— ᠥᠪᠡᠷᠲᠡᠭᠡᠨ ᠵᠠᠰᠠᠬᠤ ᠣᠷᠣᠨ ᠤ ᠣᠨᠣᠯ ᠦᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ ᠦᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠭᠤᠷᠪᠠᠳᠤᠭᠠᠷ ᠪᠠᠭ᠎ᠠ ᠰᠠᠯᠪᠤᠷᠢ ᠠᠩᠭᠢ ᠠᠢᠮᠠᠭ ᠬᠣᠲᠠ ᠳᠤ ᠬᠦᠷᠴᠦ᠍ ᠤᠬᠠᠭᠤᠯᠤᠨ ᠲᠠᠢᠯᠪᠤᠷᠢᠯᠠᠪᠠ
ᠤᠢ᠍ᠢᠷ᠎ᠠ ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠨᠤᠯ ᠤᠨ ᠰᠤᠷᠤᠯᠴᠠᠯᠭ᠎ᠠ ᠶ᠋ᠢᠨ ᠬᠦᠩᠭᠡᠨ ᠮᠣᠷᠢᠲᠤ ᠴᠡᠷᠢᠭ ᠦᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠭᠤᠷᠪᠠᠳᠤᠭᠠᠷ ᠪᠠᠭ᠎ᠠ ᠰᠠᠯᠪᠤᠷᠢ ᠠᠩᠬᠢ ᠲᠦᠩᠯᠢᠶᠣᠤ ᠬᠤᠳᠠ᠂ ᠬᠥᠯᠥᠨ ᠪᠤᠢ᠌ᠷ ᠬᠤᠳᠠ᠂ ᠮᠠᠨᠵᠤᠤᠷ ᠬᠤᠳᠠ ᠳᠤ ᠬᠦᠷᠴᠤ ᠤᠯᠠᠨ ᠲᠠᠯᠠᠪᠤᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃
8 ᠰᠠᠷ᠎ᠠ ᠶ᠋ᠢᠨ 28 ᠤ᠋ ᠡᠳᠦᠷ᠎ᠡᠴᠡ 30 ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠭᠤᠷᠪᠠᠳᠤᠭᠠᠷ ᠪᠠᠭ᠎ᠠ ᠰᠠᠯᠪᠤᠷᠢ ᠠᠩᠭᠢ ᠲᠦᠩᠯᠢᠶᠣᠤ ᠬᠣᠲᠠ ᠳᠤ ᠬᠦᠷᠴᠦ᠍᠂ ᠬᠥᠳᠡᠭᠡ ᠲᠣᠰᠭᠣᠨ᠂ ᠠᠵᠤ ᠠᠬᠤᠢᠯᠠᠯ᠂ ᠪᠠᠢᠭᠤᠯᠭ᠎ᠠ ᠳᠤ ᠭᠦᠨᠵᠡᠭᠡᠢᠷᠡᠨ ᠬᠡᠰᠡᠭ ᠪᠦᠯᠦᠭ ᠬᠤᠪᠢᠶᠠᠵᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃
ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ 《ᠨᠠᠮ᠎ᠢᠶᠠᠨ ᠡᠭᠦᠷᠢᠳᠡ ᠳᠠᠭᠠᠵᠤ ᠱᠢᠨ᠎ᠡ ᠴᠠᠭ ᠦᠶ᠎ᠡ ᠳᠦ ᠭᠠᠪᠢᠶ᠎ᠠ ᠪᠠᠢᠭᠤᠯᠤᠶ᠎ᠠ》 ᠭᠡᠬᠦ᠌ ᠭᠤᠤᠯ ᠰᠡᠳᠦᠪ ᠦᠨ ᠲᠣᠭᠣᠷᠢᠨ᠎ᠳᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ ᠳᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠍᠂ ᠲᠤᠬᠠᠢᠯᠠᠭᠰᠠᠨ ᠠᠵᠢᠯ ᠤᠨ ᠪᠣᠳᠠᠲᠤ ᠪᠠᠢᠳᠠᠯ᠂ ᠣᠢᠯᠠᠭᠠᠯᠲᠠ ᠲᠦᠷᠦᠭᠳᠡᠯ ᠪᠤᠯᠤᠨ ᠨᠡᠢᠲᠡᠯᠢᠭ ᠬᠡᠷᠡᠭ ᠦᠨ ᠵᠢᠱ᠌ᠢᠶ᠎ᠡ ᠲᠡᠶ ᠤᠶᠠᠯᠳᠤᠭᠤᠯᠤᠨ᠂ ᠭᠦᠨᠵᠡᠭᠡᠶ ᠪᠥᠭᠡᠳ ᠣᠢᠯᠠᠭᠠᠮᠵᠢᠲᠠᠶ᠂ ᠪᠥᠬᠥ᠌ ᠲᠠᠯ᠎ᠠ ᠪᠠᠷ ᠱᠢᠰᠲ᠋ᠧᠮ ᠲᠡᠶ ᠲᠠᠢᠯᠤᠮᠵᠢ ᠬᠢᠵᠦ᠍᠂ ᠥᠷᠭᠡᠨ ᠣᠯᠠᠨ ᠺᠠᠳ᠋ᠷ ᠣᠯᠠᠨ ᠲᠦᠮᠡᠨ ᠦ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶ᠋ᠢ ᠰᠣᠨᠣᠰᠴᠤ᠂ ᠨᠠᠮ ᠢᠶᠠᠨ ᠲᠠᠭᠠᠵᠤ᠂ ᠮᠣᠩᠭᠣᠯ ᠮᠣᠷᠢᠨ ᠤ ᠵᠣᠷᠢᠭ ᠰᠠᠨᠠᠭ᠎ᠠ ᠪᠣᠯᠤᠨ 《ᠤᠮᠠᠷᠠᠲᠤ ᠶ᠋ᠢᠨ ᠭᠤᠷᠪᠠᠨ ᠣᠷᠣᠨ ᠤ ᠵᠣᠷᠢᠭ ᠰᠠᠨᠠᠭ᠎ᠠ》 ᠶ᠋ᠢ ᠶᠡᠬᠡ ᠪᠡᠷ ᠪᠠᠳᠠᠷᠠᠭᠤᠯᠵᠤ᠂ ᠬᠣᠶᠠᠷ ᠶᠡᠬᠡ ᠶᠠᠪᠤᠳᠠᠯ ᠢ ᠪᠥᠬᠥ᠌ ᠬᠦᠴᠦᠨ ᠢᠶᠡᠷ᠎ᠢᠶᠡᠨ ᠰᠠᠢᠲᠤᠷ ᠬᠢᠵᠦ᠍᠂ ᠱᠢᠨ᠎ᠡ ᠵᠠᠮ ᠨᠡᠭᠡᠭᠡᠨ᠂ ᠳᠤᠮᠳᠠ ᠤᠷᠤᠰᠬᠠᠯ ᠳ᠋ᠤ ᠤᠷᠤᠬᠤ ᠬᠠᠷᠠᠯᠳᠠ ᠲᠡᠢᠰᠢ ᠯᠠᠪᠳᠠᠭᠤᠨ ᠪᠠᠲᠤᠲᠠᠶ ᠤᠷᠤᠭ᠍ᠰᠢᠯᠠᠵᠤ ᠂ ᠳᠤᠮᠳᠠᠳᠤ ᠤᠯᠤᠰ᠎ᠤᠨ ᠮᠠᠶᠢᠭ᠎ᠦᠨ ᠤᠳᠤᠬᠢᠴᠢᠯᠠᠯᠳᠠ ᠵᠢᠨ ᠥᠪᠥᠷ ᠮᠣᠩᠭᠣᠯ ᠤᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭᠯᠡᠬᠦ ᠵᠢ ᠬᠦᠳᠦᠯᠦᠨ ᠵᠢᠯᠤᠭᠤᠳᠪᠠ᠃
《ᠤᠳᠤ ᠮᠠᠨ ᠤ ᠠᠮᠢ ᠠᠬᠤᠢ ᠤᠯᠠᠮ ᠠᠴᠠ ᠤᠯᠠᠮ ᠰᠠᠢᠵᠢᠷᠠᠵᠤ᠂ ᠤᠢ ᠱᠢᠭᠤᠢ ᠴᠤ᠌ ᠤᠯᠠᠮ ᠠᠴᠠ ᠤᠯᠠᠮ ᠬᠦᠬᠡᠷᠡᠵᠦ᠂ ᠱᠢᠭᠤᠢᠲᠤ ᠣᠷᠣᠨ ᠦᠵᠡᠮᠵᠢ ᠶ᠋ᠢᠨ ᠣᠷᠣᠨ ᠪᠤᠯᠵᠤ᠂ ᠮᠣᠳᠣ ᠣᠭ᠍ᠲᠣᠯᠬᠤ ᠠᠵᠢᠯᠴᠢᠨ ᠤᠢ ᠬᠠᠮᠠᠭᠠᠯᠠᠭ᠍ᠴᠢ ᠪᠣᠯᠵᠠᠢ》 ᠬᠡᠵᠦ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠭᠤᠷᠪᠠᠳᠤᠭᠠᠷ ᠪᠠᠭ᠎ᠠ ᠰᠠᠯᠪᠤᠷᠢ ᠠᠩᠬᠢ ᠶ᠋ᠢᠨ ᠳᠠᠷᠤᠭ᠎ᠠ ᠰᠦᠨ ᠵᠧ ᠯᠢᠨ ᠤᠯᠠᠨ ᠲᠦᠮᠡᠨ ᠦ ᠳᠡᠷᠭᠡᠳᠡᠬᠢ ᠦᠨᠡᠨ ᠪᠣᠳᠠᠲᠠᠢ ᠬᠤᠪᠢᠷᠠᠯᠲᠠ ᠲᠠᠶ ᠤᠶᠠᠯᠳᠤᠭᠤᠯᠵᠤ᠂ ᠪᠠᠭ᠎ᠠ ᠲᠠᠯ᠎ᠠ ᠡᠴᠠ ᠶᠡᠬᠡ ᠶᠣᠰᠣ ᠶ᠋ᠢ ᠢᠯᠡᠷᠡᠭᠦᠯᠵᠦ᠍᠂ ᠳᠡᠷᠭᠡᠳᠡᠬᠢ ᠶᠠᠪᠤᠳᠠᠯ ᠢᠶᠠᠷ ᠶᠡᠬᠡ ᠰᠡᠳᠦᠪ ᠢ ᠲᠤᠰᠬᠠᠵᠤ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ ᠳᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠦᠨᠳᠦᠰᠦᠨ ᠱᠠᠲᠤᠨ ᠤ ᠤᠯᠠᠨ ᠲᠦᠮᠡᠨ ᠦ ᠳᠡᠷᠭᠡᠳᠡ ᠬᠦᠷᠭᠡᠵᠡᠢ᠃
ᠤᠬᠠᠭᠤᠯᠤᠨ ᠲᠠᠢᠯᠪᠤᠷᠢᠯᠠᠯᠳᠠ ᠪᠦᠷᠢ ᠨᠢ ᠤᠨᠤᠯ ᠤᠨ ᠲᠠᠢᠯᠪᠤᠷᠢᠯᠠᠯᠲᠠ ᠲᠠᠢ ᠪᠦᠭᠡᠳ ᠪᠠᠰᠠ ᠬᠡᠷᠡᠭ ᠦᠨ ᠵᠢᠱ᠌ᠢᠢ᠎ᠡ ᠶ᠋ᠢᠨ ᠵᠠᠳᠠᠯᠤᠯᠲᠠ ᠳᠠᠢ ᠪᠠᠢᠵᠤ᠂ ᠭᠣᠣᠯ ᠰᠡᠳᠦᠪ ᠢᠯᠡ ᠲᠣᠳᠣ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠥᠷᠭᠡᠨ ᠤᠯᠠᠨ ᠨᠠᠮ ᠤᠨ ᠭᠡᠱᠢᠭᠦᠨ ᠺᠠᠳ᠋ᠷ ᠤᠯᠠᠨ ᠲᠦᠮᠡᠨ ᠦ ᠬᠠᠯᠠᠭᠤᠨ ᠬᠦᠷᠢᠶᠡᠯᠡᠯ ᠢ ᠤᠯᠪᠠ᠃
ᠲᠦᠩᠯᠢᠶᠣᠤ ᠬᠤᠳᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ ᠬᠠᠯᠢᠭᠤᠲᠤ ᠪᠠᠯᠭᠠᠰᠤ ᠶ᠋ᠢᠨ ᠶᠡᠬᠡ ᠬᠠᠷ᠎ᠠ ᠤᠰᠤ ᠭᠠᠴᠠᠭ᠎ᠠ ᠶ᠋ᠢᠨ ᠳᠡᠳ᠋ ᠳᠠᠷᠤᠭ᠎ᠠ ᠱᠢᠶᠤᠤ ᠬᠤᠸᠠ᠄ 《ᠡᠨᠡ ᠡᠲᠤᠷ ᠦᠨ ᠤᠬᠠᠭᠤᠯᠤᠨ ᠲᠠᠢᠯᠪᠤᠷᠢᠯᠠᠯᠳᠠ ᠨᠢ ᠰᠡᠳᠬᠢᠯᠳ᠋ᠤ ᠬᠦᠷᠴᠦ᠂ ᠮᠠᠰᠢ ᠤᠯᠠᠨ ᠣᠯᠤᠯᠲᠠ᠎ᠲᠠᠶ ᠪᠣᠯᠵᠠᠢ᠃ ᠬᠣᠢᠱᠢᠳᠠ ᠪᠢ ᠤᠯᠠᠨ ᠲᠦᠮᠡᠨ ᠳᠦ ᠦᠢᠯᠡᠴᠢᠯᠡᠬᠦ᠌ ᠪᠠᠨ ᠦᠷᠭᠦᠯᠵᠢᠯᠡᠨ ᠪᠠᠷᠢᠮᠲᠠᠯᠠᠵᠤ᠂ ᠠᠯᠢ ᠴᠢᠳᠠᠬᠤᠢᠴᠠ ᠪᠡᠷ ᠤᠯᠠᠨ ᠲᠦᠮᠡᠨ᠎ᠤ ᠪᠣᠳᠠᠲᠠᠢ ᠠᠰᠠᠭᠤᠳᠠᠯ ᠢ ᠨᠢ ᠱᠢᠢᠳᠪᠦᠷᠢᠯᠡᠨ ᠦᠭᠴᠦ᠍᠂ ᠤᠯᠠᠨ ᠲᠦᠮᠡᠨ ᠳᠦ ᠨᠠᠮ ᠪᠣᠯᠤᠨ ᠵᠠᠰᠠᠭ ᠤᠨ ᠣᠷᠳᠣᠨ ᠤ ᠬᠠᠢᠷ᠎ᠠ ᠬᠠᠯᠠᠮᠵᠢ ᠶ᠋ᠢ ᠮᠡᠳᠡᠷᠡᠭᠦᠯᠦᠨ᠎ᠡ 》 ᠬᠡᠵᠤ ᠬᠡᠯᠡᠪᠡ᠃
8 ᠰᠠᠷ᠎ᠠ ᠶ᠋ᠢᠨ 31 ᠤ᠋ ᠡᠳᠦᠷ᠎ᠡᠴᠡ 9 ᠰᠠᠷ᠎ᠠ ᠶ᠋ᠢᠨ 2 ᠤ᠋ᠨ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠭᠤᠷᠪᠠᠳᠤᠭᠠᠷ ᠪᠠᠭ᠎ᠠ ᠰᠠᠯᠪᠤᠷᠢ ᠠᠩᠭᠢ ᠵᠢᠨ ᠬᠢᠨ ᠬᠥᠯᠥᠨ ᠪᠣᠢᠷ ᠬᠣᠲᠠ᠎ᠳᠤ ᠬᠦᠷᠴᠦ᠂ ᠬᠣᠶᠠᠷ ᠱᠢᠨ᠎ᠡ ᠵᠣᠬᠢᠶᠠᠨ ᠪᠠᠢᠭᠤᠯᠤᠯᠲᠠ᠂ ᠨᠡᠢᠭᠡᠮ ᠲᠣᠭᠣᠷᠢᠭ᠂ ᠮᠠᠯᠵᠢᠬᠤ ᠣᠷᠣᠨ ᠳᠤ ᠤᠬᠠᠭᠤᠯᠤᠨ ᠲᠠᠢᠯᠪᠤᠷᠢᠯᠠᠪᠠ᠃
ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠫᠠᠨ ᡁᠢ ᠷᠦᠩ᠂ ᠤᠷᠠᠨ᠎ᠠ᠂ ᠶᠤᠸᠠᠢ ᠶᠦᠩ ᠱᠧᠩ᠂ ᠺᠠᠩ ᠵᠢᠨ ᠱᠢᠶᠠ᠂ ᠰᠦᠨ ᠵᠧ ᠯᠢᠨ᠂ ᠵᠠᠩ ᠸᠸᠨ ᠱᠢᠤᠢ ᠨᠠᠷ ᠲᠤᠰ ᠪᠡᠶ᠎ᠡ ᠶ᠋ᠢᠨ ᠪᠤᠳᠠᠳᠠᠢ ᠥᠩᠭᠡᠷᠡᠯᠲᠡ ᠪᠠ ᠣᠢᠯᠠᠭᠠᠯᠲᠠ ᠲᠠᠶ᠎ᠪᠠᠨ ᠤᠶᠠᠯᠳᠤᠭᠤᠯᠵᠤ᠂ ᠤᠯᠠᠨ ᠲᠦᠮᠡᠨ ᠳᠦ ᠣᠢᠯᠠᠭᠠᠮᠵᠢᠳᠠᠢ ᠦᠭᠡ ᠬᠡᠯᠡ᠂ ᠤᠯᠨᠨ ᠲᠦᠮᠡᠨ᠎ᠤ ᠦᠵᠡᠵᠦ ᠰᠣᠨᠣᠰᠭᠤ ᠳᠤᠷᠠᠲᠠᠢ 《ᠳᠡᠷᠭᠡᠳᠡᠬᠢ ᠶᠠᠪᠤᠳᠠᠯ》 ᠵᠢᠡᠷ ᠨᠠᠮ ᠤᠨ ᠱᠢᠨ᠎ᠡ ᠶ᠋ᠢ ᠡᠭᠦᠳᠬᠦ᠌ ᠤᠨᠤᠯ ᠢ ᠣᠨᠣᠪᠴᠢᠲᠠᠢ ᠰᠠᠢᠲᠤᠷ ᠲᠠᠢᠯᠪᠤᠷᠢᠯᠠᠪᠠ᠃ 5 ᠲᠠᠯᠠᠪᠤᠷ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠨᠢ ᠣᠯᠠᠨ᠎ᠳᠤ ᠮᠠᠰᠢ ᠶᠡᠬᠡ ᠵᠣᠷᠢᠭ᠍ᠵᠢᠭᠤᠯᠤᠯ ᠪᠣᠯᠪᠠ᠃
ᠬᠠᠢᠯᠠᠷ ᠲᠣᠭᠣᠷᠢᠭ ᠤᠨ ᠱᠧᠩ ᠯᠢ ᠵᠡᠭᠡᠯᠢ ᠭᠤᠳᠤᠮᠵᠢ ᠶ᠋ᠢᠨ ᠬᠤᠳᠠᠯᠳᠤᠭᠠᠨ ᠤ ᠲᠣᠭᠣᠷᠢᠭ ᠤᠨ ᠨᠠᠮ ᠤᠨ ᠬᠡᠰᠢᠬᠥᠨ ᠣᠯᠠᠨ ᠲᠦᠮᠡᠨ ᠦ ᠦᠶ᠋ᠯᠡᠴᠢᠯᠡᠭᠡᠨ ᠦ ᠲᠥᠪ ᠲᠦ᠂ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ ᠨᠡᠢᠲᠡ ᠶ᠋ᠢᠨ ᠥᠮᠴᠢᠯᠡᠯ ᠦᠨ ᠪᠤᠰᠤ ᠠᠵᠤ ᠠᠬᠤᠢᠯᠠᠯ ᠪᠠ ᠨᠡᠢᠭᠡᠮ ᠦᠨ ᠵᠣᠬᠢᠶᠠᠨ ᠪᠠᠢᠭᠤᠯᠤᠯᠲᠠ ᠳᠤ ᠭᠦᠨᠵᠡᠭᠡᠢᠷᠡᠨ ᠨᠠᠮ ᠤᠨ ᠱᠢᠨ᠎ᠡ ᠶ᠋ᠢ ᠡᠭᠦᠳᠬᠦ᠌ ᠣᠨᠣᠯ ᠪᠠ ᠴᠢᠭ᠌ᠯᠡᠯᠲᠡ ᠲᠥᠷᠥ ᠶ᠋ᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠵᠤ᠂ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠠᠵᠤ ᠠᠬᠤᠢᠯᠠᠯ ᠪᠠ ᠱᠢᠨ᠎ᠡ ᠠᠵᠢᠯ ᠤᠯᠭᠤᠯᠳᠠ ᠵᠢᠨ ᠬᠦᠮᠦᠰ ᠤᠨ ᠮᠠᠳᠠᠭ ᠲᠠᠢ ᠠᠰᠠᠭᠤᠳᠠᠯ ᠢ ᠲᠠᠢᠯᠪᠤᠷᠢᠯᠠᠵᠤ᠂ ᠢᠲᠡᠭᠡᠯ ᠵᠣᠷᠢᠭ ᠢ ᠨᠢ ᠬᠥᠪᠴᠢᠯᠡᠪᠡ᠃
ᠬᠥᠯᠥᠨ ᠪᠤᠢ᠌ᠷ ᠬᠤᠳᠠ᠎ᠶ᠋ᠢᠨ ᠯᠦᠩ ᠹᠸᠩ ᠪᠦᠯᠦᠭ᠌ᠯᠡᠯ᠎ᠦᠨ ᠨᠠᠮ᠎ᠤᠨ ᠬᠣᠷᠢᠶ᠎ᠠ ᠵᠢᠨ ᠳᠡᠳ᠋ ᠱᠦᠵᠢ ᠯᠢᠦ ᠰᠧ ᠄ 《ᠤᠬᠠᠭᠤᠯᠤᠨ ᠲᠠᠢᠯᠪᠤᠷᠢᠯᠠᠬᠤ ᠪᠦᠯᠬᠦᠮ ᠪᠢᠳᠡᠨ᠎ᠳᠦ ᠡᠷᠬᠢᠮ ᠨᠠᠨᠳᠢᠨ ᠤᠶᠤᠨ᠎ᠤ ᠲᠡᠵᠢᠭᠡᠯ ᠬᠦᠷᠭᠡᠪᠡ᠃ ᠪᠢᠳᠡ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ ᠪᠣᠯᠤᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠰᠠᠢᠲᠤᠷ ᠪᠠᠳᠠᠷᠠᠭᠤᠯᠵᠤ᠂ ᠨᠡᠢᠭᠡᠮ᠎ᠦᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍ ᠂ ᠭᠠᠵᠠᠷ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃
ᠬᠠᠭᠤᠴᠢᠨ ᠪᠠᠷᠭᠤ ᠬᠣᠱᠢᠭᠤᠨ᠎ᠤ ᠪᠠᠷᠠᠭᠤᠨ ᠦᠵᠦᠭᠦᠷ ᠰᠤᠮᠤ᠎ᠶ᠋ᠢᠨ ᠰᠠᠷᠠᠭᠤᠯᠲᠠᠯ᠎ᠠ ᠭᠠᠴᠠᠭᠠᠨ᠎ᠤ ᠮᠣᠩᠭᠣᠯ ᠭᠡᠷ᠎ᠦᠨ ᠭᠠᠳᠠᠨ᠎ᠠ᠂ ᠨᠢᠭᠡ ᠪᠦᠯᠦᠭ ᠮᠠᠯᠴᠢᠨ ᠲᠠᠷᠢᠶᠠᠴᠢᠨ ᠨᠠᠮ᠎ᠤᠨ ᠭᠡᠱᠢᠭᠦᠤᠨ ᠲᠤᠭᠤᠢᠯᠠᠨ ᠰᠠᠭᠤᠯᠴᠠᠵᠤ᠂ ᠤᠬᠠᠭᠤᠯᠤᠨ ᠲᠠᠢᠯᠪᠤᠷᠢᠯᠠᠭ᠍ᠴᠢ᠎ᠶ᠋ᠢᠨ ᠶᠠᠷᠢᠭ᠍ᠰᠠᠨ ᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠨᠠᠮ᠎ᠤᠨ ᠲᠠᠭᠤᠨ᠎ᠢ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠤᠯᠠᠨ ᠲᠦᠮᠡᠨ᠎ᠦ ᠰᠡᠳᠭᠢᠯ᠎ᠳᠦ ᠳᠠᠮᠵᠢᠭᠤᠯᠵᠤ᠂ ᠨᠠᠮ᠎ᠤᠨ ᠲᠠᠭᠤᠨ᠎ᠢ ᠲᠠᠯ᠎ᠠ ᠨᠤᠲᠤᠭ᠎ᠤᠨ ᠭᠦᠨ᠎ᠳᠦ ᠳᠠᠭᠤᠷᠢᠰᠤᠭᠤᠯᠪᠠ᠃ ᠬᠠᠭᠤᠴᠢᠨ ᠪᠠᠷᠭᠤ ᠬᠣᠱᠢᠭᠤᠨ᠎ᠤ ᠪᠠᠷᠠᠭᠤᠨ ᠦᠵᠦᠭᠦᠷ ᠰᠤᠮᠤ᠎ᠶ᠋ᠢᠨ ᠰᠠᠷᠠᠭᠤᠯᠲᠠᠯ᠎ᠠ ᠭᠠᠴᠠᠭᠠᠨ᠎ᠤ ᠱᠦᠵᠢ ᠲᠤᠷᠤᠨ᠎ᠠ᠄ 《ᠥᠨᠥᠳᠦᠷ ᠦᠨ ᠤᠬᠠᠭᠤᠯᠤᠨ ᠲᠠᠢᠯᠪᠤᠷᠢᠯᠠᠯᠳᠠ ᠨᠢ ᠪᠢᠳᠡᠨ᠎ᠢ ᠶᠡᠭᠡᠳᠡ ᠵᠣᠷᠢᠭ᠍ᠵᠢᠭᠤᠯᠪᠠ᠃ ᠭᠠᠴᠠᠭᠠᠨ᠎ᠤ ᠨᠠᠮ᠎ᠤᠨ ᠭᠡᠱᠢᠭᠦᠳ ᠤᠯᠠᠨ ᠲᠦᠮᠡᠨ᠎ᠢ ᠰᠠᠢᠲᠤᠷ ᠳᠠᠭᠠᠭᠤᠯᠤᠨ᠂ ᠨᠤᠲᠤᠭ ᠤᠰᠤ᠎ᠪᠠᠨ ᠰᠠᠢᠲᠤᠷ ᠪᠦᠳᠦᠭᠡᠨ ᠪᠠᠢᠭᠤᠯᠵᠤ᠂ ᠮᠠᠯᠴᠢᠳ᠎ᠤᠨ ᠠᠮᠢᠳᠤᠷᠠᠯ᠎ᠢ ᠤᠯᠠᠮ ᠰᠠᠢᠵᠢᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠡᠷᠬᠢᠮ ᠨᠠᠨᠳᠢᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ》 ᠭᠡᠵᠦ᠍ ᠶᠠᠷᠢᠨ᠎ᠠ᠃
9 ᠰᠠᠷ᠎ᠠ᠎ᠶ᠋ᠢᠨ 4 ᠤ᠋ ᠡᠳᠦᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠷᠪᠠᠳᠤᠭᠠᠷ ᠪᠠᠭ᠎ᠠ ᠰᠠᠯᠪᠤᠷᠢ ᠠᠩᠭᠢ ᠮᠠᠨᠵᠤᠤᠷ ᠬᠣᠲᠠ᠎ᠳᠤ ᠬᠦᠷᠴᠦ᠍᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠂ ᠨᠡᠢᠭᠡᠮ ᠲᠣᠭᠣᠷᠢᠭ᠎ᠲᠤ ᠭᠦᠨᠵᠡᠭᠡᠢᠷᠡᠨ ᠣᠨᠣᠯ᠎ᠤᠨ ᠤᠬᠠᠭᠤᠯᠤᠨ ᠲᠠᠢᠯᠪᠤᠷᠢᠯᠠᠯᠳᠠ ᠬᠢᠪᠡ᠃ ᠪᠦᠬᠦ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠪᠤᠭᠤᠲᠤ ᠬᠣᠲᠠ᠎ᠶ᠋ᠢᠨ ᠳᠠᠷᠬᠠᠨ ᠮᠤᠤᠮᠢᠨᠭᠭᠠᠨ ᠬᠤᠯᠪᠤᠭᠠᠳᠤ ᠬᠣᠱᠢᠭᠤᠨ ᠤ ᠪᠠᠢᠴᠠᠭᠠᠬᠤ ᠬᠣᠷᠢᠶ᠎ᠠ ᠵᠢᠨ ᠤᠤᠯ᠎ᠤᠨ ᠪᠠᠢᠴᠠᠭᠠᠭ᠍ᠴᠢ ᠲᠤᠱᠢᠶᠠᠯᠲᠠᠨ ᠫᠠᠨ ᡁᠢ ᠷᠦᠩ 《ᠡᠭᠦᠷᠢᠳᠡ ᠣᠯᠠᠨ ᠲᠦᠮᠡᠨ᠎ᠦ 〈ᠰᠠᠢᠨ ᠠᠨᠳᠠ 〉 ᠪᠤᠯᠤᠨ᠎ᠠ》 ᠭᠡᠭᠦ ᠰᠡᠳᠦᠪᠶ᠋ᠢᠡᠷ ᠤᠬᠠᠭᠤᠯᠤᠨ ᠲᠠᠢᠯᠪᠤᠷᠢᠯᠠᠯᠳᠠ ᠬᠢᠪᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠤᠭᠰᠠᠭᠠᠲᠠᠨ ᠵᠦᠢ ᠨᠡᠢᠭᠡᠮᠵᠦᠢᠶᠢᠨ ᠳᠡᠭᠡᠳᠦ ᠰᠤᠷᠭᠠᠭᠤᠯᠢ ᠶ᠋ᠢᠨ ᠠᠰᠫᠢᠷᠠᠨᠲ ᠤᠷᠠᠨ᠎ᠠ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠦᠨᠳᠦᠰᠦᠨ ᠱᠠᠲᠤᠨ᠎ᠳᠤ ᠵᠠᠯᠠᠭᠤ ᠨᠠᠰᠤᠨ᠎ᠤ ᠭᠡᠷᠡᠯ ᠬᠢᠯᠪᠠᠭ᠎ᠠ ᠪᠠᠨ ᠰᠠᠴᠤᠷᠠᠭᠤᠯᠤᠶ᠎ᠠ》᠂ ᠥᠪᠥᠷ ᠮᠣᠩᠭᠣᠯ᠎ᠤᠨ ᠪᠠᠩᠬᠢ᠎ᠶ᠋ᠢᠨ ᠬᠥᠬᠡᠬᠣᠲᠠ᠎ᠶ᠋ᠢᠨ ᠬᠤᠢ ᠱᠠᠩ ᠠᠭᠤᠳᠠᠮ ᠲᠠᠯᠠᠪᠠᠢ᠎ᠶ᠋ᠢᠨ ᠬᠤᠪᠢᠶᠠᠷᠢ ᠪᠠᠩᠬᠢ᠎ᠶ᠋ᠢᠨ ᠠᠵᠢᠯᠲᠠᠨ ᠶᠤᠸᠠᠢ ᠶᠦᠩ ᠱᠧᠩ 《ᠵᠢᠷ᠎ᠦᠨ ᠠᠵᠢᠯ᠎ᠤᠨ ᠪᠠᠢᠷᠢ ᠳᠡᠭᠡᠷ᠎ᠡ ᠪᠡᠨ ᠵᠢᠷ᠎ᠤᠨ ᠪᠤᠰᠤᠵᠢᠳᠭᠦᠯ ᠭᠠᠷᠭᠠᠶ᠎ᠠ》᠂ ᠪᠤᠭᠤᠲᠤ᠎ᠶ᠋ᠢᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠺᠠᠩ ᠵᠢᠨ ᠱᠢᠶᠠ 《ᠪᠤᠭᠤᠲᠤ᠎ᠶᠢᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ》 ᠵᠡᠷᠭᠡ ᠠᠭᠤᠯᠭ᠎ᠠ᠎ᠶᠢᠨ ᠲᠤᠭᠤᠷᠢᠨ᠎ᠳᠦ ᠲᠤᠰ ᠲᠤᠰ ᠢᠯᠡᠳᠭᠡᠯ ᠬᠢᠵᠦ᠂ ᠲᠤᠬᠠᠶ᠎ᠶ᠋ᠢᠨ ᠲᠠᠯᠠᠪᠠᠢ᠎ᠶᠢᠨ ᠰᠣᠨᠣᠰᠤᠭ᠍ᠴᠢᠳ᠎ᠤᠨ ᠪᠠᠬᠠᠷᠬᠠᠯ ᠬᠦᠷᠢᠶᠡᠯᠡᠯ᠎ᠢ ᠣᠯᠪᠠ᠃
ᠮᠠᠨᠵᠤᠤᠷ ᠬᠤᠳᠠ᠎ᠶ᠋ᠢᠨ ᠶᠦᠨ ᠱᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠯᠢ ᠳ᠋ᠦᠩ ᠱᠢᠤᠸᠠᠢ᠄ 《ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠦᠨᠳᠦᠰᠦᠨ ᠱᠠᠲᠤᠨ᠎ᠳᠤ ᠬᠦᠨᠵᠡᠭᠡᠢᠷᠡᠵᠦ᠂ ᠤᠯᠠᠨ ᠲᠦᠮᠡᠨ ᠲᠠᠢ ᠤᠢᠷᠠᠳᠤᠵᠤ ᠴᠢᠳᠠᠵᠠᠢ᠂ ᠨᠡᠢᠭᠡᠮ ᠲᠣᠭᠣᠷᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠰᠠᠭᠤᠭᠠᠯᠢ ᠠᠷᠠᠳ᠎ᠢᠶᠠᠷ ᠭᠣᠣᠯ ᠪᠣᠯᠭᠠᠵᠤ᠂ ᠤᠭ ᠰᠠᠨᠠᠭ᠎ᠠ᠎ᠪᠠᠷ ᠦᠨᠳᠦᠰᠦ ᠪᠣᠯᠭᠠᠵᠤ᠂ ᠦᠨᠡᠨᠴᠢ ᠱᠢᠳᠤᠷᠭᠤ ᠪᠠᠢᠬᠤ᠎ᠪᠠᠷ ᠰᠦᠭ ᠰᠦᠨᠡᠰᠦ ᠪᠣᠯᠭᠠᠵᠤ᠂ ᠦᠨᠡᠨ ᠪᠣᠳᠠᠲᠠᠢ ᠠᠵᠢᠯᠯᠠᠬᠤ᠎ᠪᠠᠷ ᠭᠣᠣᠯᠳᠠᠯᠭ᠎ᠠ ᠪᠣᠯᠭᠠᠵᠤ᠂ ᠠᠷᠠᠳ ᠲᠦᠮᠡᠨ᠎ᠳᠦ ᠦᠢᠯᠡᠴᠢᠯᠡᠬᠦ᠌ ᠴᠢᠳᠠᠪᠤᠷᠢ ᠪᠠ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ》 ᠭᠡᠵᠦ ᠬᠡᠯᠡᠪᠡ᠃
《ᠨᠠᠮ᠎ᠤᠨ ᠪᠠᠢᠭᠤᠯᠤᠯᠲᠠ᠎ᠶ᠋ᠢᠨ ᠵᠢᠭᠠᠨ ᠵᠢᠯᠣᠭᠣᠳᠣᠭ᠍ᠴᠢ ᠪᠣᠯᠤᠭ᠍ᠰᠠᠨ᠎ᠤ ᠬᠤᠪᠢ᠎ᠳᠤ᠂ ᠪᠢ ᠥᠷᠭᠡᠨ ᠣᠯᠠᠨ ᠨᠠᠮ᠎ᠤᠨ ᠭᠡᠱᠢᠭᠦᠨ ᠣᠯᠠᠨ ᠲᠦᠮᠡᠨ᠎ᠢ ᠬᠦᠳᠦᠯᠦᠨ ᠵᠢᠯᠤᠭᠤᠳᠴᠤ᠂〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ᠎ᠢ ᠳᠠᠭᠤᠷᠢᠰᠬᠠᠵᠦ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠮᠠᠨᠵᠤᠤᠷ ᠬᠣᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠵᠢᠡᠨ ᠨᠡᠮᠡᠷᠢᠯᠡᠨ᠎ᠡ》ᠬᠡᠵᠦ ᠮᠠᠨᠵᠤᠤᠷ ᠬᠣᠲᠠ᠎ᠶ᠋ᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢ ᠵᠢᠯᠣᠭᠣᠳᠭᠤ ᠦᠶ᠋ᠯᠡᠴᠢᠯᠡᠭᠡᠨ᠎ᠦ ᠲᠥᠪ ᠦᠨ ᠨᠠᠮ ᠤᠨ ᠪᠠᠢᠭᠤᠯᠤᠯᠲᠠ ᠶ᠋ᠢᠨ ᠵᠢᠭᠠᠨ ᠵᠢᠯᠣᠭᠣᠳᠣᠭ᠍ᠴᠢ ᠾᠧ ᠱᠢᠨ ᠬᠡᠯᠡᠪᠡ᠃