ᠭᠦᠸᠧ ᠲᠢᠶᠠᠨ ᠪᠦᠦ ᠲᠥᠯᠥᠭᠡᠯᠡᠭ᠌ᠴᠢ ᠄ ᠲᠠᠷᠢᠶᠠᠯᠠᠩ ᠮᠠᠯ ᠠᠵᠤ ᠠᠬᠤᠶ ᠎ᠵᠢᠨ ᠬᠦᠭᠵᠢᠯᠳᠠ ᠪᠡᠷ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭ᠌ᠳᠡᠯ ᠢ᠋ ᠳᠠᠢᠴᠢᠯᠠᠨ᠎ᠡ
2024-01-31 13:00:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠲᠠᠷᠢᠶᠠᠯᠠᠩ ᠮᠠᠯ ᠠᠵᠤ ᠠᠬᠤᠶ ᠨᠢ ᠤᠳᠤᠬᠢᠴᠢᠯᠠᠭᠰᠠᠨ ᠶᠡᠬᠡ ᠠᠵᠤ ᠦᠶ᠋ᠯᠡᠰ ᠢ᠋ ᠴᠣᠭ᠍ᠴᠠᠯᠠᠬᠤ ᠪᠠ ᠠᠵᠤ ᠦᠶ᠋ᠯᠡᠰ ᠤ᠋ᠨ ᠬᠦᠴᠦᠷᠬᠡᠭ ᠣᠷᠣᠨ ᠢ᠋ ᠪᠦᠲᠦᠭᠡᠨ ᠪᠠᠢᠭᠤᠯᠬᠤ ᠪᠡᠷ ᠬᠠᠷᠠᠯᠲᠠ ᠪᠤᠯᠭᠠᠨ ᠬᠦᠴᠦᠯᠡᠬᠦ ᠬᠡᠷᠡᠭᠲᠡᠢ ᠭᠡᠵᠦ᠍ ᠳᠤᠷᠠᠤᠨᠪᠠ᠂ ᠡᠨᠡ ᠨᠢ ᠪᠦᠬᠦ ᠤᠷᠤᠨ᠎ᠤ ᠲᠠᠷᠢᠶᠠᠯᠠᠡᠭ ᠮᠠᠯ ᠠᠵᠤ ᠠᠬᠤᠢ᠎ᠵᠢᠨ ᠬᠦᠭᠵᠢᠯᠳᠠ᠎ᠵᠢᠨ ᠴᠢᠭᠯᠡᠯ ᠪᠠ ᠬᠠᠷᠠᠯᠳᠠ ᠵᠢ ᠲᠤᠳᠤᠷᠠᠭᠤᠯᠤᠨ ᠦᠭᠪᠠ᠃ ᠲᠦᠩᠯᠢᠶᠣᠤ ᠬᠣᠲᠠ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠬᠦᠴᠦᠷᠬᠡᠭ ᠬᠣᠲᠠ᠎ᠶ᠋ᠢ ᠪᠥᠲᠥᠭᠡᠨ ᠪᠠᠢᠭᠤᠯᠬᠤ ᠬᠠᠷᠠᠯᠲᠠ ᠵᠢᠨ ᠪᠠᠢᠷᠢ ᠲᠣᠭ᠍ᠲᠠᠭᠠᠯᠲᠠ ᠵᠢᠨ ᠲᠣᠭᠣᠷᠢᠨ᠎ᠳᠤ ᠡᠷᠳᠡᠨᠢ ᠱᠢᠰᠢ᠂ ᠮᠢᠬᠠᠨ ᠤ᠋ ᠦᠬᠡᠷ ᠬᠣᠶᠠᠷ ᠶᠡᠬᠡ ᠠᠵᠤ ᠦᠶ᠋ᠯᠡᠰ ᠢ᠋ ᠵᠠᠭᠤᠨ ᠳ᠋ᠦᠩᠱᠢᠭᠤᠷ ᠲᠠᠰ ᠤ᠋ᠨ ᠠᠵᠤ ᠦᠶ᠋ᠯᠡᠰ᠎ᠦᠨ ᠪᠦᠯᠦᠭ᠌ᠵᠢᠯ ᠳᠠᠢᠰᠢ ᠬᠥᠭ᠌ᠵᠢᠭᠦᠯᠬᠦ᠌᠎ᠶ᠋ᠢ ᠦᠷᠭᠦᠯᠵᠢᠯᠡᠨ ᠪᠥᠬᠥ᠌ ᠬᠦᠴᠦᠨ ᠵᠢᠡᠷ ᠵᠢᠡᠨ ᠠᠬᠢᠭᠤᠯᠬᠤ ᠬᠡᠷᠡᠭ᠌ᠲᠡᠶ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠳᠠᠷᠤᠭ᠎ᠠ ᠭᠦᠸᠧ ᠲᠢᠶᠠᠨ ᠪᠦᠦ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭ᠍ᠰᠠᠨ ᠤ᠋ ᠳᠠᠷᠠᠭᠠᠬᠢ ᠤᠯᠤᠯᠳᠠ ᠲᠦᠷᠦᠭᠳᠡᠯ᠎ᠵᠢᠨᠨ ᠭᠡᠯᠡᠨ᠎ᠠ᠃


QQ截图20240131104645.png


ᠭᠦᠸᠧ ᠲᠢᠶᠠᠨ ᠪᠦᠦ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ ᠪᠣᠯ ᠥᠪᠡᠷᠲᠡᠭᠡᠨ ᠵᠠᠰᠠᠬᠤ ᠣᠷᠣᠨ ᠤ᠋ 26 ᠲᠠᠷᠢᠶᠠᠯᠠᠩ ᠮᠠᠯ ᠠᠵᠤ ᠠᠬᠤᠶ ᠵᠢᠨ ᠲᠥᠷᠥᠯ᠎ᠦᠨ ᠬᠣᠱᠢᠭᠤ ᠱᠢᠶᠠᠨ ᠤ᠋ ᠨᠢᠭᠡ ᠪᠠᠢᠵᠤ᠂ ᠣᠢᠷ᠎ᠠ ᠵᠢᠨ ᠵᠢᠯ ᠲᠣᠭ᠎ᠠ ᠬᠡᠮᠵᠢᠶ᠎ᠡ᠎ᠪᠡᠨ ᠦᠷᠭᠡᠳᠭᠡᠬᠦ᠂ ᠶᠠᠰᠤ ᠴᠢᠨᠠᠷ ᠵᠢᠡᠨ ᠳᠡᠭᠡᠭ᠌ᠰᠢᠯᠡᠭᠦᠯᠬᠦ᠌᠂ ᠭᠠᠷᠤᠯᠲᠠ᠎ᠪᠠᠨ ᠨᠡᠮᠡᠭ᠌ᠳᠡᠭᠦᠯᠬᠦ᠌ ᠲᠠᠯ᠎ᠠ ᠪᠡᠷ ᠴᠢᠡᠭᠭ᠎ᠠ ᠠᠳᠬᠤᠪᠠ᠃ 2023 ᠣᠨ᠎ᠳᠤ᠂ ᠪᠥᠬᠥ᠌ ᠬᠣᠱᠢᠭᠤᠨ ᠤ᠋ ᠠᠮᠤ ᠪᠤᠳᠠᠭᠠᠨ ᠤ᠋ ᠤᠨᠠᠯᠲᠠ 28.17 ᠳ᠋ᠦᠩᠱᠢᠭᠤᠷ ᠵᠢᠩ᠂ ᠱᠢᠨ᠎ᠡ᠎ᠪᠡᠷ ᠪᠠᠢᠭᠤᠯᠤᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ 10 ᠲᠦᠮᠡᠨ ᠮᠥ᠍ ᠬᠦᠷᠴᠤ᠂ 32 ᠲᠦᠮᠡᠨ ᠮᠥ᠍ ᠡᠷᠳᠡᠨᠢ ᠱᠢᠰᠢ᠎ᠶ᠋ᠢ ᠭᠦᠶᠦᠭᠡᠨ ᠪᠤᠯᠠᠵᠤ ᠳᠤᠰᠤᠯᠠᠭᠠᠨ ᠤᠰᠤᠯᠠᠪᠠ;ᠮᠢᠬᠠᠨ ᠤ᠋ ᠦᠬᠡᠷ 100.86 ᠲᠦᠮᠡ᠎ᠳᠤ ᠬᠦᠷᠴᠤ᠂ ᠲᠠᠷᠢᠶᠠᠯᠠᠩ ᠮᠠᠯ ᠠᠵᠤ ᠠᠬᠤᠶ ᠶ᠋ᠢ ᠲᠣᠭ᠍ᠲᠠᠭᠤᠨ ᠪᠠᠢᠯᠭᠠᠬᠤ ᠵᠢᠨ ᠬᠠᠮᠲᠤ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠦᠷ᠎ᠡ ᠠᠱᠢᠭ ᠢ᠋ ᠨᠡᠮᠡᠭ᠌ᠳᠡᠭᠦᠯᠬᠦ᠌᠎ᠶ᠋ᠢ ᠪᠡᠶᠡᠯᠡᠭᠦᠯᠦᠭᠰᠡᠨ ᠪᠠᠢᠨ᠎ᠠ ᠭᠡᠯ᠎ᠠ᠃

ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠱᠠᠭᠠᠷᠳᠠᠯᠭ᠎ᠠ ᠶᠤᠰᠤᠭᠠᠷ᠂ ᠭᠦᠸᠧ ᠲᠢᠶᠠᠨ ᠪᠦᠦ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ 《ᠲᠣᠭ᠍ᠲᠠᠭᠤᠨ》 ᠪᠠᠢᠬᠤ᠎ᠶ᠋ᠢ ᠲᠡᠷᠢᠭᠦᠨ ᠳ᠋ᠤ ᠲᠠᠯᠪᠢᠵᠤ᠂ ᠲᠠᠷᠢᠶᠠᠯᠠᠩ᠎ᠤᠨ ᠭᠠᠷᠤᠯᠳᠠ ᠮᠠᠯ ᠠᠵᠤ ᠠᠬᠤᠶ ᠵᠢᠨ ᠭᠠᠷᠭᠠᠯᠳᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠵᠤ᠂ ᠣᠲᠣ ᠦᠶ᠎ᠡ ᠵᠢᠨ ᠤᠰᠤ ᠠᠷᠪᠢᠯᠠᠬᠤ ᠥᠨᠳᠥᠷ ᠤᠨᠠᠯᠲᠠ᠎ᠲᠠᠶ ᠲᠠᠷᠢᠶᠠᠯᠠᠩ ᠤ᠋ᠨ ᠵᠢᠱ᠌ᠢᠶ᠎ᠡ ᠦᠵᠡᠭᠦᠯᠬᠦ᠌ ᠣᠷᠣᠨ ᠤ᠋ ᠪᠥᠲᠥᠭᠡᠨ ᠪᠠᠢᠭᠤᠯᠤᠯᠲᠠ᠎ᠶ᠋ᠢ ᠰᠠᠢᠲᠤᠷ ᠠᠳᠭᠤᠬᠤ ᠵᠢᠨ ᠬᠠᠮᠲᠤ ᠮᠢᠬᠠᠨ ᠤ᠋ ᠦᠬᠡᠷ᠎ᠦᠨ ᠠᠵᠤ ᠦᠢᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠶᠡᠬᠡ᠎ᠪᠡᠷ ᠠᠬᠢᠭᠤᠯᠤᠨ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠢ ᠲᠣᠭ᠍ᠲᠠᠭᠤᠨ ᠵᠢᠡᠷ ᠨᠡᠮᠡᠭ᠌ᠳᠡᠭᠦᠯᠦᠨ᠂ ᠮᠢᠬᠠᠨ ᠤ᠋ ᠦᠬᠡᠷ᠎ᠦᠨ ᠠᠵᠤ ᠦᠶ᠋ᠯᠡᠰ ᠢ᠋ ᠦᠨᠡᠨ ᠬᠦ᠌  ᠠᠷᠠᠳ ᠢ᠋ ᠪᠠᠶᠠᠵᠢᠭᠤᠯᠵᠤ ᠬᠣᠱᠢᠭᠤ᠎ᠪᠠᠨ ᠬᠦᠴᠦᠷᠬᠡᠭ᠌ᠵᠢᠭᠦᠯᠬᠦ᠌ ᠲᠤᠯᠭᠠᠭᠤᠷᠢᠯᠠᠬᠤ ᠠᠵᠤ ᠦᠶ᠋ᠯᠡᠰ ᠪᠣᠯᠭᠠᠨ᠎ᠠ ᠭᠡᠵᠤ ᠬᠠᠷᠠᠯᠳᠠ ᠪᠠᠨ ᠲᠤᠳᠤᠷᠠᠭᠤᠯᠤᠨ᠎ᠠ᠃


ᠵᠤᠬᠢᠶᠠᠯ ᠄    ᠲᠤᠰ ᠰᠤᠨᠢᠨ᠎ᠤ ᠰᠤᠷᠪᠤᠯᠵᠢᠯᠠᠭᠴᠢ  ᠱᠢᠤᠢ ᠵᠢᠩ

ᠵᠢᠷᠤᠭ  ᠄    ᠲᠤᠰ ᠰᠤᠨᠢᠨ᠎ᠤ ᠰᠤᠷᠪᠤᠯᠵᠢᠯᠠᠭᠴᠢ  ᠸᠠᠩ ᠯᠸᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号