《ᠡᠨᠡ 10000 ᠮᠦ᠍ ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠨᠢᠭᠡᠨᠲᠡ ᠪᠠᠢᠭᠤᠯᠵᠤ ᠳᠠᠭᠤᠰᠬᠠᠵᠠᠢ᠂ ᠤᠳᠤ ᠬᠠᠪᠤᠷ ᠤ᠋ᠨ ᠲᠠᠷᠢᠶᠠᠯᠠᠭᠠᠵᠢ ᠬᠦᠯᠢᠶᠠᠵᠤ ᠪᠠᠢᠨ᠎ᠠ!》 ᠭᠡᠵᠦ᠍ ᠳ᠋ᠠ ᠶᠦᠩ ᠱᠧᠩ ᠬᠡᠯᠡᠨ᠎ᠠ᠃ ᠲᠡᠭᠦᠨᠦ ᠲᠠᠨᠢᠯᠴᠠᠭᠤᠯᠤᠭ᠍ᠰᠠᠨ ᠵᠢᠡᠷ᠂ ᠲᠣᠰ ᠲᠥᠷᠥᠯ ᠵᠦᠶ᠋ᠯ ᠨᠢ ᠬᠤᠭ ᠤ᠋ᠨ ᠣᠪᠣᠭ᠎ᠠ ᠲᠣᠰᠭᠣᠨ ᠤ᠋ 600 ᠭᠠᠷᠤᠶ ᠡᠷᠦᠬᠡ ᠲᠣᠰᠭᠣᠨ ᠤ᠋ ᠠᠷᠠᠳᠲᠤ ᠬᠣᠯᠪᠣᠭ᠍ᠳᠠᠵᠤ᠂ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ ᠵᠢᠯ ᠤ᠋ᠨ ᠤᠰᠤ ᠠᠷᠪᠢᠯᠠᠬᠤ ᠬᠡᠮᠵᠢᠶ᠎ᠡ ᠨᠢ 80 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠦ᠍᠂ ᠵᠢᠱ᠌ᠢᠯᠲᠡᠪᠡᠷ ᠵᠢᠯ ᠤ᠋ᠨ ᠰᠢᠨ᠎ᠡ ᠪᠡᠷ ᠨᠡᠮᠡᠭᠳᠡᠬᠦ ᠠᠮᠤ ᠪᠤᠳᠠᠭᠠᠨ ᠤ᠋ ᠤᠨᠠᠯᠲᠠ 100 ᠲᠦᠮᠡᠨ ᠺᠢᠯᠣᠭ᠌ᠷᠠᠮᠳᠦ ᠬᠦᠷᠴᠦ᠂ ᠱᠢᠭᠤᠳ ᠠᠱᠢᠭ ᠭᠥᠷᠳᠡᠬᠦ᠌ ᠲᠠᠷᠢᠶᠠᠴᠢᠳ ᠤ᠋ᠨ ᠵᠢᠯ ᠤ᠋ᠨ ᠴᠡᠪᠡᠷ ᠣᠷᠣᠯᠭ᠎ᠠ ᠵᠢᠨ ᠨᠡᠮᠡᠭ᠌ᠳᠡᠯ ᠤ᠋ᠨ ᠶᠡᠷᠦᠩᠬᠡᠶ ᠲᠣᠭ᠎ᠠ ᠨᠢ 280 ᠲᠦᠮᠡᠨ ᠲᠥᠭᠥᠷᠢᠭ ᠪᠠᠢᠵᠦ᠂ ᠲᠣᠰᠭᠣᠨ ᠤ᠋ ᠠᠷᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠥᠲᠥᠭᠡᠨ ᠪᠠᠢᠭᠤᠯᠬᠤ ᠲᠤᠬᠠᠢ ᠶᠡᠬᠡ ᠬᠦᠰᠡᠯ ᠡᠪᠤᠷᠯᠠᠵᠤ ᠪᠠᠢᠨ᠎ᠠ᠃
ᠳ᠋ᠠ ᠶᠦᠩ ᠱᠧᠩ ᠪᠣᠯ ᠪᠤᠭᠤᠲᠤ ᠬᠤᠳᠠ ᠵᠢᠨ ᠵᠢᠦᠶᠤᠸᠠᠨ ᠲᠣᠭᠣᠷᠢᠭ ᠤ᠋ᠨ ᠬᠣᠶᠠᠷ ᠬᠤᠳᠳᠤᠭ ᠪᠠᠯᠭᠠᠰᠤᠨ ᠤ᠋ ᠬᠤᠭ ᠤ᠋ᠨ ᠤᠪᠤᠭ᠎ᠠ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠪᠣᠯᠤᠨ᠎ᠠ᠃ 2023 ᠣᠨᠳᠤ᠂ ᠵᠢᠦᠶᠤᠸᠠᠨ ᠲᠣᠭᠣᠷᠢᠭ ᠬᠤᠭ ᠤ᠋ᠨ ᠣᠪᠣᠭ᠎ᠠ ᠲᠣᠰᠭᠣᠨᠳᠤ 10000 ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠱᠢᠨᠡᠪᠡᠷ ᠪᠠᠢᠭᠤᠯᠵᠤ᠂ ᠲᠥᠷᠥᠯ ᠵᠦᠢᠯ ᠡᠬᠢᠯᠡᠭᠰᠡᠨ ᠡᠴᠡ ᠠᠪᠤᠭᠠᠳ ᠪᠦᠲᠦᠭᠡᠨ ᠪᠠᠢᠭᠤᠯᠵᠦ ᠳᠠᠭᠤᠰᠳᠠᠯ᠎ᠠ ᠲᠡᠷᠡ ᠣᠷᠣᠯᠴᠠᠵᠤ ᠢᠷᠡᠵᠡᠢ᠃
《ᠭᠠᠵᠠᠷ ᠱᠢᠷᠣᠢ ᠪᠣᠯ ᠲᠠᠷᠢᠶᠠᠴᠢᠳ ᠤ᠋ᠨ ᠠᠮᠢᠨ ᠰᠦᠨᠡᠰᠦ ᠮᠥᠨ᠂ ᠨᠠᠮ ᠤ᠋ᠨ ᠰᠠᠢ᠌ᠨ ᠲᠦᠷᠦ᠍ ᠵᠢᠨ ᠪᠤᠳᠤᠯᠭᠠᠳᠤ ᠲᠠᠯᠠᠷᠬᠠᠵᠤ ᠪᠠᠢᠨ᠎ᠠ᠂ ᠪᠢᠳᠡ ᠥᠪᠡᠷ ᠤ᠋ᠨ ᠭᠠᠵᠠᠷ ᠱᠢᠷᠣᠢ ᠳ᠋ᠠᠭᠠᠨ ᠲᠦᠰᠢᠭᠯᠡᠨ ᠵᠢᠷᠭᠠᠯᠳᠦ ᠠᠮᠢᠳᠤᠷᠠᠯᠵᠢᠡᠨ ᠴᠤᠭᠴᠠᠯᠠᠨ᠎ᠠ》 ᠭᠡᠵᠦ ᠳ᠋ᠠ ᠶᠦᠩ ᠱᠧᠩ ᠭᠡᠯᠡᠨ᠎ᠠ᠃ ᠲᠠᠷᠠ᠂ ᠣᠢᠷ᠎ᠠ ᠵᠢᠨ ᠵᠢᠯ ᠡᠴᠡ ᠨᠠᠭᠠᠰᠢ ᠬᠣᠲᠠ ᠣᠷᠣᠵᠤ ᠬᠦᠴᠦ᠍ ᠶᠠᠪᠤᠭ᠍ᠰᠠᠨ᠂ ᠦᠶ᠋ᠯᠡᠰ ᠪᠤᠰᠭᠠᠭᠠᠳ ᠠᠮᠵᠢᠯᠲᠠ ᠣᠯᠤᠭ᠍ᠰᠠᠨ ᠲᠤᠰᠬᠤᠨ ᠤ᠋ ᠲᠠᠷᠢᠶᠠᠴᠢᠨ ᠣᠯᠠᠨ ᠭᠡᠳᠡᠭ ᠪᠣᠯᠪᠠᠴᠤ᠌ ᠤᠯᠠᠡᠭᠬᠢ ᠨᠢ ᠮᠥᠨ ᠯᠡ ᠨᠤᠲᠤᠭ ᠤᠰᠤᠨᠠᠴᠠ ᠪᠡᠨ ᠰᠠᠯᠵᠤ ᠶᠠᠳᠠᠵᠤ ᠪᠠᠢᠨ᠎ᠠ ᠭᠡᠵᠤ ᠲᠠᠨᠢᠯᠴᠠᠭᠤᠯᠵᠤ ᠭᠠᠷᠤᠯ᠎ᠠ᠃
ᠵᠢᠦᠶᠤᠸᠠᠨ ᠲᠣᠭᠣᠷᠢᠭ ᠤ᠋ᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠵᠢᠨ ᠳᠡᠳ᠋ ᠳᠠᠷᠤᠭ᠎ᠠ ᠯᠢᠦᠶ ᠴᠦᠨ ᠷᠦᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢ ᠴᠢᠨᠠᠷ ᠰᠠᠢᠲᠠᠶ ᠥᠨᠳᠥᠷ ᠪᠦᠲᠦᠮᠵᠢᠲᠡᠶ ᠠᠬᠢᠭᠤᠯᠬᠤ ᠵᠢ ᠦᠨᠡᠨ ᠬᠦ᠌ ᠪᠠᠲᠤᠯᠠᠵᠤ᠂ ᠤᠰᠤᠯᠠᠯᠳᠠᠵᠢᠨ ᠴᠠᠭ ᠪᠠ ᠬᠦᠴᠦ ᠵᠠᠷᠤᠴᠠᠭᠤᠯᠬᠤ᠂ ᠤᠰᠤ ᠪᠣᠷᠲᠣᠭᠣᠷ ᠤ᠋ᠨ ᠡᠬᠢ ᠪᠠᠶᠠᠯᠢᠭ ᠢ᠋ ᠪᠦᠷᠢᠯᠭᠡᠨ ᠰᠦᠶ᠋ᠳᠭᠡᠬᠦ᠌ ᠠᠰᠠᠭᠤᠳᠠᠯ ᠢ᠋ ᠱᠢᠶ᠋ᠳᠪᠦᠷᠢᠯᠡᠬᠦ᠌ ᠵᠢᠨ ᠲᠥᠯᠥᠭᠡ᠂ ᠪᠤᠭᠤᠲᠤ ᠬᠣᠲᠠ ᠵᠢᠨ ᠵᠢᠦᠶᠤᠸᠠᠨ ᠲᠣᠭᠣᠷᠢᠭ ᠳᠡᠭᠡᠳᠦ ᠱᠠᠲᠤᠨ ᠤ᠋ ᠪᠠᠯᠠ ᠮᠥᠩᠭᠥ ᠵᠢ ᠢᠳᠡᠪᠬᠢᠲᠡᠶ ᠲᠡᠮᠡᠴᠡᠨ ᠣᠯᠵᠤ᠂ 1632 ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ ᠬᠤᠭ ᠤ᠋ᠨ ᠣᠪᠣᠭ᠎ᠠ ᠲᠣᠰᠭᠣᠨᠳᠤ ᠡᠯᠡᠰᠦ ᠲᠤᠩᠭᠠᠬᠤ ᠴᠥᠭᠥᠷᠥᠮ 4᠂ ᠤᠰᠤ ᠪᠣᠷᠲᠣᠭᠣᠷ ᠢ᠋ ᠨᠢᠭᠡ ᠴᠤᠭ᠍ᠴᠠᠵᠢᠭᠤᠯᠤᠭ᠍ᠰᠠᠨ ᠤᠰᠤ ᠬᠠᠩᠭᠠᠬᠤ ᠬᠥᠭᠡᠷᠭᠡ ᠵᠢᠨ ᠥᠷᠲᠡᠭᠡ 5᠂ ᠲᠠᠷᠢᠶᠠᠨ ᠳᠤᠮᠳᠠᠬᠢ ᠤᠰᠤᠯᠠᠯᠳᠠ ᠶ᠋ᠢᠨ ᠴᠤᠷᠭᠤ 1991 ᠵᠢ ᠪᠠᠢᠭᠤᠯᠵᠠᠢ᠂ ᠬᠠᠲᠤᠨ ᠭᠤᠤᠯ ᠤ᠋ᠨ ᠤᠰᠤ ᠵᠢ ᠠᠱᠢᠭ᠍ᠯᠠᠨ ᠤᠰᠤ ᠬᠠᠩᠭᠠᠬᠤ ᠤᠰᠤᠨ ᠰᠤᠷᠪᠤᠯᠵᠢ ᠪᠣᠯᠭᠠᠵᠤ᠂ ᠤᠰᠤ ᠪᠣᠷᠲᠣᠭᠣᠷ ᠢ᠋ ᠠᠷᠪᠢᠯᠠᠬᠤ᠂ ᠤᠨᠠᠯᠲᠠ ᠵᠢ ᠨᠡᠮᠡᠭ᠌ᠳᠡᠭᠦᠯᠤᠨ ᠬᠦᠮᠦᠨ ᠤ᠋ ᠬᠦᠴᠦ ᠠᠷᠪᠢᠯᠠᠬᠤ ᠤᠰᠤ ᠪᠣᠷᠲᠣᠭᠣᠷ ᠢ᠋ ᠨᠢᠭᠡ ᠴᠤᠭ᠍ᠴᠠᠵᠢᠭᠤᠯᠤᠨ ᠤᠰᠤᠯᠠᠬᠤ ᠵᠢ ᠦᠨᠡᠨ ᠬᠦ᠌ ᠪᠡᠶᠡᠯᠡᠭᠦᠯᠵᠦ᠍᠂ ᠲᠤᠰᠬᠤᠨ ᠤ᠋ ᠠᠷᠠᠳ ᠢ᠋ ᠤᠯᠠᠨ ᠵᠢᠯ ᠭᠠᠴᠢᠭᠳᠠᠭᠤᠯᠵᠦ ᠪᠠᠢᠭᠰᠠᠨ ᠬᠦᠴᠢᠷ ᠠᠰᠠᠭᠤᠳᠠᠯᠢ ᠦᠨᠡᠨ ᠬᠦ᠌ ᠰᠢᠢᠳᠪᠦᠷᠢᠯᠡᠪᠡ ᠭᠡᠯ᠎ᠠ᠃
ᠣᠳᠣᠬᠠᠨᠳᠤ᠂ ᠵᠢᠦᠶᠤᠸᠠᠨ ᠲᠤᠭᠤᠷᠢᠭ ᠤ᠋ᠨ ᠲᠠᠷᠢᠶᠠᠨ ᠭᠠᠵᠠᠷ 35 .8 ᠲᠦᠮᠡᠨ ᠮᠥ᠍᠂ ᠦᠨᠳᠦᠰᠦᠨ ᠲᠠᠷᠢᠶᠠᠨ ᠭᠠᠵᠠᠷ 25 .5 ᠲᠦᠮᠡᠨ ᠮᠥ᠍ ᠪᠠᠢᠵᠤ᠂ ᠣᠢᠷ᠎ᠠ ᠵᠢᠨ ᠵᠢᠯ ᠳ᠋ᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠨᠡᠢᠲᠡ 22 .72 ᠲᠦᠮᠡᠨ ᠮᠥ᠍ ᠪᠠᠢᠭᠤᠯᠵᠤ᠂ ᠵᠢᠦᠶᠤᠸᠠᠨ ᠲᠤᠭᠤᠷᠢᠭ ᠤ᠋ᠨ ᠦᠨᠳᠦᠰᠦᠨ ᠲᠠᠷᠢᠶᠠᠨ ᠭᠠᠵᠠᠷ ᠤ᠋ᠨ ᠲᠠᠯᠠᠪᠠᠶ ᠵᠢᠨ 89% ᠵᠢ ᠡᠵᠡᠯᠡᠪᠡ᠃
《ᠢᠷᠡᠬᠦ᠌ ᠬᠣᠶᠠᠷ ᠵᠢᠯ ᠳ᠋ᠦ᠂ ᠵᠢᠦᠶᠤᠸᠠᠨ ᠲᠤᠭᠤᠷᠢᠭ ᠤ᠋ᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠢ᠋ 16 ᠲᠦᠮᠡᠨ ᠮᠥ᠍ ᠬᠡᠷᠡᠭ᠌ᠵᠢᠭᠦᠯᠬᠦ᠌ᠪᠡᠷ ᠲᠥᠯᠥᠪᠯᠡᠵᠦ᠍ ᠪᠣᠶ᠂ ᠡᠭᠦᠨ ᠳ᠋ᠦ 1 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠱᠢᠨᠡᠪᠡᠷ ᠪᠠᠢᠭᠤᠯᠵᠤ᠂ 15 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠥᠭᠡᠷᠡᠴᠢᠯᠡᠨ ᠳᠡᠰ ᠳᠡᠪᠰᠢᠬᠦᠯᠵᠦ᠂ ᠪᠦᠬᠦᠨ ᠢ᠋ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠣᠯᠭᠠᠨ᠎ᠠ᠃ ᠲᠥᠷᠥᠯ ᠵᠦᠶ᠋ᠯ ᠢ᠋ ᠬᠡᠷᠡᠭ᠌ᠵᠢᠭᠦᠯᠦᠭ᠌ᠰᠡᠨᠦ ᠳᠠᠷᠠᠭ᠎ᠠ᠂ ᠵᠢᠱ᠌ᠢᠯᠲᠡᠪᠡᠷ ᠵᠢᠯ ᠳ᠋ᠦ 1200 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠠᠷᠪᠢᠯᠠᠵᠤ᠂ ᠮᠥ᠍ ᠪᠦᠷᠢ ᠵᠢᠨ ᠳᠤᠮᠳᠠᠴᠢ ᠣᠷᠣᠯᠭ᠎ᠠ ᠵᠢ 300 ᠲᠥᠭᠥᠷᠢᠭ ᠨᠡᠮᠡᠭ᠌ᠳᠡᠬᠦᠯᠦᠨᠡ》 ᠭᠡᠵᠦ᠍ ᠯᠢᠦᠶ ᠴᠦᠨ ᠷᠦᠩ ᠬᠡᠯᠡᠵᠦ ᠪᠠᠢᠯ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢ ᠶᠡᠬᠡᠪᠡᠷ ᠠᠬᠢᠭᠤᠯᠬᠤ ᠪᠣᠯ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠵᠢ ᠬᠡᠷᠡᠭ᠌ᠵᠢᠭᠦᠯᠬᠦ᠌ ᠵᠢᠨ ᠴᠢᠬᠤᠯᠠ ᠰᠠᠭᠤᠷᠢ ᠮᠥᠨ᠂ ᠪᠠᠰᠠ ᠴᠤ᠌ ᠠᠮᠤ ᠪᠤᠳᠠᠭᠠᠨ ᠤ᠋ ᠠᠮᠤᠷ ᠲᠦᠪᠱᠢᠨᠦ ᠰᠠᠭᠤᠷᠢ ᠵᠢ ᠪᠡᠬᠢᠵᠢᠭᠦᠯᠬᠦ᠌᠂ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠬᠥᠮᠦᠨ ᠲᠠᠷᠢᠶᠠᠨ ᠭᠠᠵᠠᠷ ᠢ᠋ ᠬᠥᠰᠡᠷᠳᠡᠭᠦᠯᠳᠡᠭ ᠦᠭᠡᠢ ᠯᠠ ᠶᠤᠮ ᠪᠤᠯ ᠲᠠᠷᠢᠶᠠᠨ ᠭᠠᠵᠠᠷ ᠯᠠᠪᠳᠠᠢ ᠬᠥᠮᠦᠨ ᠢ᠋ ᠬᠥᠰᠡᠷᠳᠡᠭᠦᠯᠬᠦ᠌ ᠦᠭᠡᠢ᠂ ᠲᠠᠷᠢᠶᠠᠨ ᠭᠠᠵᠠᠷ ᠤ᠋ᠨ ᠪᠠᠷᠢᠮᠵᠢᠶ᠎ᠠ ᠵᠢ ᠳᠡᠭᠡᠭ᠌ᠰᠢᠯᠡᠭᠦᠯᠪᠡᠯ ᠰᠠᠶᠢ ᠨᠡᠩ ᠦᠨᠳᠦᠷ ᠠᠰᠢᠭ ᠤᠷᠤᠯᠭᠠᠵᠢ ᠡᠭᠦᠳᠴᠦ ᠴᠢᠳᠠᠨ᠎ᠠ᠃