ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠳᠤᠮᠳᠠᠳᠤ ᠤᠯᠤᠰ ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ
2024-01-31 10:53:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2023ᠣᠨ᠎ᠤ ᠠᠵᠢᠯ᠎ᠤᠨ ᠡᠷᠭᠢᠴᠡᠭᠦᠯᠦᠯ




2023 ᠣᠨ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠬᠥᠱᠢᠢ᠎ᠡ ᠲᠤᠷᠠᠰᠬᠠᠯ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠳᠠᠬᠢᠨᠲᠠ ᠮᠠᠨ᠎ᠤ ᠣᠷᠣᠨ᠎ᠳᠤ ᠮᠤᠷᠢᠯᠠᠨ ᠰᠠᠭᠠᠳᠠᠵᠦ ᠱᠢᠨᠵᠢᠯᠡᠨ ᠪᠠᠢᠴᠠᠭᠠᠵᠤ ᠂ ᠥᠪᠥᠷ ᠮᠣᠩᠭᠣᠯ᠎ᠳᠤ ᠯᠤᠲᠤ ᠶᠡᠬᠡ ᠤᠯᠤᠰ ᠲᠥᠷᠥ᠎ᠶ᠋ᠢᠨ ᠬᠠᠯᠠᠮᠵᠢᠯᠠᠯ ᠪᠠ ᠡᠷᠬᠢᠮ ᠨᠠᠨᠳᠢᠨ ᠬᠥᠭ᠌ᠵᠢᠯᠲᠡ᠎ᠶ᠋ᠢᠨ ᠠᠵᠠ ᠲᠣᠬᠢᠶᠠᠯ ᠣᠯᠭᠣᠪᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠣᠳᠣᠬᠢᠴᠢᠯᠠᠯᠳᠠ ᠵᠢᠨ  ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠪᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠰᠠᠨᠠᠯ ᠨᠡᠢᠲᠡᠯᠡᠵᠦ᠍᠂ ᠥᠪᠥᠷ ᠮᠣᠩᠭᠣᠯ᠎ᠤᠨ ᠲᠠᠪᠤᠨ ᠶᠡᠬᠡ ᠡᠭᠦᠷᠭᠡ᠎ᠪᠡᠨ ᠨᠠᠩ ᠰᠠᠢᠲᠤᠷ ᠪᠡᠶᠡᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠬᠣᠶᠠᠷ ᠶᠡᠬᠡ ᠶᠠᠪᠤᠳᠠᠯ᠎ᠢ ᠰᠠᠢᠲᠤᠷ ᠡᠷᠬᠢᠯᠡᠬᠦ᠌᠎ᠶ᠋ᠢᠨ ᠶᠡᠷᠦᠩᠬᠡᠢᠯᠡᠨ ᠵᠢᠯᠣᠭᠣᠳᠭᠤ ᠴᠢᠨᠠᠷᠲᠠᠢ ᠱᠠᠭᠠᠷᠳᠠᠯᠭ᠎ᠠ ᠪᠠ ᠱᠢᠨ᠎ᠡ ᠵᠠᠮ ᠨᠡᠭᠡᠭᠡᠬᠦ᠌ ᠂ ᠳᠤᠮᠳᠠ ᠲᠦᠪᠰᠢᠨ᠎ᠳᠤ ᠣᠷᠣᠬᠤ ᠲᠡᠮᠡᠴᠡᠬᠦ᠌ ᠬᠠᠷᠠᠯᠲᠠ᠎ᠶ᠋ᠢ ᠳᠤᠷᠠᠳᠴᠤ᠌᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠰᠡᠳᠭᠢᠯ ᠵᠢᠷᠦᠭᠡᠨ᠎ᠡᠴᠡ᠎ᠪᠡᠨ ᠨᠠᠮ ᠎ᠤᠨ ᠠᠴᠢ᠎ᠳᠦ ᠲᠠᠯᠠᠷᠬᠠᠨ ᠨᠠᠮ᠎ᠤᠨ ᠦᠭᠡ᠎ᠶ᠋ᠢ ᠰᠤᠨᠤᠰᠤᠨ᠂ ᠶᠡᠷᠦᠩᠬᠡᠢ ᠱᠦᠵᠢ ᠰᠢ ᠵᠢᠨ ᠫᠢᠩ᠎ᠢ ᠲᠠᠭᠠᠵᠦ ᠰᠢᠨ᠎ᠡ ᠠᠶᠠᠨ᠎ᠳᠤ ᠡᠷᠡᠯᠬᠡᠭᠯᠡᠨ ᠤᠷᠤᠬᠰᠢᠯᠠᠵᠦ᠂ ᠪᠦᠬᠦ᠌ ᠣᠷᠣᠨ ᠳᠠᠶᠠᠭᠠᠷ ᠶᠡᠷᠦᠩᠬᠡᠢ ᠬᠡᠮᠵᠢᠶ᠎ᠡ᠎ᠶ᠋ᠢ ᠶᠡᠬᠡᠰᠭᠡᠬᠦ᠌᠂ ᠲᠡᠰ ᠳᠡᠪᠱᠢᠭᠦᠯᠬᠦ᠌ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠣᠯᠭᠠᠵᠤ᠂ ᠬᠥᠭ᠌ᠵᠢᠯᠲᠡ᠎ᠶ᠋ᠢ ᠲᠦᠷᠭᠡᠳᠭᠡᠬᠦ᠌᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ 2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍ ᠂ ᠬᠢᠯᠪᠠᠷ ᠪᠤᠰᠤ ᠠᠮᠵᠢᠯᠲᠠ᠎ᠶ᠋ᠢᠨ ᠬᠠᠭᠤᠳᠠᠰᠤ ᠲᠤᠱᠢᠶᠠᠪᠠ᠃


QQ截图20240131110839.png





ᠠᠵᠤ ᠠᠬᠤᠶ᠎ᠶ᠋ᠢᠨ ᠭᠤᠤᠯ ᠭᠦᠶ᠋ᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰ᠎ᠤᠨ ᠲᠡᠷᠢᠬᠦᠨ ᠡᠩᠨᠡᠭᠡᠨ᠎ᠳᠤ ᠤᠷᠤᠪᠠ

ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 7.3% ᠪᠠᠷ ᠨᠡᠮᠡᠭ᠌ᠳᠡᠵᠦ᠂ ᠪᠦᠬᠦ᠌ ᠤᠯᠤᠰ᠎ᠲᠦ 3᠎ᠳ᠋ᠤᠭᠠᠷ ᠲᠦ᠍ ᠤᠷᠤᠵᠤ᠂ 2010 ᠣᠨ᠎ᠠᠴᠠ ᠨᠠᠭᠠᠱᠢᠬᠢ ᠬᠠᠮᠤᠭ᠎ᠤᠨ ᠰᠠᠢᠨ ᠨᠢᠭᠡ ᠵᠢᠯ ᠪᠤᠯᠤᠨ᠎ᠠ

ᠬᠦᠮᠦᠨ ᠲᠤᠮᠳᠠᠴᠢ ᠵᠢᠨ ᠭᠠᠵᠠᠷ ᠤᠷᠤᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 10 ᠲᠦᠮᠡᠨ ᠲᠥᠭᠥᠷᠢᠭ᠎ᠢ ᠳᠠᠪᠠᠵᠠᠶ

ᠬᠡᠪᠴᠢᠶᠡᠵᠢᠯ ᠡᠴᠡ ᠲᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠦᠷᠳᠡᠭ 7.4% ᠪᠡᠷ ᠨᠡᠮᠡᠭᠳᠡᠵᠦ᠂ ᠪᠥᠬᠥ᠌ ᠤᠯᠤᠰ᠎ᠤᠨ 7 ᠳ᠋ᠤᠭᠠᠷ ᠲᠦ᠍ ᠤᠷᠤᠪᠠ

ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ 19.8% ᠪᠠᠷ ᠨᠡᠮᠡᠭ᠌ᠳᠡᠵᠦ᠂ ᠪᠥᠬᠥ᠌ ᠤᠯᠤᠰ᠎ᠤᠨ 2᠎ᠳ᠋ᠤᠭᠠᠷ ᠲᠦ᠍ ᠤᠷᠤᠪᠠ

ᠭᠠᠳᠠᠭᠠᠳᠤ ᠠᠷᠠᠯᠵᠢᠶᠠᠨ᠎ᠤ ᠤᠷᠤᠭᠤᠯᠵᠦ ᠭᠠᠷᠭᠠᠭᠰᠠᠨ ᠶᠡᠷᠦᠩᠬᠡᠶ ᠬᠡᠮᠵᠢᠶ᠎ᠡ 30.4% ᠪᠠᠷ ᠨᠡᠮᠡᠭ᠌ᠳᠡᠵᠦ᠂ ᠪᠦᠬᠦ᠌ ᠤᠯᠤᠰ᠎ᠤᠨ 3 ᠳ᠋ᠤᠭᠠᠷ ᠲᠦ᠍ ᠤᠷᠤᠪᠠ



ᠤᠯᠤᠰ᠎ᠤᠨ ᠡᠨᠧᠷᠭᠢ ᠪᠠ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠴᠢᠳᠠᠪᠤᠷᠢ ᠮᠡᠳᠡᠭᠳᠡᠬᠦᠢᠴᠡ ᠴᠢᠩᠭᠠᠷᠠᠪᠠ

ᠨᠡᠭᠦᠷᠡᠰᠦᠨ᠎ᠦ ᠭᠠᠷᠤᠯᠲᠠ12.2 ᠳ᠋ᠦᠩᠱᠢᠭᠤᠷ ᠲᠣᠨ ᠎ᠳᠦ ᠬᠦᠷᠴᠦ ᠂ 9.45 ᠳ᠋ᠦᠩᠱᠢᠭᠤᠷ ᠲᠣᠨ ᠨᠡᠭᠦᠷᠡᠰᠦᠨ᠎ᠤ ᠬᠠᠩᠭᠠᠯᠭ᠎ᠠ ᠵᠢ ᠪᠠᠲᠤᠯᠠᠬᠤ ᠡᠭᠦᠷᠭᠡ᠎ᠶ᠋ᠢ ᠪᠡᠶᠡᠯᠡᠭᠦᠯᠵᠦ᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 2 ᠳ᠋ᠦᠩᠱᠢᠭᠤᠷ ᠺᠢᠯᠦᠸᠠᠲ᠎ᠢ ᠳᠠᠪᠠᠵᠤ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠬᠡᠮᠵᠢᠶ᠎ᠡ ᠵᠢᠴᠢ ᠭᠠᠳᠠᠭ᠍ᠰᠢ ᠬᠦᠷᠭᠡᠬᠦ᠌ ᠬᠡᠮᠵᠢᠶ᠎ᠡ᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ ᠵᠢᠴᠢ ᠱᠢᠨ᠎ᠡ᠎ᠪᠡᠷ ᠨᠡᠮᠡᠭ᠌ᠳᠡᠭ᠌ᠰᠡᠨ ᠮᠠᠱᠢᠨ ᠴᠣᠭ᠍ᠴᠠᠯᠠᠪᠤᠷᠢ᠂ ᠱᠢᠨ᠎ᠡ ᠡᠨᠧᠷᠭᠢ᠎ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢᠴᠢ ᠱᠢᠨ᠎ᠡ᠎ᠪᠡᠷ ᠨᠡᠮᠡᠭ᠌ᠳᠡᠭ᠌ᠰᠡᠨ ᠮᠠᠱᠢᠨ ᠴᠣᠭ᠍ᠴᠠᠯᠠᠪᠤᠷᠢ᠂ ᠶᠡᠷᠦᠩᠬᠡᠶ ᠴᠠᠬᠢᠯᠭᠠᠨ ᠭᠠᠷᠭᠠᠬᠤ ᠬᠡᠮᠵᠢᠶ᠎ᠡ ᠵᠢᠴᠢ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ᠎ᠪᠡᠷ ᠰᠢᠳᠠᠮᠠᠬᠠᠢ ᠬᠡᠶ ᠦᠶ᠋ᠯᠡᠳᠬᠦ᠌ ᠦᠶ᠋ᠯᠡᠳᠪᠦᠷᠢᠯᠡᠯ᠎ᠦᠨ ᠴᠢᠳᠠᠮᠵᠢ《ᠠᠷᠪᠠᠨ ᠲᠠᠯ᠎ᠠ ᠪᠠᠷ ᠪᠦᠬᠦ ᠤᠯᠤᠰ ᠲᠦ᠍ ᠮᠠᠩᠯᠠᠢᠯᠠᠬᠤ》 ᠎ᠵᠢ ᠪᠡᠶᠡᠯᠡᠭᠦᠯᠵᠦ᠂ 29 ᠮᠤᠵᠢ ᠵᠢᠨ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠪᠠ

ᠠᠮᠤ ᠪᠤᠳᠠᠭ᠎ᠠ ᠳᠠᠷᠢᠬᠰᠠᠨ ᠲᠠᠯᠠᠪᠠᠶ᠂ ᠨᠢᠭᠡᠴᠢ᠎ᠶ᠋ᠢᠨ ᠤᠨᠠᠯᠲᠠ᠂ ᠶᠡᠷᠦᠩᠬᠡᠶ ᠤᠨᠠᠯᠳᠠ 《ᠭᠤᠷᠪᠠ ᠵᠢ ᠨᠡᠮᠡᠭᠳᠡᠬᠦᠯᠵᠦ》᠂ ᠠᠮᠤ ᠪᠤᠳᠠᠭᠠᠨ᠎ᠤ ᠤᠨᠠᠯᠲᠠ 791.6 ᠳ᠋ᠦᠩᠱᠢᠭᠤᠷ ᠵᠢᠩ᠎ᠳᠤ ᠬᠦᠷᠴᠦ᠂ ᠬᠣᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ ᠵᠢ ᠪᠡᠶᠡᠯᠡᠭᠦᠯᠵᠦ᠂ ᠪᠦᠬᠦ᠌ ᠤᠯᠤᠰ᠎ᠤᠨ ᠵᠢᠷᠭᠤᠳᠤᠭᠠᠷ ᠪᠠᠢᠷᠢ ᠪᠠᠨ ᠯᠠᠪᠳᠠᠭᠤᠨ ᠪᠠᠳᠤᠯᠠᠪᠠ᠃

ᠭᠣᠣᠯ ᠪᠤᠯᠬᠤ ᠮᠢᠬᠠᠨ᠎ᠤ ᠲᠦᠷᠦᠯ᠎ᠦᠨ ᠭᠠᠷᠤᠯᠲᠠ 285.4 ᠲᠦᠮᠡᠨ ᠲᠣᠨ᠂ ᠦᠨᠢᠶᠡᠨ ᠰᠦ ᠶ᠋ᠢᠨ ᠭᠠᠷᠤᠯᠲᠠ 792.6 ᠲᠦᠮᠡᠨ ᠲᠣᠨ᠎ᠳᠤ ᠬᠦᠷᠴᠦ᠂ ᠴᠥᠮ ᠲᠡᠦᠭᠡ ᠵᠢᠨ ᠰᠢᠨ᠎ᠡ ᠲᠦᠪᠰᠢᠨ᠎ᠳᠤ ᠬᠦᠷᠪᠡ




《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠰᠢᠪᠳᠤᠯᠤᠯᠳᠠ ᠵᠢᠨ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠪᠡ

《ᠨᠢᠭᠡ ᠲᠥᠯᠥᠪᠵᠢᠭᠦᠯᠭᠡ ᠭᠤᠷᠪᠠᠨ ᠲᠥᠰᠦᠯ》 ᠎ᠢ᠋ ᠨᠠᠢᠷᠠᠭᠤᠯᠤᠨ ᠵᠣᠬᠢᠶᠠᠵᠤ ᠳᠠᠭᠤᠰᠭᠠᠨ᠂ 5 ᠵᠠᠰᠠᠯᠲᠠ᠎ᠶ᠋ᠢᠨ ᠣᠷᠣᠨ ᠪᠠ 11 ᠴᠢᠬᠤᠯᠠ ᠶᠡᠬᠡ ᠲᠦᠷᠦᠯ ᠵᠦᠢᠯ᠎ᠢ ᠴᠥᠮ ᠤᠯᠤᠰ᠎ᠤᠨ ᠲᠥᠯᠥᠪᠵᠢᠭᠦᠯᠭᠡ᠎ᠳᠦ ᠣᠷᠣᠭᠤᠯᠬᠤ᠎ᠶ᠋ᠢ ᠠᠬᠢᠭᠤᠯᠵᠤ᠂ ᠬᠣᠱᠢᠭᠤ ᠱᠢᠶᠠᠨ ᠪᠦᠬᠦᠨ᠎ᠢ ᠬᠡᠷᠡᠭ᠌ᠵᠢᠭᠦᠯᠬᠦ᠌ ᠬᠡᠪᠴᠢᠶᠡᠨ᠎ᠳᠦ ᠣᠷᠣᠭᠤᠯᠤᠨ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠤᠷᠤᠭ᠍ᠰᠢᠲᠠᠶ ᠡᠬᠢᠯᠡᠭᠦᠯᠪᠡ

ᠪᠦᠬᠦ ᠵᠢᠯ ᠎ᠳᠦ 556 ᠲᠦᠮᠡᠨ ᠮᠦ᠍ ᠤᠢᠵᠢᠭᠤᠯᠵᠤ᠂ 1817 ᠲᠦᠮᠡᠨ ᠮᠥ᠍ ᠡᠪᠡᠰᠦ ᠳᠠᠷᠢᠵᠤ᠂ 950 ᠲᠦᠮᠡᠨ ᠮᠥ᠍ ᠡᠯᠡᠰᠦᠷᠬᠡᠭᠵᠢᠯ ᠎ᠢ ᠰᠡᠷᠭᠡᠢᠯᠡᠨ ᠡᠯᠡᠰᠦ ᠵᠢ ᠵᠠᠰᠠᠵᠤ᠂ ᠲᠣᠰ ᠪᠦᠷᠢ ᠤᠨ᠎ᠤ ᠡᠭᠦᠷᠭᠡ᠎ᠪᠡᠨ149%᠂ 140%᠂ 151% ᠪᠡᠷ ᠪᠡᠶᠡᠯᠡᠭᠦᠯᠪᠡ



ᠬᠦᠭᠵᠢᠯᠲᠡ ᠵᠢᠨ ᠶᠠᠰᠤ ᠴᠢᠨᠠᠷ ᠦᠷ᠎ᠡ ᠠᠱᠢᠭ ᠤᠯᠠᠮ ᠨᠢᠭᠡ ᠠᠯᠬᠤᠮ ᠰᠠᠢᠵᠢᠷᠠᠪᠠ


ᠨᠡᠭᠦᠷᠡᠰᠦᠨ᠎ᠤ ᠪᠤᠰᠤ ᠠᠵᠤ ᠦᠢᠯᠡᠰ ᠲᠦᠷᠭᠡᠨ ᠨᠡᠮᠡᠭᠳᠡᠵᠦ᠂12.1% ᠎ᠳ᠋ᠦ᠍ ᠬᠦᠷᠪᠡ

ᠦᠢᠯᠡᠳᠬᠦ᠌ ᠦᠢᠯᠡᠰ᠂ ᠳᠡᠭᠡᠳᠦ ᠮᠡᠷᠭᠡᠵᠢᠯ᠎ᠦᠨ ᠦᠢᠯᠡᠳᠬᠦ᠌ ᠦᠢᠯᠡᠰ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠪᠤᠢ ᠪᠤᠯᠤᠭᠰᠠᠨ ᠠᠵᠤ ᠦᠢᠯᠡᠰ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ ᠪᠠ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠂ ᠵᠥᠭᠡᠯᠡᠨ ᠲᠤᠨᠤᠭ ᠪᠠ ᠮᠡᠳᠡᠭᠡ ᠵᠠᠩᠭᠢ᠎ᠶ᠋ᠢᠨ ᠦᠢᠯᠡᠴᠢᠯᠡᠭᠡᠨ᠎ᠦ ᠦᠢᠯᠡᠰ ᠴᠥᠮ ᠬᠤᠶᠠᠷ ᠤᠷᠤᠨᠳᠤ ᠲᠤᠭᠠᠨ᠎ᠤ ᠨᠡᠮᠡᠭᠳᠡᠯ ᠎ᠢ ᠪᠡᠶᠡᠯᠡᠭᠦᠯᠪᠡ

ᠠᠵᠤ ᠦᠶ᠋ᠯᠡᠳᠪᠦᠷᠢ᠎ᠶ᠋ᠢᠨ ᠪᠠᠯᠠ ᠣᠷᠣᠭᠤᠯᠤᠯᠲᠠ 32.9% ᠨᠡᠮᠡᠭ᠌ᠳᠡᠵᠦ᠂ ᠪᠥᠬᠥ᠌ ᠤᠯᠤᠰ᠎ᠤᠨ ᠬᠣᠶᠠᠳᠤᠭᠠᠷ ᠲᠦ᠍ ᠤᠷᠤᠪᠠ

ᠦᠶ᠋ᠯᠡᠳᠬᠦ᠌ ᠦᠶ᠋ᠯᠡᠰ᠎ᠦᠨ ᠪᠠᠯᠠ ᠣᠷᠣᠭᠤᠯᠤᠯᠲᠠ 46.4% ᠪᠠᠷ ᠨᠡᠮᠡᠭ᠌ᠳᠡᠪᠡ

ᠱᠢᠨ᠎ᠡ ᠡᠨᠧᠷᠭᠢ᠎ᠶ᠋ᠢᠨ ᠲᠤᠨᠤᠭ ᠲᠦᠬᠦᠭᠡᠷᠦᠮᠵᠢ ᠦᠶ᠋ᠯᠡᠳᠬᠦ᠌ ᠦᠶ᠋ᠯᠡᠰ᠎ᠦᠨ ᠪᠠᠯᠠ ᠣᠷᠣᠭᠤᠯᠤᠯᠲᠠ 1.2 ᠳᠠᠬᠢᠨ ᠨᠡᠮᠡᠭ᠌ᠳᠡᠪᠡ

ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 3000 ᠳ᠋ᠦᠩᠱᠢᠭᠤᠷ ᠲᠥᠭᠥᠷᠢᠭ᠎ᠢ ᠳᠠᠪᠠᠵᠤ᠂ ᠣᠷᠣᠨ ᠨᠤᠲᠤᠭ᠎ᠤᠨ ᠲᠦᠷᠦᠯᠵᠢᠯ᠎ᠦᠨ ᠭᠠᠢᠯᠢ᠎ᠶ᠋ᠢᠨ ᠣᠷᠣᠯᠭ᠎ᠠ ᠨᠢ ᠪᠥᠬᠥ᠌ ᠲᠦᠷᠦᠯᠵᠢᠯ᠎ᠦᠨ ᠭᠠᠢᠯᠢ᠎ᠶ᠋ᠢᠨ ᠣᠷᠣᠯᠭ᠎ᠠ᠎ᠵᠢᠨ 59.4% ᠵᠢ ᠡᠵᠡᠯᠡᠵᠦ᠂ ᠪᠦᠬᠦ᠌ ᠤᠯᠤᠰ ᠲᠦ᠍ ᠲᠦᠷᠦᠬᠦᠯᠡᠪᠡ



ᠡᠯ᠎ᠡ ᠠᠢᠮᠠᠭ ᠬᠣᠲᠠ ᠠᠳᠠᠯᠢᠳᠬᠠᠨ ᠰᠤᠷᠴᠤ ᠬᠦᠢᠴᠡᠨ ᠲᠠᠪᠠᠬᠤ ᠪᠠᠷ ᠮᠠᠷᠠᠢᠨ ᠲᠡᠮᠡᠴᠡᠵᠦ ᠬᠦᠭᠵᠢᠪᠡ

ᠬᠥᠬᠡᠬᠣᠲᠠ ᠪᠣᠯᠤᠨ ᠪᠤᠭᠤᠲᠤ ᠬᠣᠲᠠ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ ᠴᠦᠮ10% ᠡᠴᠠ ᠳᠡᠭᠡᠭ᠌ᠰᠢ ᠨᠡᠮᠡᠭ᠌ᠳᠡᠵᠦ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠴᠦᠮ 20% ᠡᠴᠠ ᠳᠡᠭᠡᠭ᠌ᠰᠢ ᠨᠡᠮᠡᠭᠳᠡᠪᠡ

7 ᠠᠢᠮᠠᠭ ᠬᠣᠲᠠ᠎ᠶ᠋ᠢᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠬᠤᠷᠳᠤᠴᠠ 20% ᠶ᠋ᠢ ᠳᠠᠪᠠᠵᠤ᠂ ᠣᠷᠳᠣᠰ ᠬᠣᠲᠠ 27.4%᠎ᠳᠤ ᠬᠦᠷᠪᠡ

ᠱᠢᠯᠢ᠎ᠶ᠋ᠢᠨ ᠭᠤᠤᠯ ᠠᠢᠮᠠᠭ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠪᠠ ᠴᠠᠬᠢᠯᠭᠠᠨ ᠭᠠᠷᠭᠠᠬᠤ ᠬᠡᠮᠵᠢᠶ᠎ᠡ ᠴᠥᠮ ᠪᠥᠬᠥ᠌ ᠤᠯᠤᠰ᠎ᠤᠨ 2ᠳ᠋ᠤᠭᠠᠷ ᠲᠦ᠍ ᠪᠠᠢᠷᠢᠰᠢᠪᠠ

ᠤᠯᠠᠭᠠᠨᠴᠠᠪ ᠬᠣᠲᠠ᠎ᠶ᠋ᠢᠨ ᠬᠠᠢᠯᠤᠰᠢ ᠵᠢᠨ ᠮᠠᠲ᠋ᠧᠷᠢᠶᠠᠯ ᠂ ᠪᠢᠯᠢᠭ ᠲᠤᠢᠯ᠎ᠤᠨ ᠮᠠᠲ᠋ᠧᠷᠢᠶᠠᠯ ᠪᠠ ᠲᠥᠮᠥᠰᠥᠨ ᠵᠦᠰᠦᠮ ᠦᠶ᠋ᠯᠡᠳᠪᠦᠷᠢᠯᠡᠬᠦ᠌ ᠴᠢᠳᠠᠮᠵᠢ ᠴᠥᠮ ᠪᠥᠬᠥ᠌ ᠤᠯᠤᠰ ᠲᠦ᠍ ᠲᠦᠷᠦᠬᠦᠯᠡᠪᠡ

ᠠᠯᠠᠱᠠ ᠠᠢᠮᠠᠭ ᠪᠥᠬᠥ᠌ ᠤᠯᠤᠰ᠎ᠤᠨ ᠬᠠᠮᠤᠭ᠎ᠤᠨ ᠶᠡᠬᠡ ᠲᠠᠩ ᠴᠣᠭ᠍ᠴᠠ᠎ᠶ᠋ᠢᠨ ᠦᠢᠯᠡᠳᠪᠦᠷᠢᠯᠡᠬᠦ ᠭᠡᠮᠵᠢᠶ᠎ᠡ ᠲᠠᠢ ᠴᠡᠪᠡᠷ ᠬᠤᠵᠢᠷ᠎ᠤᠨ ᠲᠥᠷᠥᠯ ᠵᠦᠶ᠋ᠯ᠎ᠢ ᠪᠠᠢᠭᠤᠯᠤᠨ ᠳᠠᠭᠤᠰᠭᠠᠪᠠ

ᠨᠢᠭᠡ ᠵᠢᠯ ᠤ᠋ᠨ ᠲᠤᠷᠰᠢ᠂ ᠥᠪᠥᠷ ᠮᠣᠩᠭᠣᠯ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠡᠨᠡ ᠬᠦ᠌ ᠠᠵᠢᠯ ᠤ᠋ᠨ ᠭᠣᠣᠯ ᠰᠢᠵᠢᠮ ᠢ᠋ ᠪᠠᠲᠤ ᠴᠢᠩᠭ᠎ᠠ ᠡᠵᠡᠮᠰᠢᠨ᠂ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ ᠶ᠋ᠢᠨ ᠲᠣᠭᠣᠷᠢᠨ ᠳ᠋ᠦ ᠨᠢᠭᠳᠠ ᠤᠶᠠᠯᠳᠤᠵᠦ ᠂ ᠳᠣᠣᠷᠠᠬᠢ ᠠᠵᠢᠯ ᠢ᠋ ᠭᠣᠣᠯᠳᠠᠯᠭ᠎ᠠ᠎ᠪᠤᠯᠭᠠᠨ ᠬᠢᠪᠡ 


ᠨᠢᠭᠡ᠎ᠳᠦ ᠠᠵᠤ ᠠᠬᠤᠢ ᠶ᠋ᠢᠨ ᠲᠦᠷᠭᠡᠨ ᠮᠦᠷᠳᠡᠭᠡᠨ ᠰᠠᠢᠨ ᠬᠥᠭᠵᠢᠯᠲᠡ ᠵᠢ ᠪᠦᠬᠦ ᠬᠦᠴᠦᠨ ᠢ᠋ᠶ᠋ᠡᠷ ᠠᠬᠢᠭᠤᠯᠪᠠ

ᠤᠨ ᠤ᠋ ᠡᠬᠢᠯᠡᠯᠳᠡ ᠵᠢᠨ ᠠᠩᠬᠠᠨ ᠤ᠋ ᠬᠤᠷᠠᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠵᠢ ᠨᠠᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ᠋ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠤ ᠵᠡᠷᠭᠡ ᠲᠤᠰᠬᠠᠢ ᠲᠠᠯᠠᠪᠤᠷ᠎ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠵᠢ ᠡᠷᠬᠢᠯᠡᠪᠡ

ᠪᠥᠬᠥ ᠣᠷᠣᠨ ᠳ᠋ᠦ 4778 ᠳ᠋ᠦᠩᠰᠢᠭᠤᠷ ᠲᠥᠭᠥᠷᠢᠭ ᠤ᠋ᠨ ᠪᠡᠯᠡ ᠮᠥᠩᠭᠥ ᠵᠢ ᠣᠷᠣᠭᠤᠯᠤᠨ ᠠᠪᠴᠢᠷᠠᠵᠤ ᠂ 40.2% ᠢ᠋ᠶ᠋ᠡᠷ ᠨᠡᠮᠡᠭᠳᠡᠪᠡ

ᠳᠡᠯᠡᠬᠡᠢ ᠶ᠋ᠢᠨ 500 ᠬᠦᠴᠦᠷᠬᠡᠭ ᠪᠤᠯᠤᠭᠰᠠᠨ 45 ᠠᠵᠤ ᠠᠬᠤᠢᠯᠠᠯ ᠪᠠ ᠳᠤᠮᠳᠠᠳᠤ ᠤᠯᠤᠰ ᠤ᠋ᠨ 500 ᠬᠦᠴᠦᠷᠬᠡᠭ ᠪᠤᠯᠤᠭᠰᠠᠨ 22 ᠠᠵᠤ ᠠᠬᠤᠢᠯᠠᠯ ᠮᠠᠨ ᠤ᠋ ᠣᠷᠣᠨ ᠳ᠋ᠦ ᠪᠡᠯᠡ ᠣᠷᠣᠭᠤᠯᠤᠨ ᠦᠢᠯᠡᠰ ᠡᠷᠬᠢᠯᠡᠪᠡ

ᠴᠢᠬᠤᠯᠠ ᠶᠡᠬᠡ ᠲᠥᠷᠥᠯ ᠵᠦᠢᠯ ᠢ᠋ 3155 ᠬᠡᠷᠡᠭᠵᠢᠭᠦᠯᠵᠦ᠂ 8259 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠪᠡ

ᠵᠠᠭᠤᠨ ᠳ᠋ᠦᠩᠰᠢᠭᠤᠷ ᠲᠥᠭᠥᠷᠢᠭ ᠢ᠋ ᠳᠠᠪᠠᠭᠰᠠᠨ ᠪᠡᠯᠡ ᠣᠷᠣᠭᠤᠯᠤᠯᠲᠠ ᠲᠠᠢ ᠠᠵᠤ ᠦᠢᠯᠡᠰ ᠤ᠋ᠨ ᠲᠦᠷᠦᠯ ᠵᠦᠢᠯ ᠢ᠋ 42 ᠰᠢᠨ᠎ᠡ ᠪᠡᠷ ᠪᠠᠢᠭᠤᠯᠤᠭᠰᠠᠨ ᠪᠤᠶᠤ ᠵᠠᠯᠭᠠᠵᠦ ᠪᠠᠢᠭᠤᠯᠪᠠ

ᠲᠦᠷᠭᠡᠨ ᠤ᠋ ᠵᠠᠰᠠᠮᠠᠯ ᠵᠠᠮ ᠢ᠋ 876 ᠺᠢᠯᠣᠮᠧᠲᠷ ᠰᠢᠨ᠎ᠡ ᠪᠡᠷ ᠲᠡᠷᠭᠡ ᠨᠡᠪᠳᠡᠷᠡᠬᠦᠯᠵᠦ᠂ ᠥᠪᠥᠷ ᠮᠣᠩᠭᠣᠯ ᠤ᠋ᠨ ᠬᠢᠯᠢ ᠲᠤᠳᠤᠷᠠᠬᠢ ᠤᠯᠤᠰ ᠤ᠋ᠨ ᠲᠦᠷᠭᠡᠨ ᠤ᠋ ᠵᠠᠰᠠᠮᠠᠯ ᠵᠠᠮ ᠤ᠋ᠨ ᠭᠤᠤᠯ ᠱᠤᠭᠤᠮ ᠤ᠋ᠨ ᠬᠡᠰᠡᠭ ᠢ᠋ ᠪᠦᠬᠦᠨ ᠢ᠋ ᠨᠡᠪᠳᠡᠷᠡᠬᠦᠯᠪᠡ

ᠠᠵᠤ ᠦᠢᠯᠡᠰ ᠤ᠋ᠨ ᠵᠠᠮ ᠂ ᠵᠢᠭᠤᠯᠴᠢᠯᠠᠯ ᠤ᠋ᠨ ᠵᠠᠮ ᠢ᠋ 1085 ᠺᠢᠯᠣᠮᠧᠲᠷ ᠢ᠋ ᠡᠬᠢᠯᠡᠬᠦᠯᠦᠨ ᠪᠠᠢᠭᠤᠯᠵᠤ ᠂ 《ᠮᠤᠬᠤᠷ ᠵᠠᠮ》ᠢ᠋ 260 ᠺᠢᠯᠣᠮᠧᠲᠷ ᠨᠡᠪᠲᠡᠷᠡᠭᠦᠯᠪᠡ

ᠪᠠᠢᠭᠤᠯᠵᠤ ᠪᠠᠢᠭ᠎ᠠ ᠲᠦᠷᠭᠡᠨ ᠤ᠋ ᠪᠠ ᠬᠤᠷᠳᠤᠨ ᠤ᠋ ᠲᠡᠮᠦᠷ ᠵᠠᠮ 1700 ᠭᠠᠷᠤᠢ ᠺᠢᠯᠣᠮᠧᠲᠷ ᠲᠦ᠍ ᠬᠦᠷᠪᠡ

《ᠰᠠᠯᠪᠤᠷᠢ ᠱᠤᠭᠤᠮ ᠤ᠋ᠨ ᠨᠡᠪᠳᠡᠷᠡᠯ》ᠠᠶᠠᠯᠠᠯ ᠤ᠋ᠨ ᠱᠤᠭᠤᠮ ᠢ᠋ 29 ᠵᠤᠷᠪᠤᠰ ᠰᠢᠨ᠎ᠡ ᠪᠡᠷ ᠨᠠᠪᠲᠠᠷᠡᠭᠦᠯᠵᠦ ᠂ ᠨᠡᠶ᠋ᠢᠲᠡ 50 ᠵᠤᠷᠪᠤᠰ ᠱᠤᠭᠤᠮ  ᠢ᠋ ᠨᠡᠪᠳᠡᠷᠡᠬᠦᠯᠦᠨ ᠠᠵᠢᠯᠯᠠᠭᠤᠯᠪᠠ

ᠠᠢᠮᠠᠭ ᠬᠣᠲᠠ ᠶ᠋ᠢᠨ ᠬᠣᠭᠣᠷᠣᠨᠳᠣᠬᠢ《ᠡᠭᠡᠯᠳᠡ ᠪᠤᠴᠠᠯᠳᠠ》ᠵᠢᠨ ᠠᠰᠠᠭᠤᠳᠠᠯ ᠢ᠋ ᠦᠨᠳᠦᠰᠦᠨ᠎ᠳᠡᠭᠡᠨ ᠰᠢᠢᠳᠪᠦᠷᠢᠯᠡᠪᠡ

ᠬᠣᠨᠣᠭ ᠪᠠᠭᠤᠳᠠᠯ ᠪᠠ ᠢᠳᠡᠭᠡᠨ ᠤᠮᠳᠠᠭᠠᠨ ᠤ᠋ ᠦᠢᠯᠡᠰ ᠤ᠋ᠨ ᠨᠡᠮᠡᠭᠳᠡᠯ ᠥᠷᠲᠡᠭ 20.8%  ᠪᠡᠷ ᠨᠡᠮᠡᠭᠳᠡᠪᠡ

ᠮᠠᠰᠢᠨ ᠲᠡᠷᠭᠡᠨ ᠤ᠋ ᠲᠥᠷᠥᠯ ᠤ᠋ᠨ ᠬᠡᠷᠡᠭᠯᠡᠭᠡ 17.2% ᠨᠡᠮᠡᠭᠳᠡᠵᠦ᠂ ᠰᠢᠨ᠎ᠡ ᠡᠨᠧᠷᠭᠢ ᠶ᠋ᠢᠨ ᠮᠠᠰᠢᠨ ᠲᠡᠷᠭᠡᠨ ᠤ᠋ ᠬᠡᠷᠡᠭᠯᠡᠭᠡ 1.7 ᠳᠠᠬᠢᠨ ᠨᠡᠮᠡᠭᠳᠡᠪᠡ

ᠠᠮᠤ ᠪᠤᠳᠠᠭ᠎ᠠ ᠢᠳᠡᠰᠢᠨ ᠲᠣᠰᠣ᠌ ᠢᠳᠡᠭᠡᠨ ᠤᠮᠳᠠᠭᠠᠨ ᠂ ᠬᠤᠪᠴᠠᠰᠤ ᠬᠤᠨᠠᠷ ᠵᠡᠷᠭᠡ ᠶ᠋ᠢᠨ ᠬᠡᠷᠡᠭᠯᠡᠭᠡ ᠴᠥᠮ 25% ᠡᠴᠡ ᠳᠡᠭᠡᠭᠰᠢ ᠨᠡᠮᠡᠭᠳᠡᠪᠡ

ᠰᠦᠯᠵᠢᠶ᠎ᠡ ᠪᠡᠷ ᠵᠢᠵᠢᠭᠯᠡᠨ ᠪᠤᠷᠤᠯᠠᠭᠤᠯᠬᠤ ᠲᠤᠭ᠎ᠠ 21.5%  ᠪᠡᠷ ᠨᠡᠮᠡᠭᠳᠡᠪᠡ

ᠲᠦᠷᠦᠬᠦᠴᠢ ᠳᠡᠯᠭᠡᠭᠦᠷ ᠪᠠ ᠬᠣᠰᠢᠭᠤᠴᠢ ᠳᠡᠯᠭᠡᠭᠦᠷ ᠢ᠋ 147 ᠣᠷᠣᠭᠤᠯᠤᠨ ᠠᠪᠴᠢᠷᠠᠪᠠ

ᠬᠣᠶᠠᠷ ᠲᠦ᠍ ᠬᠡᠯᠬᠢᠶᠡᠰᠦᠯᠡᠯ ᠮᠠᠶᠢᠭ ᠤ᠋ᠨ ᠰᠡᠳᠬᠢᠬᠦᠢ ᠵᠢ ᠪᠠᠷᠢᠮᠳᠠᠯᠠᠵᠦ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠢ᠋ ᠬᠦᠴᠦᠷᠬᠡᠭᠵᠢᠭᠦᠯᠪᠡ

ᠠᠵᠤ ᠦᠢᠯᠡᠰ ᠤ᠋ᠨ ᠬᠡᠯᠬᠢᠶ᠎ᠡ ᠶ᠋ᠢᠨ《ᠬᠡᠯᠬᠢᠶᠡᠨ ᠳᠠᠷᠤᠭ᠎ᠠ ᠶ᠋ᠢᠨ ᠳᠦᠷᠢᠮ》 ᠢ᠋ ᠬᠡᠷᠡᠭᠵᠢᠭᠦᠯᠵᠦ᠂ ᠬᠡᠯᠬᠢᠶ᠎ᠡ ᠵᠢ ᠤᠷᠲᠤᠳᠬᠠᠬᠤ ᠨᠦᠬᠦᠪᠦᠷᠢᠯᠡᠬᠦ ᠴᠢᠩᠳᠠᠯᠠᠬᠤ ᠲᠥᠷᠥᠯ ᠵᠦᠢᠯ ᠢ᠋ 650 ᠠᠬᠢᠭᠤᠯᠤᠨ ᠂ 16 ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤ᠋ᠨ ᠬᠡᠯᠬᠢᠶᠡᠨ ᠤ᠋ ᠦᠢᠯᠡᠳᠬᠦᠨ ᠤ᠋ ᠦᠷᠳᠡᠭ 1.4 ᠲᠦᠮᠡᠨ ᠳ᠋ᠦᠩᠰᠢᠭᠤᠷ ᠲᠥᠭᠥᠷᠢᠭ ᠰᠢᠬᠠᠮ ᠪᠤᠯᠪᠠ

ᠰᠢᠨ᠎ᠡ ᠡᠨᠧᠷᠭᠢ ᠶ᠋ᠢᠨ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠨᠡᠮᠡᠭᠳᠡᠯ ᠥᠷᠲᠡᠭ 16.1%  ᠪᠡᠷ ᠨᠡᠮᠡᠭᠳᠡᠪᠡ

ᠪᠥᠬᠥ ᠤᠯᠤᠰ ᠤ᠋ᠨ ᠲᠠᠩ ᠴᠣᠭᠴᠠᠲᠤ ᠬᠡᠪᠴᠢᠶ᠎ᠡ ᠪᠡᠷ ᠬᠠᠮᠤᠭ ᠤ᠋ᠨ ᠶᠡᠬᠡ ᠬᠡᠷᠡᠯᠴᠢ ᠴᠡᠨᠡᠭ ᠢ᠋ᠶ᠋ᠡᠷ ᠡᠯᠡᠰᠦᠷᠭᠡᠭᠵᠢᠯ᠎ᠢ ᠵᠠᠰᠠᠬᠤ ᠲᠥᠷᠥᠯ ᠵᠦᠢᠯ ᠢ᠋ ᠪᠠᠢᠭᠤᠯᠵᠤ᠂ ᠤᠯᠤᠰ ᠤ᠋ᠨ ᠳᠣᠲᠣᠭᠠᠳᠤ᠎ᠳᠡᠬᠢ ᠠᠵᠢᠯᠯᠠᠭᠤᠯᠵᠦ ᠪᠠᠢᠭ᠎ᠠ ᠡᠬᠡ ᠬᠠᠭᠤᠷᠠᠢ ᠵᠢᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠬᠠᠮᠤᠭ᠎ᠤᠨ ᠲᠤᠮᠤ ᠰᠠᠭᠤᠷᠢᠨ᠂ ᠳᠡᠯᠡᠬᠡᠢ ᠶ᠋ᠢᠨ ᠠᠩᠬᠠᠳᠠᠭ᠍ᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠤᠰᠤᠲᠥ᠋ᠷᠥᠭᠴᠢ ᠨᠦᠭᠡᠴᠡᠯᠡᠬᠦ ᠦᠢᠯᠡᠳᠪᠦᠷᠢᠯᠡᠯ ᠤ᠋ᠨ ᠱᠤᠭᠤᠮ ᠢ᠋ ᠪᠠᠢᠭᠤᠯᠪᠠ; ᠰᠠᠯᠬᠢ ᠭᠡᠷᠡᠯ ᠤᠰᠤᠲᠥ᠋ᠷᠥᠭᠴᠢ ᠨᠦᠭᠡᠴᠡ ᠵᠢᠨ ᠲᠣᠨᠣᠭ ᠲᠦᠬᠦᠭᠡᠷᠦᠮᠵᠢ ᠦᠢᠯᠡᠳᠬᠦ ᠦᠢᠯᠡᠰ ᠤ᠋ᠨ ᠦᠢᠯᠡᠳᠬᠦᠨ ᠤ᠋ ᠥᠷᠲᠡᠭ ᠨᠢ 2762 ᠳ᠋ᠦᠩᠰᠢᠭᠤᠷ ᠲᠥᠭᠥᠷᠢᠭ ᠲᠦ᠍ ᠬᠦᠷᠴᠦ᠂ ᠬᠥᠬᠡᠬᠣᠲᠠ ᠪᠤᠭᠤᠲᠤ ᠣᠷᠳᠣᠰ ᠲᠦᠩᠯᠢᠶᠣᠣ ᠶ᠋ᠢᠨ 4 ᠰᠠᠭᠤᠷᠢᠨ᠎ᠤ ᠡᠵᠡᠯᠡᠬᠦ ᠬᠠᠷᠢᠴᠠᠯ 80% ᠳ᠋ᠦ ᠬᠦᠷᠪᠡ

ᠣᠳᠣ᠌ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠠᠵᠤ ᠦᠢᠯᠡᠰ ᠤ᠋ᠨ ᠨᠡᠮᠡᠭᠳᠡᠯ ᠥᠷᠲᠡᠭ 15.4% ᠪᠡᠷ ᠨᠡᠮᠡᠭᠳᠡᠪᠡ

ᠨᠡᠭᠦᠷᠡᠰᠦ ᠵᠢ ᠨᠠᠷᠢᠯᠢᠭ᠋ ᠬᠦᠨᠵᠡᠭᠡᠢ ᠪᠣᠯᠪᠠᠰᠤᠷᠠᠭᠤᠯᠬᠤ ᠲᠥᠷᠥᠯ ᠵᠦᠢᠯ ᠢ᠋ 34 ᠬᠡᠷᠡᠭᠵᠢᠭᠦᠯᠵᠦ ᠂ 11  ᠵᠢ ᠨᠢ ᠠᠰᠢᠭ᠍ᠯᠠᠯᠲᠠ ᠳ᠋ᠦ ᠣᠷᠣᠭᠤᠯᠪᠠ

ᠪᠦᠬᠦ ᠪᠥᠮᠪᠥᠷᠴᠡᠭ ᠤ᠋ᠨ ᠬᠠᠮᠤᠭ ᠤ᠋ᠨ ᠲᠣᠮᠣ᠌ ᠪᠤᠬᠢᠷᠳᠤᠯ ᠦᠬᠡᠢ ᠤᠰᠤᠲᠥ᠋ᠷᠥᠭᠴᠢ᠎ᠪᠠ ᠨᠡᠭᠦᠷᠡᠰᠦ ᠪᠡᠷ ᠠᠯᠺᠧᠨ ᠨᠡᠬᠦᠷᠦᠭᠴᠢ ᠦᠢᠯᠡᠳᠬᠦ ᠵᠢ ᠡᠪᠴᠡᠯᠳᠦᠬᠦᠯᠬᠦ ᠲᠥᠷᠥᠯ ᠵᠦᠢᠯ ᠢ᠋ ᠠᠵᠢᠯ ᠡᠬᠢᠯᠡᠬᠦᠯᠦᠨ ᠪᠦᠳᠦᠭᠡᠨ ᠪᠠᠢᠭᠤᠯᠵᠦ ᠂ ᠨᠡᠭᠦᠷᠡᠰᠦ ᠪᠡᠷ ᠡᠲ᠋ᠠ ᠬᠣᠶᠠᠷᠴᠢ ᠠᠯᠺᠣᠣᠯ ᠦᠢᠯᠡᠳᠬᠦ ᠂ ᠨᠡᠭᠦᠷᠡᠰᠦ ᠪᠡᠷ ᠠᠯᠺᠧᠨ ᠨᠡᠬᠦᠷᠦᠭᠴᠢ ᠦᠢᠯᠡᠳᠬᠦ ᠵᠢᠨ ᠦᠢᠯᠡᠳᠪᠦᠷᠢᠯᠡᠬᠦ ᠴᠢᠳᠠᠮᠵᠢ ᠴᠦᠮ ᠪᠦᠬᠦ ᠤᠯᠤᠰ ᠤ᠋ᠨ ᠬᠤᠶᠠᠳᠤᠭᠠᠷ ᠲᠦ᠍ ᠤᠷᠤᠪᠠ

ᠬᠣᠪᠣᠷ ᠰᠢᠷᠣᠢ ᠶ᠋ᠢᠨ ᠠᠵᠤ ᠦᠢᠯᠡᠰ ᠤ᠋ᠨ ᠨᠡᠮᠡᠭᠳᠡᠯ ᠥᠷᠲᠡᠭ 21%  ᠪᠡᠷ ᠨᠡᠮᠡᠭᠳᠡᠪᠡ

ᠳᠤᠮᠳᠠ ᠶ᠋ᠢᠨ ᠪᠠ ᠬᠦᠨᠳᠦ ᠬᠣᠪᠣᠷ ᠰᠢᠷᠣᠢᠳᠦ ᠲᠡᠮᠦᠷᠯᠢᠭ ᠤ᠋ᠨ ᠦᠢᠯᠡᠳᠬᠦᠨ ᠢ᠋ ᠬᠡᠪᠴᠢᠶᠡᠵᠢᠭᠦᠯᠦᠨ ᠦᠢᠯᠡᠳᠪᠦᠷᠢᠯᠡᠬᠦ ᠵᠢ ᠪᠡᠶᠡᠯᠡᠬᠦᠯᠪᠡ

10 ᠲᠦᠮᠡᠨ ᠲᠣᠨ ᠤ᠋ ᠲᠠᠰ ᠤ᠋ᠨ ᠪᠥᠬᠥ ᠪᠥᠮᠪᠥᠷᠴᠡᠭ ᠤ᠋ᠨ ᠬᠠᠮᠤᠭ ᠤ᠋ᠨ ᠲᠣᠮᠣ᠌ ᠬᠣᠪᠣᠷ ᠰᠢᠷᠣᠢ ᠶ᠋ᠢᠨ ᠪᠣᠬᠢᠷᠲᠤᠯ ᠦᠭᠡᠢ ᠲᠡᠮᠦᠷᠯᠢᠭ ᠬᠠᠢᠯᠤᠭᠤᠯᠬᠤ ᠲᠥᠷᠥᠯ ᠵᠦᠢᠯ ᠠᠵᠢᠯ ᠢ᠋ᠶ᠋ᠠᠨ ᠡᠬᠢᠯᠡᠭᠦᠯᠪᠡ

ᠬᠣᠪᠣᠷ ᠰᠢᠷᠣᠢ ᠂ ᠨᠢᠦᠪᠢ᠂ ᠯᠢᠲ᠋ᠢ ᠵᠡᠷᠭᠡ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ᠋ ᠤ᠋ᠨ ᠬᠠᠢᠨ ᠰᠢᠨᠵᠢᠯᠡᠯᠲᠡ ᠰᠢᠨ᠎ᠡ ᠰᠢᠪᠲᠤᠯᠤᠯᠲᠠ ᠲᠠᠢ ᠪᠤᠯᠬᠤ ᠵᠢ ᠪᠡᠶᠡᠯᠡᠭᠦᠯᠪᠡ

ᠮᠠᠯ ᠤ᠋ᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤ᠋ᠨ ᠨᠡᠮᠡᠭᠳᠡᠯ ᠥᠷᠲᠡᠭ 11.6%  ᠪᠡᠷ ᠨᠡᠮᠡᠭᠳᠡᠵᠦ᠂ ᠡᠳ᠋ᠰᠢᠭᠦᠯᠦᠨ ᠤᠯᠠᠷᠢᠭᠤᠯᠤᠭᠰᠠᠨ ᠨᠣᠷᠮ᠎ᠠ 72%  ᠳ᠋ᠦ ᠬᠦᠷᠪᠠ

ᠰᠦ ᠰᠠᠭᠠᠯᠢ ᠶ᠋ᠢᠨ ᠦᠢᠯᠡᠰ ᠂ ᠲᠥᠮᠥᠰᠥ ᠶ᠋ᠢᠨ ᠤᠯᠤᠰ ᠤ᠋ᠨ ᠲᠠᠰ ᠤ᠋ᠨ ᠠᠵᠤ ᠦᠢᠯᠡᠰ ᠤ᠋ᠨ ᠪᠦᠯᠦᠭᠵᠢᠯ ᠢ᠋ 2 ᠪᠠ ᠤᠯᠤᠰ ᠤ᠋ᠨ ᠲᠠᠰ ᠤ᠋ᠨ ᠣᠲᠣ᠌ ᠦᠶ᠎ᠡ ᠶ᠋ᠢᠨ ᠠᠵᠤ ᠦᠢᠯᠡᠰ ᠤ᠋ᠨ ᠬᠦᠷᠢᠶᠡᠯᠡᠩ ᠢ᠋ 3᠂ ᠠᠵᠤ ᠦᠢᠯᠡᠰ ᠤ᠋ᠨ ᠬᠦᠴᠦᠷᠬᠡᠭ ᠪᠠᠯᠭᠠᠰᠤ ᠵᠢ 8 ᠰᠢᠨ᠎ᠠ ᠪᠡᠷ ᠡᠬᠦᠳᠦᠨ ᠪᠠᠢᠭᠤᠯᠵᠦ᠂ ᠡᠭᠦᠳᠦᠨ ᠪᠠᠢᠭᠤᠯᠤᠭᠰᠠᠨ ᠲᠣᠭ᠎ᠠ ᠬᠡᠮᠵᠢᠶ᠎ᠡ ᠨᠢ ᠪᠥᠬᠥ ᠤᠯᠤᠰ ᠲᠦ᠍ ᠲᠡᠷᠢᠬᠦᠯᠡᠪᠡ

ᠪᠥᠬᠥ ᠪᠥᠮᠪᠥᠷᠴᠡᠭ ᠤ᠋ᠨ ᠬᠠᠮᠤᠭ ᠤ᠋ᠨ ᠲᠣᠮᠣ᠌ ᠰᠦᠨ ᠬᠦᠴᠢᠯ ᠤ᠋ᠨ ᠪᠠᠺᠲᠧᠷᠢ ᠶ᠋ᠢᠨ ᠦᠷ᠎ᠡ ᠡᠳ᠋ ᠤ᠋ᠨ ᠬᠥᠮᠥᠷᠭᠡ ᠂ ᠤᠯᠤᠰ ᠤ᠋ᠨ ᠬᠣᠨᠢ ᠢᠮᠠᠭᠠᠨ ᠤ᠋ ᠤᠳᠤᠮᠯᠠᠯ ᠢ᠋ ᠦᠨᠡᠯᠡᠨ ᠵᠢᠱ᠌ᠢᠯᠳᠡ ᠶ᠋ᠢᠨ ᠲᠥᠪ ᠢ᠋ ᠪᠠᠢᠭᠤᠯᠵᠦ ᠂ ᠮᠢᠬᠠᠨ ᠎ᠤ ᠬᠣᠨᠢᠨ ᠤ᠋ ᠠᠵᠤ ᠦᠢᠯᠡᠰ ᠤ᠋ᠨ ᠦᠢᠯᠡᠳᠬᠦᠨ ᠤ᠋ ᠥᠷᠲᠡᠭ ᠮᠢᠩᠭᠠᠨ ᠳ᠋ᠦᠩᠰᠢᠭᠤᠷ ᠲᠡᠰ ᠲᠦ᠍ ᠬᠦᠷᠴᠡᠢ

ᠭᠤᠷᠪᠠ ᠳ᠋ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠡᠭᠦᠳᠦᠯᠲᠡ᠎ᠳᠤ ᠰᠢᠨ᠎ᠡ ᠰᠢᠪᠲᠤᠯᠤᠯᠲᠠ ᠭᠠᠷᠬᠤ ᠵᠢ ᠠᠬᠢᠭᠤᠯᠪᠠ

ᠪᠥᠬᠥ ᠣᠷᠣᠨ ᠤ᠋ ᠡᠳ᠋ ᠤ᠋ᠨ ᠵᠠᠰᠠᠭ᠎ᠤᠨ᠎ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠵᠠᠷᠤᠯᠭ᠎ᠠ 81.9%  ᠪᠡᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤ᠋ᠨ ᠠᠵᠤ ᠠᠬᠤᠢᠯᠠᠯ 314 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠡᠯᠪᠡᠷᠢ᠎ᠪᠦᠬᠦᠢ ᠳᠤᠮᠳᠠ ᠵᠢᠵᠢᠭ ᠠᠵᠤ ᠠᠬᠤᠢᠯᠠᠯ 950 ᠡᠷᠦᠬᠡ ᠰᠢᠨ᠎ᠡ ᠪᠡᠷ ᠨᠡᠮᠡᠭᠳᠡᠵᠡᠢ

6 ᠬᠦᠮᠦᠨ《ᠴᠠᠩ ᠵᠢᠶᠠᠩ ᠡᠷᠳᠡᠮᠲᠡᠨ 》᠂ 《ᠤᠯᠤᠰ ᠤ᠋ᠨ ᠭᠠᠷᠮᠠᠭᠠᠢ ᠵᠠᠯᠠᠭᠤᠴᠤᠳ》  ᠲᠦ᠍ ᠰᠢᠨ᠎ᠡ ᠪᠡᠷ ᠰᠤᠩᠭᠤᠭᠳᠠᠪᠠ

ᠤᠯᠤᠰ ᠤ᠋ᠨ ᠰᠦ ᠰᠠᠭᠠᠯᠢ ᠶ᠋ᠢᠨ ᠦᠢᠯᠡᠰ ᠤ᠋ᠨ ᠮᠡᠷᠭᠡᠵᠢᠯ ᠤ᠋ᠨ ᠰᠢᠨ᠎ᠡ ᠡᠬᠦᠳᠦᠯᠳᠡ ᠵᠢᠨ ᠲᠥᠪ ᠲᠦ᠍ 10 ᠠᠺᠠᠳᠧᠮᠢᠴᠢ ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ᠋ ᠴᠤᠭᠯᠠᠭᠤᠯᠵᠤ ᠂ ᠪᠤᠳᠠᠳᠦ ᠴᠣᠭᠴᠠᠵᠢᠭᠤᠯᠤᠨ ᠡᠵᠡᠩᠨᠡᠬᠦ ᠵᠢ ᠪᠡᠶᠡᠯᠡᠬᠦᠯᠪᠡ

ᠰᠦ ᠰᠠᠭᠠᠯᠢ ᠶ᠋ᠢᠨ ᠦᠢᠯᠡᠰ ᠂ ᠡᠪᠡᠰᠦᠨ ᠤ᠋ ᠦᠢᠯᠡᠰ ᠂ ᠬᠣᠪᠣᠷ ᠰᠢᠷᠣᠢ ᠶ᠋ᠢᠨ ᠰᠢᠨ᠎ᠡ ᠮᠠᠲᠧᠷᠢᠶᠠᠯ ᠤ᠋ᠨ ᠮᠡᠷᠭᠡᠵᠢᠯ ᠤ᠋ᠨ ᠰᠢᠨ᠎ᠡ ᠡᠬᠦᠳᠦᠯᠳᠡ ᠵᠢᠨ ᠲᠥᠪ 24 ᠵᠦᠢᠯ ᠤ᠋ᠨ ᠴᠢᠬᠤᠯᠠ ᠶᠡᠬᠡ ᠰᠤᠳᠤᠯᠭᠠᠨ ᠤ᠋ ᠦᠷ᠎ᠡ ᠪᠦᠲᠦᠭᠡᠯ ᠭᠠᠷᠭᠠᠪᠠ

ᠤᠯᠤᠰ ᠤ᠋ᠨ ᠭᠣᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶ᠋ᠢᠨ ᠲᠥᠷᠥᠯ ᠵᠦᠢᠯ ᠢ᠋ 9 ᠲᠠᠭᠠᠭᠠᠨ ᠡᠭᠦᠷᠭᠡᠯᠡᠪᠡ

ᠥᠪᠡᠷᠲᠡᠭᠡᠨ ᠵᠠᠰᠠᠬᠤ ᠣᠷᠣᠨ ᠤ᠋ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠤᠰᠬᠠᠢ ᠵᠦᠢᠯ ᠢ᠋ 38 ᠵᠢ ᠬᠡᠷᠡᠭᠵᠢᠭᠦᠯᠪᠠ

ᠰᠢᠨ᠎ᠡ ᠡᠬᠦᠳᠦᠯᠳᠡ ᠵᠢᠨ ᠬᠣᠯᠪᠣᠭᠠᠲᠤ ᠴᠣᠭᠴᠠ ᠵᠢ 70 ᠪᠠᠢᠭᠤᠯᠪᠠ

ᠠᠭᠤᠷᠬᠠᠢ ᠶ᠋ᠢᠨ ᠣᠶᠤᠨᠴᠢ ᠮᠠᠰᠢᠨ ᠬᠥᠮᠥᠨ ᠂ ᠬᠣᠪᠣᠷ ᠰᠢᠷᠣᠢ ᠶ᠋ᠢᠨ ᠦᠢᠯᠡᠳᠬᠦᠨ ᠦᠢᠯᠡᠳᠴᠦ ᠪᠦᠲᠦᠭᠡᠬᠦ ᠂ ᠡᠷᠴᠢᠯᠡᠭᠦᠷ ᠬᠦᠷᠳᠦ ᠪᠡᠷ ᠡᠨᠧᠷᠭᠢ ᠨᠥᠭᠡᠴᠡᠯᠡᠬᠦ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ ᠪᠡᠷ ᠰᠢᠪᠲᠤᠯᠤᠯᠲᠠ ᠶ᠋ᠢᠨ ᠴᠢᠨᠠᠷᠲᠠᠢ ᠦᠷ᠎ᠡ ᠪᠦᠲᠦᠭᠡᠯ ᠣᠯᠪᠠ

ᠮᠧᠩ ᠺᠧ ᠵᠢᠦᠢ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠤ᠋ᠨ ᠰᠢᠨ᠎ᠡ ᠡᠬᠦᠳᠦᠯᠳᠡ ᠵᠢᠨ ᠲᠠᠪᠴᠠᠩ ᠤ᠋ᠨ ᠦᠢᠯᠡᠳᠦᠯ ᠲᠤᠳᠤᠷᠠᠵᠦ᠂ ᠪᠥᠬᠥ ᠣᠷᠣᠨ ᠤ᠋ ᠮᠡᠷᠭᠡᠵᠢᠯ ᠤ᠋ᠨ ᠠᠷᠠᠯᠵᠢᠶᠠᠨ ᠤ᠋ ᠭᠡᠷ᠎ᠡ ᠶ᠋ᠢᠨ ᠲᠣᠭ᠎ᠠ 45.3%  ᠪᠡᠷ ᠨᠡᠮᠡᠭᠳᠡᠵᠦ᠂ ᠠᠷᠠᠯᠵᠢᠶᠠᠯᠠᠭᠰᠠᠨ ᠲᠣᠭ᠎ᠠ 17.6%  ᠪᠡᠷ ᠨᠡᠮᠡᠭᠳᠡᠪᠡ ᠃

ᠳᠥᠷᠪᠡ᠎ᠳᠦ ᠬᠦᠴᠢᠷ ᠠᠰᠠᠭᠤᠳᠠᠯ ᠢ᠋ ᠥᠭᠡᠷᠡᠴᠢᠯᠡᠯᠲᠡ ᠶ᠋ᠢᠨ ᠠᠷᠭ᠎ᠠ ᠪᠡᠷ ᠰᠢᠢᠳᠪᠦᠷᠢᠯᠡᠬᠦ ᠵᠢ ᠨᠠᠩ ᠴᠢᠬᠤᠯᠠᠴᠢᠯᠠᠪᠠ

《ᠨᠢᠭᠡ ᠰᠦᠯᠵᠢᠶ᠎ᠡ ᠪᠡᠷ ᠨᠡᠢᠳᠡᠮ ᠭᠦᠢᠴᠡᠳᠬᠡᠬᠦ》᠂《ᠨᠢᠭᠡ ᠰᠦᠯᠵᠢᠶ᠎ᠡ ᠪᠡᠷ ᠨᠢᠭᠡᠳᠦᠯᠲᠡᠢ ᠬᠠᠮᠢᠶᠠᠷᠬᠤ》  ᠵᠢ ᠭᠦᠨᠵᠡᠭᠡᠢ ᠠᠬᠢᠭᠤᠯᠵᠤ ᠂ ᠠᠵᠤ ᠠᠬᠤᠢᠯᠠᠯ ᠤ᠋ᠨ ᠪᠥᠬᠥ ᠠᠮᠢ ᠨᠠᠰᠤᠨ ᠤ᠋ ᠦᠶᠡᠯᠡᠯ ᠤ᠋ᠨ ᠬᠤᠭᠤᠴᠠᠭᠠᠨ ᠤ᠋ ᠦᠢᠯᠡᠴᠢᠯᠡᠭᠡ ᠵᠢ ᠴᠢᠩᠭᠠᠳᠬᠠᠪᠠ

ᠥᠪᠡᠷᠲᠡᠭᠡᠨ ᠵᠠᠰᠠᠬᠤ ᠣᠷᠣᠨ ᠤ᠋ ᠱᠠᠲᠤᠨ ᠤ᠋ ᠡᠷᠬᠡ ᠶ᠋ᠢᠨ ᠵᠦᠢᠯᠡᠰ ᠢ᠋ 268 ᠵᠢ ᠬᠦᠴᠦᠨ ᠦᠭᠡᠢ ᠪᠣᠯᠭᠠᠬᠰᠠᠨ ᠪᠤᠶᠤ ᠳᠣᠷᠣᠭ᠍ᠰᠢ ᠪᠠᠭᠤᠯᠭᠠᠵᠦ ᠂ ᠠᠵᠤ ᠦᠢᠯᠡᠳᠪᠦᠷᠢ᠎ᠳᠦ ᠬᠡᠷᠡᠭᠯᠡᠬᠦ《ᠭᠡᠰᠡᠭᠯᠡᠭᠰᠡᠨ ᠪᠠᠷᠢᠮᠵᠢᠶᠠᠲᠤ ᠭᠠᠵᠠᠷ》ᠢ᠋ 332 ᠲᠦᠢᠯᠪᠦᠷᠢᠳᠡᠢ ᠰᠢᠯᠵᠢᠬᠦᠯᠦᠨ ᠦᠭᠪᠡ

ᠬᠦᠷᠢᠶᠡᠯᠡᠩ ᠲᠣᠭᠣᠷᠢᠭ᠋ ᠪᠠ ᠲᠣᠰᠬᠣᠨ ᠤ᠋ ᠱᠠᠲᠤ ᠪᠦᠬᠦᠨ᠎ᠳᠦ《ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ》 ᠵᠢ ᠬᠠᠮᠤᠷᠤᠭᠤᠯᠬᠤ ᠵᠢ ᠪᠡᠶᠡᠯᠡᠭᠦᠯᠪᠡ

《ᠵᠠᠰᠠᠭ ᠤ᠋ᠨ ᠶᠠᠪᠤᠳᠠᠯ + ᠰᠢᠭᠤᠳ ᠨᠡᠪᠲᠡᠷᠡᠭᠦᠯᠭᠡ 》ᠦᠢᠯᠡᠴᠢᠯᠡᠭᠡᠨ ᠤ᠋ ᠰᠢᠨ᠎ᠡ ᠵᠠᠭᠪᠤᠷ ᠨᠢ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠦᠢᠯᠡᠳᠦᠯ ᠴᠢᠳᠠᠮᠵᠢ ᠵᠢ ᠳᠡᠭᠡᠭᠰᠢᠯᠡᠭᠦᠯᠦᠭᠰᠡᠨ ᠨᠡᠢᠲᠡᠯᠢᠭ ᠬᠡᠷᠡᠭ ᠤ᠋ᠨ ᠵᠢᠱ᠌ᠢᠶ᠎ᠡ ᠪᠡᠷ ᠰᠣᠩᠭᠣᠭᠳᠠᠪᠠ

ᠠᠵᠤ ᠠᠬᠤᠢᠯᠠᠯ ᠳ᠋ᠦ ᠥᠷᠢᠲᠦᠵᠦ ᠪᠠᠢᠭᠰᠠᠨ 1293 ᠳ᠋ᠦᠩᠰᠢᠭᠤᠷ ᠲᠥᠭᠥᠷᠢᠭ ᠢ᠋ ᠲᠥᠯᠥᠵᠦ ᠳᠠᠭᠤᠰᠬᠠᠪᠠ

ᠠᠵᠤ ᠠᠬᠤᠢᠯᠠᠯ᠎ᠳᠦ ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶ᠋ᠢᠨ ᠭᠡᠷ ᠪᠠᠢᠰᠢᠩ ᠤ᠋ᠨ ᠥᠮᠴᠢᠯᠡᠬᠦ ᠡᠷᠬᠡ ᠶ᠋ᠢᠨ ᠭᠠᠷᠳᠠᠮ ᠤ᠋ᠨ ᠠᠰᠠᠭᠤᠳᠠᠯ ᠢ᠋ ᠰᠢᠢᠳᠪᠦᠷᠢᠯᠡᠨ ᠦᠭᠴᠦ ᠂ ᠭᠠᠢᠯᠢ ᠵᠢ ᠬᠥᠩᠭᠡᠯᠡᠵᠦ ᠰᠦᠢᠳᠬᠡᠯ ᠢ᠋ ᠪᠠᠭᠤᠷᠠᠭᠤᠯᠬᠤ ᠵᠢᠴᠢ ᠭᠠᠢᠯᠢ ᠵᠢ ᠪᠤᠴᠠᠭᠠᠵᠦ ᠬᠣᠢᠰᠢᠯᠠᠭᠤᠯᠤᠨ ᠲᠤᠰᠢᠶᠠᠬᠤ ᠵᠠᠷᠤᠳᠠᠯ ᠢ᠋ 341 ᠳ᠋ᠦᠩᠰᠢᠭᠤᠷ ᠲᠥᠭᠥᠷᠢᠭ ᠰᠢᠨ᠎ᠠ ᠪᠡᠷ ᠨᠡᠮᠡᠭᠳᠡᠬᠦᠯᠪᠠ

2 ᠠᠵᠤ ᠠᠬᠤᠢᠯᠠᠯ ᠠᠮᠵᠢᠯᠲᠠ ᠲᠠᠢ ᠪᠡᠷ ᠵᠠᠬ᠎ᠠ ᠳᠡᠯᠭᠡᠭᠦᠷ ᠲᠦ᠍ ᠭᠠᠷᠪᠠ

5 ᠠᠵᠤ ᠠᠬᠤᠢᠯᠠᠯ ᠪᠥᠬᠥ ᠤᠯᠤᠰ ᠤ᠋ᠨ ᠠᠷᠠᠳ ᠡᠴᠡ ᠡᠵᠡᠩᠨᠡᠭᠰᠡᠨ ᠠᠵᠤ ᠠᠬᠤᠢᠯᠠᠯ ᠤ᠋ᠨ 500 ᠬᠦᠴᠦᠷᠬᠡᠭ ᠲᠦ᠍ ᠲᠣᠳᠣᠷᠠᠪᠠ

ᠪᠥᠬᠥ ᠣᠷᠣᠨ ᠤ᠋ ᠵᠠᠭᠤᠨ ᠬᠦᠴᠦᠷᠬᠡᠭ ᠠᠷᠠᠳ᠎ᠡᠴᠡ ᠡᠵᠡᠩᠨᠡᠭᠰᠡᠨ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠪᠦᠬᠦ ᠤᠷᠤᠯᠭ᠎ᠠ 1 ᠲᠦᠮᠡᠨ ᠳ᠋ᠦᠩᠰᠢᠭᠤᠷ ᠲᠥᠭᠥᠷᠢᠭ ᠢ᠋ ᠳᠠᠪᠠᠪᠠ

《ᠪᠦᠰᠡᠯᠡᠯᠲᠡ ᠰᠢᠪᠲᠤᠯᠬᠤ》 ᠠᠵᠢᠯᠯᠠᠭ᠎ᠠ ᠵᠢ ᠥᠷᠨᠢᠭᠦᠯᠦᠨ ᠂ ᠠᠯᠳᠠᠭᠳᠠᠯ ᠢ᠋ ᠵᠠᠰᠠᠬᠤ ᠡᠷᠴᠢᠮ ᠢ᠋ ᠴᠢᠩᠭᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠲᠦ ᠡᠳ᠋ ᠬᠥᠷᠥᠩᠭᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠵᠥᠪᠯᠡᠯ᠎ᠡᠴᠡ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ ᠤ᠋ᠨ ᠠᠰᠢᠭ᠋ ᠤᠯᠵᠠᠪᠤᠷᠢ ᠶ᠋ᠢᠨ ᠶᠡᠷᠦᠩᠬᠡᠢ ᠲᠣᠭ᠎ᠠ 70% ᠪᠡᠷ ᠨᠡᠮᠡᠭᠳᠡᠪᠡ

ᠪᠤᠭᠤᠲᠤ ᠶ᠋ᠢᠨ ᠪᠣᠯᠣᠳ ᠲᠡᠮᠦᠷ ᠤ᠋ᠨ ᠪᠦᠯᠦᠭᠯᠡᠯ 53 ᠳ᠋ᠦᠩᠰᠢᠭᠤᠷ ᠲᠥᠭᠥᠷᠢᠭ ᠤ᠋ᠨ ᠠᠰᠢᠭ᠋ ᠤᠯᠵᠠᠪᠤᠷᠢ ᠵᠢ ᠪᠡᠶᠡᠯᠡᠭᠦᠯᠪᠡ

ᠪᠦᠬᠦ ᠤᠯᠤᠰ ᠤ᠋ᠨ 500 ᠬᠦᠴᠦᠷᠬᠡᠭ᠎ᠲᠡᠬᠢ ᠨᠡᠷᠡᠰ ᠤ᠋ᠨ ᠵᠢᠭ᠍ᠰᠠᠭᠠᠯᠲᠠ᠎ᠳᠤ ᠴᠠᠬᠢᠯᠭᠠᠨ ᠬᠦᠴᠦᠨ ᠤ᠋ ᠪᠦᠯᠦᠭᠯᠡᠯ ᠤᠷᠤᠭᠰᠢ ᠪᠠᠨ 24 ᠨᠡᠷ᠎ᠠ ᠳᠠᠪᠰᠢᠪᠠ

ᠦᠪᠦᠷ ᠮᠤᠨᠭᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠪᠡᠯᠡ ᠬᠥᠷᠥᠩᠭᠡ ᠶ᠋ᠢᠨ ᠶᠡᠷᠦᠩᠬᠡᠢ ᠬᠡᠮᠵᠢᠶ᠎ᠡ 1000 ᠳ᠋ᠦᠩᠰᠢᠭᠤᠷ ᠲᠥᠭᠥᠷᠢᠭ ᠢ᠋ ᠳᠠᠪᠠᠪᠠ

ᠵᠠᠮ ᠬᠠᠷᠢᠯᠴᠠᠭᠠᠨ ᠤ᠋ ᠪᠦᠯᠦᠭᠯᠡᠯ ᠂ ᠣᠯᠠᠨ ᠤᠯᠤᠰ ᠤ᠋ᠨ ᠠᠷᠠᠯᠵᠢᠶᠠᠨ ᠤ᠋ ᠪᠦᠯᠦᠭᠯᠡᠯ ᠢ᠋ ᠰᠢᠨ᠎ᠡ ᠪᠡᠷ ᠵᠤᠬᠢᠶᠠᠨ ᠪᠠᠢᠭᠤᠯᠪᠠ

ᠭᠠᠳᠠᠭᠠᠳᠤ ᠠᠷᠠᠯᠵᠢᠶᠠᠨ ᠤ᠋ ᠬᠡᠪᠴᠢᠶ᠎ᠡ ᠵᠢ ᠲᠣᠭᠲᠠᠪᠤᠷᠢᠵᠢᠭᠤᠯᠤᠨ ᠪᠦᠲᠦᠴᠡ ᠵᠢ ᠰᠢᠯᠢᠳᠡᠭᠵᠢᠭᠦᠯᠬᠦ 32 ᠵᠤᠷᠪᠤᠰ ᠢ᠋ ᠨᠡᠢᠲᠡᠯᠡᠪᠡ

ᠮᠠᠨᠵᠤᠤᠷ ᠬᠢᠯᠢ ᠶ᠋ᠢᠨ ᠪᠣᠭᠣᠮᠲᠠ ᠶ᠋ᠢᠨ ᠳᠤᠮᠳᠠᠳᠤ ᠣᠷᠣᠰ ᠤ᠋ᠨ ᠪᠦᠯᠬᠦᠮ ᠵᠢᠡᠷ ᠵᠢᠭᠤᠯᠴᠢᠯᠠᠬᠤ᠎ᠳᠤ ᠸᠢᠰᠠ ᠲᠠᠮᠠᠭᠠᠯᠠᠬᠤ ᠵᠢ ᠬᠠᠷᠢᠯᠴᠠᠨ ᠬᠡᠯᠲᠦᠷᠢᠭᠦᠯᠬᠦ᠂ ᠡᠷᠢᠶᠡᠨ ᠬᠣᠲᠠ ᠬᠢᠯᠢ ᠶ᠋ᠢᠨ ᠪᠣᠭᠣᠮᠲᠠ ᠪᠡᠷ 8 ᠰᠠᠭᠤᠳᠠᠯ ᠡᠴᠡ ᠲᠤᠷᠤᠭᠰᠢᠬᠢ ᠵᠢᠵᠢᠭ ᠬᠡᠯᠪᠡᠷᠢ ᠶ᠋ᠢᠨ ᠲᠡᠷᠭᠡ ᠬᠦᠰᠬᠡ ᠵᠢ ᠥᠩᠭᠡᠷᠡᠬᠦᠯᠬᠦ ᠵᠢ ᠰᠡᠷᠬᠦᠭᠡᠵᠡᠢ

ᠮᠠᠨᠵᠤᠤᠷ ᠤ᠋ᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ ᠤ᠋ ᠠᠷᠠᠯᠵᠢᠶᠠᠨ ᠤ᠋ ᠲᠣᠭ᠎ᠠ 3 ᠳᠠᠬᠢᠨ ᠰᠢᠬᠠᠮ ᠨᠡᠮᠡᠭᠳᠡᠪᠡ

ᠪᠥᠬᠥ ᠣᠷᠣᠨ ᠤ᠋ ᠬᠢᠯᠢ ᠶ᠋ᠢᠨ ᠪᠣᠭᠣᠮᠲᠠ ᠪᠡᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ᠋ ᠳᠠᠪᠠᠵᠤ ᠂ ᠪᠥᠬᠥ ᠤᠯᠤᠰ ᠤ᠋ᠨ ᠡᠬᠡ ᠬᠠᠭᠤᠷᠠᠢ ᠶ᠋ᠢᠨ ᠬᠢᠯᠢ ᠳᠠᠭᠠᠤ ᠬᠢᠯᠢ ᠶ᠋ᠢᠨ ᠪᠣᠭᠣᠮᠲᠠ ᠶ᠋ᠢᠨ ᠲᠡᠮᠳᠡᠭᠯᠡᠯ ᠢ᠋ ᠰᠢᠨᠡᠳᠬᠡᠪᠡ

ᠤᠷᠤᠨ ᠳ᠋ᠦ ᠢᠷᠡᠵᠦ ᠠᠶᠠᠯᠠᠬᠤ ᠳᠤᠮᠳᠠᠳᠤ ᠡᠸᠦ᠋ᠷᠦᠫᠡ ᠶ᠋ᠢᠨ ᠵᠢᠰᠢᠶᠠᠨ ᠤ᠋ ᠭᠠᠯᠳᠦ ᠲᠡᠷᠭᠡ 429 ᠳ᠋ᠦ ᠬᠦᠷᠴᠦ ᠂ 73.7%  ᠪᠡᠷ ᠨᠡᠮᠡᠭᠳᠡᠪᠡ

ᠮᠠᠰᠢᠨ ᠴᠠᠬᠢᠯᠭᠠᠨ ᠤ᠋ ᠦᠢᠯᠡᠳᠬᠦᠨ ᠤ᠋ ᠭᠠᠳᠠᠭᠠᠳᠤ ᠭᠠᠷᠭᠠᠯᠲᠠ 118.9% ᠪᠡᠷ ᠨᠡᠮᠡᠭᠳᠡᠪᠡ

ᠴᠠᠬᠢᠯᠭᠠᠨ ᠬᠥᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ 《ᠭᠤᠷᠪᠠᠨ ᠰᠢᠨ᠎ᠡ ᠲᠦᠷᠦᠯ》 ᠤ᠋ᠨ ᠦᠢᠯᠡᠳᠬᠦᠨ ᠤ᠋ ᠭᠠᠳᠠᠭᠠᠳᠤ ᠭᠠᠷᠭᠠᠯᠲᠠ 48 ᠳᠠᠬᠢᠨ ᠨᠡᠮᠡᠭᠳᠡᠪᠡ

ᠭᠠᠳᠠᠭᠠᠳᠤ ᠶ᠋ᠢᠨ ᠬᠤᠳᠠᠯᠳᠤᠭᠠᠴᠢᠨ ᠤ᠋ ᠪᠡᠯᠡ ᠣᠷᠣᠭᠤᠯᠤᠭᠰᠠᠨ ᠠᠵᠤ ᠠᠬᠤᠢᠯᠠᠯ ᠢ᠋ 167 ᠰᠢᠨ᠎ᠠ ᠪᠡᠷ ᠲᠤᠬᠢᠷᠠᠭᠤᠯᠵᠦ ᠂ 3.2 ᠳᠠᠬᠢᠨ ᠨᠡᠮᠡᠭᠳᠡᠪᠡ

ᠭᠠᠳᠠᠭᠠᠳᠤ ᠪᠡᠯᠡ ᠵᠢ ᠬᠡᠷᠡᠭᠯᠡᠭᠰᠡᠨ  ᠪᠤᠳᠠᠳᠠᠢ ᠲᠤᠭ᠎ᠠ 55.8 ᠳ᠋ᠦᠩᠰᠢᠭᠤᠷ ᠲᠥᠭᠥᠷᠢᠭ ᠲᠦ᠍ ᠬᠦᠷᠴᠦ ᠂ 61.5%  ᠪᠡᠷ ᠨᠡᠮᠡᠭᠳᠡᠪᠡ

ᠬᠢᠯᠢ ᠠᠯᠤᠰᠯᠠᠨ ᠬᠤᠷᠢᠶᠠᠭᠰᠠᠨ ᠪᠠ ᠦᠭᠬᠦᠭᠰᠡᠨ ᠠᠷᠠᠳ ᠤ᠋ᠨ ᠵᠣᠭᠣᠰ 2584.2 ᠳ᠋ᠦᠩᠰᠢᠭᠤᠷ ᠲᠥᠭᠥᠷᠢᠭ ᠲᠦ᠍ ᠬᠦᠷᠴᠦ ᠂ 99.8%  ᠪᠡᠷ ᠨᠡᠮᠡᠭᠳᠡᠪᠡ

ᠲᠠᠪᠤ᠎ᠳᠤ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠵᠦ ᠵᠠᠰᠠᠬᠤ ᠪᠠᠨ ᠴᠢᠩᠭᠠᠳᠬᠠᠪᠠ

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠤᠷᠤᠨ ᠵᠠᠢ᠎ᠶᠢᠨ ᠲᠥᠯᠦᠪᠵᠢᠭᠦᠯᠭᠡ᠎ᠨᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠴᠣᠬᠣᠯᠠᠪᠤᠷᠢ᠎ᠵᠢ ᠤᠯᠪᠠ

ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ᠎ᠲᠤᠭᠤᠢᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠤᠳ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ

ᠰᠠᠢᠷᠭᠠᠯ᠎ᠤᠨ ᠤᠷᠤᠨ᠎ᠤ 770 ᠡᠷᠦᠬᠡ ᠂ 1853 ᠬᠥᠮᠥᠨ᠎ᠢ ᠨᠡᠭᠦᠯᠭᠡᠨ ᠲᠤᠬᠢᠷᠠᠭᠤᠯᠬᠤ ᠪᠠ ᠲᠠᠷᠢᠬᠤ᠎ᠶᠢ ᠴᠠᠭᠠᠵᠠᠯᠠᠵᠦ ᠬᠢᠵᠠᠭᠠᠷᠯᠠᠬᠤ ᠤᠨ᠎ᠤ ᠡᠭᠦᠷᠭᠡ ᠪᠠᠨ ᠪᠡᠶᠡᠯᠡᠭᠦᠯᠪᠡ

ᠬᠠᠲᠤᠨ ᠭᠣᠣᠯ᠎ᠤᠨ ᠰᠠᠪᠠ ᠭᠠᠵᠠᠷ᠎ᠤᠨ ᠰᠢᠷᠠᠠᠤᠰᠤᠨ ᠭᠣᠣᠯ᠎ᠤᠨ ᠬᠢᠯᠢ ᠳᠣᠲᠣᠷᠠᠬᠢ ᠬᠡᠰᠡᠭ᠎ᠢ ᠬᠠᠮᠠᠭᠠᠯᠠᠵᠦ ᠵᠠᠰᠠᠭᠰᠠᠨ ᠨᠢ ᠪᠥᠬᠥ ᠤᠯᠤᠰ᠎ᠤᠨ ᠦᠵᠡᠰᠬᠦᠯᠡᠩᠲᠦ ᠰᠠᠢᠬᠠᠨ ᠨᠠᠭᠤᠷ ᠭᠣᠣᠯ ᠎ᠤᠨ ᠰᠢᠯᠢᠳᠡᠭ ᠵᠢᠱ᠌ᠢᠶ᠎ᠡ᠎ᠪᠡᠷ ᠰᠣᠩᠭᠣᠭᠳᠠᠪᠠ

21.3 ᠲᠦᠮᠡᠨ ᠡᠷᠦᠬᠡ᠎ᠶᠢᠨ ᠴᠡᠪᠡᠷ ᠳᠤᠯᠠᠭᠠᠯᠠᠭ᠎ᠠ ᠪᠡᠷ ᠥᠭᠡᠷᠡᠴᠢᠯᠡᠵᠦ ᠰᠢᠨᠡᠳᠬᠡᠬᠦ ᠠᠵᠢᠯ᠎ᠢ ᠪᠡᠶᠡᠯᠡᠭᠦᠯᠪᠡ

《ᠬᠦᠯᠦᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ ᠨᠠᠭᠤᠷ》᠂ ᠴᠠᠭᠠᠨᠨᠠᠭᠤᠷ ᠵᠡᠷᠭᠡ᠎ᠵᠢ ᠶᠡᠷᠦᠩᠬᠡᠢᠯᠡᠨ ᠵᠠᠰᠠᠭᠰᠠᠨ ᠦᠷ᠎ᠡ ᠪᠦᠲᠦᠮᠵᠢ ᠤᠯᠤᠰ᠎ᠲᠦ ᠦᠨᠡᠯᠡᠭᠳᠡᠨ ᠨᠤᠲᠠᠯᠠᠭᠳᠠᠪᠠ

ᠤᠯᠠᠭᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠳᠦᠷᠢᠮ᠎ᠢ ᠨᠡᠢᠲᠡᠯᠡᠨ ᠬᠡᠷᠡᠭᠵᠢᠭᠦᠯᠪᠡ

ᠪᠥᠬᠥ ᠣᠷᠣᠨ᠎ᠤ ᠤᠯᠤᠰ᠎ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ᠎ᠤ ᠣᠭᠲᠣᠯᠣᠭᠠᠰᠤ᠎ᠶᠢᠨ ᠤᠰᠤᠨ᠎ᠤ ᠴᠢᠨᠠᠷ᠎ᠤᠨ ᠰᠢᠯᠢᠳᠡᠭ ᠰᠠᠢᠨ ᠪᠠᠷᠢᠮᠵᠢᠶ᠎ᠠ᠎ᠳᠦ ᠬᠦᠷᠦᠬᠦᠯᠬᠦ ᠬᠠᠷᠢᠴᠠᠯ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM 2.5 ᠵᠢᠨ ᠥᠳᠬᠡᠴᠡ ᠲᠡᠦᠬᠡᠨ᠎ᠳᠡᠬᠢ ᠬᠠᠮᠤᠭ᠎ᠤᠨ ᠰᠠᠢᠨ ᠲᠦᠪᠰᠢᠨ᠎ᠳᠦ ᠬᠦᠷᠴᠡᠢ

《ᠲᠠᠪᠤ᠎ᠶᠢ ᠲᠤᠢᠯᠪᠤᠷᠢᠳᠠᠢ ᠪᠠᠢᠴᠠᠭᠠᠬᠤ》ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠵᠦᠪᠰᠢᠶᠡᠷᠡᠬᠦᠯᠬᠦ ᠪᠡᠷ ᠪᠠᠢᠭ᠎ᠠ 9326 ᠲᠦᠷᠦᠯ ᠵᠦᠢᠯ᠎ᠤᠨ ᠵᠥᠪᠰᠢᠶᠡᠷᠡᠵᠦ ᠪᠤᠯᠬᠤ ᠪᠦᠬᠦᠨ᠎ᠢ ᠵᠥᠪᠰᠢᠶᠡᠷᠡᠵᠦ᠂ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠪᠠ ᠰᠤᠯᠠ ᠳᠠᠯᠪᠢᠭᠳᠠᠵᠦ ᠪᠠᠢᠭ᠎ᠠ ᠭᠠᠵᠠᠷ ᠰᠢᠷᠣᠢ᠎ᠵᠢ ᠰᠢᠢᠳᠪᠦᠷᠢᠯᠡᠭᠰᠡᠨ ᠨᠢ 40 ᠲᠦᠮᠡᠨ ᠮᠦ᠍᠎ᠶᠢ ᠳᠠᠪᠠᠪᠠ

ᠠᠩᠬᠠᠨ᠎ᠤ  ᠪᠦᠯᠦᠭ᠎ᠦᠨ 22 ᠳ᠋ᠦᠩᠰᠢᠭᠤᠷ ᠲᠥᠭᠥᠷᠢᠭ᠎ᠦᠨ ᠭᠠᠵᠠᠷ ᠰᠢᠷᠤᠢ᠎ᠶᠢᠨ ᠨᠡᠮᠡᠭᠳᠡᠯ ᠬᠠᠰᠤᠭᠳᠠᠯ᠎ᠢ ᠬᠤᠯᠪᠤᠭᠳᠠᠭᠤᠯᠤᠭᠰᠠᠨ ᠦᠯᠡᠳᠡᠪᠦᠷᠢ᠎ᠶᠢᠨ ᠭᠦᠢᠴᠡᠳᠬᠡᠯ ᠲᠣᠭ᠎ᠠ᠎ᠶᠢᠨ ᠮᠤᠵᠢ ᠠᠯᠤᠰᠯᠠᠨ ᠠᠷᠠᠯᠵᠢᠶᠠᠯᠠᠬᠤ᠎ᠶᠢ ᠪᠡᠶᠡᠯᠡᠭᠦᠯᠪᠡ

《ᠬᠠᠭᠠᠰ ᠳᠤᠲᠠᠭᠤ ᠤᠷᠬᠢᠭᠳᠠᠭᠰᠠᠨ》ᠢᠨᠵᠧᠨᠧᠷᠢᠩ᠎ᠢ ᠰᠡᠷᠬᠦᠭᠡᠬᠦ ᠪᠠ ᠨᠡᠭᠡᠭᠡᠯᠳᠡ᠎ᠶᠢᠨ ᠲᠤᠭᠤᠷᠢᠭ᠎ᠤᠨ 《ᠲᠦᠢᠯᠪᠤᠷᠢᠳᠠᠢ ᠰᠢᠢᠳᠪᠦᠷᠢᠯᠡᠯᠳᠡ》 ᠵᠢ ᠦᠨᠳᠦᠰᠦᠨ᠎ᠳᠡᠭᠡᠨ ᠪᠡᠶᠡᠯᠡᠭᠦᠯᠪᠡ

ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ ᠂ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠪᠦᠲᠦᠮᠵᠢᠲᠡᠶ ᠠᠰᠢᠭ᠍ᠯᠠᠯᠲᠠ᠎ᠶᠢᠨ ᠢᠯᠡᠳᠬᠡᠮᠵᠢ ᠠᠩᠬ᠎ᠠ ᠤᠳᠠᠭ᠎ᠠ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠳᠠᠪᠠᠪᠠ

ᠨᠡᠭᠦᠷᠡᠰᠦᠲᠦᠢ᠍ᠷᠥᠭᠴᠢ᠎ᠶᠢᠨ ᠬᠤᠷᠠᠮᠠᠯ᠎ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠣᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠥᠷᠢᠭ᠎ᠲᠦ ᠬᠦᠷᠪᠡ

ᠪᠣᠬᠢᠷᠲᠤᠯ ᠦᠭᠡᠢ ᠬᠦᠷᠢᠶᠡᠯᠡᠩ ᠲᠣᠭᠣᠷᠢᠭ᠋᠎ᠢ 4᠂ ᠪᠣᠬᠢᠷᠲᠤᠯ ᠦᠭᠡᠢ ᠦᠢᠯᠡᠳᠪᠦᠷᠢ᠎ᠵᠢ 67 ᠎ᠵᠢ ᠰᠢᠨ᠎ᠡ᠎ᠪᠡᠷ ᠡᠬᠦᠳᠦᠨ ᠪᠠᠢᠭᠤᠯᠪᠠ

ᠵᠢᠷᠭᠤᠭ᠎ᠠ᠎ᠳᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠦᠷᠨᠢᠬᠦᠨ ᠰᠡᠷᠭᠦᠯᠲᠡ ᠲᠠᠢ ᠪᠤᠯᠬᠤ᠎ᠶᠢ ᠪᠦᠲᠦᠮᠵᠢᠲᠡᠢ ᠠᠬᠢᠭᠤᠯᠪᠠ

ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠰᠡᠷᠭᠦᠨ ᠬᠥᠭᠵᠢᠬᠦ᠎ᠶᠢ ᠳᠡᠮᠵᠢᠬᠦ 15 ᠵᠦᠢᠯ᠎ᠦᠨ ᠠᠷᠭ᠎ᠠ ᠬᠡᠮᠵᠢᠶ᠎ᠡ᠎ᠶᠢ ᠲᠤᠭᠳᠠᠭᠠᠨ ᠨᠡᠢᠲᠡᠯᠡᠵᠦ ᠂ 《ᠪᠡᠭᠡᠵᠢᠩ ᠱᠠᠩᠬᠠᠢ ᠭᠤᠸᠠᠩᠵᠧᠦ ᠱᠧᠨᠵᠧᠨ 》 ᠵᠡᠷᠭᠡ ᠣᠯᠠᠨ ᠬᠣᠲᠠ᠎ᠯᠤᠭ᠎ᠠ ᠬᠠᠮᠳᠤᠷᠠᠨ 《ᠵᠠᠭᠤᠨ ᠲᠦᠮᠡᠨ ᠬᠥᠮᠥᠨ᠎ᠬᠠᠷᠢᠯᠴᠠᠨ ᠵᠢᠭᠤᠯᠴᠢᠯᠠᠬᠤ》  ᠠᠵᠢᠯᠯᠠᠭᠠᠨ᠎ᠢ ᠥᠷᠨᠢᠭᠦᠯᠵᠠᠢ

ᠷᠠᠰᠢᠶᠠᠨ ᠂ ᠬᠥᠯᠥᠨ ᠪᠣᠶ᠋ᠢᠷ ᠵᠡᠷᠭᠡ ᠭᠣᠣᠯᠳᠠᠯᠭ᠎ᠠ᠎ᠲᠠᠢ ᠵᠢᠭᠤᠯᠴᠢᠯᠠᠯ᠎ᠤᠨ ᠵᠣᠷᠢᠯᠳᠠᠳᠦ ᠭᠠᠵᠠᠷ᠎ᠤᠨ ᠲᠤᠰᠬᠠᠢ ᠭᠠᠯᠲᠤ ᠲᠡᠷᠭᠡ᠎ᠶᠢ 400 ᠡᠭᠡᠯᠵᠢ ᠶᠠᠪᠤᠭᠤᠯᠵᠤ ᠂ 700 ᠡᠭᠡᠯᠵᠢ᠎ᠶᠢᠨ ᠨᠢᠰᠬᠡᠯ᠎ᠢ ᠲᠦᠷᠢᠶᠡᠰᠦᠯᠡᠵᠠᠢ

ᠪᠥᠬᠥ ᠣᠷᠣᠨ᠎ᠤ ᠭᠥᠯᠢᠶᠡᠨ ᠠᠪᠤᠭᠰᠠᠨ ᠵᠢᠭᠤᠯᠴᠢᠯᠠᠭᠴᠢ 2.3 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ ᠂ 3350 ᠳ᠋ᠦᠩᠰᠢᠭᠤᠷ ᠲᠥᠭᠥᠷᠢᠭ᠎ᠤᠨ ᠣᠷᠣᠯᠭ᠎ᠠ ᠤᠯᠵᠦ ᠂ ᠴᠥᠮ 2019 ᠤᠨ᠎ᠤ 1.2 ᠳᠠᠬᠢᠨ ᠪᠤᠯᠵᠠᠢ

ᠤᠯᠤᠰ᠎ᠤᠨ ᠲᠠᠰ᠎ᠤᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ᠎ᠢᠶᠡᠷ 17 ᠵᠦᠢᠯ ᠵᠥᠪᠰᠢᠶᠡᠷᠡᠭᠳᠡᠵᠦ ᠂ ᠤᠯᠤᠰ᠎ᠤᠨ 5C ᠂ 4C ᠲᠠᠰ᠎ᠤᠨ ᠬᠤᠪᠢ᠎ᠶᠢᠨ ᠮᠠᠰᠢᠨ ᠲᠡᠷᠭᠡ ᠪᠡᠷ ᠪᠠᠭᠤᠳᠠᠯᠯᠠᠬᠤ ᠰᠠᠭᠤᠷᠢᠨ᠎ᠤ ᠲᠣᠭ᠎ᠠ ᠪᠦᠬᠦ ᠤᠯᠤᠰ᠎ᠲᠦ ᠲᠡᠷᠢᠬᠦᠨ᠎ᠳᠤ ᠤᠷᠤᠪᠠ

ᠤᠯᠤᠰ᠎ᠤᠨ ᠳᠡᠰ᠎ᠤᠨ ᠴᠠᠰᠤᠨ᠎ᠳᠤ ᠴᠠᠨᠠᠯᠠᠵᠦ ᠵᠢᠭᠤᠯᠴᠢᠯᠠᠬᠤ ᠠᠮᠠᠷᠠᠯᠲᠠ᠎ᠶᠢᠨ ᠭᠠᠵᠠᠷ᠎ᠤᠨ ᠲᠣᠭ᠎ᠠ ᠬᠡᠮᠵᠢᠶ᠎ᠡ ᠨᠢ ᠪᠦᠬᠦ ᠤᠯᠤᠰ ᠲᠦ᠍ 2᠎ᠳ᠋ᠤᠭᠠᠷ ᠲᠦ᠍ ᠣᠷᠣᠪᠠ

ᠨᠢᠭᠡ ᠪᠦᠯᠦᠭ ᠰᠤᠶᠤᠯ ᠤᠷᠠᠯᠢᠭ᠋᠎ᠤᠨ ᠰᠣᠳᠣᠨ ᠪᠦᠲᠦᠭᠡᠯ《ᠯᠢᠩᠬᠤ᠎ᠠ ᠱᠠᠩᠨᠠᠯ》 ᠵᠡᠷᠭᠡ ᠤᠯᠤᠰ᠎ᠤᠨ ᠲᠠᠰ᠎ᠤᠨ  ᠱᠠᠩᠨᠠᠯ᠎ᠢ 47 ᠭᠥᠷᠳᠡᠪᠡ

ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠬᠠᠭᠠᠨ᠎ᠤ ᠬᠣᠲᠠ᠎ᠶᠢᠨ ᠪᠠᠭᠤᠷᠢ ᠵᠢᠨ ᠡᠮᠦᠨ᠎ᠡ ᠬᠡᠰᠡᠭ᠎ᠦᠨ ᠪᠠᠷᠢᠯᠭ᠎ᠠ ᠂ ᠾᠧᠦ ᠴᠧᠩ ᠽᠦᠢ ᠴᠢᠯᠠᠭᠤᠨ ᠬᠣᠲᠠ᠎ᠶᠢᠨ ᠪᠠᠭᠤᠷᠢ ᠨᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠢᠨ᠎ᠡ ᠢᠯᠡᠷᠡᠬᠦᠯᠦᠯᠳᠡ᠎ᠳᠦ ᠤᠷᠤᠪᠠ

ᠲᠤᠯᠤᠭ᠎ᠠ᠎ᠳᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠎ᠢ ᠰᠡᠳᠬᠢᠯ ᠲᠠᠯᠪᠢᠨ ᠬᠦᠴᠦ ᠣᠷᠣᠭᠤᠯᠵᠦ ᠰᠠᠢᠲᠤᠷ ᠬᠢᠪᠡ

ᠪᠦᠬᠦ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ ᠂ 2022 ᠣᠨ᠎ᠤ ᠬᠢ ᠲᠠᠢ ᠠᠳᠠᠯᠢᠳᠬᠠᠪᠠᠯ ᠵᠠᠭᠤᠨ᠎ᠤ ᠬᠠᠷᠢᠴᠠᠯ ᠵᠢᠡᠷ 0.8 ᠬᠤᠪᠢ ᠳᠡᠭᠡᠭᠰᠢᠯᠡᠪᠡ᠃

ᠵᠢᠯ᠎ᠦᠨ ᠡᠬᠢᠨ᠎ᠳᠦ ᠪᠠᠢᠷᠢᠯᠠᠭᠤᠯᠤᠭᠰᠠᠨ 43 ᠵᠦᠢᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠪᠡ

ᠬᠣᠲᠠ ᠪᠠᠯᠭᠠᠰᠤᠨ᠎ᠤ 21.87 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ

ᠬᠣᠲᠠ ᠬᠥᠳᠡᠭᠡ᠎ᠶᠢᠨ ᠨᠠᠭᠠᠲᠤ ᠵᠠᠬ᠎ᠠ᠎ᠶᠢᠨ ᠪᠠᠲᠤᠯᠠᠭ᠎ᠠ ᠂ ᠥᠨᠥᠴᠢᠨ ᠬᠡᠦᠬᠡᠳ᠎ᠦᠨ ᠪᠠᠲᠤᠯᠠᠭ᠎ᠠ᠎ᠶᠢᠨ ᠪᠠᠷᠢᠮᠵᠢᠶ᠎ᠠ ᠨᠢ ᠴᠥᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ

ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ᠎ᠦᠨ ᠴᠡᠴᠡᠷᠯᠢᠭ᠎ᠢ 893 ᠰᠢᠨ᠎ᠡ᠎ᠪᠡᠷ ᠪᠠᠶ᠋ᠢᠭᠤᠯᠬᠤ ᠪᠤᠶᠤ ᠥᠭᠡᠷᠡᠴᠢᠯᠡᠨ ᠦᠷᠭᠡᠳᠬᠡᠨ ᠪᠠᠢᠭᠤᠯᠵᠤ ᠂  ᠬᠡᠥᠬᠡᠳ ᠪᠠ ᠰᠤᠷᠤᠭᠴᠢᠳ᠎ᠤᠨ ᠰᠤᠷᠤᠯᠭ᠎ᠠ ᠵᠢᠨ ᠤᠷᠤ᠎ᠵᠢ 7 ᠲᠦᠮᠡ ᠰᠢᠨ᠎ᠡ᠎ᠪᠡᠷ ᠨᠡᠮᠡᠭᠳᠡᠭᠦᠯᠪᠡ

ᠰᠢᠨ᠎ᠡ ᠡᠨᠧᠷᠭᠢ ᠂ ᠰᠢᠨ᠎ᠡ ᠮᠠᠲᠧᠷᠢᠶᠠᠯ ᠵᠡᠷᠭᠡ ᠬᠦᠷᠢᠶ᠎ᠠ ᠴᠠᠷᠠᠭᠠᠨ᠎ᠳᠦ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠢ ᠰᠢᠨ᠎ᠡ᠎ᠪᠡᠷ 20 ᠲᠣᠬᠢᠷᠠᠭᠤᠯᠪᠠ

ᠶᠡᠬᠡ ᠳᠡᠭᠡᠳᠦ ᠰᠤᠷᠭᠠᠭᠤᠯᠢ᠎ᠶᠢᠨ ᠠᠵᠢᠯ ᠦᠢᠯᠡᠰ᠎ᠦᠨ ᠳᠡᠭᠡᠳᠦ ᠰᠤᠷᠭᠠᠭᠤᠯᠢ᠎ᠶᠢ 97 ᠪᠠᠢᠭᠤᠯᠪᠠ

236 ᠵᠦᠢᠯ᠎ᠦᠨ ᠡᠮᠴᠢᠯᠡᠬᠡᠨ᠎ᠤ ᠦᠢᠯᠡᠴᠢᠯᠡᠭᠡ᠎ᠶᠢᠨ ᠦᠨ᠎ᠡ᠎ᠶᠢ ᠬᠥᠳᠡᠯᠦᠩᠭᠦᠢ᠎ᠪᠡᠷ ᠲᠣᠬᠢᠷᠠᠭᠤᠯᠵᠤ᠂ ᠣᠯᠠᠨ ᠲᠦᠮᠡᠨ᠎ᠦ ᠥᠪᠡᠷ᠎ᠢᠶᠡᠨ ᠲᠤᠰᠢᠶᠠᠬᠤ ᠡᠮᠨᠡᠬᠦᠯᠦᠭᠰᠡᠨ ᠵᠠᠷᠤᠳᠠᠯ ᠳᠤᠮᠳᠠᠴᠢ᠎ᠪᠠᠷ 19% ᠪᠠᠭᠤᠷᠠᠪᠠ

ᠰᠤᠮᠤ ᠰᠢᠶᠠᠩ ᠪᠠᠯᠭᠠᠰᠤᠨ᠎ᠤ ᠬᠡᠪᠴᠢᠶᠡᠨ᠎ᠳᠤ ᠨᠠᠰᠤᠵᠢᠯ᠎ᠤᠨ ᠦᠢᠯᠡᠴᠢᠯᠡᠭᠡᠨ᠎ᠦ ᠲᠥᠪ᠎ᠢ 350᠂ ᠲᠣᠰᠬᠣᠨ᠎ᠤ ᠱᠠᠲᠤᠨ᠎ᠤ ᠨᠠᠰᠤᠵᠢᠯ᠎ᠤᠨ ᠦᠢᠯᠡᠴᠢᠯᠡᠭᠡᠨ᠎ᠦ ᠥᠷᠲᠡᠭᠡ᠎ᠶᠢ 2000 ᠰᠢᠨ᠎ᠠ ᠪᠡᠷ ᠪᠠᠢᠭᠤᠯᠪᠠ

ᠬᠣᠲᠠ ᠪᠠᠯᠭᠠᠰᠤᠨ᠎ᠤ ᠬᠠᠭᠤᠴᠢᠨ ᠬᠣᠭᠣᠯᠠᠢ ᠭᠤᠤᠷᠰᠤᠨ᠎ᠤ ᠲᠣᠣᠷ᠎ᠢ 2220 ᠺᠢᠯᠣᠮᠧᠲᠷ᠂  ᠬᠠᠭᠤᠴᠢᠨ ᠰᠠᠭᠤᠭᠠᠯᠢ ᠲᠣᠭᠣᠷᠢᠭ᠋᠎ᠢ 1639᠂ ᠳᠥᠭᠥᠮ ᠪᠦᠲᠦᠴᠡᠲᠦ ᠣᠷᠣᠨ ᠰᠠᠭᠤᠴᠠ᠎ᠶᠢᠨ ᠲᠤᠭᠤᠷᠢᠭ᠎ᠢ 1.56 ᠲᠦᠮᠡᠨ ᠢᠵᠢ ᠥᠭᠡᠷᠡᠴᠢᠯᠡᠨ ᠰᠢᠨᠡᠳᠬᠡᠪᠡ

ᠬᠦᠳᠡᠭᠡ ᠲᠤᠰᠬᠤᠨ ᠮᠠᠯᠵᠢᠬᠤ ᠣᠷᠣᠨ᠎ᠤ ᠡᠷᠦᠬᠡ᠎ᠶᠢᠨ ᠵᠣᠷᠯᠣᠩ᠎ᠢ 6.2 ᠲᠦᠮᠡ ᠂ ᠵᠠᠰᠠᠮᠠᠯ ᠵᠠᠮ᠎ᠢ 5106 ᠺᠢᠯᠣᠮᠧᠲᠷ ᠪᠠᠢᠭᠤᠯᠪᠠ

ᠨᠤᠷᠠᠬᠤ ᠠᠶᠤᠯᠲᠠᠢ ᠭᠡᠷ ᠪᠠᠢᠰᠢᠩ᠎ᠢ 4211 ᠡᠷᠦᠬᠡ ᠥᠭᠡᠷᠡᠴᠢᠯᠡᠨ ᠰᠢᠨᠡᠳᠬᠡᠪᠡ

ᠬᠢᠯᠢ ᠬᠢᠵᠠᠭᠠᠷ ᠣᠷᠣᠨ᠎ᠳᠦ ᠷᠠᠳᠢᠣ᠋ ᠲᠧᠯᠸᠢᠰ᠎ᠦᠨ ᠭᠡᠷᠡᠯᠯᠢᠭ ᠤᠳᠠᠰᠤ 4000 ᠺᠢᠯᠣᠮᠧᠲᠷ ᠳᠡᠪᠢᠰᠪᠡ

ᠪᠤᠶ᠋ᠢᠳᠠ ᠪᠥᠭᠯᠡᠭᠦᠦ ᠭᠠᠵᠠᠷ ᠣᠷᠣᠨ᠎ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡ ᠡᠭᠡᠯᠵᠢ᠎ᠶᠢᠨ ᠢᠨᠵᠧᠨᠧᠷᠢᠩ᠎ᠢ ᠡᠬᠢᠯᠡᠭᠦᠯᠵᠦ ᠂ 2.4 ᠲᠦᠮᠡᠨ ᠮᠠᠯᠵᠢᠬᠤ ᠲᠠᠷᠢᠶᠠᠯᠠᠬᠤ ᠡᠷᠦᠬᠡ ᠪᠠ 58 ᠬᠢᠯᠢ᠎ᠶᠢᠨ ᠬᠠᠮᠠᠭᠠᠯᠠᠯᠳᠠ᠎ᠶᠢᠨ ᠬᠠᠷᠠᠭᠤᠯ᠎ᠤᠨ ᠭᠠᠵᠠᠷ᠎ᠤᠨ ᠴᠠᠬᠢᠯᠭᠠᠨ ᠬᠡᠷᠡᠭᠯᠡᠬᠦ᠎ᠳᠦ ᠬᠦᠴᠢᠷᠲᠡᠢ ᠪᠠᠢᠬᠤ ᠠᠰᠠᠭᠤᠳᠠᠯ᠎ᠢ ᠬᠦᠴᠦᠯᠡᠨ ᠰᠢᠢᠳᠪᠦᠷᠢᠯᠡᠪᠡ

ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠎ᠢ 531 ᠂  ᠲᠠᠷᠠᠬᠠᠢ ᠮᠠᠶᠢᠭ᠋᠎ᠤᠨ ᠤᠰᠤᠨ᠎ᠤ ᠰᠤᠷᠪᠤᠯᠵᠢ᠎ᠶᠢᠨ ᠢᠨᠵᠧᠨᠧᠷᠢᠩ᠎ᠢ 909 ᠵᠢ ᠰᠢᠨ᠎ᠡ᠎ᠪᠡᠷ ᠪᠠᠶ᠋ᠢᠭᠤᠯᠬᠤ ᠪᠠ ᠥᠷᠭᠡᠳᠬᠡᠨ ᠪᠠᠢᠭᠤᠯᠵᠦ᠂ 32 ᠲᠦᠮᠡᠨ ᠮᠠᠯᠴᠢᠨ ᠲᠠᠷᠢᠶᠠᠴᠢᠨ ᠠᠰᠢᠭ᠋ ᠬᠦᠷᠲᠡᠪᠡ

ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠵᠢᠷᠭᠤᠭᠠᠨ《ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ 》 ᠵᠢ ᠬᠡᠷᠡᠭᠵᠢᠭᠦᠯᠵᠦ ᠂ ᠥᠪᠥᠷ ᠮᠣᠩᠭᠣᠯ᠎ᠳᠤ ᠣᠷᠣᠭᠤᠯᠤᠭᠰᠠᠨ ᠪᠡᠭᠡᠵᠢᠩ᠎ᠤᠨ ᠪᠡᠯᠡ ᠮᠦᠩᠬᠦ 150 ᠳ᠋ᠦᠩᠰᠢᠭᠤᠷ ᠲᠥᠭᠥᠷᠢᠭ ᠰᠢᠨ᠎ᠡ᠎ᠪᠡᠷ ᠨᠡᠮᠡᠭᠳᠡᠵᠦ ᠂ ᠥᠪᠥᠷ ᠮᠣᠩᠭᠣᠯ᠎ᠢ ᠲᠤᠰᠠᠯᠠᠷ᠎ᠠ ᠢᠷᠡᠭᠰᠡᠨ ᠪᠡᠭᠡᠵᠢᠩ᠎ᠤᠨ ᠪᠠᠭᠰᠢ ᠪᠡᠭᠡᠵᠢᠩ᠎ᠦᠨ ᠡᠮᠴᠢ ᠮᠢᠩᠭ᠎ᠠ ᠰᠢᠬᠠᠮ ᠬᠦᠮᠦᠨ ᠪᠤᠯᠵᠦ ᠂ ᠥᠪᠥᠷ ᠮᠣᠩᠭᠣᠯ᠎ᠡᠴᠡ ᠪᠡᠭᠡᠵᠢᠩ᠎ᠤᠷᠤᠭᠤ ᠳᠠᠮᠵᠢᠭᠤᠯᠤᠭᠰᠠᠨ ᠴᠠᠬᠢᠯᠭᠠᠨ 200 ᠳ᠋ᠦᠩᠰᠢᠭᠤᠷ ᠭᠷᠡᠳᠦ᠋ᠰ᠎ᠢ ᠳᠠᠪᠠᠵᠤ ᠂ ᠪᠡᠭᠡᠵᠢᠩ᠎ᠳᠦ ᠤᠷᠤᠭᠤᠯᠤᠭᠰᠠᠨ ᠦᠪᠦᠷ ᠮᠤᠨᠭᠭᠤᠯ᠎ᠤᠨ ᠢᠳᠡᠭᠡᠨ 200 ᠳ᠋ᠦᠩᠰᠢᠭᠤᠷ ᠲᠥᠭᠥᠷᠢᠭ᠎ᠡᠴᠡ ᠳᠠᠪᠠᠵᠤ ᠂ ᠪᠡᠭᠡᠵᠢᠩ ᠥᠪᠥᠷ ᠮᠣᠩᠭᠣᠯ᠎ᠤᠨ ᠬᠠᠷᠢᠯᠴᠠᠨ ᠵᠢᠭᠤᠯᠴᠢᠯᠠᠬᠰᠠᠳ 1000 ᠲᠦᠮᠡᠨ ᠬᠥᠮᠥᠨ ᠤᠳᠠᠭ᠎ᠠ᠎ᠡᠴᠡ ᠳᠠᠪᠠᠵᠤ ᠂ ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠲᠥᠷᠥᠯ ᠵᠦᠢᠯ 72% ᠨᠡᠮᠡᠭᠳᠡᠪᠡ

ᠨᠠᠢ᠍ᠮᠠ᠎ᠳᠤ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠴᠢᠩᠭ᠎ᠠ ᠪᠣᠳᠠᠲᠠᠢ ᠰᠡᠷᠭᠡᠢᠯᠡᠵᠦ ᠠᠷᠢᠯᠭᠠᠪᠠ

ᠬᠦᠨᠳᠦ ᠣᠨᠴᠠ ᠶᠡᠬᠡ ᠡᠨᠳᠡᠯ᠎ᠢ ᠰᠡᠷᠭᠡᠢᠯᠡᠨ ᠬᠣᠷᠢᠭ᠍ᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ 《 ᠭᠤᠷᠪᠠ᠎ᠶᠢ ᠬᠠᠮᠢᠶᠠᠷᠬᠤ᠎ᠳᠦ ᠭᠤᠷᠪᠠᠨ ᠡᠷᠬᠡᠪᠰᠢ᠎ᠵᠢ ᠬᠦᠢᠴᠡᠳᠬᠡᠬᠦ》 ᠲᠤᠭᠳᠠᠭᠠᠯ᠎ᠤᠳ᠎ᠢ ᠲᠤᠭᠳᠠᠭᠠᠨ ᠬᠡᠷᠡᠭᠵᠢᠬᠦᠯᠵᠦ᠂ ᠶᠡᠬᠡ ᠪᠡᠷ ᠵᠢᠭᠰᠠᠭᠠᠨ ᠪᠠᠢᠴᠠᠭᠠᠬᠤ ᠪᠠ ᠶᠡᠬᠡ ᠪᠡᠷ ᠴᠡᠭᠴᠡᠯᠡᠨ ᠵᠠᠰᠠᠬᠤ᠎ᠵᠢ 3 ᠡᠭᠡᠯᠵᠢ ᠪᠡᠷ ᠳᠠᠷᠠᠭᠠᠯᠠᠨ ᠦᠷᠨᠢᠬᠦᠯᠪᠡ

ᠠᠵᠤ ᠠᠬᠤᠢ᠎ᠶᠢᠨ ᠬᠦᠷᠢᠶᠡᠨ᠎ᠳᠡᠬᠢ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ᠎ᠪᠡᠷ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ ᠂ ᠪᠠᠢᠳᠠᠭ᠎ᠢᠶᠡᠨ ᠰᠢᠪᠬᠠᠵᠦ ᠦᠷᠢ ᠲᠥᠯᠥᠬᠦ᠎ᠶᠢ ᠪᠠᠷᠢᠮᠲᠠᠯᠠᠵᠦ ᠂《1 + 8》 ᠥᠷᠢ ᠥᠭᠴᠡᠭᠡ᠎ᠵᠢ ᠠᠷᠢᠯᠭᠠᠬᠤ ᠲᠥᠰᠥᠯ᠎ᠢ ᠲᠣᠭᠲᠠᠭᠠᠨ ᠨᠠᠢᠳᠠᠪᠤᠷᠢᠵᠢᠭᠤᠯᠵᠤ ᠂ 《ᠳᠥᠷᠪᠡᠨ ᠨᠢᠭᠡ ᠪᠦᠯᠦᠭ 》 ᠪᠠ ᠥᠷᠢ ᠥᠭᠴᠡᠭᠡ᠎ᠵᠢ ᠠᠷᠢᠯᠭᠠᠬᠤ ᠱᠠᠩᠨᠠᠯ ᠨᠥᠬᠥᠪᠦᠷᠢ᠎ᠡᠴᠡ 206 ᠳ᠋ᠦᠩᠰᠢᠭᠤᠷ ᠲᠥᠭᠥᠷᠢᠭ ᠭᠠᠷᠭᠠᠵᠦ᠂ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭᠠᠬᠤ᠎ᠵᠢ ᠳᠡᠮᠵᠢᠵᠦ᠂ ᠥᠷᠢ ᠥᠭᠴᠡᠭᠡ᠎ᠵᠢ ᠠᠷᠢᠯᠭᠠᠬᠤ ᠤᠨ᠎ᠤ ᠡᠬᠦᠷᠭᠡ᠎ᠪᠠᠨ ᠳᠠᠪᠠᠭᠤᠯᠤᠨ ᠪᠡᠶᠡᠯᠡᠭᠦᠯᠵᠡᠢ





2024ᠣᠨ᠎ᠤ ᠠᠵᠢᠯ᠎ᠤᠨ ᠲᠣᠬᠢᠷᠠᠭᠤᠯᠤᠯᠲᠠ




ᠣᠳᠣᠬᠠᠨ᠎ᠳᠤ ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠨᠳᠤᠰᠢ ᠮᠠᠰᠢ ᠰᠠᠢ᠌ᠨ ᠪᠠᠢᠵᠤ ᠂ ᠠᠵᠠ ᠲᠣᠬᠢᠶᠠᠯ ᠲᠤᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠬᠢᠭᠡᠳ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠳᠡᠮᠵᠢᠯᠭᠡ ᠪᠣᠯ ᠪᠢᠳᠡᠨ ᠎ᠤ ᠡᠷᠡᠮᠡᠬᠡᠢᠯᠡᠨ ᠤᠷᠤᠭ᠍ᠰᠢᠯᠠᠬᠤ ᠬᠠᠮᠤᠭ᠎ᠤᠨ ᠶᠡᠬᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ ᠂ ᠠᠴᠢ ᠡᠨᠡᠷᠢᠯ ᠳ᠋ᠦ᠍ ᠲᠠᠯᠠᠷᠬᠠᠵᠤ ᠴᠢᠷᠮᠠᠢᠨ ᠤᠷᠤᠭ᠍ᠰᠢᠯᠠᠬᠤ ᠬᠡᠷᠡᠭ᠌ᠲᠡᠢ; ᠡᠨᠡ ᠬᠣᠶᠠᠷ ᠵᠢᠯ ᠮᠠᠨ᠎ᠤ ᠣᠷᠣᠨ ᠎ᠤ ᠬᠦᠭᠵᠢᠯᠲᠡ ᠵᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠤᠯᠤᠨ᠎ᠠ᠂ ᠪᠢᠳᠡ ᠬᠤᠪᠢ ᠳᠠᠬᠢᠨ ᠴᠢᠷᠮᠠᠢᠬᠤ ᠬᠡᠷᠡᠭᠳᠡᠢ ᠂ ᠤᠳᠠᠭᠠᠱᠢᠷᠠᠵᠤ ᠪᠣᠯᠬᠤ ᠥᠬᠡᠶ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠡᠴᠡ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ ᠪᠠᠢᠭᠠᠳ ᠪᠤᠢ ᠪᠤᠯᠤᠭᠰᠠᠨ ᠡᠷᠡᠮᠡᠬᠡᠢᠯᠡᠨ ᠲᠠᠪᠠᠵᠤ ᠲᠡᠷᠢᠭᠦᠨ ᠎ᠤ ᠬᠢ ᠵᠢ ᠬᠥᠭᠡᠭᠡᠴᠡᠯᠳᠦᠬᠦ ᠂ ᠬᠥᠭ᠌ᠵᠢᠯᠲᠡ᠎ᠶ᠋ᠢ ᠲᠦᠷᠭᠡᠨ ᠠᠳᠭᠤᠬᠤ ᠭᠦᠨ ᠵᠤᠵᠠᠭᠠᠨ ᠠᠭᠤᠷ ᠠᠮᠢᠰᠭᠤᠯ ᠨᠢ ᠲᠤᠢᠯ ᠎ᠤᠨ ᠬᠤᠪᠤᠷ ᠨᠠᠨᠳᠢᠨ ᠶᠤᠮ᠂ ᠪᠢᠳᠡ ᠢᠯᠠᠯᠲᠠ ᠵᠢᠨ ᠡᠷᠴᠢᠨ ᠲᠡᠭᠡᠷ᠎ᠡ ᠪᠠᠨ  ᠤᠷᠤᠭ᠍ᠰᠢᠯᠠᠵᠤ ᠂  ᠱᠢᠨ᠎ᠡ ᠦᠨᠳᠦᠷᠴᠡ ᠎ᠳᠦ ᠭᠠᠷᠬᠤ ᠪᠡᠷ ᠴᠢᠷᠮᠠᠢᠬᠤ ᠬᠡᠷᠡᠭ᠌ᠲᠡᠢ᠃

ᠨᠠᠮ᠎ᠤᠨ ᠲᠥᠪ ᠬᠤᠷᠢᠶᠠᠨ ᠡᠴᠡ ᠨᠢᠭᠡᠨᠳᠡ ᠡᠨᠡ ᠵᠢᠯ᠎ᠦᠨ ᠠᠵᠢᠯ᠎ᠢ ᠪᠦᠬᠦ ᠲᠠᠯ᠎ᠠ ᠪᠡᠷ ᠰᠠᠢᠲᠤᠷ ᠬᠢᠬᠦ᠌ ᠎ᠳ᠋ᠦ᠍ ᠪᠠᠢᠷᠢᠯᠠᠭᠤᠯᠤᠯᠲᠠ ᠬᠢᠪᠡ ᠂ ᠪᠢᠳᠡ ᠡᠷᠬᠡᠪᠰᠢ ᠪᠣᠳᠠᠲᠠᠢ ᠲᠠᠶ᠎ᠪᠠᠨ ᠤᠶᠠᠯᠳᠤᠭᠤᠯᠤᠨ ᠂ ᠲᠤᠭᠤᠱᠢᠯᠠᠭᠤᠯᠤᠯᠲᠠ ᠨᠠᠢᠳᠠᠪᠤᠷᠢᠵᠢᠭᠤᠯᠤᠯᠲᠠ᠎ᠶ᠋ᠢ ᠪᠦᠲᠦᠭᠡᠯᠴᠢ᠎ᠪᠠᠷ ᠰᠠᠢᠲᠤᠷ ᠠᠳᠭᠤᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠳᠣᠯᠣᠳᠤᠭᠠᠷ ᠪᠦᠭᠦᠳᠡ ᠬᠤᠷᠠᠯ᠎ᠲᠡᠭᠡᠷ᠎ᠠ ᠳᠤᠷᠠᠳᠤᠭ᠍ᠰᠠᠨ 《ᠵᠢᠷᠭᠤᠭᠠᠨ ᠢᠨᠵᠧᠨᠧᠷᠢᠩ》 ᠨᠢ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠲᠤᠯᠭᠠᠭᠤᠷᠢᠯᠠᠬᠤ ᠴᠢᠨᠠᠷᠲᠠᠶ ᠂ ᠬᠥᠲᠥᠯᠦᠨ ᠳᠠᠭᠠᠭᠤᠯᠬᠤ ᠴᠢᠨᠠᠷᠲᠠᠶ ᠂ ᠬᠥᠱᠢᠵᠦ ᠬᠦᠳᠡᠯᠭᠡᠬᠦ ᠴᠢᠨᠠᠷᠲᠠᠶ ᠦᠶ᠋ᠯᠡᠳᠦᠯ᠎ᠪᠦᠬᠦᠢ ᠴᠢᠬᠤᠯᠠ ᠶᠡᠬᠡ ᠡᠭᠦᠷᠭᠡ ᠪᠣᠯᠤᠨ᠎ᠠ ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠢᠭᠤᠯᠵᠤ ᠂ ᠵᠦᠢᠯ ᠵᠤᠷᠪᠤᠰ ᠲᠠᠷᠠᠭᠠᠯᠠᠨ  ᠲᠠᠭᠠᠨ ᠮᠥᠷᠳᠡᠵᠦ ᠨᠠᠢᠳᠠᠪᠤᠷᠢᠵᠢᠭᠤᠯᠬᠤ ᠬᠡᠷᠡᠭ᠌ᠲᠡᠶ᠃


QQ截图20240131110857.png


ᠬᠤᠷᠠᠯ ᠎ᠤᠨ ᠠᠬᠤᠢ ᠲᠠᠯᠠᠪᠠᠢ

ᠲᠤᠰ ᠰᠤᠨᠢᠨ ᠎ᠤ ᠰᠤᠷᠪᠤᠯᠵᠢᠯᠠᠭᠴᠢ ᠮᠠ ᠵᠢᠶᠠᠨ ᠴᠢᠤᠸᠠᠨ ᠰᠡᠭᠦᠳᠡᠷᠯᠡᠪᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠡᠨᠡ ᠵᠢᠯ᠎ᠦᠨ ᠠᠵᠢᠯ᠎ᠢ ᠰᠠᠢᠲᠤᠷ ᠬᠢᠬᠦ ᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠲᠤᠭᠤᠰᠢᠯᠠᠭᠤᠯᠵᠤ᠂ ᠲᠣᠭ᠍ᠲᠠᠭᠤᠨ᠎ᠪᠠᠢᠯᠭᠠᠬᠤ ᠵᠢᠨ ᠲᠠᠭᠠᠤ ᠤᠷᠤᠭ᠍ᠰᠢᠯᠠᠬᠤ ᠠᠵᠢᠯ᠎ᠤᠨ ᠶᠡᠷᠦᠩᠬᠡᠢ ᠭᠦᠭ ᠠᠶᠠᠰ ᠎ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠬᠣᠶᠠᠷ ᠶᠡᠬᠡ ᠶᠠᠪᠤᠳᠠᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠱᠢᠨ᠎ᠡ ᠵᠠᠮ ᠎ᠢ ᠨᠡᠭᠡᠭᠡᠨ᠂ ᠳᠤᠮᠳᠠ ᠲᠦᠪᠰᠢᠨ᠎ᠳᠤ ᠣᠷᠣᠵᠤ᠂ ᠤᠮᠤᠭ ᠵᠣᠷᠢᠭ᠎ᠪᠠᠳᠠᠷᠠᠨᠭᠭᠤᠢ ᠪᠡᠷ ᠡᠷᠡᠯᠬᠡᠭᠯᠡᠨ ᠲᠡᠮᠡᠴᠡᠵᠦ᠂ ᠵᠤᠷᠢᠭᠳᠠᠢ ᠤᠷᠤᠭᠰᠢᠯᠠᠵᠤ᠂ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠵᠢ ᠲᠠᠰᠤᠷᠠᠯᠲᠠ ᠥᠬᠡᠶ ᠪᠢᠴᠢᠭ᠌ᠯᠡᠨ᠎ᠡ᠃





ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ ᠪᠣᠯ ᠄


ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ 6% ᠡᠴᠠ ᠳᠡᠭᠡᠭ᠌ᠰᠢ ᠨᠡᠮᠡᠭ᠌ᠳᠡᠭᠦᠯᠦᠨ᠎ᠡ

ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ 7% ᠣᠷᠴᠢᠮ ᠨᠡᠮᠡᠭ᠌ᠳᠡᠭᠦᠯᠦᠨ᠎ᠡ

ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 15% ᠣᠷᠴᠢᠮ ᠨᠡᠮᠡᠭ᠌ᠳᠡᠭᠦᠯᠦᠨ᠎ᠡ

ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ᠎ᠶ᠋ᠢ ᠠᠳᠠᠯᠢ ᠪᠠᠷᠢᠮᠵᠢᠶ᠎ᠠ᠎ᠪᠠᠷ 5.5% ᠣᠷᠴᠢᠮ ᠨᠡᠮᠡᠭ᠌ᠳᠡᠭᠦᠯᠦᠨ᠎ᠡ

ᠬᠣᠲᠠ ᠪᠠᠯᠭᠠᠰᠤᠨ᠎ᠤ 18 ᠲᠦᠮᠡ ᠭᠠᠷᠤᠢ ᠬᠦᠮᠦᠨ ᠎ᠳᠦ ᠰᠢᠨ᠎ᠡ ᠪᠡᠷ ᠠᠵᠢᠯ ᠤᠯᠭᠤᠵᠤ᠂ ᠬᠣᠲᠠ ᠪᠠᠯᠭᠠᠰᠤᠨ᠎ᠤ ᠪᠠᠢᠴᠠᠭᠠᠯᠲᠠ ᠎ᠳᠡᠬᠢ ᠠᠵᠢᠯ ᠠᠯᠳᠠᠭᠰᠠᠳ ᠎ᠤᠨ ᠨᠣᠷᠮ᠎ᠠ᠎ᠶ᠋ᠢ 6% ᠣᠷᠴᠢᠮ᠎ᠪᠠᠢᠯᠭᠠᠨ᠎ᠠ

ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠎ᠢ ᠠᠵᠤ ᠠᠬᠤᠶ᠎ᠶ᠋ᠢᠨ ᠨᠡᠮᠡᠭ᠌ᠳᠡᠯ ᠯᠤᠭᠡ ᠦᠨᠳᠦᠰᠦᠨ᠎ᠳᠡᠭᠡᠨ ᠠᠳᠠᠯᠢ ᠪᠠᠢᠯᠭᠠᠨ᠎ᠠ

ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ᠎ᠶ᠋ᠢᠨ ᠥᠰᠥᠯᠲᠡ᠎ᠶ᠋ᠢ 3% ᠣᠷᠴᠢᠮ᠎ᠪᠠᠢᠯᠭᠠᠨ᠎ᠠ

ᠨᠢᠭᠡᠴᠢ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠡᠨᠧᠷᠭᠢ᠎ᠶ᠋ᠢᠨ ᠬᠣᠷᠣᠭ᠍ᠳᠠᠯ᠎ᠢ 1.6% ᠣᠷᠴᠢᠮ ᠪᠠᠭᠤᠷᠠᠭᠤᠯᠤᠨ᠎ᠠ




ᠡᠲᠡᠭᠡᠷ ᠬᠠᠷᠠᠯᠲᠠ ᠨᠢ ᠨᠠᠮ᠎ᠤᠨ ᠲᠥᠪ ᠬᠣᠷᠢᠶᠠᠨ᠎ᠤ ᠲᠣᠭ᠍ᠲᠠᠭᠤᠨ ᠪᠠᠢᠯᠭᠠᠬᠤ ᠵᠢᠨ ᠲᠠᠭᠠᠤ  ᠤᠷᠤᠭ᠍ᠰᠢᠯᠠᠬᠤ᠂ ᠤᠷᠤᠭᠰᠢᠯᠠᠬᠤ ᠪᠡᠷ ᠲᠤᠭᠳᠠᠭᠤᠨ ᠪᠠᠢᠳᠠᠯ ᠎ᠢ ᠠᠬᠢᠭᠤᠯᠬᠤ᠂ ᠤᠷᠢᠳ᠎ᠢᠶᠠᠷ ᠲᠤᠭᠳᠠᠭᠠᠵᠤ ᠲᠠᠷᠠᠭ᠎ᠠ ᠨᠢ ᠦᠭᠡᠷᠡᠴᠢᠯᠡᠬᠦ ᠴᠢᠬᠤᠯᠠ ᠱᠠᠭᠠᠷᠳᠠᠯᠭ᠎ᠠ ᠵᠢ ᠲᠤᠭᠤᠰᠢᠯᠠᠭᠤᠯᠵᠤ᠂ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠂  ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠨᠡᠢᠭᠡᠮ᠎ᠦᠨ ᠵᠢᠱ᠌ᠢᠯᠲᠡ᠎ᠶ᠋ᠢ ᠰᠠᠢᠵᠢᠷᠠᠭᠤᠯᠬᠤ ᠢᠯᠡ ᠲᠣᠳᠣ ᠬᠦᠳᠦᠯᠦᠮᠵᠢ᠎ᠶ᠋ᠢ ᠬᠠᠷᠠᠭᠤᠯᠵᠤ᠂ ᠶᠡᠷᠦᠩᠬᠡᠢ᠎ᠳᠡᠭᠡᠨ ᠦᠭᠡᠳᠡᠷᠬᠡᠭ ᠪᠠᠢᠵᠤ᠂ ᠬᠦᠴᠦ ᠭᠠᠷᠭᠠᠵᠤ ᠬᠦᠴᠦᠯᠡᠨ ᠲᠡᠮᠡᠴᠡᠬᠦ᠌ ᠴᠢᠬᠤᠯᠠᠲᠠᠶ᠃ ᠪᠢᠳᠡ ᠡᠷᠬᠡᠪᠰᠢ  ᠢᠲᠡᠭᠡᠯ ᠵᠣᠷᠢᠭ᠎ᠢᠶᠠᠨ ᠪᠠᠲᠤᠳᠭᠠᠨ᠂ ᠦᠨᠡᠨ ᠪᠣᠳᠠᠲᠠᠢ ᠪᠡᠷ ᠠᠵᠢᠯᠯᠠᠵᠤ ᠂ ᠠᠯᠢ ᠰᠠᠢ᠌ᠨ ᠠᠯᠢ ᠲᠦᠷᠭᠡᠨ ᠪᠠᠢᠬᠤ ᠵᠢ ᠪᠠᠷᠢᠮᠳᠠᠯᠠᠵᠤ᠂ ᠭᠣᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠤᠭᠠᠨ ᠎ᠤ ᠨᠡᠮᠡᠭ᠌ᠳᠡᠯ᠎ᠦᠨ ᠬᠤᠷᠳᠤᠴᠠ᠎ᠶ᠋ᠢ ᠦᠷᠭᠦᠯᠵᠢᠯᠡᠨ ᠪᠦᠬᠦ᠌ ᠤᠯᠤᠰ᠎ᠤᠨ ᠲᠡᠷᠢᠭᠦᠨ ᠡᠨᠭᠨᠡᠭᠡᠨ ᠎ᠳᠦ ᠪᠠᠢᠯᠭᠠᠬᠤ᠎ᠪᠠᠷ ᠴᠢᠷᠮᠠᠢᠨ᠎ᠠ᠃ 



ᠭᠤᠤᠯᠳᠠᠭᠤ ᠲᠠᠷᠠᠭᠠᠬᠢ 10 ᠲᠠᠯ᠎ᠠ ᠵᠢᠨ᠎ᠠᠵᠢᠯ᠎ᠢ ᠰᠠᠢᠲᠤᠷ ᠬᠢᠬᠦ᠌ ᠬᠡᠷᠡᠭ᠌ᠲᠡ



(ᠨᠢᠭᠡ) ᠪᠦᠬᠦ᠌ ᠬᠦᠴᠦᠨ᠎ᠢᠶᠡᠷ᠎ᠢᠶᠡᠨ ᠲᠦᠷᠦ᠍ ᠵᠢᠨ᠎ᠪᠤᠳᠤᠯᠭ᠎ᠠ᠎ᠶ᠋ᠢᠨ ᠪᠤᠳᠠᠳᠠᠢᠵᠢᠭᠤᠯᠤᠯᠳᠠ ᠵᠢ ᠠᠳᠭᠤᠨ᠎ᠠ

ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠳᠡᠮᠵᠢᠯᠭᠡ᠎ᠶᠢᠨ ᠰᠠᠨᠠᠯ ᠵᠢᠴᠢ ᠡᠯ᠎ᠠ ᠶᠠᠮᠤᠨ ᠵᠦᠪᠯᠡᠯ᠎ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠠ᠂ ᠶᠠᠮᠤᠨ ᠦᠪᠡᠷᠳᠡᠭᠡᠨ ᠵᠠᠰᠠᠬᠤ ᠤᠷᠤᠨ᠎ᠤ ᠬᠠᠮᠳᠤᠷᠠᠯᠴᠠᠭᠠᠨ᠎ᠤ ᠵᠦᠪᠯᠡᠯᠴᠡᠭᠡᠷ᠎ᠢ ᠬᠦᠢᠴᠡᠳ ᠰᠠᠢᠳᠤᠷ ᠠᠰᠢᠬᠯᠠᠨ᠎ᠠ

ᠮᠠᠨ᠎ᠤ ᠣᠷᠣᠨ᠎ᠤ ᠬᠦᠷᠳᠡᠵᠦ ᠪᠠᠢᠭ᠎ᠠ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠂ ᠵᠡᠭᠦᠨ ᠬᠣᠢᠲᠤ ᠣᠷᠣᠨ ᠎ᠢ ᠪᠦᠬᠦ᠌ ᠲᠠᠯ᠎ᠠ ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠣᠣᠯ ᠎ᠤᠨ ᠰᠠᠪᠠ ᠭᠠᠵᠠᠷ ᠎ᠤᠨ ᠠᠮᠢ ᠠᠬᠤᠢ᠎ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠂ 《ᠤᠮᠠᠷᠠᠲᠤ᠎ᠶᠢᠨ᠎ᠭᠤᠷᠪᠠᠨ ᠣᠷᠣᠨ》 ᠎ᠤ᠋ ᠢᠨᠵᠧᠨᠧᠷᠢᠩ ᠎ᠦᠨ ᠰᠢᠪᠳᠤᠯᠤᠯᠳᠠ ᠵᠢᠨ ᠳᠠᠢᠯᠠᠯᠳᠤᠭᠠᠨ ᠵᠡᠷᠭᠡ ᠤᠯᠤᠰ ᠎ᠤ᠋ᠨ ᠪᠠᠢᠯᠳᠤᠬᠤ ᠪᠤᠳᠤᠯᠭ᠎ᠠ᠎ᠳᠡᠮᠵᠢᠯᠭᠡ ᠎ᠶ᠋ᠢᠨ ᠲᠦᠷᠦ ᠎ᠶᠢᠨ ᠪᠤᠳᠤᠯᠭ᠎ᠠ  ᠵᠢ ᠬᠦᠢᠴᠡᠳ ᠰᠠᠢᠳᠤᠷ ᠠᠰᠢᠬᠯᠠᠨ᠎ᠠ

ᠤᠯᠤᠰ᠎ᠤᠨ ᠬᠦᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠎ᠤᠨ ᠬᠡᠯᠪᠡᠷᠢ ᠪᠦᠬᠦᠢ᠎ᠭᠠᠵᠠᠷ ᠣᠷᠣᠨ᠂ ᠬᠢᠯᠢ ᠬᠢᠵᠠᠭᠠᠷ᠎ᠤᠨ ᠭᠠᠵᠠᠷ ᠣᠷᠣᠨ᠂  ᠦᠨᠳᠦᠰᠦᠲᠡᠨ᠎ᠦ ᠭᠠᠵᠠᠷ ᠣᠷᠣᠨ᠎ᠳᠡᠬᠢ ᠲᠡᠮᠵᠢᠯᠭᠡ ᠵᠢᠨ ᠲᠦᠷᠦ᠍᠎ᠪᠤᠳᠤᠯᠭ᠎ᠠ ᠵᠢ ᠬᠦᠢᠴᠡᠳ ᠰᠠᠢᠳᠤᠷ ᠠᠰᠢᠬᠯᠠᠨ᠎ᠠ

ᠲᠥᠪ᠎ᠦᠨ ᠠᠵᠤ ᠠᠬᠤᠶ᠎ᠠᠵᠢᠯ᠎ᠤᠨ  ᠬᠤᠷᠠᠯ᠎ᠲᠡᠭᠡᠷ᠎ᠡ ᠲᠤᠷᠠᠳᠤᠭᠰᠠᠨ ᠱᠢᠨ᠎ᠡ ᠨᠢᠭᠡ ᠪᠦᠯᠦᠭ ᠠᠱᠢᠭ᠍ᠲᠠᠶ ᠲᠥᠷᠥ᠎ᠪᠣᠳᠣᠯᠭ᠎ᠠ᠎ᠶ᠋ᠢ ᠭᠦᠶ᠋ᠴᠡᠳ ᠰᠠᠢᠲᠤᠷ ᠠᠰᠢᠬᠯᠠᠨ᠎ᠠ

(ᠬᠣᠶᠠᠷ)ᠪᠡᠯᠡ ᠣᠷᠣᠭᠤᠯᠤᠯᠲᠠ᠎ᠪᠠᠷ ᠳᠠᠢᠴᠢᠯᠠᠬᠤ ᠪᠠᠢᠯᠳᠤᠬᠤ ᠪᠤᠳᠤᠯᠭ᠎ᠠ᠎ᠶ᠋ᠢ ᠰᠢᠭᠤᠷᠬᠠᠢ ᠬᠡᠷᠡᠭ᠌ᠵᠢᠭᠦᠯᠦᠨ᠎ᠡ

ᠠᠵᠤ ᠦᠢᠯᠡᠰ ᠎ᠦᠨ ᠪᠡᠯᠡ ᠣᠷᠣᠭᠤᠯᠤᠯᠲᠠ ᠎ᠶ᠋ᠢ ᠴᠢᠩᠭ᠎ᠠ ᠠᠳᠭᠤᠨ᠎ᠠ

ᠰᠠᠭᠤᠷᠢ ᠲᠥᠬᠥᠭᠡᠷᠦᠮᠵᠢ ᠎ᠶᠢᠨ ᠪᠦᠳᠦᠭᠡᠨ ᠪᠠᠢᠭᠤᠯᠤᠯᠲᠠ ᠎ᠶᠢᠨ᠎ᠡᠷᠴᠢᠮ᠎ᠢ ᠦᠷᠭᠦᠯᠵᠢᠯᠡᠨ ᠴᠢᠩᠭᠠᠷᠠᠭᠤᠯᠤᠨ᠎ᠠ

ᠠᠷᠠᠯᠵᠢᠶᠠᠴᠢᠨ ᠤᠷᠢᠵᠤ ᠪᠠᠯᠠ ᠤᠷᠤᠭᠤᠯᠬᠤ ᠡᠷᠴᠢᠮ᠎ᠵᠢᠡᠨ ᠰᠤᠯᠠᠷᠠᠭᠤᠯᠵᠦ ᠪᠣᠯᠬᠤ ᠥᠬᠡᠶ᠂ ᠣᠨᠣᠪᠴᠢ ᠎ᠶᠢᠨ ᠬᠡᠮᠵᠢᠶ᠎ᠡ᠎ᠶ᠋ᠢ ᠳᠡᠭᠡᠭ᠌ᠰᠢᠯᠡᠭᠦᠯᠤᠨ᠎ᠠ

(ᠭᠤᠷᠪᠠ)ᠠᠷᠭ᠎ᠠ ᠪᠦᠬᠦᠨ ᠎ᠢ ᠰᠦᠪᠡᠭ᠌ᠴᠢᠯᠡᠨ ᠬᠡᠷᠡᠭ᠌ᠯᠡᠭᠡᠨ᠎ᠦ ᠲᠠᠯᠳᠠ ᠬᠦᠴᠦᠨ᠎ᠢ ᠠᠮᠢᠯᠠᠭᠤᠯᠤᠨ᠎ᠠ

ᠬᠡᠷᠡᠭ᠌ᠯᠡᠭᠡ ᠵᠢᠨ ᠳᠠᠯᠳᠠ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠢᠴᠡᠳ ᠠᠭᠤᠳᠠᠯᠤᠨ᠎ᠠ

ᠬᠡᠷᠡᠭ᠌ᠯᠡᠭᠡ᠎ᠳᠤ ᠤᠷᠤᠯᠴᠠᠵᠦ ᠲᠡᠢᠯᠬᠦ ᠂ ᠵᠣᠷᠢᠭ᠍ᠲᠠᠢ ᠪᠠᠷ ᠬᠡᠷᠡᠭ᠌ᠯᠡᠭᠡ᠎ᠳᠤ ᠤᠷᠤᠯᠴᠠᠬᠤ᠂ ᠬᠡᠷᠡᠭ᠌ᠯᠡᠭᠡ᠎ᠳᠤ ᠤᠷᠤᠯᠴᠠᠬᠤ ᠲᠤᠷᠠᠳᠠᠢ ᠰᠠᠢ᠌ᠨ ᠰᠠᠢᠬᠠᠨ ᠣᠷᠴᠢᠨ ᠨᠦᠬᠦᠴᠡᠯ᠎ᠢ  ᠬᠦᠴᠦᠯᠡᠨ ᠪᠤᠢ ᠪᠤᠯᠭᠠᠨ᠎ᠠ

ᠬᠡᠷᠡᠭ᠌ᠯᠡᠭᠡ᠎ᠶ᠋ᠢ ᠬᠢᠵᠢᠭ᠎ᠦᠨ ᠳᠠᠷᠠᠭᠠᠬᠢ ᠰᠡᠷᠭᠦᠭᠡᠯᠲᠡ᠎ᠡᠴᠡ ᠦᠷᠭᠦᠯᠵᠢᠯᠡᠨ ᠥᠷᠭᠡᠳᠭᠡᠬᠦ᠌ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ

(ᠲᠦᠷᠪᠡ) ᠤᠨᠴᠠᠭᠠᠢ᠎ᠠᠷᠭ᠎ᠠ ᠬᠡᠮᠵᠢᠶ᠎ᠡ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠠᠬᠢᠭᠤᠯᠤᠨ᠎ᠠ

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠱᠢᠨ᠎ᠡ ᠎ᠶ᠋ᠢ ᠡᠭᠦᠳᠬᠦ᠌᠎ᠳᠦ ᠶᠠᠭᠤᠨ᠎ᠤ ᠤᠷᠢᠳ ᠬᠠᠷᠠᠮ ᠦᠭᠡᠢ ᠪᠡᠷ  ᠤᠷᠤᠭᠤᠯᠤᠯᠳᠠ ᠬᠢᠨ᠎ᠡ

ᠡᠬᠢ ᠪᠠᠶᠠᠯᠢᠭ ᠎ᠤᠨ ᠬᠦᠴᠦᠨ᠎ᠢᠶᠡᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠡᠬᠦᠳᠦᠯᠳᠡ ᠵᠢᠨ ᠲᠠᠪᠴᠠᠩ ᠎ᠢ ᠬᠦᠴᠦᠷᠭᠡᠭᠵᠢᠬᠦᠯᠦᠨ ᠪᠠᠢᠭᠤᠯᠤᠨ᠎ᠠ

ᠠᠵᠤ ᠠᠬᠤᠢᠯᠠᠯ᠎ᠤᠨ ᠱᠢᠨ᠎ᠡ ᠎ᠶ᠋ᠢ ᠡᠭᠦᠳᠬᠦ᠌ ᠭᠣᠣᠯ ᠬᠦᠴᠦᠨ ᠪᠣᠯᠬᠤ ᠎ᠶ᠋ᠢ ᠪᠦᠬᠦ᠌ ᠬᠦᠴᠦᠨ᠎ᠢᠶᠡᠷ᠎ᠢᠶᠡᠨ ᠳᠡᠮᠵᠢᠨ᠎ᠡ

ᠠᠷᠠᠯᠵᠢᠶᠠᠴᠢᠨ ᠤᠷᠢᠵᠤ  ᠪᠡᠯᠨ ᠤᠷᠤᠭᠤᠯᠤᠨ ᠠᠪᠴᠢᠷᠠᠬᠤ  ᠡᠷᠴᠢ ᠵᠣᠷᠢᠭ ᠵᠢᠡᠷ ᠴᠢᠳᠠᠪᠤᠷᠢᠲᠠᠨ ᠤᠷᠢᠵᠦ ᠤᠶᠤᠨ ᠤᠬᠠᠭᠠᠨ᠎ᠢ ᠲᠦᠪᠯᠡᠷᠡᠬᠦᠯᠦᠨ᠎ᠡ

( ᠲᠠᠪᠤ ) ᠥᠪᠥᠷ ᠮᠣᠩᠭᠣᠯ᠎ᠤᠨ ᠣᠨᠴᠠᠯᠢᠭ᠎ᠲᠠᠶ ᠣᠳᠣᠬᠢᠴᠢᠯᠠᠭ᠍ᠰᠠᠨ ᠠᠵᠤ ᠦᠢᠯᠡᠰ᠎ᠦᠨ ᠲᠤᠭᠳᠠᠯᠴᠠᠭ᠎ᠠ ᠵᠢ ᠬᠢᠨᠠᠮᠠᠭᠠᠢ ᠴᠤᠭᠴᠠᠯᠠᠨ᠎ᠠ

《ᠬᠣᠶᠠᠷ ᠰᠠᠭᠤᠷᠢᠨ》 ᠎ᠳ᠋ᠦ ᠠᠩᠬᠠᠷᠤᠯ᠎ᠢᠶᠠᠨ ᠲᠥᠪᠯᠡᠷᠡᠭᠦᠯᠵᠦ᠍ ᠂ 《ᠭᠤᠷᠪᠠᠨ ᠶᠡᠬᠡ ᠳᠠᠪᠠᠭᠤᠯᠢᠭ 》 ᠎ᠢ᠋ ᠪᠠᠳᠠᠷᠠᠭᠤᠯᠵᠤ ᠂ ᠮᠠᠯ ᠠᠵᠤ ᠠᠬᠤᠶ ᠲᠠᠷᠢᠶᠠᠯᠠᠩ᠎ᠤᠨ ᠬᠢᠷᠢ ᠲᠦᠪᠱᠢᠨ ᠵᠢᠡᠨ ᠳᠡᠭᠡᠭ᠌ᠰᠢᠯᠡᠭᠦᠯᠬᠦ ᠂ ᠠᠵᠤ ᠦᠢᠯᠡᠳᠪᠦᠷᠢᠵᠢᠯᠳᠠ ᠵᠢᠨ  ᠬᠦᠨᠳᠤ ᠡᠭᠦᠷᠭᠡ ᠎ᠶ᠋ᠢ ᠡᠭᠦᠷᠭᠡᠯᠡᠬᠦ᠂ ᠱᠢᠨ᠎ᠡ ᠡᠨᠧᠷᠭᠢ ᠵᠢᠨ ᠭᠤᠤᠯᠯᠠᠬᠤ᠂ ᠣᠳᠣ ᠦᠶ᠎ᠡ ᠵᠢᠨ᠎ᠦᠢᠯᠡᠴᠢᠯᠡᠭᠡᠨ᠎ᠦ ᠦᠢᠯᠡᠰ᠎ᠤᠨ ᠳᠡᠰ ᠳᠠᠪᠰᠢᠬᠦ ᠵᠢ ᠠᠬᠢᠭᠤᠯᠤᠨ᠎ᠠ

ᠮᠠᠯ ᠠᠵᠤ ᠠᠬᠤᠶ ᠲᠠᠷᠢᠶᠠᠯᠠᠩ ᠨᠢ ᠣᠳᠣᠬᠢᠴᠢᠯᠠᠭ᠍ᠰᠠᠨ ᠶᠡᠭᠡ ᠠᠵᠤ ᠦᠶ᠋ᠯᠡᠰ᠎ᠢ ᠴᠣᠭ᠍ᠴᠠᠯᠠᠬᠤ ᠪᠠ ᠠᠵᠤ ᠦᠶ᠋ᠯᠡᠰ᠎ᠦᠨ ᠬᠦᠴᠦᠷᠬᠡᠭ ᠣᠷᠣᠨ᠎ᠢ ᠪᠥᠲᠥᠭᠡᠨ ᠪᠠᠢᠭᠤᠯᠬᠤ ᠬᠠᠷᠠᠯᠲᠠ ᠪᠤᠯᠭᠠᠨ ᠬᠦᠴᠦᠯᠡᠨ᠎ᠡ

ᠠᠵᠤ ᠦᠢᠯᠡᠳᠪᠦᠷᠢ ᠵᠢ ᠤᠷᠢᠳ ᠵᠢᠡᠷ《ᠳᠤᠮᠳᠠ  ᠲᠦᠪᠰᠢᠨ᠎ᠳᠤ ᠣᠷᠣᠭᠤᠯᠬᠤ》ᠬᠠᠷᠠᠯᠲᠠ᠎ᠶᠢᠨ ᠲᠣᠭᠣᠷᠢᠨ᠎ᠳᠤ ᠳᠠᠪᠠᠭᠤᠯᠢᠭ᠎ᠵᠢᠡᠨ ᠪᠠᠳᠠᠷᠠᠭᠤᠯᠵᠦ᠂ ᠳᠤᠲᠠᠭᠤᠳᠠᠯ᠎ᠵᠢᠡᠨ ᠨᠥᠬᠥᠪᠥᠷᠢᠯᠡᠵᠦ᠍᠂ ᠪᠦᠯᠦᠭᠵᠢᠯ᠎ᠢ ᠪᠤᠵᠠᠭᠠᠢᠷᠠᠭᠤᠯᠵᠦ᠂ ᠲᠤᠯᠭᠠᠭᠤᠷᠢᠯᠠᠯ᠎ᠢ ᠴᠢᠩᠭᠠᠳᠬᠠᠨ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠤᠢ ᠪᠤᠯᠭᠠᠨ᠎ᠠ

ᠣᠲᠣ ᠦᠶ᠎ᠡ᠎ᠵᠢᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠵᠦ᠍ ᠂ ᠶᠠᠰᠤ ᠴᠢᠨᠠᠷ᠎ᠢ ᠳᠡᠭᠡᠭ᠌ᠰᠢᠯᠡᠭᠦᠯᠤᠨ᠎ᠠ

(ᠵᠢᠷᠭᠤᠭ᠎ᠠ) ᠭᠤᠢᠪᠢᠰᠢ ᠦᠭᠡᠢ᠎ᠪᠡᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠳᠡ᠎ᠶ᠋ᠢ ᠥᠷᠭᠡᠳᠭᠡᠨ᠎ᠡ

ᠦᠵᠡᠯᠲᠡ᠎ᠪᠡᠨ ᠬᠤᠪᠢᠷᠠᠭᠤᠯᠬᠤ ᠂ ᠬᠦᠭᠵᠢᠯᠳᠡ ᠵᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠲᠠᠯ᠎ᠠ᠎ᠪᠠᠷ ᠵᠣᠷᠢᠭ᠍ᠲᠠᠢ ᠬᠢᠨ᠎ᠠ

ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠲᠠᠯ᠎ᠠ᠎ᠪᠠᠷ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠎ᠠ

ᠨᠡᠬᠡᠬᠡᠯᠳᠡ ᠬᠢᠬᠦ᠎ᠶ᠋ᠢ ᠨᠡᠩ ᠶᠡᠬᠡ ᠰᠥᠰᠥ᠍ ᠵᠣᠷᠢᠭ ᠲᠠᠢ ᠪᠠᠷ ᠠᠬᠢᠭᠤᠯᠤᠨ᠎ᠠ

(ᠲᠤᠯᠤᠭ᠎ᠠ) 《ᠤᠯᠤᠰ᠎ᠤᠨ ᠶᠡᠬᠡ ᠶᠠᠪᠤᠳᠠᠯ》  ᠎ᠤ᠋ᠨ ᠦᠨᠳᠦᠷᠴᠡ ᠡᠴᠡ ᠮᠠᠨ᠎ᠤ ᠤᠯᠤᠰ᠎ᠤᠨ ᠤᠮᠠᠷᠠᠲᠤ ᠵᠢᠨ᠎ᠴᠢᠬᠤᠯᠠ ᠠᠮᠢ ᠠᠬᠤᠶ᠎ᠠᠮᠤᠷ ᠲᠦᠪᠰᠢᠨ᠎ᠤ ᠬᠠᠯᠬᠠᠪᠴᠢ ᠵᠢ ᠰᠠᠢᠲᠤᠷ ᠪᠦᠳᠦᠭᠡᠨ ᠪᠠᠢᠭᠤᠯᠤᠨ᠎ᠠ

ᠭᠣᠣᠯ ᠬᠦᠴᠦᠨ᠎ᠪᠦᠭᠡᠳ ᠬᠣᠱᠢᠭᠤᠴᠢ ᠪᠤᠯᠬᠤ ᠤᠪᠤᠷ ᠪᠠᠢᠳᠠᠯ ᠵᠢᠡᠷ 《ᠤᠮᠠᠷᠠᠲᠤ᠎ᠶᠢᠨ᠎ᠭᠤᠷᠪᠠᠨ ᠣᠷᠣᠨ》᠎ᠤ᠋ ᠢᠨᠵᠧᠨᠧᠷᠢᠩ᠎ᠦᠨ ᠰᠢᠪᠳᠤᠯᠤᠯᠳᠠ ᠵᠢᠨ ᠳᠠᠢᠯᠠᠯᠳᠤᠭᠠᠨ᠎ᠳᠤ ᠢᠯᠠᠯᠲᠠ ᠤᠯᠤᠨ᠎ᠠ

ᠬᠦᠬᠡ ᠣᠭ᠍ᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠨ᠎ᠡ

ᠡᠬᠢ ᠪᠠᠶᠠᠯᠢᠭ᠎ᠢ ᠠᠷᠪᠢᠳᠠᠢ ᠡᠷᠴᠢᠮᠳᠡᠢ ᠠᠱᠢᠭ᠍ᠯᠠᠬᠤ᠎ᠶ᠋ᠢ ᠶᠡᠬᠡ ᠪᠡᠷ ᠠᠬᠢᠭᠤᠯᠤᠨ᠎ᠠ

(ᠨᠠᠢ᠍ᠮᠠ) ᠣᠷᠣᠨ ᠪᠦᠰᠡ ᠵᠢᠨ ᠬᠦᠭᠵᠢᠯᠳᠡ ᠵᠢᠨ ᠪᠠᠢᠷᠢᠱᠢᠭᠤᠯᠤᠯᠳᠠ ᠵᠢ ᠱᠢᠯᠢᠳᠡᠭ᠌ᠵᠢᠭᠦᠯᠦᠨ᠎ᠡ

ᠬᠥᠬᠡᠬᠣᠲᠠ ᠪᠤᠭᠤᠲᠤ᠎ᠶ᠋ᠢ ᠨᠢᠭᠡ ᠬᠣᠲᠠᠵᠢᠭᠤᠯᠤᠨ ᠬᠦᠭᠵᠢᠭᠦᠯᠬᠦ 60 ᠵᠤᠷᠪᠤᠰ ᠎ᠢ ᠪᠤᠳᠠᠳᠠᠢᠵᠢᠭᠤᠯᠬᠤ ᠵᠢ ᠲᠡᠮᠵᠢᠵᠦ ᠂ ᠬᠥᠬᠡᠬᠣᠲᠠ ᠪᠤᠭᠤᠲᠤ᠎ᠶ᠋ᠢ ᠨᠢᠭᠡ ᠬᠣᠲᠠᠵᠢᠭᠤᠯᠬᠤ᠎ᠪᠠᠷ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ  ᠨᠢᠭᠡ ᠴᠤᠭ᠍ᠴᠠᠵᠢᠭᠤᠯᠵᠦ ᠲᠦᠷᠭᠡᠳᠭᠡᠨ ᠬᠥᠭ᠌ᠵᠢᠭᠦᠯᠬᠦ ᠵᠢ ᠳᠠᠢᠴᠢᠯᠠᠵᠦ ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠎ᠢ  ᠦᠨᠡᠨ ᠬᠦ᠌ ᠪᠦᠬᠦ ᠤᠷᠤᠨ᠎ᠤ ᠴᠢᠨᠠᠷ ᠰᠠᠢᠳᠠᠢ ᠬᠥᠭ᠌ᠵᠢᠯᠲᠡ ᠵᠢ ᠬᠦᠳᠦᠯᠦᠨ ᠲᠠᠭᠠᠭᠤᠯᠵᠦ ᠲᠠᠢᠴᠢᠯᠠᠬᠤ《 ᠪᠤᠬ᠎ᠠ ᠲᠡᠷᠭᠡ》 ᠪᠤᠯᠭᠠᠨ᠎ᠠ

ᠤᠯᠠᠭᠠᠨᠬᠠᠳᠠ᠂ ᠲᠦᠩᠯᠢᠶᠣᠤ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠦ ᠂ ᠪᠤᠬᠢᠷᠳᠤᠯ  ᠦᠬᠡᠢ ᠤᠰᠤᠲᠥ᠋ᠷᠥᠭ᠌ᠴᠢ᠂ ᠪᠤᠬᠢᠷᠳᠤᠯ ᠦᠬᠡᠢ ᠠᠮᠢᠨᠣ᠋᠂ ᠪᠤᠬᠢᠷᠳᠤᠯ ᠦᠬᠡᠢ ᠠᠯᠺᠣᠣᠯ ᠵᠡᠷᠭᠡ ᠠᠵᠤ ᠦᠶ᠋ᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ ᠂ 《ᠵᠤᠢᠷᠠᠢ ᠤᠳᠤᠨ ᠤᠷᠤᠨ》 ᠎ᠤ᠋ ᠲᠦᠷᠭᠡᠨ ᠬᠥᠭ᠌ᠵᠢᠯᠲᠡ ᠪᠡᠷ ᠥᠪᠥᠷ ᠮᠣᠩᠭᠣᠯ ᠎ᠤᠨ ᠵᠡᠭᠦᠨ ᠬᠡᠰᠡᠭ ᠎ᠦᠨ ᠭᠠᠵᠠᠷ ᠣᠷᠣᠨ᠎ᠤ ᠪᠥᠬᠥ᠌  ᠲᠠᠯ᠎ᠠ᠎ᠵᠢᠨ  ᠬᠦᠭᠵᠢᠯᠳᠡ ᠮᠠᠨᠳᠤᠯᠳᠠ᠎ᠳᠤ ᠬᠤᠷᠳᠤ ᠨᠡᠮᠡᠬᠦ ᠵᠢ ᠳᠠᠢᠴᠢᠯᠠᠨ᠎ᠠ

(ᠶᠢᠰᠦ) ᠠᠷᠠᠳ᠎ᠤᠨ ᠠᠮᠢᠳᠤᠷᠠᠯ᠎ᠤᠨ ᠶᠠᠪᠤᠳᠠᠯ ᠪᠣᠯ ᠢᠮᠠᠭ᠍ᠲᠠ ᠴᠢᠬᠤᠯᠠ ᠶᠠᠪᠤᠳᠠᠯ ᠪᠠᠢᠵᠦ ᠡᠷᠬᠡᠪᠰᠢ ᠪᠣᠳᠠᠲᠠᠶ᠎ᠬᠦᠢᠴᠡᠳᠭᠡᠵᠦ ᠰᠠᠢᠳᠤᠷ ᠬᠦᠢᠴᠡᠳᠭᠡᠨ᠎ᠡ

ᠬᠣᠲᠠ᠎ᠵᠢᠨ ᠰᠢᠨᠡᠳᠭᠡᠯ᠎ᠤᠨ᠎ᠠᠵᠢᠯᠯᠠᠭ᠎ᠠ᠎ᠲᠠᠶ ᠤᠶᠠᠯᠳᠤᠭᠤᠯᠤᠨ᠂ ᠬᠣᠭᠣᠯᠠᠶ ᠭᠤᠤᠷᠰᠤ᠎ᠵᠢᠨ ᠲᠣᠸ᠋ᠷ᠎ᠢ ᠰᠢᠨᠡᠳᠭᠡᠬᠦ᠂ ᠬᠠᠭᠤᠴᠢᠨ ᠰᠠᠭᠤᠭᠠᠯᠢ ᠲᠣᠭᠣᠷᠢᠭ᠎ᠢ ᠦᠭᠡᠷᠡᠴᠢᠯᠡᠨ ᠰᠢᠨᠡᠳᠭᠡᠬᠦ ᠵᠢ ᠨᠢᠭᠡ ᠴᠣᠭ᠍ᠴᠠᠵᠢᠭᠤᠯᠤᠨ ᠠᠬᠢᠭᠤᠯᠤᠨ᠎ᠠ

ᠬᠣᠲᠠᠨ᠎ᠳᠤᠮᠳᠠᠬᠢ ᠲᠣᠰᠭᠣᠨ᠂ ᠬᠣᠲᠠ ᠵᠢᠨ ᠵᠠᠬ᠎ᠠ ᠵᠢᠨ ᠲᠣᠰᠭᠣᠨ᠎ᠤ ᠲᠦᠯᠡᠰᠢᠨ᠎ᠨᠡᠭᠦᠷᠡᠰᠦ᠎ᠶ᠋ᠢ ᠲᠠᠷᠠᠬᠠᠢ ᠱᠢᠲᠠᠭᠠᠬᠤ ᠵᠢ ᠶᠡᠷᠦᠩᠬᠡᠢᠯᠡᠨ ᠵᠠᠰᠠᠬᠤ ᠭᠤᠷᠪᠠᠨ ᠵᠢᠯ᠎ᠦᠨ  ᠰᠢᠪᠳᠤᠯᠤᠯᠳᠠ ᠵᠢᠨ ᠠᠵᠢᠯᠯᠠᠭ᠎ᠠ ᠵᠢ ᠡᠬᠢᠯᠡᠭᠦᠯᠦᠨ᠂ ᠬᠣᠲᠠ ᠵᠢᠨ᠎ᠲᠣᠭᠣᠷᠢᠭ᠎ᠤᠨ ᠲᠦᠪᠯᠡᠷᠡᠬᠦᠯᠦᠨ ᠢᠯᠴᠢ ᠬᠠᠩᠭᠠᠬᠤ ᠵᠢ ᠦᠭᠡᠷᠡᠴᠢᠯᠡᠨ ᠰᠢᠨᠡᠴᠢᠯᠡᠬᠦ ᠵᠢ ᠲᠦᠷᠭᠡᠳᠭᠡᠵᠦ᠍ ᠂ ᠣᠯᠠᠨ ᠲᠦᠮᠡᠨ᠎ᠤ ᠬᠠᠯᠠᠭᠤᠨ ᠳᠤᠯᠠᠭᠠᠬᠠᠨ ᠡᠪᠦᠯᠵᠢᠬᠦ ᠵᠢ ᠪᠠᠳᠤᠯᠠᠨ᠎ᠠ

ᠬᠥᠭ᠌ᠵᠢᠯᠲᠡ᠎ᠵᠢᠨ ᠳᠤᠮᠳᠠ ᠠᠵᠢᠯ ᠣᠯᠭᠣᠬᠤ᠎ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠪᠠᠷᠢᠮᠲᠠᠯᠠᠵᠤ ᠂ ᠠᠵᠤ ᠠᠬᠤᠢᠯᠠᠯ᠎ᠢ ᠲᠤᠰᠠᠯᠠᠨ ᠠᠵᠢᠯ᠎ᠤᠨ ᠪᠠᠢᠷᠢ ᠎ᠶ᠋ᠢ ᠲᠣᠭ᠍ᠲᠠᠪᠤᠷᠢᠵᠢᠭᠤᠯᠬᠤ ᠡᠯ᠎ᠡ ᠵᠦᠶ᠋ᠯ᠎ᠤᠨ ᠲᠥᠷᠥ᠎ᠵᠢᠨ ᠪᠣᠳᠣᠯᠭ᠎ᠠ᠎ᠠᠷᠭ᠎ᠠ ᠬᠡᠮᠵᠢᠶ᠎ᠡ ᠵᠢ ᠬᠢᠨᠠᠮᠠᠭᠠᠶ ᠨᠠᠢᠳᠠᠪᠤᠷᠢᠵᠢᠭᠤᠯᠵᠦ᠂  ᠭᠣᠸ᠋ᠯᠳᠠᠯᠭ᠎ᠠ᠎ᠲᠠᠶ ᠬᠦᠮᠦᠰ ᠲᠦ᠍ ᠠᠵᠢᠯ ᠣᠯᠭᠣᠬᠤ ᠪᠠᠷ ᠬᠠᠪᠰᠤᠷᠤᠨ ᠲᠠᠳᠬᠦᠬᠦ ᠡᠷᠴᠢᠮ ᠵᠢᠡᠨ ᠴᠢᠩᠭᠠᠷᠠᠭᠤᠯᠤᠨ᠎ᠠ

ᠨᠡᠩ ᠪᠣᠳᠠᠲᠠᠢ᠎ᠶ᠋ᠢ ᠡᠷᠬᠢᠮᠯᠡᠭᠰᠡᠨ ᠲᠦᠷᠦ᠍᠎ᠵᠢᠨ ᠪᠤᠳᠤᠯᠭ᠎ᠠ᠎ᠶ᠋ᠢ ᠲᠣᠭ᠍ᠲᠠᠭᠠᠵᠤ ᠂ ᠨᠡᠩ ᠤᠯᠠᠨ ᠤᠶᠤᠲᠠᠳ᠎ᠢ ᠥᠪᠥᠷ ᠮᠣᠩᠭᠣᠯ᠎ᠳᠤ ᠢᠷᠡᠭᠦᠯᠵᠦ᠍ ᠂  ᠥᠪᠥᠷ ᠮᠣᠩᠭᠣᠯ ᠎ᠳᠤ ᠦᠯᠡᠳᠡᠭᠡᠨ ᠠᠵᠢᠯ ᠤᠯᠵᠦ ᠦᠶ᠋ᠯᠡᠰ ᠪᠤᠰᠬᠠᠬᠤ ᠵᠢ ᠲᠡᠮᠵᠢᠨ᠎ᠡ

ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ ᠲᠦ᠍ ᠠᠵᠢᠯ ᠣᠯᠭᠣᠬᠤ᠎ᠦᠢᠯᠡᠴᠢᠯᠡᠭᠡᠨ᠎ᠤ ᠪᠠᠳᠤᠯᠠᠭ᠎ᠠ ᠵᠢ ᠴᠢᠨᠭᠭᠠᠳᠬᠠᠨ᠎ᠠ

ᠰᠤᠷᠭᠠᠭᠤᠯᠢ ᠵᠢᠨ ᠨᠠᠰᠤᠨ ᠎ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯᠳᠤ ᠬᠥᠭ᠌ᠵᠢᠯᠲᠡ᠎ᠶ᠋ᠢ ᠳᠣᠪᠣᠢᠯᠭᠠᠵᠤ ᠂ ᠠᠯᠪᠠᠨ ᠵᠢᠷᠤᠮ᠎ᠤᠨ ᠰᠤᠷᠭᠠᠨ ᠬᠥᠮᠦᠵᠢᠯ ᠎ᠢ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠬᠥᠭ᠌ᠵᠢᠭᠦᠯᠵᠦ᠂  ᠡᠩ᠎ᠦᠨ ᠥᠨᠳᠥᠷ ᠵᠡᠷᠭᠡ᠎ᠵᠢᠨ ᠳᠤᠮᠳᠠᠳᠤ ᠰᠤᠷᠭᠠᠭᠤᠯᠢ᠎ᠶ᠋ᠢ ᠣᠯᠠᠨ ᠶᠠᠩᠵᠤ᠎ᠶᠢᠨ ᠪᠤᠯᠭᠠᠵᠦ ᠂ ᠣᠨᠴᠠᠯᠢᠬ᠍ᠵᠢᠭᠤᠯᠤᠨ ᠬᠥᠭ᠌ᠵᠢᠭᠦᠯᠤᠨ᠎ᠠ

ᠶᠡᠬᠡ ᠳᠡᠭᠡᠳᠦ ᠰᠤᠷᠭᠠᠭᠤᠯᠢ᠎ᠡᠷᠡᠯᠭᠡᠭ ᠵᠤᠷᠢᠭ ᠠᠤᠭ᠎ᠠ ᠬᠦᠰᠡᠯ᠎ᠢ ᠡᠪᠦᠷᠯᠡᠨ᠂ ᠲᠡᠷᠢᠭᠦᠨ ᠲᠡᠰ᠎ᠤᠨ ᠪᠠᠷᠢᠮᠵᠢᠶ᠎ᠠ᠎ᠬᠠᠷᠠᠯᠳᠠ ᠪᠠᠨ ᠪᠤᠯᠭᠠᠵᠦ ᠂ ᠲᠡᠷᠢᠭᠦᠨ᠎ᠲᠡᠰ᠎ᠤᠨ ᠲᠤᠰᠭᠠᠶ ᠮᠡᠷᠭᠡᠵᠢᠯ᠂ ᠲᠡᠷᠢᠭᠦᠨ ᠵᠡᠷᠭᠡ ᠵᠢᠨ  ᠱᠢᠨᠵᠢᠯᠡᠭᠡᠨ᠎ᠦ ᠰᠠᠯᠠᠭ᠎ᠠ ᠵᠢ ᠴᠤᠬᠴᠠᠯᠠᠨ ᠂ ᠪᠥᠬᠥ᠌ ᠣᠷᠣᠨ ᠎ᠤ ᠴᠢᠨᠠᠷ ᠰᠠᠢᠲᠠᠶ ᠬᠥᠭ᠌ᠵᠢᠯᠲᠡ᠎ᠳᠦ ᠲᠤᠰᠭᠠᠶ ᠮᠡᠷᠭᠡᠵᠢᠯ᠎ᠦᠨ ᠤᠷ᠎ᠠ ᠮᠡᠷᠭᠡᠰᠢᠯ᠎ᠲᠠᠶ ᠴᠢᠳᠠᠪᠤᠷᠢᠲᠠᠨ᠎ᠢ ᠨᠠᠩ ᠣᠯᠠᠨ ᠬᠦᠮᠦᠵᠢᠭᠦᠯᠦᠨ᠎ᠠ

ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠵᠢᠨ ᠬᠣᠷᠢᠶᠠᠨ᠎ᠤ ᠥᠭᠡᠷᠡᠴᠢᠯᠡᠯᠲᠡ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍ ᠂ ᠪᠡᠭᠡᠵᠢᠩ᠎ᠦᠪᠦᠷ ᠮᠣᠩᠭᠣᠯ᠎ᠤᠨ ᠬᠠᠮᠵᠢᠯᠴᠠᠭᠠᠨ ᠎ᠤ ᠡᠮᠴᠢᠯᠡᠭᠡ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ ᠵᠢ ᠭᠦᠨᠵᠡᠭᠡᠢ ᠬᠡᠷᠡᠭ᠌ᠵᠢᠭᠦᠯᠤᠨ᠎ᠠ

ᠣᠯᠠᠨ ᠲᠠᠰ ᠲᠠᠪᠬᠤᠷᠭᠠᠳᠤ᠎ᠡᠮᠴᠢᠯᠡᠭᠡᠨ ᠎ᠦ ᠬᠣᠯᠪᠣᠭᠠᠲᠤ ᠴᠣᠭ᠍ᠴᠠ ᠪᠠ ᠬᠤᠰᠢᠭᠤ ᠱᠢᠶᠠᠨ ᠎ᠤ ᠬᠡᠪᠴᠢᠶᠡᠨ ᠎ᠦ ᠡᠮᠴᠢᠯᠡᠭᠡᠨ ᠎ᠦ ᠬᠠᠮᠲᠤ᠎ᠵᠢᠨ ᠴᠤᠬᠴᠠ ᠎ᠶᠢᠨ ᠪᠦᠲᠦᠭᠡᠨ ᠪᠠᠢᠭᠤᠯᠤᠯᠳᠡ ᠵᠢ ᠠᠬᠢᠭᠤᠯᠤᠨ᠎ᠠ

ᠱᠢᠯᠢᠳᠡᠭ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠰᠤᠪᠢᠯᠠᠬᠤ᠎ᠦᠢᠯᠡᠴᠢᠯᠡᠭᠡᠨ ᠎ᠦ ᠬᠠᠩᠭᠠᠯᠭ᠎ᠠ ᠎ᠶ᠋ᠢ ᠴᠢᠨᠠᠭ᠍ᠰᠢᠳᠠ ᠨᠡᠮᠡᠭ᠌ᠳᠡᠭᠦᠯᠵᠦ᠍᠂  ᠣᠯᠠᠨ ᠲᠦᠮᠡᠨ᠎ᠳᠤ ᠬᠡᠷ᠎ᠦᠨ ᠬᠠᠶᠠᠭᠠᠨ᠎ᠳᠦᠨᠢ  ᠴᠢᠨᠠᠷ ᠰᠠᠢᠳᠠᠢ ᠡᠮᠴᠢᠯᠡᠭᠡᠨ᠎ᠦ ᠦᠶ᠋ᠯᠡᠴᠢᠯᠡᠭᠡ ᠎ᠶ᠋ᠢ ᠡᠳ᠋ᠯᠡᠭᠦᠯᠦᠨ᠎ᠡ

《ᠨᠠᠰᠤᠲᠠᠢᠴᠤᠳ ᠪᠠ ᠨᠢᠯᠬᠠᠰ》 ᠎ᠲᠦ᠍ ᠨᠡᠩ ᠢᠯᠡᠭᠦᠦ ᠬᠠᠢᠷ᠎ᠠ ᠬᠠᠯᠠᠮᠵᠢ ᠬᠦᠷᠲᠡᠭᠡᠨ᠎ᠡ

ᠣᠷᠣᠱᠢᠨ ᠰᠠᠭᠤᠬᠤ᠎ᠳᠤ ᠲᠣᠬᠢᠷᠠᠮᠵᠢᠲᠠᠶ ᠡᠶ᠎ᠡ ᠨᠠᠢᠷᠳᠠᠢ ᠦᠵᠡᠰᠭᠦᠯᠡᠩᠲᠦ ᠰᠠᠢᠬᠠᠨ ᠬᠦᠳᠡᠭᠡ ᠲᠤᠰᠬᠤᠨ᠎ᠢ ᠪᠦᠳᠦᠭᠡᠨ ᠪᠠᠢᠭᠤᠯᠤᠨ᠎ᠠ

( ᠠᠷᠪᠠ ) ᠡᠬᠡ ᠤᠯᠤᠰ᠎ᠤᠨ 《 ᠤᠮᠠᠷᠠᠲᠤ᠎ᠶᠡᠬᠡ ᠬᠠᠭᠠᠯᠭ᠎ᠠ》 ᠎ᠶ᠋ᠢ ᠪᠠᠲᠤ ᠰᠠᠬᠢᠨ᠎ᠠ

ᠨᠡᠢᠰᠯᠡᠯ᠎ᠦᠨ《ᠬᠤᠳᠠ ᠬᠠᠮᠠᠭᠠᠯᠠᠯᠲᠠ ᠵᠢᠨ ᠭᠣᠣᠯ》ᠪᠤᠯᠬᠤ ᠦᠢᠯᠡᠳᠦᠯ ᠵᠢᠡᠨ ᠰᠠᠢᠳᠤᠷ ᠪᠠᠳᠠᠷᠠᠭᠤᠯᠤᠨ᠎ᠠ

ᠡᠯ᠎ᠡ ᠲᠥᠷᠥᠯ᠎ᠦᠨ ᠲᠦᠭ᠌ᠰᠢᠭᠦᠷᠢ ᠵᠢᠨ᠎ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ ᠂ ᠥᠨᠳᠥᠷ ᠲᠦᠪᠱᠢᠨ ᠪᠥᠬᠥᠶ ᠤᠮᠠᠷᠠᠲᠤ ᠬᠢᠯᠢ᠎ᠶᠢᠨ᠎ᠠᠮᠤᠷ ᠲᠦᠪᠱᠢᠨ ᠎ᠤ ᠰᠢᠰᠲ᠋ᠧᠮ ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠤᠨ ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠬᠢᠷᠢ ᠲᠦᠪᠱᠢᠨ ᠪᠥᠬᠥᠶ ᠠᠮᠤᠷ ᠲᠦᠪᠱᠢᠨ ᠎ᠦ ᠰᠠᠢᠨ ᠦᠶ᠋ᠯᠡᠳᠦᠯᠴᠡᠯ ᠎ᠢ ᠠᠬᠢᠭᠤᠯᠤᠨ᠎ᠠ

ᠠᠶᠤᠯᠭᠦᠢ ᠦᠢᠯᠡᠳᠪᠦᠷᠢᠯᠡᠯ᠎ᠦᠨ ᠲᠠᠯ᠎ᠠ ᠪᠠᠷ ᠡᠷᠬᠢᠯᠳᠡ ᠭᠠᠷᠭᠠᠬᠤ ᠠᠵᠢᠯᠯᠠᠭ᠎ᠠ ᠵᠢ ᠰᠠᠢᠲᠤᠷ ᠬᠢᠨ᠎ᠠ

ᠠᠵᠤ ᠠᠬᠤᠶ ᠮᠥᠩᠭᠥᠨ ᠭᠦᠢᠯᠭᠡᠭᠡᠨ ᠎ᠦ ᠲᠦᠭ᠌ᠰᠢᠭᠦᠷᠢ ᠎ᠶ᠋ᠢ ᠬᠦᠴᠦᠯᠡᠨ ᠰᠡᠷᠭᠡᠢᠯᠡᠨ ᠠᠷᠢᠯᠭᠠᠨ᠎ᠠ

ᠨᠡᠢᠭᠡᠮ᠎ᠦᠨ ᠵᠠᠰᠠᠯᠲᠠ ᠎ᠶ᠋ᠢ ᠴᠢᠩᠭᠠᠳᠬᠠᠨ ᠰᠢᠨ᠎ᠠ  ᠵᠢ ᠡᠭᠦᠳᠦᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号