ᠥᠪᠥᠷ ᠮᠣᠩᠭᠣᠯ ᠪᠣᠯ ᠬᠦᠰᠡᠯ ᠡᠷᠡᠮᠡᠯᠵᠡᠯ᠎ᠢᠶᠡᠷ ᠪᠢᠯᠬᠠᠬᠰᠠᠨ᠂ ᠶᠡᠬᠡ ᠦᠢᠯᠡᠰ᠎ᠢ ᠪᠦᠲᠦᠭᠡᠵᠦ᠍ ᠪᠣᠯᠬᠤ ᠬᠠᠯᠠᠭᠤᠨ ᠬᠥᠷᠥᠰᠥ᠍ ᠮᠥᠨ᠃
2023 ᠣᠨ᠎ᠤ 10 ᠰᠠᠷ᠎ᠠ᠎ᠳᠤ ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ 》 ᠨᠡᠢᠲᠡᠯᠡᠭᠳᠡᠵᠥ᠂ ᠦᠪᠦᠷ ᠮᠤᠩᠭᠤᠯ᠎ᠤᠨ ᠳᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠪᠡᠷ ᠡᠯ᠎ᠡ ᠵᠦᠢᠯ᠎ᠤᠨ ᠠᠵᠢᠯ᠎ᠤᠨ ᠭᠤᠤᠯ ᠰᠢᠵᠢᠮ ᠪᠤᠯᠭᠠᠵᠥ᠂ ᠳᠠᠪᠤᠨ ᠶᠡᠬᠡ ᠡᠬᠦᠷᠬᠡ ᠵᠢ ᠳᠦᠷᠬᠡᠪᠴᠢᠯᠡᠨ ᠨᠠᠢᠳᠠᠪᠤᠷᠢᠵᠢᠭᠤᠯᠵᠥ᠂ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠵᠢ ᠳᠡᠮᠵᠢᠪᠡ᠃ ᠳᠠᠷᠠᠭ᠎ᠠ᠎ᠨᠢ᠂ ᠤᠯᠤᠰ᠎ᠤᠨ ᠡᠯ᠎ᠡ ᠶᠠᠮᠤᠨ ᠵᠥᠪᠯᠡᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠵᠤᠷᠢᠭᠤᠯᠤᠨ ᠢᠵᠢ ᠪᠥᠷᠢᠳᠦᠬᠦᠯᠦᠭ᠌ᠰᠡᠨ ᠳᠡᠮᠵᠢᠯᠬᠡ ᠵᠢᠨ ᠲᠥᠷᠥ᠎ᠶ᠋ᠢᠨ ᠪᠣᠳᠣᠯᠭ᠎ᠠ ᠵᠢ ᠲᠣᠭ᠍ᠲᠠᠭᠠᠵᠤ ᠂ ᠥᠪᠥᠷ ᠮᠣᠩᠭᠣᠯ᠎ᠤᠨ ᠡᠯ᠎ᠡ ᠬᠦᠷᠢᠶᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠣᠯᠠᠨ ᠳᠠᠪᠬᠤᠷᠭ᠎ᠠ᠎ᠠᠴᠠ ᠳᠡᠮᠵᠢᠪᠡ᠃
ᠨᠢᠭᠡ ᠪᠦᠯᠦᠭ ᠰᠠᠢᠨ ᠲᠥᠷᠥ᠎ᠶ᠋ᠢᠨ ᠪᠣᠳᠣᠯᠭ᠎ᠠ ᠨᠢ ᠪᠥᠬᠥ᠌ ᠣᠷᠣᠨ᠎ᠤ ᠠᠷᠠᠳ ᠲᠦᠮᠡᠨ᠎ᠦ ᠨᠠᠩ ᠬᠡᠬᠦᠳᠡᠭ ᠳᠦᠬᠦᠷᠡᠩ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ ᠳ᠋ᠤ ᠡᠷᠡᠯᠬᠡᠭᠯᠡᠨ ᠤᠷᠤᠬᠰᠢᠯᠠᠬᠤ ᠵᠢ ᠵᠣᠷᠢᠭ᠍ᠵᠢᠭᠤᠯᠤᠬᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠬᠡᠷᠬᠢᠨ ᠨᠢᠭᠡ ᠪᠦᠯᠦᠭ ᠰᠠᠢᠨ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ᠎ᠢᠶᠠᠷ ᠭᠥᠯᠢᠶᠡᠨ ᠠᠪᠴᠤ᠌᠂ ᠰᠠᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠨᠢ ᠲᠥᠯᠥᠭᠡᠯᠡᠭ᠌ᠴᠢᠳ ᠭᠡᠱᠢᠭᠦᠳ᠂ ᠲᠤᠰᠭᠠᠶ ᠮᠡᠷᠭᠡᠵᠢᠯᠲᠡᠨ ᠡᠷᠳᠡᠮᠲᠡᠳ᠎ᠦᠨ ᠬᠥᠭ᠌ᠵᠢᠶᠡᠨ ᠲᠡᠶ ᠶᠠᠷᠢᠯᠴᠠᠬᠤ ᠰᠡᠳᠦᠪ ᠪᠣᠯᠪᠠ᠃
ᠪᠣᠳᠠᠲᠠᠢ ᠠᠵᠢᠯᠯᠠᠬᠤ ᠵᠢ ᠴᠢᠬᠤᠯᠠᠴᠢᠯᠠᠵᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠤᠰᠤ ᠬᠠᠨᠭᠭᠠᠬᠤ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ
ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠢ ᠬᠥᠭ᠌ᠵᠢᠯᠲᠡ ᠪᠣᠯ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠰᠠᠭᠤᠷᠢ ᠪᠠ ᠪᠠᠲᠤᠯᠠᠭ᠎ᠠ ᠪᠣᠯᠤᠨ᠎ᠠ᠃ 2023 ᠣᠨ᠎ᠤ 12 ᠰᠠᠷ᠎ᠠ᠎ᠶ᠋ᠢᠨ 18 ᠤ᠋ ᠡᠳᠦᠷ᠂ ᠤᠰᠤᠨ ᠠᠱᠢᠭ᠍ᠯᠠᠯᠲᠠ᠎ᠶ᠋ᠢᠨ ᠶᠠᠮᠤᠨ《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠤᠰᠤᠨ ᠠᠱᠢᠭ᠍ᠯᠠᠯᠲᠠ᠎ᠶ᠋ᠢᠨ ᠬᠡᠷᠡᠭ᠌ᠵᠢᠭᠦᠯᠬᠦ᠌ ᠲᠥᠰᠦᠯ》 (ᠲᠤᠷᠤᠬᠰᠢ 《ᠲᠥᠰᠦᠯ》 ᠭᠡᠵᠤ ᠲᠤᠪᠴᠢᠯᠠᠨ᠎ᠠ ) ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠤᠰᠤᠨ ᠠᠱᠢᠭ᠍ᠯᠠᠯᠲᠠ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠪᠡᠷ ᠭᠤᠤᠯ ᠪᠤᠯᠭᠠᠵᠤ᠂ ᠤᠰᠤᠨ᠎ᠤ ᠭᠠᠮᠱᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶ᠋ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠲᠣᠰ ᠲᠣᠰ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ ᠢ᠋ ᠲᠡᠭᠦᠯᠳᠡᠷᠵᠢᠭᠦᠯᠬᠦ᠌᠎ᠶ᠋ᠢ ᠳᠡᠮᠵᠢᠵᠤ᠂ ᠥᠪᠥᠷ ᠮᠣᠩᠭᠣᠯ᠎ᠤᠨ ᠤᠰᠤᠨ᠎ᠤ ᠲᠣᠸ᠋ᠷᠤᠨ ᠨᠢᠷᠤᠭᠤᠪᠴᠢ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠵᠢ ᠲᠠᠮᠵᠢᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ ᠵᠢ ᠲᠠᠮᠵᠢᠬᠦ ᠵᠡᠷᠭᠡ 7 ᠲᠠᠯ᠎ᠠ ᠡᠴᠡ 26 ᠵᠤᠷᠪᠤᠰ ᠭᠣᠸ᠋ᠯᠳᠠᠯᠭ᠎ᠠ᠎ᠲᠠᠶ ᠳᠡᠮᠵᠢᠬᠦ᠌ ᠠᠷᠭ᠎ᠠ ᠬᠡᠮᠵᠢᠶ᠎ᠡ᠎ᠶ᠋ᠢ ᠥᠷᠭᠡᠳᠭᠡᠨ ᠪᠦᠷᠢᠯᠳᠦᠭᠦᠯᠵᠦ᠍᠂ ᠤᠰᠤᠨ ᠠᠱᠢᠭ᠍ᠯᠠᠯᠲᠠ᠎ᠶ᠋ᠢᠨ ᠠᠵᠢᠯ ᠲᠥᠷᠥᠯ᠎ᠦᠨ ᠪᠥᠬᠥ᠌ ᠬᠦᠷᠢᠶ᠎ᠡ ᠴᠠᠷᠠᠭ᠎ᠠ᠎ᠶ᠋ᠢ ᠬᠠᠮᠤᠷᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠤᠨ ᠣᠨᠴᠠ ᠤᠷᠢᠭ᠍ᠳᠠᠬᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠎ᠤ ᠲᠠᠨᠢᠯᠴᠠᠭᠤᠯᠤᠬᠰᠠᠨ᠎ᠢᠶᠡᠷ᠂ ᠲᠤᠰ《ᠲᠥᠰᠦᠯ》᠎ᠢ᠋ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠪᠣᠳᠠᠲᠠᠶ᠎ᠳᠤ ᠰᠠᠭᠤᠷᠢᠯᠠᠨ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠴᠢᠨᠠᠬᠰᠢᠳᠠ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠨᠢᠭᠡ ᠪᠦᠯᠦᠭ ᠪᠠᠯᠠ ᠮᠥᠩᠭᠥ᠌᠂ ᠲᠥᠷᠥᠯ ᠵᠦᠶ᠋ᠯ᠂ ᠲᠥᠷᠥ᠎ᠶ᠋ᠢᠨ ᠪᠣᠳᠣᠯᠭ᠎ᠠ᠂ ᠠᠷᠭ᠎ᠠ ᠬᠡᠮᠵᠢᠶ᠎ᠡ᠎ᠶ᠋ᠢ ᠱᠠᠯᠠᠪᠳᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠣᠳᠣᠬᠠᠨ᠎ᠳᠤ᠂ ᠬᠡᠰᠡᠭ ᠳᠡᠮᠵᠢᠯᠭᠡ᠎ᠶ᠋ᠢᠨ ᠠᠷᠭ᠎ᠠ ᠬᠡᠮᠵᠢᠶ᠎ᠡ ᠨᠢ ᠨᠢᠭᠡᠨᠲᠡ ᠦᠨᠡᠨ ᠪᠣᠳᠠᠲᠠᠶ ᠦᠷ᠎ᠡ ᠪᠦᠲᠦᠮᠵᠢ ᠭᠠᠷᠭᠠᠵᠤ ᠡᠬᠢᠯᠡᠪᠡ ᠃
ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠵᠦ᠍ ᠪᠦᠬᠦ᠌ ᠤᠯᠤᠰ᠎ᠤᠨ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ ᠤ᠋ᠨ ᠬᠥᠭ᠌ᠵᠢᠯᠲᠡ᠎ᠳᠦ ᠥᠪᠥᠷ ᠮᠣᠩᠭᠣᠯ᠎ᠤᠨ ᠲᠥᠰᠦᠯ᠎ᠢ ᠬᠠᠩᠭᠠᠨ᠎ᠠ
ᠥᠪᠥᠷ ᠮᠣᠩᠭᠣᠯ ᠪᠣᠯ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ ᠪᠣᠯᠤᠨ᠎ᠠ᠃ 2023 ᠣᠨ᠎ᠤ 12 ᠰᠠᠷ᠎ᠠ᠎ᠶ᠋ᠢᠨ 29 ᠤ᠋ ᠡᠳᠦᠷ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠠᠮᠢ ᠠᠬᠤᠶ ᠵᠢᠨ ᠮᠠᠯ ᠠᠵᠤ ᠠᠬᠤᠶ ᠲᠠᠷᠢᠶᠠᠯᠠᠩ ᠤ᠋ᠨ ᠬᠥᠭ᠌ᠵᠢᠯᠲᠡ ᠵᠢ ᠬᠠᠮᠳᠦ ᠪᠡᠷ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ》 ᠢ᠋ ᠲᠤᠬᠢᠷᠠᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠦᠳᠡᠭᠡ ᠠᠵᠤ ᠠᠬᠤᠢ ᠵᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠯᠢ ᡁᠢ ᠭᠠᠩ᠂ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ ᠤ᠋ᠨ ᠪᠦᠲᠦᠭᠡᠨ ᠪᠠᠢᠭᠤᠯᠤᠯᠳᠠ᠎ᠶ᠋ᠢ ᠮᠠᠯ ᠠᠵᠤ ᠠᠬᠤᠶ ᠲᠠᠷᠢᠶᠠᠯᠠᠩ ᠤ᠋ᠨ ᠣᠳᠣᠬᠢᠴᠢᠯᠠᠯᠲᠠ᠎ᠶ᠋ᠢ ᠶᠡᠬᠡ ᠪᠡᠷ ᠠᠬᠢᠭᠤᠯᠬᠤ᠂ ᠮᠠᠯ ᠠᠵᠤ ᠠᠬᠤᠶ ᠲᠠᠷᠢᠶᠠᠯᠠᠩ ᠤ᠋ᠨ ᠬᠥᠭ᠌ᠵᠢᠯᠲᠡ᠎ᠶ᠋ᠢᠨ ᠬᠡᠯᠪᠡᠷᠢ᠎ᠵᠢ ᠲᠦᠷᠭᠡᠳᠭᠡᠨ ᠬᠤᠪᠢᠷᠠᠭᠤᠯᠬᠤ ᠲᠣᠪᠣᠢᠮ᠎ᠠ ᠪᠠᠢᠷᠢᠨ᠎ᠳᠤ ᠲᠠᠯᠪᠢᠬᠤ ᠬᠡᠷᠡᠭ᠌ᠲᠡᠶ᠃ ᠣᠷᠣᠨ ᠪᠦᠰᠡ᠎ᠶ᠋ᠢᠨ ᠳᠠᠪᠠᠭᠤᠯᠢᠭ ᠤᠨᠴᠠᠯᠢᠭ᠍ᠳᠤ ᠠᠮᠢᠳᠤ ᠪᠤᠳᠠᠰ᠎ᠤᠨ ᠳᠦᠷᠰᠦ ᠪᠠ ᠣᠷᠣᠨ ᠨᠤᠲᠤᠭ᠎ᠤᠨ ᠬᠥᠭ᠌ᠵᠢᠯᠲᠡ᠎ᠶ᠋ᠢᠨ ᠪᠠᠴᠢᠮ ᠬᠡᠷᠡᠭ᠌ᠴᠡᠬᠡ ᠲᠠᠢ ᠡᠭᠦᠯᠳᠡᠷ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠳᠤᠷᠠᠨ ᠦᠷ᠎ᠡ ᠪᠣᠢᠵᠢᠭᠤᠯᠬᠤ ᠪᠤᠭᠤᠮᠳᠠ ᠰᠢᠪᠳᠤᠯᠬᠤ ᠲᠣᠭ᠍ᠲᠡᠴᠡ᠎ᠶ᠋ᠢ ᠪᠠᠢᠭᠤᠯᠵᠤ᠂ ᠡᠭᠦᠯᠳᠡᠷ ᠪᠣᠢᠵᠢᠭᠤᠯᠬᠤ ᠡᠭᠦᠯᠳᠡᠷ᠎ᠢ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠢ᠎ᠶ᠋ᠢ ᠴᠢᠷᠮᠠᠢᠨ ᠱᠢᠪᠲᠤᠯᠵᠤ᠂ ᠦᠷ᠎ᠡ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠳᠤᠲᠠᠭᠤᠳᠠᠯ᠎ᠢ ᠨᠥᠬᠥᠪᠥᠷᠢᠯᠡᠬᠦ ᠬᠡᠷᠡᠭᠳᠠᠢ᠃ ᠪᠣᠬᠢᠷᠲᠤᠯ ᠥᠬᠡᠶ ᠡᠳ᠋ᠱᠢᠭᠦᠯᠦᠨ ᠪᠤᠯᠪᠠᠰᠤᠷᠠᠭᠤᠯᠬᠤ ᠮᠡᠷᠭᠡᠵᠢᠯ ᠲᠣᠨᠣᠭ᠍ᠯᠠᠯ᠎ᠢ ᠦᠷᠭᠦᠯᠵᠢᠯᠡᠨ ᠶᠡᠬᠡ ᠪᠡᠷ ᠳᠡᠯᠭᠡᠷᠡᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠶᠡᠷᠦᠩᠬᠡᠢᠯᠡᠨ ᠡᠳ᠋ᠱᠢᠭᠦᠯᠦᠨ ᠪᠤᠯᠪᠠᠰᠤᠷᠠᠭᠤᠯᠬᠤ᠎ᠶ᠋ᠢ ᠬᠥᠭ᠌ᠵᠢᠭᠦᠯᠦᠨ᠂ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠪᠠᠷᠠᠭ᠎ᠠ᠎ᠶ᠋ᠢᠨ ᠭᠦᠶ᠋ᠯᠭᠡᠭᠡ ᠵᠢᠨ ᠱᠢᠰᠲ᠋ᠧᠮ ᠢ᠋ ᠪᠦᠷᠢᠨᠱᠢᠬᠦᠯᠵᠦ᠍᠂ ᠪᠥᠬᠥ᠌ ᠠᠵᠤ ᠦᠢᠯᠡᠰ᠎ᠦᠨ ᠬᠡᠯᠬᠢᠶ᠎ᠡ᠎ᠶ᠋ᠢᠨ ᠡᠬᠢ ᠪᠠᠶᠠᠯᠢᠭ᠎ᠤᠨ ᠬᠣᠷᠣᠭ᠍ᠳᠠᠭᠤᠯᠤᠯᠢ ᠪᠠᠭᠤᠷᠠᠭᠤᠯᠬᠤ ᠬᠡᠷᠡᠭᠳᠠᠢ ᠭᠡᠬᠦ ᠰᠠᠨᠠᠭᠤᠯᠭ᠎ᠠ ᠳᠤᠷᠠᠳᠴᠠᠢ᠃
ᠴᠦᠬᠦᠷᠡᠰᠢ ᠦᠭᠡᠢ ᠴᠢᠷᠮᠠᠢᠵᠤ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠵᠢᠡᠨ ᠰᠠᠢᠲᠤᠷ ᠰᠠᠬᠢᠨ ᠬᠠᠮᠠᠭᠠᠯᠠᠨ᠎ᠠ
ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠤ᠋ᠨ ᠬᠢᠨ ᠡᠷᠡᠰ ᠭᠤᠢᠪᠢᠰᠢ ᠥᠬᠡᠶ᠎ᠪᠡᠷ ᠴᠢᠬᠤᠯᠠ ᠶᠡᠬᠡ ᠠᠮᠢ ᠠᠬᠤᠶ᠎ᠶ᠋ᠢᠨ ᠢᠨᠵᠧᠨᠧᠷᠢᠩ᠎ᠢᠶᠡᠷ ᠭᠤᠤᠯᠳᠠᠯᠭ᠎ᠠ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠴᠢᠩᠭᠠᠳᠭᠠᠵᠤ᠂ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌᠎ᠶ᠋ᠢ ᠲᠦᠷᠭᠡᠳᠭᠡᠵᠦ᠍᠂ ᠨᠤᠮᠢᠨ ᠨᠤᠭᠤᠭᠠᠨ ᠦᠨᠭᠬᠡ ᠨᠢ ᠨᠢᠬᠡᠨᠳᠡ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠡᠪᠢᠰᠭᠡᠷ ᠥᠩᠭᠡ ᠪᠣᠯᠪᠠ᠃ ᠲᠦᠷᠦᠭᠦᠬᠡᠨ᠂ ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ《 ᠣᠶ ᠱᠢᠭᠤᠶ ᠨᠤᠲᠤᠭ ᠪᠡᠯᠴᠢᠭᠡᠷ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠠᠷᠭ᠎ᠠ ᠬᠡᠮᠵᠢᠶ᠎ᠡ᠎ᠨᠦᠭᠦᠳ 》 (ᠳᠣᠷᠣᠭ᠍ᠰᠢ 《 ᠠᠷᠭ᠎ᠠ ᠬᠡᠮᠵᠢᠶ᠎ᠡ 》 ᠭᠡᠵᠦ᠍ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ ᠲᠥᠷᠥ᠎ᠶ᠋ᠢᠨ ᠪᠣᠳᠣᠯᠭ᠎ᠠ᠂ ᠪᠠᠯᠠ ᠮᠥᠩᠭᠥ᠌᠂ ᠲᠥᠷᠥᠯ ᠵᠦᠶ᠋ᠯ ᠵᠡᠷᠭᠡ ᠣᠯᠠᠨ ᠲᠠᠯ᠎ᠠ᠎ᠡᠴᠡ ᠥᠪᠥᠷ ᠮᠣᠩᠭᠣᠯ᠎ᠤᠨ ᠣᠶ ᠱᠢᠭᠤᠶ ᠨᠤᠲᠤᠭ ᠪᠡᠯᠴᠢᠭᠡᠷ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠬᠥᠯᠥᠨ ᠪᠣᠢᠷ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠡᠭᠡᠳᠦ ᠵᠡᠷᠭᠡ᠎ᠶ᠋ᠢᠨ ᠢᠨᠵᠧᠨᠧᠷ ᠨᠢᠩ ᠱᠢᠨ ᠵᠧ ᠵᠢᠨ ᠦᠵᠡᠬᠦ ᠪᠡᠷ᠂ ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠳᠭᠤᠵᠤ᠂ 《ᠠᠷᠭ᠎ᠠ ᠬᠡᠮᠵᠢᠶ᠎ᠡ》 ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ᠎ᠳᠤ ᠳᠤᠤᠷᠠᠬᠢ ᠬᠡᠳᠦᠨ ᠲᠠᠯ᠎ᠠ᠎ᠶ᠋ᠢ ᠭᠦᠶ᠋ᠴᠡᠳᠭᠡᠬᠦ᠌ ᠬᠡᠷᠡᠭ᠌ᠲᠡᠶ᠄ ᠨᠢᠭᠡ᠎ᠳᠦ᠂ ᠡᠯ᠎ᠡ ᠭᠠᠵᠠᠷ ᠣᠷᠣᠨᠥᠪᠡᠷᠦᠨ ᠡᠬᠢ ᠪᠠᠶᠠᠯᠢᠭ᠎ᠤᠨ ᠣᠳᠣᠬᠢ ᠪᠠᠢᠳᠠᠯ᠎ᠲᠠᠶ᠎ᠪᠠᠨ ᠤᠶᠠᠯᠳᠤᠭᠤᠯᠤᠨ᠂ ᠣᠨᠴᠠᠯᠢᠭ᠎ᠢᠶᠠᠨ ᠳᠣᠪᠣᠢᠯᠭᠠᠵᠤ᠂ ᠭᠤᠤᠯᠳᠠᠯᠭ᠎ᠠ᠎ᠶ᠋ᠢ ᠠᠳᠭᠤᠬᠤ ᠬᠡᠷᠡᠭ᠌ᠲᠡᠶ ; ᠬᠣᠶᠠᠷ᠎ᠲᠤ᠂ ᠡᠯ᠎ᠡ ᠣᠶ ᠱᠢᠭᠤᠶ ᠨᠤᠲᠤᠭ ᠪᠡᠯᠴᠢᠭᠡᠷ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠪᠠᠢᠭᠤᠯᠤᠮᠵᠢ ᠬᠠᠨᠳᠤᠯᠭᠠᠳᠤ ᠴᠢᠨᠠᠷᠲᠠᠶ ᠰᠤᠳᠤᠯᠭᠠᠨ᠎ᠤ ᠠᠵᠢᠯ᠎ᠢ ᠢᠳᠡᠪᠬᠢᠲᠡᠶ ᠥᠷᠨᠢᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠬᠥᠭ᠌ᠵᠢᠯᠲᠡ᠎ᠶ᠋ᠢᠨ ᠶᠠᠪᠤᠴᠠ᠎ᠳᠤ ᠣᠷᠣᠱᠢᠵᠤ ᠪᠠᠢᠭ᠎ᠠ ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ ; ᠭᠤᠷᠪᠠ᠎ᠳᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠡᠯ᠎ᠡ ᠰᠠᠯᠠᠭ᠎ᠠ ᠮᠥᠴᠢᠷ᠎ᠦᠨ᠎ᠬᠢᠨ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠡᠯ᠎ᠡ ᠲᠠᠯ᠎ᠠ᠎ᠶ᠋ᠢᠨ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠬᠠᠮᠵᠢᠯᠴᠠᠨ ᠵᠣᠯᠭᠠᠭᠤᠯᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠲᠣᠰ 《ᠠᠷᠭ᠎ᠠ ᠬᠡᠮᠵᠢᠶ᠎ᠡ》 ᠶ᠋ᠢ ᠤᠷᠤᠭ᠍ᠰᠢᠲᠠᠶ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃
ᠤᠰᠤᠨ ᠠᠱᠢᠭ᠍ᠯᠠᠯᠲᠠ᠎ᠶ᠋ᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠡᠴᠡ ᠭᠠᠳᠠᠨ᠎ᠠ ᠪᠠᠰᠠ ᠤᠯᠠᠨ ᠰᠠᠯᠠᠭ᠎ᠠ ᠮᠥᠴᠢᠷ ᠡᠴᠡ ᠳᠡᠮᠵᠢᠵᠦ ᠪᠤᠢ᠃ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ 《ᠰᠠᠨᠠᠯ》 ᠤ᠋ᠨ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠢ ᠨᠡᠢᠲᠡᠯᠡᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ 10 ᠲᠠᠯ᠎ᠠ᠎ᠶ᠋ᠢᠨ 33 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠡᠢᠳᠡᠯᠡᠵᠤ᠂ ᠥᠪᠥᠷ ᠮᠣᠩᠭᠣᠯ᠎ᠤᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠠᠬᠢᠴᠠ᠎ᠶ᠋ᠢ ᠲᠦᠷᠭᠡᠳᠭᠡᠬᠦ᠌᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠡᠳ᠋᠎ᠦᠨ ᠵᠠᠰᠠᠭ᠎ᠤᠨ ᠶᠠᠮᠤᠨ 《 〈 ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ〉 ᠢ᠋ ᠨᠠᠢᠳᠠᠪᠤᠷᠢᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠪᠠ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ《ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ ᠁
ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠶᠠᠭ ᠴᠠᠭ᠎ᠢ ᠠᠮᠵᠢᠨ ᠰᠢᠭᠤᠷᠬᠠᠢᠯᠠᠨ ᠬᠦᠳᠡᠯᠦᠯᠴᠡᠵᠤ᠂ ᠢᠵᠢ ᠪᠦᠷᠢᠳᠦᠭᠦᠯᠦᠭᠰᠡᠨ ᠳᠦᠷᠦ ᠵᠢᠨ ᠪᠤᠳᠤᠯᠭ᠎ᠠ ᠵᠢ ᠨᠢᠬᠳᠠ ᠠᠩᠬᠠᠷᠴᠤ᠂ ᠴᠢᠩᠭ᠎ᠠ ᠠᠳᠬᠤᠨ ᠲᠦᠷᠭᠡᠨ ᠱᠢᠢᠳᠪᠦᠷᠢᠯᠡᠵᠦ᠍ ᠪᠣᠳᠠᠲᠠᠢ᠎ᠳᠤ ᠨᠠᠢᠳᠠᠪᠤᠷᠢᠵᠢᠭᠤᠯᠤᠨ᠂ ᠤᠯᠤᠰ᠎ᠤᠨ ᠡᠯ᠎ᠡ ᠶᠠᠮᠤᠨ ᠵᠥᠪᠯᠡᠯ᠎ᠦᠨ ᠥᠪᠥᠷ ᠮᠣᠩᠭᠣᠯ᠎ᠳᠤ《ᠲᠣᠭ᠍ᠲᠠᠭᠠᠵᠤ ᠥᠭ᠌ᠭᠦᠭ᠌ᠰᠡᠨ》 ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠯᠠᠪᠳᠠᠭᠤᠨ ᠪᠠᠳᠤᠳᠠᠢ ᠪᠡᠷ ᠪᠣᠳᠠᠲᠠᠢ᠎ᠳᠤ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠤᠢ᠃