ᠲᠢᠩ·ᠪᠠᠭᠠᠲᠤᠷ᠄ ᠱᠢᠷᠭᠠᠭᠤ ᠪᠣᠳᠠᠲᠠᠶ ᠠᠵᠢᠯᠯᠠᠵᠤ ᠠᠷᠠᠳ ᠤᠯᠠᠨ ᠢ᠋ ᠨᠢᠭᠳᠠᠷᠠᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠵᠤ ᠬᠠᠮᠲᠤ ᠪᠠᠷ ᠪᠠᠶᠠᠵᠢᠬᠤ ᠵᠠᠮ᠎ᠢ ᠲᠡᠪᠢᠰᠦᠨᠠ

ᠡᠪᠦᠯ ᠤ᠋ᠨ ᠬᠠᠬᠢᠷᠬᠦᠢᠳᠡᠨ ᠳ᠋ᠤ᠂ ᠣᠯᠠᠩᠬᠢ ᠮᠠᠯᠴᠢᠳ ᠮᠠᠯ ᠰᠥᠷᠥᠭ ᠵᠢᠠᠨ ᠬᠦᠴᠦ᠍ ᠲᠠᠷᠭᠤ ᠲᠠᠢ ᠪᠤᠯᠭᠠᠬᠤ ᠵᠢᠨ ᠲᠥᠯᠥᠭᠡ ᠵᠣᠪᠠᠵᠤ ᠪᠠᠢᠬᠤ᠎ᠳᠤ ᠲᠢᠩ·ᠪᠠᠭᠠᠲᠤᠷ᠎ᠤᠨ ᠬᠢᠨ ᠬᠠᠷᠢᠨ ᠲᠤᠭᠤᠯᠲᠤᠰᠪᠠ᠃《ᠦᠬᠡᠷ᠎ᠠ ᠠᠢᠯ᠎ᠳᠤ ᠠᠪᠴᠤ ᠬᠡᠯᠡᠪᠡᠯ ᠰᠤᠨᠢᠨ ᠰᠤᠨᠤᠰᠬᠠᠯ ᠮᠠᠭᠠᠳ᠂ ᠭᠡᠪᠡᠴᠦ᠍ ᠲᠢᠩ ᠱᠦᠵᠢ᠎ᠶ᠋ᠢᠨ ᠬᠢᠨ ᠳ᠋ᠤ᠌ ᠪᠤᠯ ᠡᠨᠡ᠎ᠨᠢ ᠡᠩ᠎ᠦᠨ ᠤᠴᠢᠷ ᠶᠤᠮ》᠃ ᠠᠪᠠᠭ᠎ᠠ ᠬᠣᠱᠢᠭᠤᠨ᠎ᠤ ᠬᠣᠩᠭᠣᠷᠭᠤᠤᠯ ᠪᠠᠯᠭᠠᠰᠤᠨ᠎ᠤ ᠰᠠᠷᠠᠭᠤᠯᠲᠤᠶᠠᠭ᠎ᠠ ᠭᠠᠴᠠᠭᠠᠨ᠎ᠤ ᠮᠠᠯᠴᠢᠳ ᠲᠢᠩ·ᠪᠠᠭᠠᠲᠤᠷ᠎ᠤᠨ ᠡᠭᠦᠳᠦᠭᠰᠡᠨ ᠮᠠᠰᠢ ᠣᠯᠠᠨ ᠭᠠᠢᠬᠠᠮᠱᠢᠭ ᠢ᠋ ᠪᠦᠷ ᠰᠤᠨᠢᠭᠤᠴᠢᠯᠠᠬᠤ ᠪᠡᠨ ᠪᠤᠯᠢᠵᠤ ᠲᠠᠰᠴᠢᠬᠠᠭᠰᠠᠠ ᠶᠤᠮ᠃
ᠲᠠᠯ᠎ᠠ ᠨᠤᠲᠤᠭ᠎ᠲᠤ ᠦᠨᠳᠦᠰᠦᠯᠡᠭᠰᠡᠨ 50 ᠵᠢᠯ᠎ᠦᠨ ᠲᠤᠷᠰᠢ᠂ ᠲᠢᠩ·ᠪᠠᠭᠠᠲᠤᠷ ᠶᠡᠷᠦ᠍ ᠨᠢ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠨ᠂ ᠴᠤᠴᠠᠯᠲᠠ ᠥᠬᠡᠶ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠬᠥᠷᠬᠥ᠌ ᠥᠬᠡᠶ ᠪᠣᠯ ᠶᠠᠭᠠᠬᠢᠭ᠍ᠰᠠᠨ ᠴᠤ᠌ ᠵᠣᠭ᠍ᠰᠣᠬᠤ ᠥᠬᠡᠶ ᠪᠠᠢᠵᠤ᠂ ᠮᠠᠯᠴᠢᠳ᠎ᠢᠶᠠᠨ ᠳᠠᠭᠠᠭᠤᠯᠤᠨ ᠬᠠᠮᠲᠤ᠎ᠪᠠᠷ ᠪᠠᠶᠠᠵᠢᠵᠤ᠂ ᠠᠯᠢ ᠣᠯᠠᠨ ᠭᠠᠢᠬᠠᠮᠱᠢᠭ᠎ᠢ ᠡᠭᠦᠳᠦᠭ᠌ᠰᠡᠨ ᠪᠠᠢᠨ᠎ᠠ ᠁
1974 ᠣᠨ᠎ᠳᠤ᠂ 19 ᠨᠠᠰᠤᠲᠠᠶ ᠲᠢᠩ·ᠪᠠᠭᠠᠲᠤᠷ ᠲᠠᠯ᠎ᠠ ᠨᠤᠲᠤᠭ᠎ᠤ᠋ᠨ《ᠵᠣᠴᠢᠨ》ᠪᠠᠢᠪᠠ᠃ ᠲᠠᠨᠢᠯ ᠪᠤᠰᠤ ᠣᠷᠴᠢᠨ ᠲᠣᠭᠣᠷᠢᠨ᠎ᠳᠤ᠂ ᠰᠤᠷᠬᠤ ᠳᠤᠷᠠᠲᠠᠶ ᠲᠢᠩ·ᠪᠠᠭᠠᠲᠤᠷ ᠰᠡᠳᠭᠢᠯ ᠳᠡᠯᠪᠢᠨ ᠲᠠᠯ᠎ᠠ ᠨᠤᠲᠤᠭ᠎ᠲᠤ ᠠᠭᠤᠰᠤᠯᠴᠠᠨ ᠮᠠᠯᠴᠢᠳ᠎ᠲᠠᠶ ᠣᠢᠷᠠᠲᠤᠵᠤ᠂ ᠬᠣᠶᠠᠷ ᠵᠢᠯ᠎ᠦᠨ ᠳᠣᠲᠣᠷ᠎ᠠ ᠬᠠᠱᠢᠷ ᠲᠤᠷᠱᠢᠯᠭ᠎ᠠ᠎ᠲᠠᠶ ᠮᠠᠯᠴᠢᠨ ᠪᠣᠯᠤᠭ᠍ᠰᠠᠨ ᠪᠠᠢᠨ᠎ᠠ᠃ ᠭᠠᠴᠠᠭ᠎ᠠ᠎ᠡᠴᠡ ᠲᠡᠭᠦᠨ᠎ᠢᠶᠡᠷ ᠴᠠᠭᠠᠨ ᠢᠳᠡᠭᠡᠨ᠎ᠦ ᠦᠶ᠋ᠯᠡᠳᠪᠦᠷᠢ ᠡᠵᠡᠩᠨᠡᠭᠦᠯᠦᠭᠰᠡᠨ ᠳ᠋ᠤ᠂ ᠲᠡᠷᠡ ᠡᠭᠦᠳᠡ᠎ᠪᠡᠨ ᠬᠠᠭᠠᠬᠤ ᠱᠢᠬᠠᠭ᠍ᠰᠠᠨ ᠴᠠᠭᠠᠨ ᠢᠳᠡᠭᠡᠨ᠎ᠦ ᠦᠶ᠋ᠯᠡᠳᠪᠦᠷᠢ ᠵᠢ ᠨᠢᠬᠡᠯᠬᠡᠨ ᠵᠢᠯ᠎ᠳᠤ 5 ᠲᠦᠮᠡᠨ ᠲᠥᠭᠥᠷᠢᠭ᠎ᠦᠨ ᠠᠱᠢᠭ ᠤᠯᠵᠠᠪᠤᠷᠢ ᠲᠠᠢ ᠪᠤᠯᠭᠠᠵᠤ᠂ ᠲᠠᠯ᠎ᠠ ᠨᠤᠲᠤᠭ᠎ᠲᠤ ᠢᠷᠡᠭ᠌ᠰᠡᠨ᠎ᠦ ᠳᠠᠷᠠᠭᠠᠬᠢ ᠠᠩᠬᠠᠳᠠᠭ᠍ᠴᠢ ᠭᠠᠢᠬᠠᠮᠱᠢᠭ᠎ᠢ ᠡᠭᠦᠳᠦᠭ᠌ᠰᠡᠨ᠎ᠢᠶᠡᠷ ᠪᠠᠷᠠᠬᠤ ᠥᠬᠡᠶ ᠪᠠᠰᠠ ᠮᠠᠯᠴᠢᠳ᠎ᠤᠨ ᠢᠲᠡᠭᠡᠯ᠎ᠢ ᠣᠯᠤᠭ᠍ᠰᠠᠨ ᠪᠠᠢᠨ᠎ᠠ᠃
1983 ᠣᠨ᠎ᠡᠴᠡ ᠡᠬᠢᠯᠡᠨ᠂ ᠮᠠᠯᠵᠢᠬᠤ ᠣᠷᠣᠨ᠎ᠳᠤ ᠮᠠᠯ ᠪᠡᠯᠴᠢᠭᠡᠷ᠎ᠤᠨ ᠬᠣᠣᠰ ᠳᠠᠭᠠᠭᠠᠴᠢᠯᠠᠯᠲᠠ᠎ᠶ᠋ᠢᠨ ᠲᠦᠷᠢᠮ᠎ᠢ ᠡᠬᠢᠯᠡᠨ ᠬᠡᠷᠡᠭ᠌ᠵᠢᠭᠦᠯᠵᠦ᠍᠂ 《ᠨᠠᠳᠠ ᠳ᠋ᠤ ᠨᠤᠭᠳᠠᠭᠰᠠᠨ ᠨᠤᠲᠤᠭ ᠪᠡᠯᠴᠢᠭᠡᠷ ᠨᠢ ᠪᠤᠰᠤᠳ᠎ᠤᠨ ᠰᠤᠩᠭᠤᠵᠤ ᠦᠯᠡᠳᠡᠭᠰᠡᠨ ᠨᠤᠳᠤᠭ ᠪᠡᠯᠴᠢᠭᠡᠷ ᠮᠦᠷᠳᠡᠬᠡᠨ ᠡᠪᠡᠰᠦ ᠪᠡᠯᠴᠢᠭᠡᠷ ᠰᠡᠢᠷᠡᠭ ᠪᠠᠢᠵᠦ᠂ ᠡᠯᠡᠰᠦᠷᠭᠡᠭᠵᠢᠭᠰᠡᠨ ᠪᠠᠢᠪᠠ; ᠬᠤᠪᠢᠶᠠᠵᠤ ᠣᠯᠤᠭ᠍ᠰᠠᠨ ᠮᠠᠯ ᠪᠠᠰᠠ ᠬᠠᠮᠤᠭ ᠤ᠋ᠨ ᠡᠴᠡᠩᠬᠡᠶ ᠲᠠᠷᠭᠤ ᠮᠠᠭᠤᠳᠠᠢ᠂ ᠲᠡᠬᠡᠬᠡᠳ ᠳᠠᠷᠠᠭ᠎ᠠ ᠵᠢᠯ ᠳ᠋ᠤᠨᠢ ᠬᠠᠭᠠᠰ ᠨᠢ ᠦᠬᠦᠬᠡᠳ᠂ ᠪᠢ ᠰᠠᠨᠳᠤᠷᠤᠭᠠᠳ ᠤᠬᠢᠯᠠᠵᠤ ᠪᠠᠢᠭᠰᠠᠠ》 ᠬᠡᠵᠤ ᠲᠢᠩ·ᠪᠠᠭᠠᠲᠤᠷ᠎ᠤᠨ ᠡᠬᠡᠨᠡᠷ ᠡᠷᠳᠡᠨᠢᠴᠢᠮᠡᠭ ᠤᠯᠠᠨ ᠵᠢᠯ᠎ᠦᠨ ᠡᠮᠦᠨᠡᠬᠢ ᠤᠴᠢᠷ᠎ᠢ ᠣᠳᠣ ᠪᠣᠯᠲᠠᠯ᠎ᠠ ᠲᠣᠪ ᠲᠣᠳᠣᠬᠠᠨ ᠴᠡᠭᠡᠵᠢᠯᠡᠭ᠌ᠰᠡᠭᠡᠷ᠃
ᠬᠣᠵᠢᠮ ᠨᠢ ᠲᠢᠩ·ᠪᠠᠭᠠᠲᠤᠷ 《ᠬᠣᠨᠢ᠎ᠶ᠋ᠢ ᠴᠥᠭᠡᠳᠭᠡᠨ ᠦᠬᠡᠷ᠎ᠢ ᠨᠡᠮᠡᠭ᠌ᠳᠡᠭᠦᠯᠵᠦ》᠂ ᠱᠢᠨᠵᠢᠯᠡᠬᠦ᠌ ᠤᠬᠠᠭᠠᠨᠴᠢ᠎ᠪᠠᠷ ᠮᠠᠯ ᠮᠠᠯᠵᠢᠬᠤ ᠪᠠᠶᠠᠵᠢᠯ᠎ᠤᠨ ᠵᠠᠮ᠎ᠢᠶᠠᠷ ᠵᠠᠮᠨᠠᠭ᠍ᠰᠠᠨ᠎ᠢᠶᠠᠷ ᠪᠠᠷᠠᠬᠤ ᠥᠬᠡᠶ ᠪᠠᠰᠠ ᠨᠡᠷᠡᠳᠡᠢ 《ᠲᠤᠭᠤᠷᠠᠶ᠎ᠶ᠋ᠢᠨ ᠣᠨᠣᠯ》 ᠢ᠋ ᠳ᠋ᠦᠩᠨᠡᠨ ᠭᠠᠷᠭᠠᠵᠠᠶ᠄ 1 ᠦᠬᠡᠷ ᠲᠦᠷᠪᠡᠭᠡᠨ ᠱᠢᠭᠢᠷᠡᠲᠡᠶ᠂ 5 ᠬᠣᠨᠢ ᠬᠠᠷᠢᠨ 20 ᠱᠢᠭᠢᠷᠡᠲᠡᠶ᠃ ᠡᠭᠦᠨ ᠳ᠋ᠤ 5 ᠬᠣᠨᠢᠨ᠎ᠤ ᠨᠤᠲᠤᠭ ᠪᠡᠯᠴᠢᠭᠡᠷ᠎ᠢ ᠡᠪᠳᠡᠬᠦ᠎ᠨᠢ 1 ᠦᠬᠡᠷ᠎ᠡᠴᠡ ᠬᠣᠯᠠ ᠳᠠᠪᠠᠬᠤ ᠪᠣᠯᠪᠠᠴᠤ᠌ ᠦᠷ᠎ᠡ ᠠᠱᠢᠭ᠎ᠨᠢ ᠬᠠᠷᠢᠨ 1 ᠦᠬᠡᠷ ᠲᠡᠵᠢᠭᠡᠭᠰᠡᠨᠢ ᠬᠥᠷᠬᠥ᠌ ᠥᠬᠡᠶ ᠶᠤᠮ᠃ ᠦᠬᠡᠷ ᠲᠡᠵᠢᠭᠡᠬᠦ᠌ ᠨᠢ ᠨᠤᠲᠤᠭ ᠪᠡᠯᠴᠢᠭᠡᠷ᠎ᠢ ᠬᠠᠮᠠᠭᠠᠯᠠᠬᠤ ᠮᠥᠷᠲᠡᠭᠡᠨ ᠪᠠᠰᠠ ᠬᠥᠳᠡᠯᠮᠦᠷᠢᠯᠡᠬᠦ ᠡᠷᠴᠢᠮ᠎ᠢ ᠬᠥᠩᠭᠡᠷᠡᠭᠦᠯᠵᠦ᠍᠂ ᠣᠷᠣᠯᠭ᠎ᠠ᠎ᠶ᠋ᠢ ᠬᠠᠰᠤᠭ᠍ᠳᠠᠭᠤᠯᠬᠤ ᠦᠭᠡᠶ ᠬᠠᠷᠢᠨ ᠨᠡᠮᠡᠭ᠌ᠳᠡᠭᠦᠯᠦᠨ᠎ᠡ᠃
1993 ᠣᠨ᠎ᠳᠤ᠂ ᠲᠢᠩ·ᠪᠠᠭᠠᠲᠤᠷ ᠰᠠᠷᠠᠭᠤᠯᠳᠤᠶᠠᠭ᠎ᠠ ᠭᠠᠴᠠᠭᠠᠨ᠎ᠤ ᠨᠠᠮ᠎ᠤᠨ ᠡᠭᠦᠷ᠎ᠦᠨ ᠱᠦᠵᠢ᠎ᠪᠡᠷ ᠰᠣᠩᠭᠣᠭ᠍ᠳᠠᠪᠠ᠂ ᠲᠡᠷᠡ ᠮᠠᠯᠴᠢᠳ ᠵᠢᠡᠨ ᠬᠥᠲᠥᠯᠥᠨ ᠲᠠᠭᠠᠭᠤᠯᠵᠤ ᠬᠣᠨᠢ᠎ᠶ᠋ᠢ ᠴᠥᠭᠡᠳᠭᠡᠨ ᠦᠬᠡᠷ᠎ᠢ ᠨᠡᠮᠡᠭ᠌ᠳᠡᠭᠦᠯᠪᠡ᠂ ᠱᠢᠮᠧᠨ᠋ᠲᠡᠷ ᠦᠬᠡᠷ᠎ᠢ ᠤᠷᠤᠭᠤᠯᠤᠨ ᠨᠤᠳᠤᠭ᠎ᠤᠨ ᠦᠬᠡᠷ᠎ᠲᠠᠢ ᠡᠷᠯᠢᠰᠡᠵᠢᠭᠦᠯᠵᠦ᠍᠂ ᠥᠨᠳᠥᠷ ᠭᠠᠷᠤᠯᠲᠠ᠎ᠲᠠᠶ ᠴᠢᠨᠠᠷ ᠰᠠᠢᠲᠠᠶ ᠦᠨᠢᠶ᠎ᠡ᠎ᠶ᠋ᠢ ᠪᠣᠢᠵᠢᠭᠤᠯᠵᠤ᠂ 《ᠴᠥᠭᠡᠨ ᠲᠡᠵᠢᠭᠡᠵᠦ᠍ ᠨᠠᠷᠢᠯᠢᠭ ᠠᠷᠠᠴᠢᠯᠠᠬᠤ》 ᠪᠠᠷ ᠳᠠᠮᠵᠢᠭᠤᠯᠤᠨ ᠠᠮᠢ ᠠᠬᠤᠶ᠎ᠪᠠᠨ ᠰᠡᠷᠭᠦᠭᠡᠵᠦ᠍᠂ ᠣᠷᠣᠯᠭ᠎ᠠ ᠨᠢ ᠨᠡᠮᠡᠭ᠌ᠳᠡᠪᠡ᠃ ᠲᠡᠷᠡ ᠮᠠᠯᠴᠢᠳ᠎ᠢᠶᠠᠨ ᠳᠠᠭᠠᠭᠤᠯᠤᠨ ᠴᠠᠭᠠᠨ ᠢᠳᠡᠭᠡ᠂ ᠬᠠᠳᠠᠭᠠᠭ᠍ᠰᠠᠨ ᠮᠢᠬ᠎ᠠ ᠡᠳ᠋ᠱᠢᠭᠦᠯᠦᠨ ᠪᠣᠷᠣᠯᠠᠭᠤᠯᠬᠤ᠂ ᠮᠠᠯᠴᠢᠳ᠎ᠤᠨ ᠬᠡᠷ ᠪᠦᠯᠢ᠎ᠶ᠋ᠢᠨ ᠵᠢᠭᠤᠯᠴᠢᠯᠠᠯ᠂ ᠠᠮᠢ ᠠᠬᠤᠶ᠎ᠶ᠋ᠢᠨ ᠵᠢᠭᠠᠰᠤ ᠲᠡᠵᠢᠭᠡᠬᠦ᠌ ᠵᠡᠷᠭᠡ᠎ᠶ᠋ᠢ ᠬᠥᠭ᠌ᠵᠢᠭᠦᠯᠵᠦ᠍᠂ ᠮᠠᠯᠴᠢᠳ᠎ᠤᠨ ᠵᠢᠡᠨ ᠣᠷᠣᠯᠭ᠎ᠠ᠎ᠶ᠋ᠢᠨ ᠢᠷᠡᠯᠲᠡ᠎ᠶ᠋ᠢ ᠥᠷᠭᠡᠳᠭᠡᠪᠡ᠃
2001 ᠣᠨ᠎ᠳᠤ᠂ ᠠᠪᠠᠭ᠎ᠠ ᠬᠣᠱᠢᠭᠤ ᠬᠣᠪᠣᠷ ᠲᠣᠬᠢᠶᠠᠯᠳᠤᠬᠤ ᠴᠠᠰᠤᠨ ᠵᠤᠳ᠎ᠲᠤ ᠳᠠᠭᠠᠷᠢᠭ᠍ᠳᠠᠵᠤ᠂ ᠲᠢᠩ·ᠪᠠᠭᠠᠲᠤᠷ ᠬᠦᠷᠵᠡ ᠪᠠ ᠬᠣᠶᠠᠷ ᠭᠠᠷ᠎ᠢᠶᠠᠷ᠎ᠢᠶᠠᠨ 《ᠴᠠᠰᠤᠨ ᠵᠠᠮ》ᠨᠡᠭᠡᠭᠡᠵᠦ᠍᠂ ᠭᠠᠴᠠᠭᠠᠨ᠎ᠤ 83 ᠡᠷᠦᠬᠡ ᠮᠠᠯᠴᠢᠨ᠎ᠤ ᠭᠡᠷ ᠵᠢᠡᠷ ᠡᠷᠭᠢᠨ ᠦᠵᠡᠵᠦ᠂ ᠨᠢᠭᠡ ᠬᠡᠷ᠎ᠡᠴᠡ ᠨᠥᠭᠥᠭᠡ ᠬᠡᠷ ᠬᠦᠷᠲᠡᠯ᠎ᠡ ᠬᠠᠮᠤᠭ᠎ᠤᠨ ᠬᠣᠯᠠ᠎ᠳᠠᠭᠠᠨ 80 ᠭᠠᠷᠤᠶ ᠺᠢᠯᠣᠮᠧᠲ᠋ᠷ ᠶᠠᠪᠤᠵᠤ᠂ ᠨᠠᠮ᠎ᠤᠨ ᠬᠠᠢᠷ᠎ᠠ ᠬᠠᠯᠠᠮᠵᠢ᠎ᠶ᠋ᠢ ᠮᠠᠯᠴᠢᠨ ᠡᠷᠦᠬᠡ ᠨᠢᠭᠡ ᠪᠦᠷᠢᠳᠦ ᠬᠦᠷᠭᠡᠭᠰᠡᠡ ᠪᠠᠢᠨ᠎ᠠ᠃
30 ᠭᠠᠷᠤᠶ ᠵᠢᠯ᠎ᠦᠨ ᠦᠶ᠋ᠯᠡᠳᠦᠯᠭᠡ ᠪᠣᠯᠤᠨ ᠲᠡᠮᠡᠴᠡᠯ᠎ᠢᠶᠡᠷ ᠳᠡᠮᠵᠢᠨ᠂ ᠲᠢᠩ·ᠪᠠᠭᠠᠲᠤᠷ ᠠᠵᠤ ᠠᠬᠤᠶ ᠪᠣᠯᠤᠨ ᠠᠮᠢ ᠠᠬᠤᠶ᠎ᠶ᠋ᠢᠨ ᠦᠷ᠎ᠡ ᠠᠱᠢᠭ᠎ᠤᠨ ᠬᠠᠮᠤᠭ᠎ᠤᠨ ᠰᠠᠢᠨ ᠲᠡᠩᠴᠡᠭᠦᠷᠢ᠎ᠶ᠋ᠢᠨ ᠴᠡᠭ᠎ᠢ ᠡᠷᠢᠵᠦ᠍ ᠣᠯᠪᠠ᠃ ᠣᠳᠣᠬᠠᠨ᠎ᠳᠤ᠂ ᠲᠡᠳᠡᠨ᠎ᠦ ᠨᠤᠲᠤᠭ ᠪᠡᠯᠴᠢᠭᠡᠷ ᠨᠢ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠤᠨ ᠬᠠᠮᠤᠭ᠎ᠤᠨ ᠰᠠᠢᠨ ᠬᠠᠮᠠᠭᠠᠯᠠᠵᠤ ᠪᠠᠢᠭ᠎ᠠ ᠨᠤᠲᠤᠭ ᠪᠡᠯᠴᠢᠭᠡᠷ᠎ᠦᠨ ᠨᠢᠭᠡ ᠪᠠᠢᠵᠦ᠂ ᠲᠡᠵᠢᠭᠡᠨ ᠦᠷᠡᠵᠢᠭᠦᠯᠵᠦ᠍ ᠪᠠᠢᠭ᠎ᠠ ᠦᠬᠡᠷ ᠨᠢ ᠴᠦ᠍ ᠬᠠᠮᠤᠭ᠎ᠤᠨ ᠴᠡᠪᠡᠷ ᠡᠭᠦᠯᠳᠡᠷ᠎ᠦᠨ ᠴᠢᠨᠠᠷ ᠰᠠᠢᠲᠠᠶ ᠦᠬᠡᠷ ᠪᠣᠯᠤᠨ᠎ᠠ᠃
ᠲᠢᠩ·ᠪᠠᠭᠠᠲᠤᠷ᠎ᠤᠨ ᠨᠤᠳᠤᠭ ᠪᠡᠯᠴᠢᠭᠡᠷ᠎ᠲᠦ 270 ᠭᠠᠷᠤᠶ ᠵᠦᠶ᠋ᠯ᠎ᠦᠨ ᠤᠷᠭᠤᠮᠠᠯ ᠤᠷᠭᠤᠵᠤ᠂ ᠪᠤᠭᠤ᠂ ᠮᠠᠩᠭᠢᠰᠤ᠂ ᠦᠨᠡᠭᠡ᠂ ᠰᠣᠯᠣᠩᠭᠠᠨ ᠱᠢᠪᠠᠭᠤ᠂ ᠬᠤᠨ ᠭᠠᠯᠠᠭᠤ᠂ ᠬᠠᠯᠢᠭᠤᠨ ᠭᠠᠯᠠᠭᠤ ᠵᠡᠷᠭᠡ 100 ᠭᠠᠷᠤᠶ ᠵᠦᠶ᠋ᠯ᠎ᠦᠨ ᠬᠡᠭᠡᠷ᠎ᠡ᠎ᠶ᠋ᠢᠨ ᠠᠮᠢᠲᠠᠨ ᠦᠷᠭᠦᠯᠵᠢ ᠬᠠᠷᠠᠭᠳᠠᠳᠠᠭ᠃ ᠬᠡᠭᠡᠷ᠎ᠡ᠎ᠶ᠋ᠢᠨ ᠴᠡᠴᠡᠭ ᠡᠪᠡᠰᠦᠨ ᠤ᠋ ᠲᠦᠷᠦᠯ ᠵᠦᠢᠯ ᠨᠢ ᠤᠯᠠᠨ ᠪᠦᠬᠡᠳ ᠣᠯᠠᠩᠬᠢ᠎ᠵᠢᠨ ᠨᠡᠷᠡᠢᠳᠦᠯ᠎ᠢ ᠨᠢ ᠴᠤ᠌ ᠲᠠᠭᠤᠳᠠᠵᠤ ᠲᠠᠢᠯᠬᠦ ᠦᠭᠡᠢ᠂ ᠡᠭᠦᠨ ᠳ᠋ᠤ ᠲᠢᠩ·ᠪᠠᠭᠠᠲᠤᠷ ᠥᠪᠡᠷ᠎ᠢᠶᠡᠨ ᠨᠡᠷ᠎ᠡ ᠦᠭᠴᠦ ᠨᠡᠷᠡᠢᠳᠴᠡᠶ᠂ ᠵᠢᠱ᠌ᠢᠶᠡᠯᠡᠪᠡᠯ᠄ 《ᠲᠠᠯ᠎ᠠ ᠨᠤᠲᠤᠭ᠎ᠤᠨ ᠱᠢᠷ᠎ᠠ ᠮᠠᠨᠳᠠᠷᠠᠸ᠎ᠠ》᠂《ᠵᠠᠢᠷᠮᠠᠭ ᠡᠪᠡᠰᠦ》 ᠭᠡᠬᠦ᠌ ᠮᠡᠲᠦ᠍᠃ ᠲᠡᠭᠦᠨ᠎ᠦ ᠭᠡᠷ ᠤ᠋ᠨ ᠦᠵᠡᠰᠭᠦᠯᠡᠩ᠎ᠦᠨ ᠲᠢᠩᠬᠢᠮ᠎ᠳᠦ ᠵᠠᠭᠤ ᠭᠠᠷᠤᠢ ᠤᠷᠠᠨ ᠰᠠᠢᠬᠠᠨ ᠭᠡᠷᠡᠯ ᠵᠢᠷᠤᠭ᠎ᠤᠨ ᠪᠦᠲᠦᠭᠡᠯ ᠡᠯᠭᠦᠭᠡᠰᠦᠲᠡᠢ ᠪᠠᠢᠵᠤ᠂ ᠪᠦᠷ ᠯᠡ ᠨᠤᠳᠤᠭ ᠪᠡᠯᠴᠢᠭᠡᠷ ᠤ᠋ᠨ ᠵᠢᠡᠨ ᠲᠦᠮᠡᠨ ᠪᠤᠳᠠᠰ᠎ᠢᠶᠡᠷ ᠰᠡᠳᠦᠪᠯᠡᠭ᠌ᠰᠡᠨ ᠪᠦᠲᠦᠭᠡᠯ ᠪᠠᠢᠯ᠎ᠠ᠄ ᠭᠢᠯᠲᠠᠭᠠᠨᠠᠮ᠎ᠠ ᠨᠣᠭᠣᠭᠠᠨ ᠱᠢᠪᠠᠭᠤᠨ ᠥᠨᠳᠡᠭᠡ᠂ ᠰᠤᠯᠠ ᠰᠡᠯᠡᠭᠦᠦ ᠵᠤᠭᠠᠴᠠᠬᠤ ᠴᠠᠭᠠᠨ ᠲᠦᠷᠦᠭᠦᠳᠦ ᠲᠣᠭᠣᠷᠤᠤ᠂ ᠬᠦᠭᠡᠷᠦᠬᠦᠨ ᠪᠣᠷᠣ ᠭᠥᠷᠥᠭᠡᠰᠦ᠂ ᠬᠦᠷᠢᠶᠡᠨ ᠳᠣᠲᠣᠷ᠎ᠠ ᠭᠦᠶᠦᠵᠦ᠍ ᠣᠷᠣᠭᠠᠳ ᠶᠠᠪᠤᠵᠤ ᠦᠭᠬᠦ ᠦᠭᠡᠢ ᠡᠯᠪᠡᠩᠬᠦ ᠵᠡᠷᠭᠡ ᠨᠢ ᠦᠨᠡᠬᠡᠷ ᠬᠠᠴᠢᠨ ᠰᠣᠨᠢᠷᠬᠠᠯᠲᠠᠢ ᠪᠠᠢᠵᠤ᠂ ᠲᠦᠷᠪᠡᠨ ᠵᠦᠭ᠎ᠡᠴᠡ ᠢᠷᠡᠭ᠌ᠰᠡᠨ ᠵᠣᠴᠢᠳ᠎ᠢ ᠬᠣᠷᠭᠣᠳᠠᠭᠤᠯᠵᠤ ᠪᠠᠢᠯ᠎ᠠ᠃
ᠲᠠᠯ᠎ᠠ ᠨᠤᠲᠤᠭ᠎ᠤᠨ ᠲᠤᠬᠠᠶ ᠲᠢᠩ·ᠪᠠᠭᠠᠲᠤᠷ ᠦᠪᠡᠷᠮᠢᠴᠡ ᠪᠣᠳᠣᠯᠬᠢᠯᠠᠯ᠎ᠲᠠᠶ ᠪᠠᠢᠵᠦ᠂ ᠲᠡᠷᠡ ᠱᠢᠨ᠎ᠡ ᠲᠤᠷᠱᠢᠯᠭ᠎ᠠ᠎ᠶ᠋ᠢ ᠳ᠋ᠦᠩᠨᠡᠨ ᠭᠠᠷᠭᠠᠪᠠ᠄ ᠦᠢᠯᠡᠳᠪᠦᠷᠢᠯᠡᠯ ᠡᠵᠡᠩᠨᠡᠯᠲᠡ᠎ᠶ᠋ᠢᠨ ᠳᠤᠮᠳᠠ᠎ᠡᠴᠡ ᠡᠷᠬᠡᠪᠰᠢ ᠣᠷᠣᠯᠭ᠎ᠠ᠎ᠶ᠋ᠢᠨ ᠬᠠᠮᠤᠭ᠎ᠤᠨ ᠥᠨᠳᠥᠷ ᠴᠡᠭ᠂ ᠵᠠᠷᠤᠯᠭ᠎ᠠ᠎ᠶ᠋ᠢᠨ ᠬᠠᠮᠤᠭ᠎ᠤᠨ ᠳᠣᠣᠷ᠎ᠠ ᠴᠡᠭ᠂ ᠠᠮᠢ ᠠᠬᠤᠢ ᠵᠢᠨ ᠬᠠᠮᠤᠭ᠎ᠤᠨ ᠰᠠᠢ᠌ᠨ ᠴᠡᠭ᠂ ᠬᠥᠳᠡᠯᠮᠦᠷᠢᠯᠡᠬᠦ ᠡᠷᠴᠢᠮ ᠤ᠋ᠨ ᠬᠠᠮᠤᠭ᠎ᠤᠨ ᠳᠣᠣᠷ᠎ᠠ ᠴᠡᠭ᠎ᠢ ᠤᠯᠬᠤ ᠬᠡᠷᠡᠭ᠌ᠲᠡᠢ᠃ ᠲᠡᠭᠦᠨ᠎ᠦ ᠦᠵᠡᠬᠦ᠌᠎ᠪᠡᠷ᠂ ᠡᠨᠡ 4 ᠲᠠᠯ᠎ᠠ᠎ᠶ᠋ᠢ ᠤᠶᠠᠯᠳᠤᠭᠤᠯᠪᠠᠯ ᠳᠠᠷᠤᠢ ᠠᠵᠤ ᠠᠬᠤᠢ ᠪᠠ ᠠᠮᠢ ᠠᠬᠤᠢ᠎ᠶ᠋ᠢᠨ ᠦᠷ᠎ᠡ ᠠᠱᠢᠭ᠎ᠤᠨ ᠬᠠᠮᠤᠭ᠎ᠤᠨ ᠥᠨᠳᠥᠷ ᠴᠡᠭ᠎ᠢ ᠤᠯᠬᠤ ᠪᠣᠯᠤᠨ᠎ᠠ᠃
《ᠪᠦᠬᠦ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ》᠂ 《ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ》 ᠂ 《ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ》 ᠂ 《ᠥᠭᠡᠷᠡᠴᠢᠯᠡᠯᠲᠡ᠎ᠶ᠋ᠢᠨ ᠬᠣᠱᠢᠭᠤᠴᠢ》 ᠡᠴᠡ ᠨᠠᠮ᠎ᠤᠨ ᠳᠣᠲᠣᠭᠠᠳᠤ᠎ᠶ᠋ᠢᠨ ᠬᠠᠮᠤᠭ᠎ᠤᠨ ᠳᠡᠭᠡᠳᠦ ᠢᠷᠠᠭᠤ ᠠᠯᠳᠠᠷ ᠪᠣᠯᠬᠤ《ᠲᠤᠯᠤᠭᠠᠨ ᠰᠠᠷ᠎ᠠ᠎ᠶ᠋ᠢᠨ ᠨᠢᠭᠡᠨ᠎ᠦ ᠭᠠᠪᠢᠶᠠᠨ ᠲᠡᠮᠳᠡᠭ》 ᠬᠦᠷᠲᠡᠯ᠎ᠡ᠂ ᠲᠠᠯ᠎ᠠ ᠨᠤᠲᠤᠭ᠎ᠲᠤ ᠨᠤᠲᠤᠭ᠍ᠰᠢᠭ᠍ᠰᠠᠨ 50 ᠵᠢᠯ᠎ᠦᠨ ᠲᠤᠷᠰᠢ᠂ ᠲᠢᠩ·ᠪᠠᠭᠠᠲᠤᠷ ᠲᠣᠭ᠎ᠠ ᠲᠣᠮᠰᠢ ᠦᠭᠡᠢ ᠤᠯᠠᠨ ᠢᠷᠠᠭᠤ ᠠᠯᠳᠠᠷᠢᠬᠦᠷᠳᠡᠪᠡ᠃ ᠭᠡᠪᠡᠴᠦ᠍ ᠰᠤᠷᠪᠤᠯᠵᠢᠯᠠᠭ᠎ᠠ ᠬᠦᠯᠢᠶᠡᠬᠦ᠌ ᠪᠦᠷᠢ ᠲᠡᠷᠡ᠄ 《ᠪᠢ ᠪᠣᠯ ᠮᠠᠯᠴᠢᠨ᠂ ᠡᠨᠡ ᠪᠣᠯ ᠮᠢᠨᠦ᠍ ᠠᠵᠢᠯ᠎ᠤᠨ ᠢᠷᠠᠭᠤ ᠠᠯᠳᠠᠷ ᠮᠥᠨ》ᠭᠡᠵᠦ ᠬᠡᠯᠡᠳᠡᠭ᠃ (ᠪᠠᠶᠠᠰᠭᠤᠯᠠᠩ)
ᠶᠢᠨ ᠢᠦᠢ ᠵᠸᠨ ᠄ ᠨᠢᠭᠡ ᠠᠯᠬᠤᠮ ᠴᠤ᠌ ᠤᠬᠤᠷᠢᠯ ᠦᠭᠡᠢ ᠤᠳᠠᠭᠠᠨ ᠲᠠᠭᠠᠭᠠᠮᠠᠭᠠᠢ ᠪᠡᠷ ᠵᠢᠳᠭᠦᠨ ᠴᠢᠷᠮᠠᠢᠵᠤ ᠡᠯᠡᠰᠦᠨ ᠴᠦᠯ᠎ᠢ ᠨᠣᠭᠣᠭᠠᠨ ᠪᠦᠷᠢᠳᠦ ᠪᠣᠯᠭᠠᠨ᠎ᠠ

《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ᠃ ᠪᠢᠳᠡ ᠡᠯᠡᠰᠦᠨ᠎ᠦ ᠠᠵᠤ ᠦᠶ᠋ᠯᠡᠰ᠎ᠢ ᠪᠤᠵᠠᠭᠠᠢᠷᠠᠭᠤᠯᠵᠤ᠂ ᠨᠠᠷᠢᠯᠢᠭ᠍ᠵᠢᠭᠤᠯᠵᠤ᠂ ᠲᠦᠷᠦᠯ ᠲᠡᠮᠳᠡᠭ ᠪᠤᠯᠭᠠᠨ ᠡᠬᠦᠳᠴᠤ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠬᠦᠬᠡ ᠤᠬᠳᠠᠷᠭᠤᠢ ᠪᠠᠨ ᠨᠠᠩ ᠴᠡᠯᠮᠡᠭ᠂ ᠬᠦᠷᠦᠰᠦᠳᠤ ᠲᠡᠯᠡᠬᠡᠢ ᠪᠠᠨ ᠨᠠᠩ ᠨᠣᠭᠣᠭᠠᠨ᠂ ᠤᠰᠤ᠎ᠪᠠᠨ ᠨᠠᠩ ᠲᠤᠩᠭᠠᠯᠠᠭ ᠪᠣᠯᠭᠠᠶ᠎ᠠ》 ᠃ ᠡᠨᠡ ᠪᠣᠯ ᠤᠷᠳᠤᠰ ᠬᠤᠳᠠ᠎ᠶ᠋ᠢᠨ ᠮᠤᠤᠠᠤᠰᠤ ᠤᠢ ᠱᠢᠭᠤᠢ᠎ᠶ᠋ᠢᠨ ᠠᠵᠤ ᠦᠢᠯᠡᠰ᠎ᠦᠨ ᠨᠡᠢᠭᠡᠮᠯᠢᠭ᠎ᠦᠨ ᠳᠠᠷᠤᠭ᠎ᠠ ᠶᠢᠨ ᠢᠦᠢ ᠵᠧᠨ᠎ᠦ ᠰᠡᠳᠭᠢᠯ᠎ᠦᠨ ᠦᠭᠡ ᠪᠣᠯᠤᠨ᠎ᠠ᠃
ᠡᠪᠦᠯ᠎ᠦᠨ ᠤᠯᠠᠷᠢᠯ᠎ᠤᠨ ᠦᠦᠱᠢᠨ ᠬᠣᠱᠢᠭᠤᠨ᠎ᠤ ᠢᠦᠢ ᠵᠧᠨ ᠠᠮᠢ ᠠᠬᠤᠢ᠎ᠶ᠋ᠢᠨ ᠬᠦᠷᠢᠶᠡᠯᠡᠩ᠎ᠳᠦ᠂ ᠡᠩᠨᠡᠷᠡᠨ ᠵᠢᠭ᠍ᠰᠠᠭ᠍ᠰᠠᠨ ᠬᠠᠢᠯᠠᠷ ᠨᠠᠷᠠᠰᠤ᠂ ᠠᠷᠴᠠ ᠨᠢ ᠨᠣᠮᠢᠨ ᠨᠣᠭᠣᠭᠠᠨ ᠬᠡᠪ᠎ᠢᠶᠡᠷ᠎ᠢᠶᠡᠨ᠃ ᠢᠦᠶ ᠵᠧᠨ ᠦᠵᠡᠰᠭᠦᠯᠡᠩ᠎ᠦᠨ ᠣᠷᠳᠣᠨ᠎ᠳᠤ᠂ 《ᠴᠠᠭ ᠦᠶ᠎ᠡ᠎ᠶ᠋ᠢᠨ ᠬᠡᠪ ᠳᠠᠭᠤᠷᠢᠶᠠᠯ》 ᠂ 《ᠪᠥᠬᠥ᠌ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ ᠵᠢ ᠵᠠᠰᠠᠭ᠍ᠰᠠᠨ ᠠᠷᠪᠠᠨ ᠵᠢᠱ᠌ᠢᠶᠡᠴᠢ》᠂ 《ᠳᠤᠮᠳᠠᠳᠤ᠎ᠶ᠋ᠢᠨ ᠣᠷᠴᠢᠨ ᠲᠣᠭᠣᠷᠢᠨ᠎ᠤ ᠱᠠᠩᠨᠠᠯ》᠁ ᠬᠡᠷᠡᠮ ᠳᠦᠭᠦᠷᠡᠩ ᠡᠯᠭᠦᠭᠰᠡᠨ ᠢᠷᠠᠭᠤ ᠠᠯᠳᠠᠷ᠎ᠤᠨ ᠠᠷᠤ᠎ᠳᠤ ᠶᠢᠨ ᠢᠦᠶ ᠵᠧᠨ ᠤ᠋ ᠮᠤᠤᠠᠤᠰᠤ ᠵᠢᠨ ᠡᠯᠡᠰᠦᠷᠬᠡᠭ ᠭᠠᠵᠠᠷ᠎ᠲᠤ 40 ᠱᠢᠬᠠᠮ ᠵᠢᠯ ᠨᠤᠲᠤᠭ᠍ᠰᠢᠵᠤ᠂ ᠲᠤᠬᠠᠶ᠎ᠶ᠋ᠢᠨ ᠭᠠᠵᠠᠷ᠎ᠤᠨ ᠣᠯᠠᠠ ᠲᠦᠮᠡᠨ᠎ᠲᠡᠶ ᠬᠠᠮᠲᠤ ᠬᠡᠷ ᠣᠷᠣᠨ᠎ᠢᠶᠠᠨ ᠰᠠᠬᠢᠨ ᠬᠠᠮᠠᠭᠠᠯᠠᠵᠤ᠂ ᠡᠯᠡᠰᠦᠨ ᠴᠥᠯ᠎ᠢ ᠨᠣᠭᠣᠭᠠᠨ ᠪᠦᠷᠢᠳᠦ ᠪᠣᠯᠭᠠᠭ᠍ᠰᠠᠨ ᠲᠡᠮᠡᠴᠡᠯ᠎ᠦᠨ ᠥᠯᠢᠭᠡᠷ ᠪᠣᠶ᠃
ᠶᠢᠨ ᠢᠦᠢ ᠵᠧᠨ᠎ᠦ ᠭᠡᠷ ᠨᠢ ᠦᠦᠱᠢᠨ ᠬᠣᠱᠢᠭᠤᠨ᠎ᠤ ᠡᠦ ᠳ᠋ᠢᠩ ᠾᠧ ᠪᠠᠯᠭᠠᠰᠤᠨ᠎ᠤ ᠰᠢᠷᠠᠠᠤᠰᠤ ᠲᠣᠰᠭᠣᠨ᠎ᠳᠤ ᠪᠠᠢᠵᠤ᠂ ᠮᠠᠨ᠎ᠤ ᠤᠯᠤᠰ᠎ᠤᠨ ᠳᠦᠷᠪᠡᠨ ᠶᠡᠬᠡ ᠡᠯᠡᠰᠦᠷᠬᠡᠭ ᠭᠠᠵᠠᠷ᠎ᠤᠨ ᠨᠢᠭᠡ ᠪᠣᠯᠬᠤ ᠮᠤᠤᠠᠤᠰᠤ ᠵᠢᠨ ᠡᠯᠡᠰᠦᠷᠬᠡᠭ ᠭᠠᠵᠠᠷ ᠪᠣᠯᠤᠨ᠎ᠠ᠃ ᠡᠨᠳᠡ ᠱᠢᠷᠭᠠᠯ ᠡᠯᠡᠰᠦ ᠪᠦᠷᠬᠦᠵᠦ᠍᠂ ᠬᠠᠮᠠᠷ ᠬᠠᠳᠭᠤᠬᠤ ᠡᠪᠡᠰᠦ ᠤᠷᠭᠤᠬᠤ ᠦᠭᠡᠢ ᠪᠠᠢᠭ᠍ᠰᠠᠨ ᠵᠢᠡᠨ ᠤᠳᠤ ᠬᠠᠷᠢᠨ ᠡᠪᠡᠰᠦ ᠮᠣᠳᠣ ᠬᠥᠬᠡᠷᠡᠨ ᠨᠣᠭᠣᠭᠠᠷᠠᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ 40 ᠵᠢᠯ᠎ᠦᠨ ᠡᠮᠦᠨ᠎ᠡ᠂ ᠶᠢᠨ ᠢᠦᠢ ᠵᠧᠨ ᠰᠠᠶᠢᠬᠠᠨ ᠡᠨᠳᠡ ᠮᠣᠷᠳᠠᠵᠦ ᠢᠷᠡᠬᠦ ᠦᠶ᠎ᠡ᠎ᠳᠦ᠂ ᠬᠤᠷᠢᠮ᠎ᠤᠨ ᠭᠡᠷ ᠨᠢ ᠡᠯᠡᠰᠦᠨ᠎ᠳᠦ ᠬᠠᠭᠠᠰ ᠪᠤᠯᠠᠭ᠍ᠳᠠᠭ᠍ᠰᠠᠨ 《ᠨᠦᠬᠡᠨ ᠭᠡᠷ》 ᠪᠠᠢᠪᠠ᠃
ᠡᠯᠡᠰᠦᠨ ᠴᠦᠯ᠎ᠦᠨ ᠡᠯᠦᠶ ᠬᠤᠯᠤᠶ᠂ ᠦᠷ᠎ᠡ᠎ᠪᠡᠨ ᠠᠯᠳᠠᠭ᠍ᠰᠠᠨ ᠡᠮᠭᠡᠨᠢᠯ᠂ ᠠᠮᠢᠳᠤᠷᠠᠯ᠎ᠤᠨ ᠶᠠᠳᠠᠭᠤᠷᠠᠯ ᠁ ᠡᠨᠡ ᠪᠣᠯ ᠶᠢᠨ ᠢᠦᠶ ᠵᠧᠨ᠎ᠦ ᠬᠤᠷᠢᠮᠯᠠᠭ᠍ᠰᠠᠨᠤ ᠳᠠᠷᠠᠭᠠᠬᠢ ᠡᠳᠦᠷ ᠲᠤᠲᠤᠮ᠎ᠤᠨ ᠠᠮᠢᠳᠤᠷᠠᠯ ᠪᠠᠢᠯ᠎ᠠ᠃ ᠲᠡᠭᠡᠭᠡᠳ ᠡᠯᠡᠰᠦᠨ ᠴᠥᠯ ᠳ᠋ᠤ ᠲᠡᠷᠡ ᠮᠣᠳᠣ ᠲᠠᠷᠢᠬᠤ ᠬᠡᠯᠪᠡᠷᠢ᠎ᠪᠡᠷ᠂ ᠱᠢᠨ᠎ᠡ ᠠᠮᠢᠳᠤᠷᠠᠯ᠎ᠢᠶᠠᠨ ᠡᠬᠢᠯᠡᠭᠦᠯᠪᠡ᠃ ᠮᠣᠳᠣ ᠲᠠᠷᠢᠬᠤ᠎ᠶ᠋ᠢᠨ ᠲᠥᠯᠥᠭᠡ᠂ ᠨᠥᠬᠥᠷ ᠪᠠᠢ ᠸᠠᠨ ᠱᠢᠶᠠᠩ ᠨᠢ ᠭᠠᠳᠠᠨ᠎ᠠ ᠭᠠᠷᠴᠤ᠌ ᠠᠵᠢᠯ ᠡᠷᠢᠵᠦ᠂ ᠬᠦᠴᠦ᠍ᠨᠤ ᠠᠵᠢᠯ ᠬᠢᠬᠦ᠂ ᠭᠡᠷ ᠪᠠᠷᠢᠬᠤ᠎ᠳᠤ ᠵᠣᠭᠣᠰ ᠠᠪᠬᠤ ᠦᠭᠡᠢ᠂ ᠠᠮᠤ ᠪᠤᠳᠠᠭ᠎ᠠ ᠠᠪᠬᠤ ᠦᠭᠡᠢ᠂ ᠵᠤᠯᠵᠠᠭ᠎ᠠ ᠮᠣᠳᠣ ᠯᠠ ᠠᠪᠤᠨ᠎ᠠ ᠭᠡᠵᠦ ᠵᠢᠳᠭᠦᠪᠡ᠃ ᠲᠡᠭᠦᠨ᠎ᠡᠴᠡ ᠬᠣᠢᠰᠢ᠂ ᠤᠳᠠᠭᠠᠨ ᠲᠠᠭᠠᠭᠠᠮᠠᠭᠠᠢ 《ᠬᠥᠮᠦᠨ ᠪᠠ ᠡᠯᠡᠰᠦᠨ᠎ᠦ ᠪᠠᠢᠯᠳᠤᠭᠠᠨ》 ᠡᠬᠢᠯᠡᠪᠡ᠃
ᠨᠢᠭᠡᠳᠦᠭᠡᠷ ᠪᠦᠯᠦᠭ᠎ᠦᠨ ᠮᠣᠳᠣ᠎ᠶ᠋ᠢ ᠳᠠᠷᠢᠬᠤ᠎ᠡᠴᠡ ᠡᠬᠢᠯᠡᠨ᠂ ᠶᠢᠨ ᠢᠦᠶ ᠵᠧᠨ ᠡᠳᠦᠷ ᠪᠦᠷᠢ ᠬᠠᠮᠤᠭ ᠣᠯᠠᠨ᠎ᠳᠠᠭᠠᠨ ᠳᠥᠷᠪᠡ ᠲᠠᠪᠤᠨ ᠴᠠᠭ ᠤᠨᠲᠠᠵᠤ᠂ ᠨᠢᠭᠤᠷ ᠭᠠᠷ ᠨᠢ ᠰᠡᠯᠬᠢ ᠱᠢᠭᠤᠷᠭᠠᠨ᠎ᠳᠤ ᠨᠢᠭᠡ ᠳᠠᠪᠬᠤᠷᠭ᠎ᠠ ᠠᠷᠠᠰᠤ᠎ᠨᠢ ᠱᠠᠭᠠᠷᠠᠭᠰᠠᠠ ᠪᠠᠢᠪᠠ᠃ ᠵᠢᠯ ᠪᠦᠷᠢ 10 ᠭᠠᠷᠤᠶ ᠵᠦᠢᠷᠡᠢ ᠱᠠᠬᠠᠢ ᠡᠮᠦᠰᠦᠨ ᠴᠤᠭᠤᠯᠵᠤ᠂ ᠮᠣᠳᠣ ᠲᠠᠷᠢᠬᠤ᠎ᠳᠤ ᠬᠡᠷᠡᠭ᠌ᠯᠡᠳᠡᠭ ᠲᠡᠮᠦᠷ ᠬᠦᠷᠵᠡ᠂ ᠭᠣᠣᠲᠤᠣ᠂ ᠮᠣᠳᠣᠨ ᠬᠠᠢᠴᠢ ᠵᠢ ᠲᠤᠭ᠎ᠠ ᠦᠭᠡᠢ ᠤᠯᠠᠨ ᠬᠡᠷᠡᠭᠯᠡᠵᠦ᠂ ᠱᠢᠷᠣᠶ ᠮᠠᠯᠲᠠᠬᠤ ᠪᠠ ᠮᠤᠳᠤᠨ ᠦᠷ᠎ᠡ ᠬᠠᠳᠬᠤᠵᠤ ᠰᠠᠴᠤᠬᠤ ᠪᠤᠯᠤᠳ ᠴᠠᠷᠢᠯ᠎ᠨᠢ ᠨᠢᠭᠡ ᠲᠤᠬᠤᠢ ᠭᠠᠷᠤᠶ ᠱᠦᠷᠭᠦᠭᠡᠭᠳᠡᠨ ᠤᠬᠤᠷ ᠪᠤᠯᠪᠠ᠃
ᠤᠳᠠᠭ᠎ᠠ ᠪᠦᠷᠢ᠎ᠶ᠋ᠢᠨ ᠢᠯᠠᠭ᠍ᠳᠠᠯ ᠳᠤᠮᠳᠠ᠂ ᠶᠢᠨ ᠢᠦᠢ ᠵᠧᠨ ᠠᠭᠠᠵᠢᠮ᠎ᠢᠶᠠᠷ ᠵᠠᠷᠢᠮ ᠲᠤᠷᠱᠢᠯᠭ᠎ᠠ᠎ᠶ᠋ᠢ ᠰᠦᠪᠡᠭ᠌ᠴᠢᠯᠡᠨ ᠭᠠᠷᠭᠠᠪᠠ᠃ ᠲᠡᠷᠡ ᠨᠢ ᠳᠠᠷᠤᠶ ᠡᠯᠡᠰᠦᠨ ᠴᠥᠯ ᠬᠢᠭᠡᠳ ᠠᠲᠠᠷ ᠬᠡᠭᠡᠷ᠎ᠡ᠎ᠶ᠋ᠢ ᠬᠣᠯᠪᠣᠭ᠍ᠰᠠᠨ ᠤ᠋ ᠬᠠᠮᠤᠭ᠎ᠤᠨ ᠭᠠᠳᠠᠨ᠎ᠠ ᠨᠢ ᠪᠣᠳᠠ ᠮᠣᠳᠣ ᠳᠠᠷᠢᠵᠤ᠂ ᠡᠰᠢ ᠪᠦᠳᠦᠭᠦᠨ ᠤᠯᠢᠶᠠᠰᠤ ᠳᠠᠷᠢᠵᠤ᠂ ᠡᠲᠡᠭᠡᠷ ᠮᠣᠳᠣᠳ ᠨᠢ《ᠪᠡᠬᠢᠯᠡᠯᠲᠡ》ᠪᠤᠯᠤᠭᠰᠠᠨ ᠪᠠᠢᠨ᠎ᠠ᠃《ᠪᠡᠬᠢᠯᠡᠯᠲᠡ》᠎ᠶ᠋ᠢᠨ ᠲᠥᠪ ᠣᠷᠣᠨ᠎ᠳᠤ ᠲᠣᠭᠣᠷᠤᠨ ᠮᠣᠳᠣ᠂ ᠬᠦᠶ᠋ᠯᠡᠰᠦᠨ ᠮᠣᠳᠣ᠂ ᠠᠯᠮᠤᠷᠠᠳ᠎ᠤᠨ ᠮᠣᠳᠣ ᠵᠡᠷᠭᠡ ᠢᠳᠡᠷᠡᠭᠦᠨ᠎ᠢᠶᠡᠷ ᠤᠷᠭᠤᠵᠤ᠂ ᠡᠷᠳᠡᠨᠢ ᠱᠢᠰᠢ᠂ ᠲᠠᠷᠪᠤᠰ᠂ ᠲᠥᠮᠥᠰᠥ᠍ ᠪᠠ ᠨᠠᠷᠢᠮᠤ ᠴᠤ᠌ ᠬᠤᠷᠢᠶᠠᠯᠲᠠ ᠣᠯᠵᠠᠶ᠃
ᠶᠢᠨ ᠢᠦᠢ ᠵᠧᠨ᠎ᠦ ᠲᠠᠷᠢᠭ᠍ᠰᠠᠨ ᠤᠢ ᠮᠣᠳᠣᠨ᠎ᠤ ᠣᠯᠠᠩᠬᠢ ᠨᠢ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠦᠷᠢᠯᠳᠦᠬᠦᠨ ᠬᠡᠰᠡᠭ ᠪᠣᠯᠤᠨ᠎ᠠ᠃ ᠡᠨᠡ ᠬᠦ᠌ ᠴᠢᠬᠤᠯᠠ ᠶᠡᠬᠡ ᠠᠮᠢ ᠠᠬᠤᠢ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠭ᠌ᠰᠡᠨ 45 ᠵᠢᠯ᠎ᠦᠨ ᠲᠤᠷᠰᠢ᠂ ᠮᠠᠨ᠎ᠤ ᠤᠯᠤᠰ᠎ᠤᠨ ᠤᠮᠠᠷᠠᠲᠤ᠎ᠶ᠋ᠢᠨ ᠰᠠᠯᠬᠢ ᠡᠯᠡᠰᠦᠨ᠎ᠦ ᠱᠤᠭᠤᠮ ᠳᠡᠭᠡᠷ᠎ᠡ ᠨᠢᠭᠡᠨᠲᠡ ᠪᠠᠲᠤ ᠪᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠠᠯᠬᠠᠪᠴᠢ᠎ᠶ᠋ᠢ ᠪᠠᠢᠭᠤᠯᠪᠠ᠃
《ᠪᠢᠳᠡ ᠪᠠᠰᠠ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠳᠦ ᠬᠦᠴᠦ᠍ ᠭᠠᠷᠭᠠᠪᠠ》᠃ ᠶᠢᠨ ᠢᠦᠶ ᠵᠧᠨ᠂ ᠱᠢᠨ᠎ᠡ ᠴᠠᠭ ᠦᠶ᠎ᠡ᠎ᠳᠦ᠂ ᠤᠯᠤᠰ᠎ᠡᠴᠡ ᠣᠢᠵᠢᠭᠤᠯᠤᠯᠲᠠ᠎ᠶ᠋ᠢ ᠳᠡᠮᠵᠢᠬᠦ᠌ ᠡᠷᠴᠢᠮ᠎ᠢ ᠦᠷᠭᠦᠯᠵᠢᠯᠡᠨ ᠨᠡᠮᠡᠭ᠌ᠳᠡᠭᠦᠯᠵᠦ᠍᠂ ᠮᠣᠳᠣ ᠳᠠᠷᠢᠬᠤ ᠨᠥᠬᠥᠪᠥᠷᠢ᠎ᠶ᠋ᠢ ᠴᠦ᠍ ᠨᠡᠮᠡᠭ᠌ᠳᠡᠭᠦᠯᠪᠡ᠂ ᠡᠨᠡ ᠨᠢ ᠪᠢᠳᠡᠨ ᠤ᠋ ᠵᠤᠷᠢᠭ ᠢ᠋ ᠤᠯᠠᠮ ᠬᠦᠪᠴᠢᠯᠡᠪᠡ᠂ ᠣᠲᠣ 4000 ᠮᠧᠲ᠋ᠷ᠎ᠦᠨ ᠰᠠᠯᠬᠢ ᠬᠠᠯᠬᠠᠯᠠᠬᠤ ᠪᠦᠰᠡ᠂ 6750 ᠮᠧᠲ᠋ᠷ᠎ᠦᠨ ᠤᠰᠤ ᠵᠥᠭᠡᠭᠡᠪᠦᠷᠢᠯᠡᠬᠦ᠌ ᠰᠤᠪᠠᠭ ᠪᠠ 19000 ᠪᠣᠰᠣᠭ᠎ᠠ ᠳᠥᠷᠪᠡᠯᠵᠢᠨ ᠮᠧᠲ᠋ᠷ᠎ᠦᠨ ᠱᠢᠷᠣᠶ᠎ᠶ᠋ᠢᠨ ᠳᠠᠪᠬᠤᠷᠭ᠎ᠠ᠎ᠶ᠋ᠢ ᠪᠠᠢᠭᠤᠯᠪᠠ᠃ 70000 ᠭᠠᠷᠤᠢ ᠮᠦ᠍ ᠡᠵᠡᠭᠦᠢ ᠡᠯᠡᠰᠦᠨ ᠴᠦᠯ᠂ ᠬᠠᠲᠠᠭᠤ ᠬᠥᠷᠥᠰᠥᠲᠦ ᠭᠠᠵᠠᠷ᠎ᠢ ᠶᠢᠨ ᠢᠦᠢ ᠵᠧᠨ ᠢᠭ᠍ᠴᠤ ᠰᠠᠬᠤᠯᠢᠭ ᠨᠣᠭᠣᠭᠠᠨ ᠪᠦᠷᠢᠳᠦ ᠪᠣᠯᠭᠠᠪᠠ᠃
《ᠮᠣᠳᠣ ᠲᠠᠷᠢᠭ᠍ᠰᠠᠨ᠎ᠡᠴᠡ ᠡᠯᠡᠰᠦᠨ ᠱᠢᠭᠤᠷᠭ᠎ᠠ ᠪᠣᠰᠭᠤ ᠪᠡᠨ ᠪᠤᠯᠢᠵᠠᠢ᠂ ᠬᠤᠷ᠎ᠠ ᠪᠣᠷᠣᠭᠠᠨ ᠴᠤ᠌ ᠨᠡᠮᠡᠭ᠌ᠳᠡᠵᠦ᠍᠂ ᠡᠯᠡᠰᠦᠨ ᠴᠦᠯ ᠪᠠᠰᠠ ᠲᠠᠷᠢᠶ᠎ᠠ ᠣᠷᠭᠣᠬᠤ ᠪᠤᠯᠵᠠᠢ》᠃ 2022 ᠣᠨ᠎ᠳᠤ᠂ ᠶᠢᠨ ᠢᠦᠶ ᠵᠧᠨ ᠨᠠᠷᠢᠮᠤ᠎ᠶ᠋ᠢᠨ ᠱᠢᠨ᠎ᠡ ᠡᠭᠦᠯᠳᠡᠷ᠎ᠢ ᠣᠷᠣᠭᠤᠯᠤᠨ ᠠᠪᠴᠢᠷᠠᠵᠤ᠂ ᠰᠠᠢᠨ ᠤᠷᠭᠤᠭ᠍ᠰᠠᠨ ᠨᠠᠷᠢᠮᠤ᠎ᠶ᠋ᠢᠨ ᠲᠦᠷᠦᠭᠦᠦ᠍ᠨᠢ ᠪᠦᠳᠦᠭᠦᠨ ᠮᠥᠷᠲᠡᠭᠡᠨ ᠣᠷᠳᠣ᠂ ᠴᠢᠨᠠᠵᠤ ᠭᠠᠷᠭᠠᠭ᠍ᠰᠠᠨ ᠤ᠋ ᠲᠠᠷᠠᠭ᠎ᠠ ᠦᠨᠦᠷ ᠠᠮᠳᠠ ᠨᠢ ᠴᠦ᠍ ᠰᠠᠢᠬᠠᠨ ᠪᠠᠢᠯ᠎ᠠ᠃ ᠲᠡᠷᠡ ᠪᠠᠰᠠ 30 ᠮᠦ᠍ ᠡᠯᠡᠰᠦᠨ ᠴᠦᠯ᠎ᠦᠨ ᠰᠠᠷᠭᠠᠢ ᠴᠡᠴᠡᠭ ᠲᠠᠷᠢᠵᠤ᠂ ᠰᠠᠷᠭᠠᠢ ᠴᠡᠴᠡᠭ᠎ᠦᠨ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠰᠠᠷᠭᠠᠢ᠎ᠶ᠋ᠢᠨ ᠴᠠᠢ᠂ ᠰᠠᠷᠭᠠᠢ᠎ᠶ᠋ᠢᠨ ᠪᠣᠣᠪᠣ᠂ ᠰᠠᠷᠭᠠᠢ᠎ᠶ᠋ᠢᠨ ᠡᠭᠡᠳᠡᠩ ᠬᠢᠵᠦ᠍᠂ ᠤᠳᠤ ᠶᠢᠨ ᠢᠦᠢ ᠵᠧᠨ᠎ᠦ ᠵᠢᠯ᠎ᠤᠨ ᠣᠷᠣᠯᠭ᠎ᠠ 100 ᠭᠠᠷᠤᠢ ᠲᠦᠮᠡᠨ ᠲᠥᠭᠥᠷᠢᠭ᠎ᠲᠦ ᠬᠦᠷᠴᠦ᠍᠂ 《ᠮᠣᠳᠣ ᠲᠠᠷᠢᠬᠤ ᠴᠢᠳᠠᠪᠤᠷᠢᠲᠠᠨ》᠎ᠨᠢ《ᠪᠠᠶᠠᠵᠢᠯ᠎ᠤᠨ ᠴᠢᠳᠠᠪᠤᠷᠢᠲᠠᠨ》 ᠪᠣᠯᠵᠠᠢ᠃ ᠲᠠᠳᠠ ᠪᠠᠰᠠ ᠡᠷᠬᠢᠨ ᠲᠣᠭᠣᠷᠢᠨ᠎ᠤ ᠣᠯᠠᠨ ᠲᠦᠮᠡᠨ᠎ᠢ ᠳᠠᠭᠠᠭᠤᠯᠤᠨ ᠡᠯᠡᠰᠦ᠎ᠶ᠋ᠢ ᠵᠠᠰᠠᠵᠤ ᠮᠣᠳᠣ ᠳᠠᠷᠢᠵᠤ᠂ 3000 ᠮᠤ᠌᠎ᠡᠴᠡ ᠳᠡᠭᠡᠭ᠌ᠰᠢᠬᠢ ᠣᠢᠵᠢᠭᠤᠯᠤᠯᠲᠠ᠎ᠶ᠋ᠢᠨ ᠲᠣᠮᠣ ᠡᠷᠦᠬᠡ 240 ᠭᠠᠷᠤᠶ ᠢᠯᠡᠷᠡᠵᠦ᠍᠂ ᠬᠡᠷ ᠪᠦᠯᠢ᠎ᠶ᠋ᠢᠨ ᠵᠢᠯ᠎ᠦᠨ ᠣᠷᠣᠯᠭ᠎ᠠ ᠨᠢ ᠴᠥᠮ 30 ᠲᠦᠮᠡᠨ ᠲᠥᠭᠥᠷᠢᠭ᠎ᠢ ᠲᠠᠪᠠᠵᠦ ᠪᠠᠢᠨ᠎ᠠ᠃
ᠰᠠᠢᠨ ᠮᠣᠷᠢ ᠵᠣᠷᠢᠭ᠍ᠰᠠᠨᠳ᠋ᠡᠭᠠᠨ᠂ ᠰᠠᠢᠨ ᠡᠷ᠎ᠡ ᠬᠡᠯᠡᠭᠰᠡᠨᠳ᠋ᠡᠬᠡᠨ᠃ᠲᠡᠷᠡ ᠪᠣᠳᠠᠲᠤ ᠠᠵᠢᠯᠯᠠᠭ᠎ᠠ᠎ᠪᠠᠷ᠎ᠢᠶᠠᠨ ᠬᠥᠮᠦᠰ᠎ᠲᠦ ᠡᠯᠡᠰᠦᠨ ᠳᠠᠯᠠᠢ ᠦᠵᠦᠭᠦᠷ ᠦᠬᠡᠢ᠂ ᠨᠣᠭᠣᠭᠠᠨ ᠵᠡᠭᠦᠳᠦ ᠬᠢᠵᠠᠭᠠᠷ ᠦᠭᠡᠢ ᠬᠡᠳᠡᠭ᠎ᠢ ᠮᠡᠳᠡᠬᠦᠯᠵᠠᠢ ᠃ (ᠸᠠᠩ ᠢᠦᠢ ᠵᠦᠸᠸ ᠱᠢᠤᠢ ᠷᠤ᠌)
ᠯᠢᠣ ᠬᠠᠢ ᠴᠢᠩ ᠄ ᠡᠭᠦᠷᠭᠡ ᠲᠤᠱᠢᠶᠠᠯ᠎ᠢᠶᠠᠨ ᠱᠢᠳᠤᠷᠭᠤ᠎ᠪᠠᠷ ᠭᠦᠢᠴᠡᠳᠭᠡᠵᠤ ᠪᠦᠬᠦ ᠲᠠᠯ᠎ᠠ ᠪᠡᠷ ᠬᠦᠴᠦᠯᠡᠨ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠵᠢ ᠴᠢᠷᠮᠠᠢᠨ ᠪᠠᠶᠠᠯᠠᠬᠦᠯᠤᠨ᠎ᠠ

ᠦᠷᠯᠦᠭᠡ ᠡᠷᠳᠡ᠂ ᠪᠤᠭᠤᠲᠤ ᠬᠤᠳᠠ᠎ᠶ᠋ᠢᠨ ᠬᠥᠨᠳᠡᠯᠡᠨ ᠲᠣᠭᠣᠷᠢᠭ᠎ᠤᠨ ᠺᠦᠨ ᠪᠸᠢ ᠵᠡᠭᠡᠯᠢ᠎ᠶ᠋ᠢᠨ ᠬᠠᠢ ᠸᠧᠢ ᠨᠡᠢᠭᠡᠮ ᠲᠣᠭᠣᠷᠢᠭ᠎ᠤᠨ ᠲᠠᠪᠤᠳᠤᠭᠠᠷ ᠲᠣᠭᠣᠷᠢᠭ᠎ᠤᠨ ᠭᠠᠳᠠᠨᠠᠬᠢ ᠨᠡᠢᠲᠡ᠎ᠶ᠋ᠢᠨ ᠮᠠᠱᠢᠨ ᠲᠡᠷᠭᠡᠨ᠎ᠦ ᠥᠷᠲᠡᠭᠡᠨ᠎ᠳᠤ ᠬᠥᠮᠦᠰ ᠨᠡᠢᠲᠡ᠎ᠶ᠋ᠢᠨ ᠮᠠᠱᠢᠨ ᠲᠡᠷᠭᠡ ᠬᠦᠯᠢᠶᠡᠵᠦ᠍ ᠪᠠᠢᠯ᠎ᠠ᠃ 《ᠮᠠᠨ᠎ᠤ ᠡᠨᠳᠡ ᠨᠡᠢ᠍ᠢᠲᠡ᠎ᠶ᠋ᠢᠨ ᠮᠠᠱᠢᠨ ᠲᠡᠷᠭᠡ ᠨᠡᠪᠲᠡᠷᠡᠭ᠌ᠰᠡᠨ᠎ᠡᠴᠡ ᠬᠣᠢᠰᠢ ᠪᠢ ᠬᠡᠦᠬᠡᠳ᠎ᠢᠶᠡᠨ ᠤᠮᠠᠷᠠᠳᠤ ᠵᠢᠨ ᠬᠦᠨᠳᠤ ᠠᠵᠤ ᠦᠢᠯᠡᠳᠪᠤᠷᠢ ᠵᠢᠨ ᠪᠦᠯᠦᠭᠯᠡᠯ ᠤ᠋ᠨ ᠬᠢᠵᠠᠭᠠᠷᠳᠤ ᠺᠤᠮᠫᠠᠨᠢ ᠵᠢᠨ ᠵᠢᠷᠭᠤᠳᠤᠭᠠᠷ ᠪᠠᠭ᠎ᠠ ᠰᠤᠷᠭᠠᠭᠤᠯᠢ᠎ᠳᠤ ᠠᠪᠠᠴᠢᠵᠤ ᠰᠤᠷᠤᠯᠴᠠᠭᠤᠯᠬᠤ᠎ᠳᠤ ᠶᠡᠬᠡ ᠳᠥᠭᠥᠮ ᠪᠣᠯᠵᠠᠶ᠂ ᠡᠨᠡ ᠨᠢ ᠮᠠᠨ᠎ᠤ ᠯᠢᠦ ᠱᠦᠵᠢ᠎ᠶ᠋ᠢᠨ ᠠᠴᠢ ᠶᠤᠮ》 ᠭᠡᠵᠦ᠍ ᠬᠠᠢ ᠸᠧᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠭᠤᠤ ᠵᠢᠩ ᠬᠡᠯᠡᠪᠡ᠃
ᠰᠠᠭᠤᠭᠠᠯᠢ ᠠᠷᠠᠳ᠎ᠤᠨ ᠠᠮᠠᠲᠠᠮᠵᠢᠨ ᠱᠠᠭ᠍ᠰᠢᠨ ᠮᠠᠭ᠍ᠲᠠᠭ᠍ᠰᠠᠨ 《ᠯᠢᠦ ᠱᠦᠵᠢ》 ᠪᠣᠯ ᠪᠤᠭᠤᠲᠤ ᠬᠤᠳᠠ᠎ᠶ᠋ᠢᠨ ᠬᠥᠨᠳᠡᠯᠡᠨ ᠲᠣᠭᠣᠷᠢᠭ᠎ᠤᠨ ᠺᠦᠨ ᠪᠸᠢ ᠵᠡᠭᠡᠯᠢ ᠭᠤᠳᠤᠮᠵᠢ᠎ᠶ᠋ᠢᠨ ᠬᠠᠢ ᠸᠧᠢ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠯᠢᠦ ᠬᠠᠢ ᠴᠢᠩ ᠪᠣᠯᠤᠨ᠎ᠠ᠃ 49 ᠨᠠᠰᠤᠲᠠᠶ ᠲᠡᠷᠡ ᠪᠡᠷ ᠪᠠᠰᠠ ᠨᠢᠭᠡᠨ ᠱᠢᠯᠢᠳᠡᠭ ᠤᠯᠤᠰ᠎ᠤᠨ ᠲᠠᠰ᠎ᠤᠨ ᠨᠡᠢᠭᠡᠮ᠎ᠦᠨ ᠠᠵᠢᠯ᠎ᠤᠨ ᠮᠡᠷᠭᠡᠵᠢᠯᠲᠡᠨ᠂ ᠰᠡᠳᠭᠢᠴᠡ᠎ᠶ᠋ᠢᠨ ᠵᠥᠪᠯᠡᠭᠴᠢ ᠮᠥᠨ᠃ ᠨᠡᠢᠭᠡᠮ ᠲᠣᠭᠣᠷᠢᠭ᠎ᠤᠨ ᠤᠯᠠᠨ ᠵᠢᠯ᠎ᠦᠨ ᠠᠵᠢᠯ᠎ᠤᠨ ᠳᠤᠮᠳᠠ᠂ ᠲᠡᠷᠡ ᠠᠯᠢ ᠬᠡᠳᠦᠢᠨ ᠨᠡᠢᠭᠡᠮ ᠲᠣᠭᠣᠷᠢᠭ᠎ᠢ ᠥᠪᠡᠷ᠎ᠦᠨ ᠭᠡᠷ᠎ᠢᠶᠡᠨ ᠪᠣᠯᠭᠠᠵᠤ᠂ ᠤᠯᠠᠨ ᠲᠦᠮᠡᠨ᠎ᠢ ᠲᠦᠷᠦᠯ ᠰᠠᠳᠤᠨ᠎ᠢᠶᠠᠨ ᠪᠣᠯᠭᠠᠵᠤ᠂ ᠲᠡᠳᠡᠨ᠎ᠦ ᠶᠡᠬᠡ ᠶᠠᠪᠤᠳᠠᠯ ᠪᠠᠭ᠎ᠠ ᠶᠠᠪᠤᠳᠠᠯ᠎ᠢ ᠲᠡᠷᠡ ᠪᠦᠷ ᠬᠠᠯᠠᠭᠤᠮᠰᠤᠭ᠎ᠢᠶᠠᠷ ᠬᠠᠪᠰᠤᠷᠬᠤ ᠳᠤᠷᠠᠲᠠᠶ ᠪᠠᠢᠳᠠᠭ᠃ ᠬᠠᠪᠤᠷ ᠵᠤᠨ ᠨᠠᠮᠤᠷ ᠡᠪᠦᠯ ᠭᠡᠰᠡᠨ ᠦᠭᠡᠢ᠂ ᠰᠠᠯᠬᠢ ᠰᠢᠭᠤᠷᠭ᠎ᠠ ᠴᠠᠰᠤ ᠪᠤᠷᠤᠭᠠᠨ ᠴᠤ᠌ ᠭᠡᠰᠡᠨ ᠦᠭᠡᠢ᠂ ᠨᠡᠢᠭᠡᠮ ᠲᠣᠭᠣᠷᠢᠭ᠎ᠤᠨ ᠥᠨᠴᠥᠭ ᠪᠤᠯᠤᠩ ᠪᠣᠯᠭᠠᠨ᠎ᠳᠤ ᠪᠦᠷ ᠲᠡᠭᠦᠨ᠎ᠦ ᠤᠯᠠ ᠮᠥᠷ ᠦᠯᠡᠳᠡᠭᠰᠡᠨ ᠪᠠᠢᠳᠠᠭ᠃
ᠥᠩᠭᠡᠷᠡᠭ᠌ᠰᠡᠨ᠎ᠳᠦ᠂ ᠬᠠᠶ ᠸᠧᠶ ᠨᠡᠢᠭᠡᠮ ᠲᠣᠭᠣᠷᠢᠭ᠎ᠲᠤ ᠨᠡᠢᠲᠡ᠎ᠶ᠋ᠢᠨ ᠮᠠᠱᠢᠨ ᠲᠡᠷᠭᠡ ᠨᠡᠪᠲᠡᠷᠡᠬᠦ᠌ ᠥᠬᠡᠶ ᠪᠠᠢᠵᠤ᠂ ᠰᠠᠭᠤᠭᠠᠯᠢ ᠠᠷᠠᠳ᠎ᠤᠨ ᠶᠠᠪᠤᠵᠤ ᠰᠠᠭᠤᠬᠤ᠎ᠳᠤ ᠮᠠᠰᠢ ᠳᠥᠭᠥᠮ ᠦᠭᠡᠢ ᠪᠠᠢᠪᠠ᠃ ᠣᠯᠠᠨ ᠲᠦᠮᠡᠨ᠎ᠦ ᠶᠠᠪᠤᠵᠤ ᠰᠠᠭᠤᠬᠤ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠬᠦ᠌᠎ᠶ᠋ᠢᠨ ᠲᠥᠯᠥᠭᠡ᠂ ᠯᠢᠦ ᠬᠠᠶ ᠴᠢᠩ ᠰᠦᠯᠵᠢᠶᠡᠨ᠎ᠦ ᠠᠵᠢᠯᠲᠠᠨ ᠢ᠋ ᠵᠣᠬᠢᠶᠠᠨ ᠪᠠᠢᠭᠤᠯᠵᠤ ᠨᠡᠢᠭᠡᠮ ᠲᠣᠭᠣᠷᠢᠭ᠎ᠤᠨ ᠠᠷᠠᠳ᠎ᠤᠨ ᠰᠠᠨᠠᠭᠠᠨ᠎ᠤ ᠪᠠᠢᠴᠠᠭᠠᠯᠲᠠ᠎ᠶ᠋ᠢ ᠥᠷᠨᠢᠭᠦᠯᠵᠦ᠍᠂ ᠣᠯᠠᠨ ᠲᠦᠮᠡᠨ᠎ᠦ ᠶᠠᠪᠤᠵᠤ ᠰᠠᠭᠤᠬᠤ ᠦᠨᠳᠦᠰᠦᠨ ᠬᠡᠷᠡᠭ᠌ᠴᠡᠭᠡ᠎ᠶ᠋ᠢ ᠨᠠᠷᠢᠨ ᠨᠢᠮᠪᠠᠶ ᠡᠮᠬᠢᠯᠡᠭ᠌ᠰᠡᠨ ᠪᠥᠭᠡᠳ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ 24 ᠳ᠋ᠤᠭᠡᠷ ᠵᠠᠮ᠂ 31 ᠳ᠋ᠤᠭᠡᠷ ᠵᠠᠮ᠂ 32 ᠳ᠋ᠤᠭᠠᠷ ᠵᠠᠮ᠂ 39 ᠳ᠋ᠤᠭᠡᠷ ᠵᠠᠮ᠂ 45 ᠳ᠋ᠤᠭᠠᠷ ᠵᠠᠮ᠎ᠤᠨ ᠨᠡᠢᠲᠡ᠎ᠶ᠋ᠢᠨ ᠮᠠᠱᠢᠨ ᠲᠡᠷᠭᠡᠨ᠎ᠦ ᠱᠤᠭᠤᠮ᠎ᠢ ᠬᠠᠶ ᠸᠧᠶ ᠨᠡᠢᠭᠡᠮ ᠲᠣᠭᠣᠷᠢᠭ ᠡᠴᠡ ᠠᠮᠵᠢᠯᠲᠠ᠎ᠲᠠᠶ᠎ᠪᠠᠷ ᠡᠬᠢᠯᠡᠨ ᠨᠡᠪᠳᠡᠷᠡᠬᠦᠯᠵᠤ᠂ ᠣᠯᠠᠨ ᠲᠦᠮᠡᠨ᠎ᠦ ᠶᠠᠪᠤᠵᠤ ᠰᠠᠭᠤᠬᠤ᠎ᠳᠤ ᠲᠤᠢᠯ᠎ᠤᠨ ᠶᠡᠬᠡ ᠲᠥᠬᠥᠮ ᠦᠵᠡᠭᠦᠯᠦᠭ᠌ᠰᠡᠨ ᠪᠦᠭᠡᠳ ᠬᠠᠶ ᠸᠧᠶ ᠨᠡᠢᠭᠡᠮ ᠲᠣᠭᠣᠷᠢᠭ᠎ᠢ ᠬᠣᠲᠠ᠎ᠶ᠋ᠢᠨ ᠵᠠᠬ᠎ᠠ᠎ᠶ᠋ᠢᠨ ᠨᠡᠢᠭᠡᠮ ᠲᠣᠭᠣᠷᠢᠭ ᠡᠴᠡ ᠬᠥᠭ᠌ᠵᠢᠶᠡᠨ ᠨᠠᠷᠭᠢᠶᠠᠨ᠎ᠲᠠᠶ ᠬᠣᠲᠠ᠎ᠶ᠋ᠢᠨ ᠨᠡᠢᠭᠡᠮ ᠲᠣᠭᠣᠷᠢᠭ ᠪᠣᠯᠭᠠᠨ ᠬᠤᠪᠢᠷᠠᠭᠤᠯᠬᠤ᠎ᠶ᠋ᠢ ᠤᠷᠤᠭ᠍ᠰᠢᠲᠠᠶ ᠠᠬᠢᠭᠤᠯᠤᠭ᠍ᠰᠠᠨ ᠪᠠᠢᠨ᠎ᠠ᠃
ᠬᠠᠶ ᠸᠧᠶ ᠨᠡᠢᠭᠡᠮ ᠲᠣᠭᠣᠷᠢᠭ ᠪᠣᠯ ᠨᠢᠭᠡᠨ ᠬᠡᠲᠦ ᠲᠣᠮᠣ ᠨᠡᠢᠭᠡᠮ ᠲᠣᠭᠣᠷᠢᠭ ᠪᠠᠢᠵᠦ᠂ ᠲᠡᠭᠦᠨ᠎ᠳᠦ 11 ᠰᠠᠭᠤᠭᠠᠯᠢ ᠠᠷᠠᠳ ᠤ᠋ᠨ ᠲᠤᠭᠤᠷᠢᠭ ᠬᠠᠷᠢᠶᠠᠯᠠᠬᠳᠠᠵᠤ᠂ ᠰᠠᠭᠤᠭᠠᠯᠢ ᠡᠷᠦᠬᠡ 9062 ᠡᠷᠦᠬᠡ᠂ ᠰᠠᠭᠤᠭᠠᠯᠢ ᠠᠷᠠᠳ 3 ᠲᠦᠮᠡ ᠱᠢᠬᠠᠮ ᠬᠥᠮᠦᠨ ᠪᠠᠢᠵᠤ᠂ ᠱᠢᠨ᠎ᠡ᠎ᠪᠡᠷ ᠪᠠᠢᠭᠤᠯᠤᠭ᠍ᠰᠠᠨ ᠰᠠᠭᠤᠭᠠᠯᠢ ᠠᠷᠠᠳ ᠤ᠋ᠨ ᠲᠤᠭᠤᠷᠢᠭ᠂ ᠪᠤᠴᠠᠭᠠᠨ ᠨᠡᠭᠦᠯᠭᠡᠬᠦ᠌ ᠣᠷᠣᠨ ᠰᠠᠭᠤᠴᠠ᠂ ᠬᠢᠮᠳᠠ ᠲᠣᠬᠢᠯᠢᠭ ᠣᠷᠣᠨ ᠰᠠᠭᠤᠴᠠ ᠵᠡᠷᠭᠡ ᠪᠠᠢᠵᠤ᠂ ᠰᠠᠭᠤᠭᠠᠯᠢ ᠠᠷᠠᠳ᠎ᠤᠨ ᠨᠠᠰᠤᠨ᠎ᠤ ᠪᠦᠲᠦᠴᠡ ᠪᠤᠳᠤᠯᠢᠶᠠᠨᠲᠠᠶ᠂ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ ᠣᠯᠠᠨ ᠶᠠᠩᠵᠤ᠎ᠶ᠋ᠢᠨ ᠪᠠᠢᠳᠠᠭ᠃
ᠨᠡᠢᠭᠡᠮ ᠲᠣᠭᠣᠷᠢᠭ᠎ᠤᠨ ᠵᠠᠰᠠᠯᠲᠠ ᠪᠣᠯ ᠳᠠᠷᠤᠢ ᠠᠷᠠᠳ᠎ᠤᠨ ᠬᠦᠴᠢᠷᠳᠡᠯ᠎ᠢ ᠱᠢᠢᠳᠪᠦᠷᠢᠯᠡᠵᠦ᠍᠂ ᠠᠷᠠᠳ᠎ᠤᠨ ᠬᠦᠰᠡᠯ ᠡᠷᠡᠮᠡᠯᠵᠡᠯ᠎ᠳᠦ ᠨᠡᠢᠴᠡᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠬᠤ ᠶᠠᠪᠤᠳᠠᠯ ᠪᠣᠯᠤᠨ᠎ᠠ᠃ ᠡᠳᠡᠭᠡᠷ ᠣᠨᠴᠠᠯᠢᠭᠲᠤ ᠴᠢᠭ᠌ᠯᠡᠭᠦᠯᠦᠨ᠂ ᠯᠢᠦ ᠬᠠᠢ ᠴᠢᠩ ᠤᠯᠠᠨ ᠤᠳᠠᠭ᠎ᠠ ᠪᠠᠢᠴᠠᠭᠠᠨ ᠰᠤᠳᠤᠯᠵᠤ᠂ ᠬᠠᠷᠢᠶ᠎ᠠ ᠣᠷᠣᠨ᠎ᠳᠤ ᠬᠡᠷᠡᠭ᠌ᠯᠡᠵᠦ᠍ ᠪᠣᠯᠬᠤ ᠵᠢᠭ᠍ᠰᠠᠭᠠᠯ᠎ᠤᠨ ᠭᠠᠵᠠᠷ ᠤᠯᠠᠨ ᠪᠠᠢᠬᠤ᠎ᠶ᠋ᠢ ᠣᠯᠵᠤ ᠮᠡᠳᠡᠪᠡ᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠳ ᠬᠠᠷᠢᠶ᠎ᠠ ᠣᠷᠣᠨ᠎ᠤ ᠪᠠᠢᠭᠤᠯᠭ᠎ᠠ᠎ᠳᠤ ᠭᠦᠨᠵᠡᠭᠡᠢᠷᠡᠨ ᠵᠥᠪᠳᠡᠯᠴᠡᠬᠦ᠌᠎ᠪᠡᠷ ᠲᠠᠮᠵᠢᠨ᠂ ᠬᠠᠷᠢᠶ᠎ᠠ ᠣᠷᠣᠨ᠎ᠳᠠᠬᠢ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠰᠤᠪᠢᠯᠠᠯᠲᠠ᠎ᠶ᠋ᠢᠨ ᠬᠦᠷᠢᠶᠡᠯᠡᠩ᠎ᠦᠨ ᠤᠯᠠᠨ ᠴᠢᠳᠠᠮᠵᠢᠳᠤ ᠲᠢᠩᠬᠢᠮ᠂ ᠶᠠᠨᠵᠢᠩ ᠫᠢᠸᠤ᠋ (ᠪᠤᠭᠤᠲᠤ᠎ᠶ᠋ᠢᠨ ᠱᠢᠤᠸᠠᠢ ᠯᠦ᠍) ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠤᠷᠠᠯ᠎ᠤᠨ ᠭᠡᠷ᠂ ᠡᠯ᠎ᠡ ᠲᠦᠷᠦᠯ᠎ᠦᠨ ᠪᠣᠯᠪᠠᠰᠤᠷᠠᠯ᠎ᠤᠨ ᠰᠤᠷᠭᠠᠭᠤᠯᠢ ᠵᠡᠷᠭᠡ 7 ᠭᠠᠵᠠᠷ᠎ᠢ ᠤᠯᠠᠨ ᠲᠦᠮᠡᠨ᠎ᠦ ᠠᠵᠢᠯᠯᠠᠭᠠᠨ᠎ᠤ ᠵᠢᠭ᠍ᠰᠠᠭᠠᠯ᠎ᠤᠨ ᠭᠠᠵᠠᠷ ᠪᠣᠯᠭᠠᠵᠤ᠂ ᠤᠯᠠᠨ ᠲᠦᠮᠡᠨ᠎ᠦ ᠵᠤᠭ᠎ᠠ ᠴᠡᠩᠭᠡᠯ᠎ᠦᠨ ᠠᠮᠢᠳᠤᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠭ᠍ᠰᠠᠨ ᠪᠠᠢᠨ᠎ᠠ᠃
ᠨᠡᠢᠭᠡᠮ ᠲᠣᠭᠣᠷᠢᠭ᠎ᠤᠨ ᠠᠵᠢᠯᠳᠠᠨ ᠪᠣᠯ ᠨᠠᠮ ᠪᠠ ᠵᠠᠰᠠᠭ᠎ᠤᠨ ᠣᠷᠳᠣᠨ ᠬᠢᠭᠡᠳ ᠦᠨᠳᠦᠰᠦᠨ ᠱᠠᠲᠤᠨ᠎ᠤ ᠤᠯᠠᠨ ᠲᠦᠮᠡᠨ᠎ᠦ ᠬᠥᠭᠥᠷᠭᠡ ᠪᠠ ᠬᠣᠯᠪᠣᠭᠠᠰᠤ ᠮᠥᠨ᠃ ᠯᠢᠦ ᠬᠠᠶ ᠴᠢᠩ ᠡᠨᠡ ᠬᠦ᠌ ᠬᠥᠭᠥᠷᠭᠡ ᠪᠠ ᠬᠣᠯᠪᠣᠭᠠᠰᠤ᠎ᠶ᠋ᠢᠨ ᠴᠢᠬᠤᠯᠠ ᠴᠢᠨᠠᠷ᠎ᠢ ᠭᠦᠨᠵᠡᠭᠡᠢ ᠣᠢᠯᠠᠭᠠᠳᠠᠭ᠃ ᠣᠢᠷ᠎ᠠ᠎ᠶ᠋ᠢᠨ ᠵᠢᠯ᠎ᠳ᠋ᠤ᠂ ᠲᠡᠷᠡ ᠨᠢᠭᠡ ᠲᠠᠯ᠎ᠠ᠎ᠪᠠᠷ 《ᠬᠠᠶ ᠴᠢᠩ᠎ᠦᠨ ᠠᠵᠢᠯᠯᠠᠬᠤ ᠲᠠᠰᠤᠭ》 ᠢ᠋ ᠪᠠᠢᠭᠤᠯᠵᠤ ᠬᠠᠷᠢᠶ᠎ᠠ ᠣᠷᠣᠨ᠎ᠤ᠎ᠪᠠᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠪᠠᠨ ᠳᠠᠭᠠᠭᠤᠯᠤᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠭᠤᠯᠵᠤ᠂ ᠨᠥᠭᠥᠭᠡ ᠲᠠᠯ᠎ᠠ᠎ᠪᠠᠷ 3 ᠵᠢᠯ ᠳᠠᠷᠠᠭᠠᠯᠠᠨ ᠬᠥᠨᠳᠡᠯᠡᠨ ᠲᠣᠭᠣᠷᠢᠭ᠎ᠲᠤ 《ᠨᠡᠢᠭᠡᠮ᠎ᠦᠨ ᠠᠵᠢᠯ᠎ᠤᠨ ᠮᠡᠷᠭᠡᠵᠢᠯᠲᠡᠨ》 ᠤ᠋ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠪᠠ ᠱᠢᠯᠭᠠᠯᠲᠠ᠎ᠡᠴᠡ ᠡᠮᠦᠨᠡᠬᠢ ᠪᠣᠯᠪᠠᠰᠤᠷᠠᠯ᠎ᠤᠨ ᠠᠩᠭᠢ ᠡᠷᠭᠢᠯᠡᠵᠦ᠍᠂ ᠦᠨᠳᠦᠰᠦᠨ ᠱᠠᠲᠤᠨ᠎ᠤ ᠵᠠᠰᠠᠯᠲᠠ᠎ᠳᠤ ᠴᠢᠳᠠᠪᠤᠷᠢᠲᠠᠨ᠎ᠤ ᠬᠦᠴᠦᠲᠡᠶ ᠪᠠᠲᠤᠯᠠᠭ᠎ᠠ ᠬᠠᠩᠭᠠᠭ᠍ᠰᠠᠨ ᠪᠠᠢᠨ᠎ᠠ᠃ ᠣᠳᠣᠬᠠᠨ᠎ᠳᠤ ᠡᠩᠨᠡᠭᠡᠨ᠎ᠳᠦ᠎ᠨᠢ 2 ᠳ᠋ᠣᠺᠲ᠋ᠣᠷ᠂ 3 ᠮᠠᠰᠲ᠋ᠧᠷ᠂ 8 ᠲᠤᠰᠭᠠᠶ ᠮᠡᠷᠭᠡᠵᠢᠯ᠎ᠦᠨ ᠨᠡᠢᠭᠡᠮ᠎ᠦᠨ ᠠᠵᠢᠯᠲᠠᠨ ᠵᠢᠴᠢ 4 ᠰᠡᠳᠭᠢᠴᠡ᠎ᠶ᠋ᠢᠨ ᠠᠵᠢᠯᠲᠠᠨ ᠪᠣᠶ᠃ 2021 ᠣᠨ᠎ᠳᠤ ᠪᠤᠭᠤᠲᠤ ᠬᠣᠲᠠ᠎ᠶ᠋ᠢᠨ ᠠᠵᠢᠯᠴᠢᠨ᠎ᠤ ᠶᠡᠷᠦᠩᠬᠡᠶ ᠡᠪᠯᠡᠯ᠎ᠳᠦ ᠬᠥᠳᠡᠯᠮᠦᠷᠢ᠎ᠶ᠋ᠢᠨ ᠵᠢᠱ᠌ᠢᠶᠡᠴᠢ (ᠠᠵᠢᠯᠲᠠᠨ ᠠᠵᠢᠯᠴᠢᠨ) ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ᠎ᠢᠶᠠᠷ ᠦᠨᠡᠯᠡᠭ᠌ᠳᠡᠭ᠌ᠰᠡᠨ ᠪᠥᠭᠡᠳ 11 ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ ᠣᠷᠣᠭᠤᠯᠤᠨ ᠠᠪᠴᠢᠷᠠᠵᠤ᠂ 20 ᠨᠡᠢᠭᠡᠮ᠎ᠦᠨ ᠨᠢᠭᠦᠯᠡᠰᠦᠩᠭᠦᠶ᠎ᠶ᠋ᠢᠨ ᠡᠬᠢ ᠪᠠᠶᠠᠯᠢᠭ᠎ᠢ ᠱᠢᠩᠭᠡᠭᠡᠨ ᠠᠪᠴᠤ᠌᠂ 11 ᠰᠠᠢᠨ ᠳᠤᠷᠠᠴᠤᠳ ᠤ᠋ᠨ ᠦᠶ᠋ᠯᠡᠴᠢᠯᠡᠭᠡᠨ᠎ᠦ ᠠᠩᠭᠢ᠎ᠶ᠋ᠢ ᠪᠠᠢᠭᠤᠯᠤᠭ᠍ᠰᠠᠨ ᠪᠠᠢᠨ᠎ᠠ᠃
ᠯᠢᠦ ᠬᠠᠢ ᠴᠢᠩ ᠨᠡᠢᠭᠡᠮ ᠲᠣᠭᠣᠷᠢᠭ᠎ᠲᠤ ᠪᠦᠬᠦᠯᠢ 8 ᠵᠢᠯ ᠭᠠᠪᠰᠢᠭᠠᠢᠯᠡᠨ ᠠᠵᠢᠯᠯᠠᠵᠤ᠂ ᠲᠡᠭᠦᠨ᠎ᠦ ᠲᠠᠭᠠᠭᠤᠯᠭ᠎ᠠ᠎ᠪᠠᠷ᠂ ᠬᠠᠢ ᠸᠧᠢ ᠨᠡᠢᠭᠡᠮ ᠲᠣᠭᠣᠷᠢᠭ ᠨᠢ ᠶᠠᠭ ᠨᠢᠭᠡᠨ ᠬᠠᠯᠠᠭᠤᠨ ᠲᠤᠯᠠᠭᠠᠨ ᠡᠶ᠎ᠡ ᠵᠣᠬᠢᠴᠠᠩᠭᠤᠢ᠂ ᠨᠢᠭ᠍ᠲᠠᠷᠠᠨ ᠪᠦᠯᠬᠦᠮᠳᠡᠭ᠌ᠰᠡᠨ ᠶᠡᠬᠡ ᠭᠡᠷ ᠪᠦᠯᠢ ᠱᠢᠭ ᠪᠠᠢᠯ᠎ᠠ᠃ 《ᠡᠳᠡᠭᠡᠷ ᠢᠷᠠᠭᠤ ᠠᠯᠳᠠᠷ᠎ᠢ ᠭᠥᠷᠳᠡᠭ᠌ᠰᠡᠨ᠎ᠳᠡᠭᠡᠨ ᠪᠢ ᠮᠠᠰᠢ ᠣᠮᠣᠭ᠍ᠰᠢᠵᠤ ᠪᠠᠢᠨ᠎ᠠ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠱᠢᠶᠡᠷᠡᠯ ᠪᠠ ᠳᠡᠮᠵᠢᠯᠭᠡ᠎ᠶ᠋ᠢ ᠣᠯᠤᠭ᠍ᠰᠠᠨ ᠡᠴᠡ ᠰᠠᠶᠢ ᠥᠨᠥᠳᠦᠷ᠎ᠦᠨ ᠪᠢ ᠪᠤᠢ》 ᠭᠡᠵᠦ᠍ ᠯᠢᠦ ᠬᠠᠢ ᠴᠢᠩ ᠰᠡᠳᠭᠢᠯ ᠳᠣᠭ᠍ᠳᠣᠯᠤᠨ ᠬᠡᠯᠡᠪᠡ᠃ ᠰᠠᠭᠤᠭᠠᠯᠢ ᠠᠷᠠᠳ᠎ᠲᠤ ᠰᠠᠢᠲᠤᠷ ᠦᠢᠯᠡᠴᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠵᠤ ᠪᠤᠢ᠃ (ᠼᠠᠢ ᠳ᠋ᠦᠩ ᠮᠧᠢ ᠶᠠᠨ ᠢ ᠫᠸᠢ)
ᠰᠢᠦᠢ ᠱᠸᠨ ᠄ ᠵᠣᠷᠢᠭ᠍ᠲᠠᠶ᠎ᠪᠠᠷ ᠰᠡᠳᠭᠢᠵᠦ᠍ ᠵᠣᠷᠢᠭ᠍ᠲᠠᠶ᠎ᠪᠠᠷ ᠲᠡᠮᠡᠴᠡᠵᠤ ᠲᠠᠷᠢᠶᠠᠴᠢᠳ ᠢ᠋ ᠬᠠᠪᠰᠤᠷᠤᠨ ᠣᠷᠣᠯᠭ᠎ᠠ᠎ᠶ᠋ᠢ ᠨᠢ ᠨᠡᠮᠡᠭ᠌ᠳᠡᠭᠦᠯᠤᠨ᠎ᠠ

ᠡᠪᠦᠯ᠎ᠦᠨ ᠡᠬᠢᠨ᠎ᠳᠦ᠂ ᠤᠯᠠᠭᠠᠨᠬᠠᠳᠠ ᠬᠤᠳᠠ᠎ᠶ᠋ᠢᠨ ᠠᠤᠬᠠᠨ ᠬᠣᠱᠢᠭᠤᠨ᠎ᠤ ᠴᠠᠩ ᠱᠧᠩ ᠪᠠᠯᠭᠠᠰᠤ᠎ᠶ᠋ᠢᠨ ᠡᠯᠡᠰᠦᠨ ᠤ᠋ ᠴᠡᠴᠡᠭ ᠴᠢᠴᠠᠷᠭᠠᠨ᠎ᠠ᠎ᠶ᠋ᠢᠨ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦ᠌᠎ᠳᠦ᠂ ᠴᠢᠴᠠᠷᠭᠠᠨ᠎ᠠ᠎ᠶ᠋ᠢᠨ ᠮᠣᠳᠣᠳ ᠢᠳᠡᠷᠡᠭᠦᠨ᠎ᠢᠶᠡᠷ ᠪᠣᠢᠵᠢᠵᠤ᠂ ᠰᠠᠯᠬᠢᠨ᠎ᠤ ᠠᠶ᠎ᠠ᠎ᠪᠠᠷ ᠨᠠᠢᠭᠤᠨ᠎ᠠ᠃ ᠥᠪᠥᠷ ᠮᠣᠩᠭᠣᠯ᠎ᠤᠨ ᠡᠯᠡᠰᠦᠨ ᠤ᠋ ᠴᠡᠴᠡᠭ ᠠᠮᠢ ᠠᠬᠤᠢ᠎ᠶ᠋ᠢᠨ ᠠᠵᠤ ᠦᠢᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠱᠸᠨ ᠴᠢᠴᠠᠷᠭᠠᠨ᠎ᠠ᠎ᠶ᠋ᠢᠨ ᠤᠷᠭᠤᠯᠳᠠ᠎ᠶ᠋ᠢᠨ ᠪᠠᠢᠳᠠᠯ᠎ᠢ ᠬᠠᠷᠠᠭᠠᠳ᠄《ᠴᠢᠴᠠᠷᠭᠠᠨ᠎ᠠ᠎ᠶ᠋ᠢᠨ ᠮᠣᠳᠣ ᠪᠣᠯ ᠮᠢᠨᠦ᠍ ᠬᠡᠦᠬᠡᠳ ᠱᠢᠭ᠂ ᠰᠡᠳᠭᠢᠯ ᠲᠠᠯᠪᠢᠨ ᠬᠠᠮᠠᠭᠠᠯᠠᠬᠤ ᠴᠢᠬᠤᠯᠠᠲᠠᠢ᠂ ᠬᠡᠳᠦᠨ ᠡᠳᠦᠷ ᠠᠯᠤᠰᠯᠠᠬᠤ ᠪᠦᠷᠢ ᠪᠢ ᠡᠨᠳᠡ ᠢᠷᠡᠵᠦ᠍ ᠪᠠᠢᠴᠠᠭᠠᠨ ᠦᠵᠡᠳᠡᠭ》 ᠭᠡᠵᠦ᠍ ᠪᠠᠶᠠᠷᠲᠠᠢ᠎ᠪᠠᠷ ᠬᠡᠯᠡᠨ᠎ᠠ᠃
ᠱᠢᠦᠢ ᠱᠸᠨ ᠪᠣᠯ ᠠᠤᠬᠠᠨ ᠬᠤᠰᠢᠭᠤᠨ ᠤ᠋ ᠤᠤᠭᠠᠯ᠂ 2003 ᠣᠨ᠎ᠳᠤ ᠲᠤᠬᠠᠢ᠎ᠶ᠋ᠢᠨ ᠭᠠᠵᠠᠷ᠎ᠤᠨ ᡂᠢ ᠪᠥᠸᠧ ᠪᠦᠯᠦᠭ᠌ᠯᠡᠯ᠎ᠡᠴᠡ ᠠᠵᠢᠯ᠎ᠤᠨ ᠪᠠᠢᠷᠢ᠎ᠡᠴᠡ᠎ᠪᠠᠨ ᠪᠠᠭᠤᠭ᠍ᠰᠠᠨ᠎ᠤ ᠳᠠᠷᠠᠭ᠎ᠠ᠂ 7 ᠲᠦᠮᠡᠨ ᠲᠥᠭᠥᠷᠢᠭ᠎ᠦᠨ ᠪᠡᠯᠡ ᠣᠷᠣᠭᠤᠯᠵᠤ ᠦᠢᠯᠡᠳᠪᠦᠷᠢᠯᠡᠯ᠎ᠦᠨ ᠲᠤᠨᠤᠭ ᠲᠥᠬᠥᠭᠡᠷᠦᠮᠵᠢ ᠬᠤᠳᠠᠯᠳᠤᠨ ᠠᠪᠴᠤ᠌ ᠦᠷᠭᠦᠯᠵᠢᠯᠡᠨ ᠬᠦᠢᠯᠡᠰᠦᠨ ᠴᠥᠮ᠎ᠡ᠎ᠶ᠋ᠢᠨ ᠰᠦ᠂ ᠴᠢᠴᠠᠷᠭᠠᠨ᠎ᠠ᠎ᠶ᠋ᠢᠨ ᠱᠢᠭᠦᠰᠦ᠎ᠶ᠋ᠢᠨ ᠤᠮᠳᠠᠭᠠᠨ᠎ᠤ ᠦᠢᠯᠡᠳᠪᠦᠷᠢᠯᠡᠯ᠎ᠢ ᠡᠷᠬᠢᠯᠡᠪᠡ᠃ ᠭᠠᠩ ᠬᠠᠭ᠍ᠰᠠᠷᠠᠭᠠᠨ᠂ ᠬᠥᠮᠦᠨ᠎ᠦ ᠬᠦᠴᠦ᠍᠎ᠪᠡᠷ ᠠᠷᠠᠴᠢᠯᠠᠨ ᠪᠣᠢᠵᠢᠭᠤᠯᠬᠤ ᠬᠠᠮᠢᠶᠠᠷᠤᠯᠲᠠ ᠳᠤᠲᠠᠮᠠᠭ ᠵᠡᠷᠭᠡ ᠣᠯᠠᠨ ᠵᠦᠶ᠋ᠯ᠎ᠦᠨ ᠱᠢᠯᠲᠠᠭᠠᠨ ᠡᠴᠡ ᠪᠣᠯᠵᠣ᠂ ᠣᠢᠷ᠎ᠠ᠎ᠶ᠋ᠢᠨ 20 ᠭᠠᠷᠤᠶ ᠵᠢᠯ᠎ᠦᠨ ᠲᠤᠷᠰᠢ᠂ ᠴᠢᠴᠠᠷᠭᠠᠨ᠎ᠠ᠎ᠶ᠋ᠢᠨ ᠣᠶ᠎ᠶ᠋ᠢᠨ ᠲᠠᠯᠠᠪᠠᠶ ᠲᠦᠷᠭᠡᠨ᠎ᠢᠶᠡᠷ ᠪᠠᠭᠠᠰᠴᠤ᠌᠂ ᠰᠠᠭᠤᠷᠢᠨ ᠥᠬᠡᠶ ᠨᠢ ᠺᠣᠮᠫᠠᠨᠢ᠎ᠶ᠋ᠢᠨ ᠬᠥᠭ᠌ᠵᠢᠯᠲᠡ᠎ᠶ᠋ᠢᠨ ᠳᠤᠲᠠᠭᠤᠳᠠᠯ ᠪᠣᠯᠤᠭ᠍ᠰᠠᠨ ᠪᠠᠢᠨ᠎ᠠ᠃ ᠠᠮᠢ ᠠᠬᠤᠶ᠎ᠶ᠋ᠢᠨ ᠦᠷ᠎ᠡ ᠠᠱᠢᠭ ᠪᠣᠯᠤᠨ ᠠᠵᠤ ᠠᠬᠤᠶ᠎ᠶ᠋ᠢᠨ ᠦᠷ᠎ᠡ ᠠᠱᠢᠭ᠎ᠢ ᠵᠡᠷᠭᠡ᠎ᠪᠡᠷ ᠴᠢᠬᠤᠯᠠᠴᠢᠯᠠᠪᠠᠯ ᠰᠠᠶᠢ ᠤᠷᠲᠤ ᠬᠤᠭᠤᠴᠠᠭ᠎ᠠ᠎ᠪᠠᠷ ᠬᠥᠭ᠌ᠵᠢᠵᠦ᠍ ᠴᠢᠳᠠᠨ᠎ᠠ ᠭᠡᠳᠡᠭ᠎ᠢ ᠱᠢᠤᠢ ᠱᠸᠨ ᠭᠦᠨᠵᠡᠭᠡᠶ ᠣᠢᠯᠠᠭᠠᠵᠤ ᠪᠠᠢᠯ᠎ᠠ᠃ ᠲᠡᠷᠡ ᠠᠸ᠋ᠬᠠᠨ᠎ᠤ ᠡᠮᠦᠨᠡᠲᠦ ᠬᠡᠰᠡᠭ᠎ᠦᠨ ᠠᠭᠤᠯᠠᠷᠬᠠᠭ ᠣᠷᠣᠨ᠎ᠤ ᠡᠯ᠎ᠡ ᠱᠢᠶᠠᠩ ᠪᠠᠯᠭᠠᠰᠤᠨ᠎ᠳᠤ ᠬᠦᠷᠴᠦ᠍ ᠭᠠᠵᠠᠷ ᠰᠣᠩᠭᠣᠭ᠍ᠰᠠᠨ ᠪᠣᠯᠪᠠᠴᠤ᠌ ᠬᠡᠰᠡᠭ ᠭᠠᠵᠠᠷ ᠨᠢ ᠬᠡᠲᠦᠷᠬᠡᠶ ᠲᠠᠷᠠᠬᠠᠶ ᠪᠤᠲᠠᠷᠬᠠᠶ ᠪᠠᠢᠭ᠍ᠰᠠᠨ ᠡᠴᠡ ᠪᠣᠯᠵᠣ ᠢᠯᠠᠭ᠍ᠳᠠᠯ ᠳ᠋ᠤ ᠤᠴᠠᠷᠠᠪᠠ᠃ 《ᠪᠢ ᠬᠠᠷᠠᠭ᠎ᠠ᠎ᠪᠠᠨ ᠠᠭᠠᠵᠢᠮ᠎ᠢᠶᠠᠷ ᠬᠣᠢᠲᠤ ᠬᠡᠰᠡᠭ᠎ᠦᠨ ᠮᠣᠳᠣᠨ ᠠᠢᠯ᠂ ᠵᠡᠭᠡᠷ᠎ᠡ᠎ᠶ᠋ᠢᠨ ᠬᠤᠳᠤᠭᠤᠷ᠂ ᠴᠠᠩ ᠱᠧᠩ᠂ ᠱᠤᠸᠠᠩ ᠵᠢᠩ ᠵᠡᠷᠭᠡ ᠭᠠᠵᠠᠷ᠎ᠲᠤ ᠬᠠᠨᠳᠤᠭᠤᠯᠵᠤ᠂ ᠡᠴᠦᠰ᠎ᠲᠡᠬᠡᠨ ᠴᠠᠩ ᠱᠧᠩ ᠪᠠᠯᠭᠠᠰᠤ᠎ᠶ᠋ᠢ ᠰᠣᠩᠭᠣᠵᠠᠢ》 ᠭᠡᠵᠦ᠍ ᠱᠢᠤᠢ ᠱᠸᠨ ᠬᠡᠯᠡᠪᠡ᠃
2017 ᠣᠨ᠎ᠳᠤ᠂ ᠱᠢᠤᠢ ᠱᠸᠨ ᠴᠠᠩ ᠱᠧᠩ ᠪᠠᠯᠭᠠᠰᠤᠨ᠎ᠤ ᠯᠢᠦ ᠴᠢᠩ ᠳ᠋ᠢ ᠲᠣᠰᠭᠣᠨ᠎ᠳᠤ ᠴᠢᠴᠠᠷᠭᠠᠨ᠎ᠠ᠎ᠶ᠋ᠢᠨ ᠮᠣᠳᠣ ᠲᠠᠷᠢᠵᠤ ᠡᠬᠢᠯᠡᠪᠡ᠃ ᠠᠩᠬ᠎ᠠ ᠤᠳᠠᠭ᠎ᠠ ᠲᠠᠷᠢᠭ᠍ᠰᠠᠨ ᠴᠢᠴᠠᠷᠭᠠᠨ᠎ᠠ᠎ᠶ᠋ᠢᠨ ᠡᠳᠡᠭᠡᠷᠡᠯᠲᠡ᠎ᠶ᠋ᠢᠨ ᠨᠣᠷᠮ᠎ᠠ 50% ᠳ᠋ᠤ ᠬᠦᠷᠬᠦ᠌ ᠦᠭᠡᠶ ᠭᠡᠳᠡᠭ ᠨᠢ ᠲᠡᠭᠦᠨ ᠳ᠋ᠤ ᠠᠪᠴᠤ ᠬᠡᠯᠡᠪᠡᠯ ᠰᠠᠨᠠᠭᠠᠨ ᠳ᠋ᠤ ᠦᠭᠡᠢ ᠶᠠᠪᠤᠳᠠᠯ ᠶᠤᠮ᠃ 100 ᠲᠦᠮᠡᠨ ᠲᠥᠭᠥᠷᠢᠭ᠎ᠦᠨ ᠬᠣᠬᠢᠷᠠᠯ᠎ᠤᠨ ᠡᠮᠦᠨ᠎ᠡ᠂ ᠱᠢᠤᠢ ᠱᠸᠨ ᠤᠬᠤᠷᠢᠬᠰᠡᠨ ᠦᠭᠡᠢ᠂ ᠬᠠᠷᠢᠨ ᠨᠢᠭᠡ ᠲᠠᠯ᠎ᠠ᠎ᠪᠠᠷ ᠨᠥᠬᠥᠵᠦ᠍ ᠳᠠᠷᠢᠵᠤ᠂ ᠨᠥᠭᠥᠭᠡ ᠲᠠᠯ᠎ᠠ᠎ᠪᠠᠷ ᠴᠢᠴᠠᠷᠭᠠᠨ᠎ᠠ᠎ᠶ᠋ᠢᠨ ᠡᠳᠡᠭᠡᠷᠡᠯᠲᠡ᠎ᠶ᠋ᠢᠨ ᠨᠣᠷᠮ᠎ᠠ ᠳᠣᠸ᠋ᠷ᠎ᠠ ᠪᠠᠢᠬᠤ᠎ᠶ᠋ᠢᠨ ᠱᠢᠯᠲᠠᠭᠠᠨ᠎ᠢ ᠰᠤᠳᠤᠯᠵᠠᠶ᠃ 《ᠮᠡᠷᠭᠡᠵᠢᠯᠲᠡᠨ᠎ᠲᠡᠶ ᠬᠠᠮᠲᠤ ᠰᠤᠳᠤᠯᠬᠤ ᠶᠠᠪᠤᠴᠠ᠎ᠳᠤ ᠴᠢᠴᠠᠷᠭᠠᠨ᠎ᠠ᠎ᠶ᠋ᠢᠨ ᠮᠣᠳᠣᠨ᠎ᠤ ᠡᠳᠡᠭᠡᠷᠡᠯᠳᠠ ᠵᠢᠨ ᠨᠣᠷᠮ᠎ᠠ ᠳᠣᠣᠷ᠎ᠠ ᠪᠠᠢᠬᠤ ᠨᠢ ᠤᠰᠤ ᠳᠤᠲᠠᠭ᠍ᠳᠠᠭ᠍ᠰᠠᠨ᠎ᠡᠴᠡ ᠪᠣᠯᠤᠭ᠍ᠰᠠᠨ᠎ᠢ ᠪᠢᠳᠡ ᠣᠯᠵᠤ ᠮᠡᠳᠡᠵᠡᠢ᠂ ᠪᠢᠳᠡ ᠴᠠᠭ ᠠᠭᠤᠷ᠎ᠤᠨ ᠪᠠᠢᠳᠠᠯ᠎ᠢ ᠦᠨᠳᠦᠰᠦᠯᠡᠨ ᠲᠣᠬᠢᠷᠠᠭᠤᠯᠤᠯᠲᠠ ᠬᠢᠵᠦ᠍᠂ ᠨᠢᠭᠡ ᠰᠠᠷ᠎ᠠ᠎ᠳᠤ ᠨᠢᠭᠡ ᠤᠳᠠᠭ᠎ᠠ ᠤᠰᠤᠯᠠᠬᠤ᠎ᠶ᠋ᠢ ᠳᠣᠯᠣᠭ᠎ᠠ ᠨᠠᠢ᠍ᠮᠠᠨ ᠡᠳᠦᠷ᠎ᠲᠦ ᠨᠢᠭᠡ ᠤᠳᠠᠭ᠎ᠠ ᠪᠣᠯᠭᠠᠨ ᠲᠣᠬᠢᠷᠠᠭᠤᠯᠤᠬᠰᠠᠨ ᠵᠢᠡᠷ ᠴᠢᠴᠠᠷᠭᠠᠨ᠎ᠠ᠎ᠶ᠋ᠢᠨ ᠡᠳᠡᠭᠡᠷᠡᠯᠳᠠ᠎ᠶ᠋ᠢᠨ ᠨᠣᠷᠮ᠎ᠠ ᠴᠤ᠌ ᠡᠭᠦᠨ᠎ᠡᠴᠡ ᠪᠣᠯᠵᠤ ᠳᠡᠭᠡᠭ᠌ᠰᠢᠯᠠᠵᠠᠢ》 ᠭᠡᠵᠦ᠍ ᠱᠢᠤᠢ ᠱᠸᠨ ᠬᠡᠯᠡᠪᠡ᠃
ᠲᠠᠷᠢᠬᠤ ᠶᠠᠪᠤᠴᠠ᠎ᠳᠤ᠂ ᠱᠢᠤᠢ ᠱᠸᠨ ᠠᠭᠠᠵᠢᠮ᠎ᠢᠶᠠᠷ ᠨᠢᠭᠡ ᠢᠵᠢ ᠲᠤᠷᠱᠢᠯᠭ᠎ᠠ᠎ᠶ᠋ᠢ ᠰᠦᠪᠡᠭ᠌ᠴᠢᠯᠡᠨ ᠭᠠᠷᠭᠠᠵᠠᠶ᠃ 《田》 ᠥᠰᠥᠭ᠎ᠦᠨ ᠬᠡᠯᠪᠡᠷᠢ᠎ᠪᠡᠷ ᠳᠠᠷᠢᠬᠤ᠎ᠳᠤ ᠡᠷ᠎ᠡ ᠡᠮ᠎ᠡ ᠪᠡᠯᠭᠡᠲᠦ ᠤᠷᠭᠤᠮᠠᠯ᠎ᠢ 8 : 1 ᠶ᠋ᠢᠨ ᠬᠠᠷᠢᠴᠠᠯ᠎ᠢᠶᠠᠷ ᠲᠣᠬᠢᠷᠠᠭᠤᠯᠵᠤ᠂ ᠬᠠᠳᠭᠤᠨ ᠰᠠᠭᠤᠯᠭᠠᠬᠤ ᠠᠭᠠᠷ᠎ᠤᠨ ᠳᠤᠯᠠᠭᠠᠨ᠎ᠢ 25 ᠭᠷᠠᠳᠦ᠋ᠰ ᠡᠴᠡ 30 ᠭᠷᠡᠳᠦ᠋ᠰ ᠤ᠋ᠨ ᠬᠣᠭᠣᠷᠣᠨᠳᠣ ᠬᠢᠵᠠᠭᠠᠷᠯᠠᠵᠤ᠂ ᠬᠠᠢᠴᠢᠯᠠᠨ ᠲᠡᠭᠦᠬᠦ᠌᠎ᠳᠦ ᠡᠷᠡᠭᠦᠯ ᠴᠢᠭᠢᠷᠠᠭ᠂ ᠡᠪᠡᠳᠴᠢᠨ᠎ᠦ ᠬᠣᠸ᠋ᠷ ᠥᠬᠡᠶ ᠰᠣᠷᠭᠣᠭ ᠵᠢᠮᠢᠰ᠎ᠦᠨ ᠮᠥᠴᠢᠷ ᠵᠡᠷᠭᠡ᠎ᠶ᠋ᠢ ᠰᠣᠩᠭᠣᠬᠤ ᠬᠡᠷᠡᠭ᠌ᠲᠡᠶ᠃ 2018 ᠣᠨ ᠡᠴᠡ ᠡᠬᠢᠯᠡᠨ᠂ ᠱᠢᠤᠢ ᠱᠸᠨ ᠴᠠᠩ ᠱᠧᠩ ᠪᠠᠯᠭᠠᠰᠤᠨ᠎ᠤ ᠴᠠᠩ ᠱᠧᠩ ᠳ᠋ᠢᠶᠠᠨ ᠽᠢ ᠲᠣᠰᠭᠣᠨ᠎ᠳᠤ ᠳᠠᠷᠢᠬᠤ ᠬᠡᠪᠴᠢᠶ᠎ᠡ᠎ᠪᠡᠨ ᠥᠷᠭᠡᠳᠭᠡᠵᠦ᠍᠂ 2020 ᠣᠨ ᠡᠴᠡ ᠡᠬᠢᠯᠡᠨ 《ᠠᠸ᠋ᠬᠠᠨ᠎ᠤ ᠴᠢᠴᠠᠷᠭᠠᠨ᠎ᠠ᠎ᠶ᠋ᠢᠨ ᠴᠢᠨᠠᠷ ᠰᠠᠢᠲᠠᠶ ᠪᠠᠷᠢᠮᠵᠢᠶᠠᠨ᠎ᠤ ᠱᠢᠰᠲ᠋ᠧᠮ》᠎ᠢ᠋ ᠲᠣᠭ᠍ᠲᠠᠭᠠᠬᠤ᠎ᠳᠤ ᠣᠷᠣᠯᠴᠠᠵᠠᠶ᠃
5 ᠵᠢᠯ᠎ᠦᠨ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠴᠠᠩ ᠱᠧᠩ ᠪᠠᠯᠭᠠᠰᠤᠨ᠎ᠤ ᠡᠯᠡᠰᠦᠨ ᠤ᠋ ᠴᠡᠴᠡᠭ ᠴᠢᠴᠠᠷᠭᠠᠨ᠎ᠠ᠎ᠶ᠋ᠢᠨ ᠠᠵᠤ ᠦᠢᠯᠡᠰ᠎ᠦᠨ ᠬᠦᠷᠢᠶᠡᠯᠡᠩ ᠨᠢ ᠤᠯᠠᠨ᠎ᠤ ᠮᠡᠳᠡᠭᠡᠵᠢ᠎ᠪᠡᠷ 《ᠪᠠᠶᠠᠨ ᠪᠦᠷᠢᠳᠦ》 ᠪᠤᠯᠵᠤ᠂ ᠴᠢᠴᠠᠷᠭᠠᠨ᠎ᠠ᠎ᠶ᠋ᠢᠨ ᠮᠣᠳᠣ ᠨᠢ ᠴᠦ᠍ ᠲᠤᠬᠠᠢ᠎ᠶ᠋ᠢᠨ ᠭᠠᠵᠠᠷ᠎ᠤᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ 《ᠭᠠᠪᠢᠶᠠᠲᠠᠨ》 ᠪᠣᠯᠤᠭ᠍ᠰᠠᠨ ᠪᠠᠢᠨ᠎ᠠ᠃ ᠳᠠᠷᠢᠬᠤ᠂ ᠤᠰᠤᠯᠠᠬᠤ᠂ ᠡᠪᠡᠰᠦ ᠠᠷᠢᠯᠭᠠᠬᠤ᠂ ᠵᠢᠮᠢᠰ ᠬᠠᠢᠴᠢᠯᠠᠬᠤ ᠦᠶ᠎ᠡ᠎ᠳᠦ ᠠᠷᠠᠳ ᠢᠷᠭᠡᠳ ᠠᠵᠤ ᠦᠶ᠋ᠯᠡᠰ᠎ᠦᠨ ᠬᠦᠷᠢᠶᠡᠯᠡᠩ᠎ᠳᠦ ᠣᠴᠢᠵᠤ ᠠᠵᠢᠯ ᠬᠢᠵᠦ᠍ ᠪᠣᠯᠤᠨ᠎ᠠ᠂ ᠬᠠᠮᠤᠭ᠎ᠤᠨ ᠥᠨᠳᠥᠷ᠎ᠲᠡᠬᠡᠨ ᠨᠢᠭᠡ ᠬᠥᠮᠦᠨ ᠡᠳᠦᠷ᠎ᠲᠦ 300 ᠲᠥᠭᠥᠷᠢᠭ᠎ᠦᠨ ᠣᠷᠣᠯᠭ᠎ᠠ ᠣᠯᠵᠤ᠂ ᠲᠡᠳᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠳᠠᠢᠴᠢᠯᠠᠪᠠ᠃
ᠣᠢᠷ᠎ᠠ ᠬᠠᠪᠢ᠎ᠶ᠋ᠢᠨ ᠲᠣᠰᠭᠣᠨ᠎ᠤ ᠠᠷᠠᠳ ᠨᠢᠭᠡᠨ ᠡᠮ᠎ᠡ ᠪᠡᠯᠬᠡ᠎ᠳᠤ ᠵᠢᠨ ᠴᠢᠴᠠᠷᠭᠠᠨ᠎ᠠ᠎ᠶ᠋ᠢᠨ ᠮᠣᠳᠣ ᠳᠤᠮᠳᠠᠴᠢ᠎ᠪᠠᠷ 15 ᠺᠢᠯᠣᠭ᠌ᠷᠠᠮ ᠤᠷᠴᠢᠮ ᠴᠢᠴᠠᠷᠭᠠᠨ᠎ᠠ ᠵᠢᠨ ᠵᠢᠮᠢᠰ ᠰᠠᠭᠤᠬᠤ ᠵᠢ ᠮᠡᠳᠡᠭ᠌ᠰᠡᠨ᠎ᠦ ᠳᠠᠷᠠᠭ᠎ᠠ ᠤᠯᠠᠮ ᠡᠴᠡ ᠤᠯᠡᠨ ᠲᠣᠰᠭᠣᠨ᠎ᠤ ᠠᠷᠠᠳ ᠳᠠᠷᠢᠬᠤ ᠬᠦᠰᠡᠯ᠎ᠲᠡᠶ ᠪᠣᠯᠵᠠᠶ᠃ 《ᠤᠳᠤ ᠴᠠᠩ ᠱᠧᠩ ᠪᠠᠯᠭᠠᠰᠤ ᠪᠣᠯᠤᠨ ᠮᠤᠳᠤᠨ ᠠᠢᠯ ᠲᠣᠰᠭᠣᠨ᠎ᠤ ᠠᠷᠠᠳ᠎ᠤᠨ ᠣᠯᠠᠩᠬᠢ ᠨᠢ ᠪᠦᠷ ᠲᠠᠷᠢᠬᠤ ᠰᠠᠨᠠᠭ᠎ᠠ᠎ᠲᠠᠶ ᠪᠠᠢᠨ᠎ᠠ᠂ ᠪᠢᠳᠡ ᠥᠩᠭᠡᠷᠡᠭ᠌ᠰᠡᠨ ᠬᠡᠳᠦᠨ ᠵᠢᠯ᠎ᠳᠦ ᠨᠢᠭᠡ ᠲᠣᠨ ᠴᠢᠴᠠᠷᠭᠠᠨ᠎ᠠ᠎ᠶ᠋ᠢ 15000 ᠲᠥᠭᠥᠷᠢᠭ᠎ᠢᠶᠡᠷ ᠬᠤᠳᠠᠯᠳᠤᠨ ᠠᠪᠴᠠᠢ᠂ ᠡᠨᠡ ᠪᠣᠯ ᠨᠡᠯᠢᠶᠡᠳ ᠰᠠᠢ᠌ᠨ ᠣᠷᠣᠯᠭ᠎ᠠ ᠪᠣᠯᠤᠨ᠎ᠠ》 ᠭᠡᠵᠦ᠍ ᠱᠢᠤᠢ ᠱᠸᠨ ᠬᠡᠯᠡᠪᠡ᠃
ᠣᠷᠴᠢᠨ ᠲᠣᠭᠣᠷᠢᠨ ᠰᠠᠢᠵᠢᠷᠠᠵᠤ᠂ ᠤᠯᠠᠨ᠎ᠤ ᠣᠷᠣᠯᠭ᠎ᠠ ᠨᠡᠮᠡᠭ᠌ᠳᠡᠪᠡ᠃ ᠱᠢᠦᠢ ᠱᠸᠨ᠎ᠤ ᠬᠠᠪᠰᠤᠷᠤᠯᠭ᠎ᠠ᠎ᠪᠠᠷ᠂ ᠲᠤᠬᠠᠢ᠎ᠶ᠋ᠢᠨ ᠭᠠᠵᠠᠷ᠎ᠤᠨ ᠠᠷᠠᠳ ᠢᠷᠭᠡᠳ ᠰᠠᠯᠬᠢ ᠱᠢᠭᠤᠷᠭᠠᠨ᠎ᠤ ᠭᠠᠷ᠎ᠡᠴᠡ ᠡᠳ᠋ ᠬᠦᠷᠦᠩᠭᠡ᠎ᠪᠡᠨ《ᠪᠤᠯᠢᠶᠠᠯᠳᠤᠵᠤ》 ᠪᠠᠢᠯ᠎ᠠ᠃ ᠥᠨᠥᠳᠦᠷ᠂ ᠥᠪᠥᠷ ᠮᠣᠩᠭᠣᠯ᠎ᠤᠨ ᠡᠯᠡᠰᠦᠨ ᠤ᠋ ᠴᠡᠴᠡᠭ ᠠᠮᠢ ᠠᠬᠤᠶ᠎ᠶ᠋ᠢᠨ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠴᠢᠴᠠᠷᠭᠠᠨ᠎ᠠ᠎ᠶ᠋ᠢᠨ ᠲᠣᠰᠣ᠂ ᠴᠢᠴᠠᠷᠭᠠᠨ᠎ᠠ᠎ᠶ᠋ᠢᠨ ᠲᠡᠵᠢᠭᠡᠯᠲᠡ᠎ᠶ᠋ᠢᠨ ᠴᠠᠶ᠂ ᠴᠢᠴᠠᠷᠭᠠᠨ᠎ᠠ᠎ᠶ᠋ᠢᠨ ᠵᠢᠮᠢᠰ᠎ᠦᠨ ᠱᠢᠭᠦᠰᠦ᠎ᠶ᠋ᠢᠨ ᠤᠮᠳᠠᠭᠠᠨ᠂ ᠬᠡᠭᠡᠷ᠎ᠡ᠎ᠶ᠋ᠢᠨ ᠭᠦᠢᠯᠡᠰᠦᠨ ᠴᠥᠮ᠎ᠡ᠎ᠶ᠋ᠢᠨ ᠤᠮᠳᠠᠭᠠᠨ ᠵᠡᠷᠭᠡ 20 ᠭᠠᠷᠤᠶ ᠵᠦᠶ᠋ᠯ᠎ᠦᠨ ᠴᠢᠴᠠᠷᠭᠠᠨ᠎ᠠ᠂ ᠭᠦᠢᠯᠡᠰᠦᠨ ᠴᠥᠮ᠎ᠡ᠎ᠶ᠋ᠢᠨ ᠱᠢᠷᠢᠰ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍ ᠪᠠᠢᠨ᠎ᠠ᠃
ᠱᠢᠤᠢ ᠱᠸᠨ ᠺᠣᠮᠫᠠᠨᠢ᠎ᠶ᠋ᠢᠨ ᠳᠠᠪᠠᠭᠤᠯᠢᠭ᠎ᠢᠶᠠᠨ ᠠᠱᠢᠭ᠍ᠯᠠᠵᠤ᠂ ᠴᠢᠴᠠᠷᠭᠠᠨ᠎ᠠ᠎ᠶ᠋ᠢᠨ ᠵᠢᠮᠢᠰ᠎ᠦᠨ ᠱᠢᠨ᠎ᠡ ᠨᠡᠮᠡᠭ᠌ᠳᠡᠯ᠎ᠦᠨ ᠬᠡᠮᠵᠢᠭ᠌ᠳᠡᠯ᠎ᠢ ᠤᠯᠠᠮ ᠴᠢᠨᠠᠭ᠍ᠰᠢᠳᠠ ᠡᠭᠦᠳᠴᠡᠢ᠃ ᠴᠢᠴᠠᠷᠭᠠᠨ᠎ᠠ᠎ᠶ᠋ᠢᠨ ᠵᠢᠮᠢᠰ᠎ᠢ ᠬᠣᠶᠠᠷ ᠵᠢᠯ᠎ᠳᠦ ᠨᠢᠭᠡ ᠤᠳᠠᠭ᠎ᠠ ᠲᠡᠭᠦᠵᠦ᠍᠂ 2022 ᠣᠨ᠎ᠳᠤ᠂ ᠴᠠᠩ ᠱᠧᠩ ᠪᠠᠯᠭᠠᠰᠤᠨ ᠤ᠋ ᠡᠯᠡᠰᠦᠨ ᠤ᠋ ᠴᠡᠴᠡᠭ ᠴᠢᠴᠠᠷᠭᠠᠨ᠎ᠠ᠎ᠶ᠋ᠢᠨ ᠠᠵᠤ ᠦᠢᠯᠡᠰ᠎ᠦᠨ ᠬᠦᠷᠢᠶᠡᠯᠡᠩ᠎ᠡᠴᠡ ᠬᠤᠷᠢᠶᠠᠭ᠍ᠰᠠᠨ 400 ᠲᠣᠨ ᠴᠢᠴᠠᠷᠭᠠᠨ᠎ᠠ᠎ᠶ᠋ᠢᠨ ᠵᠢᠮᠢᠰ᠎ᠡᠴᠡ 2000 ᠭᠠᠷᠤᠢ ᠲᠣᠨ ᠤᠮᠳᠠᠭᠠᠨ ᠦᠢᠯᠡᠳᠪᠦᠷᠢᠯᠡᠵᠡᠢ᠃ (ᠯᠢ ᠱᠢᠤᠸᠠᠢ ᠶᠣᠣ)