2024 ᠣᠨ᠎ᠤ ᠥᠪᠥᠷ ᠮᠣᠩᠭᠣᠯ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ 《ᠲᠣᠭᠲᠠᠭᠤᠨ》 ᠭᠡᠬᠦ ᠵᠠᠩᠭᠢᠯᠠᠭ᠎ᠠ᠎ᠶᠢᠨ ᠦᠭᠡ ᠪᠠᠢᠨ ᠳᠠᠬᠢᠨ ᠳᠤᠷᠠᠳᠤᠭᠳᠠᠵᠤ᠂ ᠲᠥᠯᠥᠭᠡᠯᠡᠭᠴᠢᠳ ᠭᠡᠰᠢᠭᠦᠳ᠎ᠦᠨ ᠠᠩᠬᠠᠷᠤᠯ᠎ᠤᠨ ᠲᠥᠪ ᠪᠣᠯᠪᠠ᠃
ᠰᠢᠨ᠎ᠡ ᠨᠢᠭᠡᠨ ᠵᠢᠯ᠎ᠳᠦ᠂ ᠬᠡᠷᠬᠢᠨ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠵᠤ᠂ ᠤᠷᠤᠭᠰᠢᠯᠠᠬᠤ ᠪᠡᠷ ᠲᠣᠭᠲᠠᠭᠤᠨ᠎ᠢ ᠠᠬᠢᠭᠤᠯᠬᠤ ᠪᠤᠶ? ᠬᠠᠮᠲᠤ᠎ᠪᠠᠷ ᠲᠥᠯᠥᠭᠡᠯᠡᠭᠴᠢᠳ ᠭᠡᠰᠢᠭᠦᠳ᠎ᠦᠨ ᠶᠠᠷᠢᠬᠤ᠎ᠵᠢ ᠰᠤᠨᠤᠰᠤᠶ᠎ᠠ!
《ᠲᠣᠭᠲᠠᠭᠤᠨ ᠪᠠᠢᠬᠤ ᠶᠢ ᠲᠡᠷᠢᠭᠦᠨ᠎ᠳᠦ ᠲᠠᠯᠪᠢᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠎ᠶᠢ ᠪᠠᠷᠢᠮᠲᠠᠯᠠᠵᠤ᠂ ᠦᠬᠠᠢ ᠬᠤᠳᠠ ᠤᠯᠠᠮᠵᠢᠯᠠᠯᠲᠤ ᠨᠡᠬᠦᠷᠡᠰᠤᠨ ᠬᠡᠦᠷᠡᠰᠦ᠎ᠶᠢᠨ ᠠᠵᠤ ᠦᠢᠯᠡᠰ᠎ᠦᠨ 〈ᠭᠤᠷᠪᠠ᠎ᠶᠢ ᠨᠡᠢᠳᠬᠡᠬᠦ〉 ᠪᠡᠷ ᠭᠠᠷᠳᠠᠴᠠ ᠪᠣᠯᠭᠠᠵᠤ᠂ ᠠᠵᠤ ᠦᠢᠯᠡᠰ᠎ᠦᠨ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠠᠭᠤᠷᠢ᠎ᠶᠢ ᠲᠣᠭᠲᠠᠭᠤᠨ ᠳᠠᠯᠪᠢᠪᠠ᠃ ᠪᠦᠬᠦ ᠪᠦᠮᠪᠤᠷᠴᠡᠭ᠎ᠤᠨ ᠬᠠᠮᠤᠭ ᠶᠡᠭᠡ BDO ᠨᠢᠭᠡ ᠴᠤᠭᠴᠠᠵᠢᠭᠤᠯᠤᠭᠰᠠᠨ ᠦᠢᠯᠡᠳᠪᠤᠷᠢᠯᠡᠯ᠎ᠤᠨ ᠰᠠᠭᠤᠷᠢᠨ ᠪᠠ BDO ᠰᠢᠨᠵᠢᠯᠡᠬᠦ ᠤᠠᠬᠭᠠᠨ ᠲᠸᠭᠨᠢᠭ ᠮᠡᠷᠭᠡᠵᠢᠯ᠎ᠤᠨ ᠰᠢᠨ᠎ᠠ ᠵᠢ ᠡᠬᠦᠳᠤᠨ ᠰᠤᠳᠤᠯᠤᠨ ᠨᠡᠭᠡᠭᠡᠬᠦ ᠲᠦᠪ ᠢ ᠪᠠᠢᠭᠤᠯᠵᠤ᠂ ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠪᠳᠤᠯᠤᠯᠳᠠ ᠵᠢᠨ ᠢᠨᠵᠸᠨ᠋ᠸᠷᠢᠡᠭ ᠳᠤ ᠦᠬᠠᠢ᠎ᠵᠢᠨ ᠤᠶᠤᠨ ᠤᠠᠬᠭᠠᠨ᠂ ᠦᠬᠠᠢ ᠵᠢᠨ ᠬᠦᠴᠤᠨ ᠴᠢᠳᠠᠯ᠎ᠵᠢᠡᠨ ᠨᠠᠮᠠᠷᠢᠯᠡᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠰᠦᠨ ᠬᠤᠤ ᠲᠠᠨᠢᠯᠴᠠᠭᠤᠯᠤᠨ᠎ᠠ ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠠᠵᠤ ᠦᠢᠯᠡᠳᠪᠦᠷᠢ᠎ᠵᠢ ᠤᠷᠢᠳ᠎ᠢᠶᠡᠷ 《ᠳᠤᠮᠳᠠ ᠲᠦᠪᠰᠢᠨ᠎ᠳᠤ ᠣᠷᠣᠭᠤᠯᠬᠤ》 ᠬᠠᠷᠠᠯᠲᠠ᠎ᠶᠢᠨ ᠲᠣᠭᠣᠷᠢᠨ᠎ᠳᠤ ᠳᠠᠪᠠᠭᠤᠯᠢᠭ᠋᠎ᠢᠶᠡᠨ ᠳᠠᠪᠲᠠᠵᠦ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠦᠯᠦᠭᠵᠢᠯ᠎ᠢ ᠪᠤᠵᠠᠭᠠᠢᠷᠠᠭᠤᠯᠵᠦ᠂ ᠲᠤᠯᠭᠠᠭᠤᠷᠢᠯᠠᠯ᠎ᠢ ᠴᠢᠩᠭᠠᠳᠬᠠᠨ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
《ᠵᠠᠯᠠᠢᠳ ᠬᠣᠰᠢᠭᠤ ᠤᠳᠤ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢ ᠰᠢᠰᠲᠧᠮ᠎ᠲᠠᠢ ᠲᠥᠰᠥᠪᠯᠡᠨ ᠠᠬᠢᠭᠤᠯᠵᠤ᠂ ᠨᠢᠳᠤᠨᠤᠨ᠎ᠤ ᠠᠮᠤ ᠪᠤᠳᠠᠭᠠᠨ᠎ᠤ ᠶᠡᠷᠦᠩᠬᠡᠢ ᠤᠨᠠᠯᠲᠠ 47 . 4 ᠳ᠋ᠦᠩᠰᠢᠭᠤᠷ ᠵᠢᠩ᠎ᠳᠦ ᠬᠦᠷᠴᠦ᠂ 〈ᠬᠣᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ〉 ᠶ᠋ᠢ ᠪᠡᠶᠡᠯᠡᠭᠦᠯᠵᠦ᠂ ᠤᠰᠤᠨ ᠲᠤᠲᠤᠷᠭ᠎ᠠ᠎ᠶᠢᠨ ᠵᠢᠱ᠌ᠢᠶ᠎ᠡ ᠦᠵᠡᠭᠦᠯᠬᠦ ᠲᠠᠷᠢᠶ᠎ᠠ ᠥᠪᠡᠷᠲᠡᠭᠡᠨ ᠵᠠᠰᠠᠬᠤ ᠣᠷᠣᠨ᠎ᠤ ᠲᠠᠯᠠᠪᠠᠢ ᠨᠢᠭᠡᠴᠢ᠎ᠶᠢᠨ ᠤᠨᠠᠯᠲᠠ᠎ᠶᠢᠨ ᠲᠡᠮᠳᠡᠭᠯᠡᠯ᠎ᠢ ᠰᠢᠨᠡᠳᠬᠡᠵᠦ᠂ ᠮᠦ᠍ ᠪᠦᠷᠢ᠎ᠶᠢᠨ ᠤᠨᠠᠯᠲᠠ 761.5 ᠺᠢᠯᠣᠭ᠌ᠷᠠᠮ᠎ᠳᠤ ᠬᠦᠷᠴᠦ᠂ ᠰᠢᠷ᠎ᠠ ᠪᠤᠷᠴᠠᠭ᠎ᠤᠨ ᠤᠨᠠᠯᠳᠠ ᠨᠢ ᠪᠦᠬᠦ ᠣᠷᠣᠨ ᠪᠠ ᠵᠡᠭᠦᠨ ᠬᠣᠢᠲᠤ ᠣᠷᠣᠨ᠎ᠤ ᠥᠨᠳᠥᠷ ᠤᠨᠠᠯᠲᠠ᠎ᠶᠢᠨ ᠲᠡᠮᠳᠡᠭᠯᠡᠯ᠎ᠢ ᠡᠭᠦᠳᠴᠦ᠂ ᠮᠦ᠍ ᠪᠦᠷᠢ᠎ᠶᠢᠨ ᠤᠨᠠᠯᠲᠠ 316.8 ᠺᠢᠯᠣᠭ᠌ᠷᠠᠮ᠎ᠳᠤ ᠬᠦᠷᠴᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠴᠢ ᠯᠢᠨ ᠬᠡᠯᠡᠨ᠎ᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠲᠠᠷᠢᠶᠠᠯᠠᠬᠤ ᠭᠠᠵᠠᠷ᠎ᠤᠨ ᠬᠠᠮᠠᠭᠠᠯᠠᠯᠳᠠ ᠪᠠ ᠠᠮᠤ ᠪᠤᠳᠠᠭᠠᠨ᠎ᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ᠎ᠶᠢ ᠲᠣᠭᠲᠠᠪᠤᠷᠢᠵᠢᠭᠤᠯᠵᠤ᠂ ᠬᠡᠪᠴᠢᠶᠡᠵᠢᠬᠦᠯᠦᠭᠰᠡᠨ ᠡᠵᠡᠩᠨᠡᠯᠲᠡ ᠨᠡᠢᠭᠡᠮᠴᠢᠯᠡᠭᠰᠡᠨ ᠦᠢᠯᠡᠴᠢᠯᠡᠭᠡ᠎ᠶᠢ ᠲᠦᠷᠭᠡᠳᠬᠡᠨ ᠠᠬᠢᠭᠤᠯᠵᠤ᠂ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠤᠷᠢᠵᠦ ᠲᠡᠵᠢᠭᠡᠬᠦ᠂ ᠬᠦᠷᠢᠶ᠎ᠡ ᠬᠠᠰᠢᠶᠠᠨ᠎ᠤ ᠠᠵᠤ ᠠᠬᠤᠢ᠎ᠶᠢ ᠬᠥᠭᠵᠢᠭᠦᠯᠬᠦ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠵᠠᠩ ᠢᠦᠢ᠄ 《ᠤᠷᠠᠳ᠎ᠤᠨ ᠳᠤᠮᠳᠠᠳᠤ ᠬᠣᠰᠢᠭᠤ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢ ᠢᠳᠡᠪᠬᠢᠲᠡᠢ ᠪᠣᠢᠵᠢᠭᠤᠯᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠨᠡᠮᠡᠯᠲᠡ ᠥᠷᠲᠡᠭ᠎ᠢ ᠭᠦᠨ ᠠᠭᠤᠳᠠᠯᠵᠤ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠦᠬᠡᠷ ᠬᠣᠨᠢᠨ ᠮᠢᠬ᠎ᠠ᠎ᠶᠢᠨ ᠠᠩᠬᠠᠨ᠎ᠤ ᠡᠳ᠋ᠰᠢᠭᠦᠯᠤᠯᠳᠠᠶᠢ ᠨᠢᠭᠡᠨᠲᠡ ᠠᠩᠬ᠎ᠠ ᠠᠯᠬᠤᠮ ᠬᠡᠪᠴᠢᠶᠡᠵᠢᠭᠦᠯᠪᠡ᠃ ᠡᠭᠦᠨ᠎ᠦ ᠬᠠᠮᠲᠤ᠂ ᠲᠥᠷᠥ᠎ᠶᠢᠨ ᠪᠣᠳᠣᠯᠭ᠎ᠠ᠎ᠶᠢᠨ ᠲᠠᠯ᠎ᠠ᠎ᠪᠠᠷ ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠲᠡᠳᠬᠦᠨ ᠳᠡᠮᠵᠢᠵᠦ᠂ ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ ᠬᠢᠭᠡᠳ ᠬᠣᠷᠰᠢᠶᠠᠵᠢᠯ᠂ ᠮᠠᠯᠴᠢᠨ ᠲᠠᠷᠢᠶᠠᠴᠢᠨ᠎ᠤ ᠬᠤᠷᠰᠢᠯᠴᠠᠭ᠎ᠠ ᠬᠠᠷᠢᠯᠴᠠᠭ᠎ᠠ᠎ᠶᠢ ᠴᠢᠩᠭᠠᠳᠬᠠᠨ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭᠲᠦ᠎ᠶᠢᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠯᠠᠪᠳᠠᠭᠤᠨ᠎ᠢᠶᠠᠷ ᠬᠥᠭᠵᠢᠭᠦᠯᠦᠨ᠎ᠡ》 ᠭᠡᠯ᠎ᠠ᠃
ᠢᠲᠡᠭᠡᠯ ᠵᠣᠷᠢᠭ᠋᠎ᠢᠶᠠᠨ ᠬᠦᠪᠴᠢᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ 2024 ᠣᠨ᠎ᠳᠤ ᠡᠷᠡᠮᠡᠬᠡᠢᠯᠡᠨ ᠤᠷᠤᠭᠰᠢᠯᠠᠬᠤ᠎ᠳᠤ ᠥᠪᠥᠷ ᠮᠣᠩᠭᠣᠯ ᠢᠲᠡᠭᠡᠯ ᠲᠡᠭᠦᠯᠳᠡᠷ ᠪᠠᠢᠨ᠎ᠠ᠃
( ᠲᠤᠰ ᠰᠤᠨᠢᠨ᠎ᠤ ᠰᠤᠷᠪᠤᠯᠵᠢᠯᠠᠭᠴᠢ ᠄ ᠰᠦᠨ ᠢ ᠹᠠᠨ ᠢᠦᠢ ᠲᠤᠤ ᠯᠠᠢ ᠴᠦᠨ ᠢᠦᠢ ᠵᠤᠸᠠᠩ ᠶᠤᠸᠠᠨ ᠮᠦᠩᠬᠡᠴᠢᠯᠠᠭᠤ ᠴᠧᠩ ᠶᠢᠩ ᠵᠢᠶᠦ᠋ᠨ ᠮᠠ ᠵᠢᠶᠦ᠋ᠨ ᡂᠢ ᠬᠠᠨ ᠰᠢᠶᠣᠣ ᠢᠦᠢ )