠳ᠋ᠤ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
《ᠤᠯᠠᠨᠲᠠᠶᠠᠭᠠᠷ ᠲᠸ᠋ ᠣᠢᠯᠠᠭᠠᠭᠤᠯᠬᠤ ᠬᠡᠪᠡᠯ᠂ ᠨᠢᠭᠡᠯᠡ ᠦᠭᠡ᠂ ᠲᠠᠷᠤᠢ ᠠᠮᠢᠳᠤᠯᠢᠭ ᠪᠤᠳᠠᠳᠠᠢ ᠶᠠᠷᠢᠬᠤ ᠬᠡᠷᠡᠭ᠌ᠲᠡᠢ! 〈ᠵᠢᠵᠢᠭ ᠬᠡᠷᠴᠢᠮ〉 ᠵᠢᠡᠷ 〈ᠶᠡᠬᠡ ᠶᠣᠰᠣ〉 ᠵᠢ ᠰᠠᠢᠲᠤᠷ ᠶᠠᠷᠢᠵᠤ᠂ 〈ᠳᠡᠷᠭᠡᠳᠡᠬᠢ ᠶᠠᠪᠤᠳᠠᠯ〉 ᠵᠢᠡᠷ 〈ᠶᠡᠬᠡ ᠰᠡᠳᠦᠪ〉 ᠢ᠋ ᠲᠣᠳᠣᠷᠬᠠᠢ ᠶᠠᠷᠢᠵᠤ᠂ 〈ᠵᠠᠯᠠᠭᠤᠴᠤᠤᠨ ᠤ᠋ᠨ ᠦᠭᠡ〉 ᠪᠡᠷ ᠤᠨᠤᠯ᠎ᠤᠨ ᠥᠨᠳᠥᠷ ᠬᠡᠷᠡᠮ᠎ᠢ ᠡᠪᠳᠡᠵᠦ᠍᠂ ᠵᠠᠯᠠᠭᠤᠴᠤᠳ᠎ᠤᠨ ᠤᠷᠤᠯᠴᠠᠬᠤ ᠲᠦᠷᠦᠭ᠌ᠳᠡᠯ᠂ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭᠳᠡᠬᠦᠯᠵᠦ᠂ ᠠᠳᠠᠯᠢ ᠳᠠᠪᠲᠠᠮᠵᠢ ᠲᠠᠶ ᠪᠠᠢᠬᠤ᠎ᠶ᠋ᠢ ᠪᠡᠶᠡᠯᠡᠭᠦᠯᠬᠦ ᠬᠡᠷᠡᠭᠳᠡᠢ᠃ ᠤᠳᠠᠭ᠎ᠠ ᠪᠤᠯᠭᠠᠨ ᠤᠬᠠᠭᠤᠯᠤᠨ ᠲᠠᠢᠯᠪᠤᠷᠢᠯᠠᠬᠤ ᠳ᠋ᠤ᠂ ᠬᠦᠷᠦᠭ᠌ᠰᠡᠨ ᠭᠠᠵᠠᠷ ᠪᠦᠬᠦᠨ ᠳ᠋ᠤ ᠴᠥᠮ ᠵᠠᠯᠠᠭᠤ ᠨᠠᠰᠤᠨ᠎ᠤ ᠨᠢᠭᠤᠷ ᠴᠢᠷᠠᠢ᠂ ᠡᠷᠡᠰ ᠰᠢᠭᠤᠷᠬᠠᠢ ᠬᠠᠷᠠᠴᠠ ᠬᠠᠷᠠᠭ᠎ᠠ ᠵᠢ ᠪᠤᠯᠢᠶᠠᠨ᠎ᠠ᠃ ᠮᠢᠨᠦ᠍ ᠪᠤᠳᠤᠬᠤ ᠪᠠᠷ ᠡᠨᠡ ᠪᠣᠯ ᠳᠠᠷᠤᠢ 〈ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠲᠠ ᠪᠤᠢ〉 ᠭᠡᠬᠦ ᠤᠷᠠᠢ ᠲᠠᠭᠤᠨ᠎ᠤ ᠪᠤᠳᠠᠳᠤ ᠢᠯᠡᠷᠡᠯ ᠮᠥᠨ》 ᠭᠡᠵᠦ᠍ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶ᠋ᠢᠨ ᠮᠦᠸᠸ ᠯᠢᠩ ᠪᠠᠭ᠍ᠰᠢ ᠬᠡᠯᠡᠵᠠᠢ᠃