ᠠᠯᠳᠠᠨ ᠨᠠᠮᠤᠷ ᠵᠢᠡᠷ᠂ ᠬᠢᠩᠭᠠᠨ ᠠᠢᠮᠠᠭ᠎ᠤᠨ ᠤᠯᠠᠭᠠᠨᠮᠣᠳᠣ᠎ᠶ᠋ᠢᠨ ᠲᠠᠯ᠎ᠠ ᠨᠤᠲᠤᠭ᠎ᠲᠤ ᠦᠬᠡᠷ ᠬᠣᠨᠢᠳ ᠲᠠᠷᠭᠤᠨ ᠳᠠᠪᠠᠳᠠᠢ ᠪᠡᠯᠴᠢᠵᠦ᠂ ᠡᠪᠡᠰᠦ ᠮᠤᠳᠤ ᠱᠢᠷᠠᠯᠠᠨ ᠡᠯᠪᠡᠭ ᠬᠤᠷᠢᠶᠠᠯᠳᠠ ᠤᠯᠵᠤ᠂ ᠮᠠᠯᠴᠢᠳ ᠡᠪᠡᠰᠦ ᠨᠥᠭᠡᠴᠡᠯᠡᠵᠦ᠍ ᠡᠪᠦᠯ ᠢ᠋ ᠦᠩᠭᠡᠷᠡᠭᠦᠯᠬᠦ ᠪᠡᠷ ᠪᠡᠯᠡᠬᠡᠨ ᠪᠤᠯᠪᠠ᠃ ᠣᠢᠷ᠎ᠠ᠎ᠶ᠋ᠢᠨ ᠡᠳᠦᠷ᠎ᠦᠳ᠎ᠲᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠲᠣᠬᠤᠮ ᠰᠤᠮᠤ᠎ᠶ᠋ᠢᠨ ᠤᠰᠤᠨ ᠡᠬᠢ ᠭᠠᠴᠠᠭ᠎ᠠ᠎ᠶ᠋ᠢᠨ ᠮᠠᠯᠴᠢᠨ ᠠᠯᠲᠠᠨᠪᠠᠭᠠᠨ᠎ᠠ ᠶᠠᠭ ᠮᠠᠱᠢᠨ᠎ᠢᠶᠠᠷ ᠡᠪᠡᠰᠦ ᠬᠠᠳᠤᠵᠤ᠂ ᠬᠠᠳᠠᠭᠠᠵᠤ᠂ ᠪᠣᠭᠣᠵᠢᠯᠠᠵᠤ ᠶᠠᠭᠠᠷᠠᠨ᠎ᠠ᠃ ᠲᠡᠭᠦᠨ᠎ᠳᠦ ᠠᠪᠴᠤ᠌ ᠬᠡᠯᠡᠪᠡᠯ᠂ ᠭᠦᠶ᠋ᠴᠡᠳ ᠡᠪᠡᠰᠦ ᠪᠤᠷᠳᠤᠭ᠎ᠠ ᠨᠢ ᠮᠠᠯ ᠣᠨᠣᠭ᠎ᠠ ᠵᠢᠨ ᠡᠪᠦᠯᠵᠢᠬᠦ᠌ᠳ᠋ᠤ ᠰᠠᠢᠨ ᠪᠠᠢᠵᠤ᠂ ᠨᠠᠩ ᠴᠤ᠌ ᠲᠣᠭ᠍ᠲᠠᠭᠤᠨ ᠣᠷᠣᠯᠭ᠎ᠠ᠎ᠲᠠᠶ ᠪᠠᠢᠬᠤ᠎ᠶ᠋ᠢ ᠬᠠᠷᠠᠭᠤᠯᠵᠤ ᠪᠠᠢᠨ᠎ᠠ᠃
《ᠡᠨᠡ ᠵᠢᠯ ᠬᠤᠷ᠎ᠠ ᠪᠣᠷᠣᠭᠠᠨ ᠰᠠᠢᠨ ᠪᠣᠯᠬᠣᠷ 900 ᠭᠠᠷᠤᠶ ᠪᠣᠭᠣᠵᠢ ᠡᠪᠡᠰᠦ ᠬᠠᠳᠤᠵᠤ᠂ ᠮᠠᠨ᠎ᠤ ᠬᠡᠷ᠎ᠦᠨ 700 ᠭᠠᠷᠤᠶ ᠬᠣᠨᠢ ᠂ 100 ᠭᠠᠷᠤᠶ ᠦᠬᠡᠷ ᠢᠷᠡᠬᠦ ᠡᠪᠦᠯ᠎ᠢ ᠮᠡᠨᠳᠤ ᠦᠩᠭᠡᠷᠡᠬᠦᠯᠵᠦ ᠳᠡᠢᠯᠦᠨ᠎ᠠ》ᠭᠡᠵᠦ ᠪᠣᠭᠣᠵᠢ ᠳᠠᠢ ᠡᠪᠡᠰᠦ ᠨᠤᠬᠦᠳ ᠵᠢᠡᠨ ᠬᠠᠷᠠᠭᠠᠳ ᠠᠯᠲᠠᠨᠪᠠᠭᠠᠨ᠎ᠠ᠎ᠶ᠋ᠢᠨ ᠴᠢᠷᠠᠢ᠎ᠳᠤ ᠪᠠᠶᠠᠷ ᠪᠠᠬᠠᠳᠤᠯ ᠪᠢᠯᠬᠠᠨ᠎ᠠ᠃
ᠡᠨᠳᠡᠬᠢ ᠮᠠᠯᠴᠢᠳ ᠡᠪᠡᠰᠦ ᠬᠠᠳᠤᠵᠤ ᠶᠠᠭᠠᠷᠠᠯᠳᠤᠨ᠎ᠠ᠂ ᠨᠦᠬᠦᠬᠡ ᠲᠠᠯ᠎ᠠ᠎ᠪᠠᠷ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠯᠳᠠᠷ ᠤᠳᠤ ᠦᠶ᠎ᠡ᠎ᠶ᠋ᠢᠨ ᠡᠪᠡᠰᠦᠨ᠎ᠦ ᠠᠵᠤ ᠦᠢᠯᠡᠰ᠎ᠦᠨ ᠡᠳ᠋ᠱᠢᠭᠦᠯᠦᠨ ᠪᠣᠯᠪᠠᠰᠤᠷᠠᠭᠤᠯᠬᠤ ᠪᠠᠷᠠᠭᠠᠨ ᠤ᠋ ᠭᠦᠢᠯᠭᠡᠭᠡᠨ᠎ᠦ ᠠᠷᠠᠯᠵᠢᠶᠠᠨ᠎ᠤ ᠬᠦᠷᠢᠶᠡᠯᠡᠩ ᠲᠣᠭᠣᠷᠢᠭ᠎ᠤᠨ ᠠᠮᠢᠳᠠᠨ᠎ᠤ ᠲᠦᠪ ᠦᠢᠯᠡᠳᠭᠡᠪᠦᠷᠢ ᠳ᠋ᠤ 52 ᠮᠠᠱᠢᠨ ᠲᠥᠬᠥᠭᠡᠷᠦᠮᠵᠢ ᠵᠤᠭᠰᠤᠯ ᠦᠭᠡᠢ ᠠᠵᠢᠯᠯᠠᠵᠤ ᠪᠠᠢᠯ᠎ᠠ᠃ ᠠᠷᠢᠭᠤᠳᠭᠠᠬᠤ᠂ ᠪᠣᠯᠪᠠᠰᠤᠷᠠᠭᠤᠯᠬᠤ᠂ ᠪᠤᠯᠭᠤᠭᠠᠨ ᠬᠠᠯᠢᠰᠤ ᠵᠢ ᠨᠢ ᠱᠠᠭᠠᠯᠬᠤ᠂ TMR ᠵᠢᠭᠤᠷᠠᠬᠤ ᠵᠡᠷᠭᠡ ᠨᠠᠷᠢᠯᠢᠭ ᠪᠣᠯᠪᠠᠰᠤᠷᠠᠭᠤᠯᠬᠤ ᠶᠠᠪᠤᠴᠠ᠎ᠶ᠋ᠢ ᠥᠩᠭᠡᠷᠡᠭᠡᠭ᠌ᠰᠡᠨᠦ ᠳᠠᠷᠠᠭ᠎ᠠ᠂ ᠲᠡᠵᠢᠭᠡᠯ ᠡᠪᠡᠰᠦ ᠪᠣᠷᠳᠣᠭ᠎ᠠ᠎ᠨᠢ ᠱᠢᠨᠵᠢᠯᠡᠬᠦ᠌ ᠤᠬᠠᠭᠠᠨᠴᠢ ᠬᠠᠷᠢᠴᠠᠯ᠎ᠢ ᠪᠡᠶᠡᠯᠡᠭᠦᠯᠵᠦ᠍᠂ ᠦᠬᠡᠷ ᠬᠣᠨᠢᠨ᠎ᠤ 《ᠱᠢᠮ᠎ᠡ ᠲᠡᠵᠢᠭᠡᠯᠲᠦ ᠢᠳᠡᠭᠡᠨ》 ᠪᠣᠯᠳᠠᠭ᠃
ᠡᠨᠡ ᠵᠢᠯ᠎ᠦᠨ 4 ᠰᠠᠷ᠎ᠠ᠎ᠡᠴᠡ ᠡᠬᠢᠯᠡᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠯᠲᠠᠷ ᠰᠤᠮᠤ᠎ᠶ᠋ᠢᠨ ᠭᠤᠸᠠᠩ ᠮᠢᠩ ᠭᠠᠴᠠᠭᠠᠨ᠎ᠤ ᠮᠠᠯᠴᠢᠨ ᠴᠧᠨ ᠯᠢᠶᠠᠩ ᠠᠮᠢᠲᠠᠨ᠎ᠤ ᠲᠦᠪ ᠦᠢᠯᠡᠳᠭᠡᠪᠦᠷᠢ ᠡᠴᠡ 《ᠤᠷᠢᠳᠴᠢᠯᠠᠨ ᠦᠶ᠋ᠯᠡᠳᠦᠭ᠌ᠰᠡᠨ ᠬᠤᠭᠤᠯᠠ》 ᠬᠤᠳᠠᠯᠳᠤᠨ ᠠᠪᠴᠤ᠌ ᠥᠪᠡᠷ᠎ᠦᠨ ᠦᠬᠡᠷ ᠬᠣᠨᠢ ᠪᠠᠨ ᠲᠡᠵᠢᠭᠡᠪᠡ᠃《ᠰᠠᠷ᠎ᠠ ᠭᠠᠷᠤᠶ ᠲᠡᠵᠢᠭᠡᠭ᠌ᠰᠡᠨᠦ ᠳᠠᠷᠠᠭ᠎ᠠ᠂ ᠦᠬᠡᠷ ᠨᠢ ᠦᠩᠭᠡ ᠤᠷᠤᠵᠦ ᠳᠠᠷᠭᠤ ᠠᠪᠤᠭᠰᠠᠨ ᠵᠢᠠᠷ ᠪᠠᠷᠠᠬᠤ ᠥᠬᠡᠶ᠂ ᠠᠷᠠᠰᠤ ᠨᠤᠤᠰᠤ ᠨᠢ ᠴᠦ᠍ ᠭᠥᠯᠢᠭᠡᠷ ᠪᠣᠯᠵᠠᠶ》᠃ ᠴᠧᠨ ᠯᠢᠶᠠᠩ᠂ ᠡᠨᠡ ᠬᠦ᠌ ᠪᠠᠯᠠ ᠣᠷᠣᠭᠤᠯᠤᠯᠲᠠ᠎ᠨᠢ ᠮᠠᠰᠢ ᠦᠷ᠎ᠡ ᠪᠦᠳᠦᠮᠵᠢ ᠲᠠᠢ ᠶᠤᠮ ᠭᠡᠵᠦ ᠬᠡᠯᠡᠪᠡ᠃
ᠠᠯᠲᠠᠷ ᠣᠲᠣ ᠦᠶ᠎ᠡ᠎ᠶ᠋ᠢᠨ ᠡᠪᠡᠰᠦᠨ᠎ᠦ ᠠᠵᠤ ᠦᠶ᠋ᠯᠡᠰ᠎ᠦᠨ ᠡᠳ᠋ᠱᠢᠭᠦᠯᠦᠨ ᠪᠣᠯᠪᠠᠰᠤᠷᠠᠭᠤᠯᠬᠤ ᠪᠠᠷᠠᠭᠠᠨ ᠤ᠋ ᠭᠦᠢᠯᠭᠡᠭᠡᠨ᠎ᠦ ᠠᠷᠠᠯᠵᠢᠶᠠᠨ᠎ᠤ ᠬᠦᠷᠢᠶᠡᠯᠡᠩ ᠲᠣᠭᠣᠷᠢᠭ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠳᠦ ᠲᠦᠱᠢᠭ᠌ᠯᠡᠨ ᠬᠢᠩᠭᠠᠨ ᠪᠡᠭᠡᠵᠢᠩ᠎ᠦᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠴᠢᠨᠠᠷ ᠰᠠᠢᠲᠠᠶ ᠡᠪᠡᠰᠦᠨ᠎ᠦ ᠦᠷ᠎ᠡ᠎ᠶ᠋ᠢ ᠰᠣᠩᠭᠣᠨ ᠪᠣᠢᠵᠢᠭᠤᠯᠵᠤ᠂ ᠡᠪᠡᠰᠦᠨ᠎ᠦ ᠦᠷ᠎ᠡ᠎ᠶ᠋ᠢᠨ ᠶᠠᠰᠤ ᠴᠢᠨᠠᠷ᠎ᠢ ᠨᠡᠩ ᠢᠯᠡᠬᠦᠦ ᠳᠡᠭᠡᠭ᠌ᠰᠢᠯᠡᠭᠦᠯᠪᠡ᠃ ᠡᠭᠦᠨ᠎ᠡᠴᠡ ᠭᠠᠳᠠᠨ᠎ᠠ᠂ ᠬᠦᠷᠢᠶᠡᠯᠡᠩ ᠲᠣᠭᠣᠷᠢᠭ᠎ᠨᠢ ᠪᠠᠰᠠ ᠪᠥᠬᠥ᠌ ᠤᠯᠤᠰ᠎ᠤᠨ ᠡᠪᠡᠰᠦᠨ᠎ᠦ ᠦᠷ᠎ᠡ ᠵᠢ ᠬᠣᠷᠢᠶᠠᠨ ᠴᠤᠭ᠍ᠯᠠᠭᠤᠯᠵᠤ ᠡᠭᠦᠯᠳᠡᠷ ᠰᠣᠩᠭᠣᠬᠤ ᠪᠠ ᠥᠨᠳᠥᠷ ᠤᠨᠠᠯᠲᠠ᠎ᠲᠠᠶ ᠳᠠᠷᠢᠬᠤ ᠮᠡᠷᠭᠡᠵᠢᠯ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠍᠂ ᠡᠪᠡᠰᠦᠨ᠎ᠦ ᠡᠭᠦᠯᠳᠡᠷ᠎ᠢ ᠰᠤᠳᠤᠯᠤᠨ ᠨᠡᠭᠡᠭᠡᠬᠦ᠌᠂ ᠲᠡᠵᠢᠭᠡᠯ ᠡᠪᠡᠰᠦ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ᠎ᠤ ᠭᠦᠶ᠋ᠯᠭᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠣᠶ ᠪᠣᠯᠭᠠᠵᠠᠢ᠃
《ᠣᠳᠣ ᠮᠠᠨ᠎ᠤ ᠬᠦᠷᠢᠶᠡᠯᠡᠩ ᠲᠣᠭᠣᠷᠢᠭ ᠨᠢ ᠲᠡᠵᠢᠭᠡᠯ ᠡᠪᠡᠰᠦᠨ᠎ᠦ ᠪᠦᠲᠦᠭᠡᠭ᠌ᠳᠡᠬᠦᠨ᠂ ᠲᠠᠯ᠎ᠠ ᠨᠤᠲᠤᠭ᠎ᠤᠨ ᠢᠳᠡᠭᠡᠨ᠂ ᠵᠢᠩᠬᠢᠨᠢ ᠡᠮ᠎ᠦᠨ ᠮᠠᠲ᠋ᠧᠷᠢᠶᠠᠯ ᠡᠳ᠋ᠱᠢᠭᠦᠯᠬᠦ᠌ ᠲᠣᠭᠣᠷᠢᠭ᠂ ᠬᠤᠳᠠᠯᠳᠤᠭᠠᠨ᠎ᠤ ᠢᠵᠢ ᠪᠥᠷᠢᠳᠦᠭᠦᠯᠬᠦ᠌ ᠲᠣᠭᠣᠷᠢᠭ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠬᠦᠷᠢᠶᠡᠯᠡᠩ ᠲᠣᠭᠣᠷᠢᠭ ᠪᠣᠯᠵᠣ᠂ ᠨᠢᠬᠡᠡᠳᠡ ᠣᠷᠣᠨ ᠲᠠᠶᠠᠭᠠᠷ ᠲᠦ᠍ ᠴᠢᠳᠠᠮᠵᠢ᠎ᠪᠠᠷ ᠬᠠᠮᠤᠭ᠎ᠤᠨ ᠪᠦᠷᠢᠨ᠂ ᠪᠠᠭ᠍ᠲᠠᠭᠠᠮᠵᠢ᠎ᠪᠠᠷ ᠬᠠᠮᠤᠭ᠎ᠤᠨ ᠶᠡᠬᠡ ᠡᠪᠡᠰᠦᠨ᠎ᠦ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ ᠪᠣᠯᠵᠣ᠂ ᠪᠥᠬᠥ᠌ ᠤᠯᠤᠰ᠎ᠤᠨ ᠬᠠᠮᠤᠭ᠎ᠤᠨ ᠶᠡᠬᠡ ᠬᠢᠶᠠᠭ ᠡᠪᠡᠰᠦ ᠳᠠᠷᠢᠬᠤ ᠲᠥᠪ ᠪᠣᠯᠵᠣ᠂ ᠬᠢᠩᠭᠠᠨ ᠠᠢᠮᠠᠭ᠎ᠤᠨ ᠡᠪᠡᠰᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠳᠦ ᠲᠠᠰᠤᠷᠠᠯᠲᠠ ᠥᠬᠡᠶ ᠱᠢᠨ᠎ᠡ ᠬᠥᠳᠡᠯᠭᠡᠬᠴᠢ ᠡᠨᠧᠷᠭᠢ ᠬᠠᠩᠭᠠᠵᠤ ᠪᠠᠢᠨ᠎ᠠ》 ᠭᠡᠵᠦ᠍ ᠬᠦᠷᠢᠶᠡᠯᠡᠩ ᠲᠣᠭᠣᠷᠢᠭ᠎ᠤᠨ ᠬᠠᠷᠢᠭᠤᠴᠠᠯᠭᠠᠲᠠᠨ ᠵᠧᠩ ᠶᠠ ᠫᠸᠩ ᠬᠡᠯᠡᠪᠡ᠃
ᠬᠢᠩᠭᠠᠨ ᠠᠢᠮᠠᠭ᠎ᠨᠢ ᠶᠡᠬᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠣᠷᠮᠣᠶ᠎ᠳᠤ ᠪᠠᠢᠷᠢᠯᠠᠵᠤ᠂ ᠪᠠᠢᠭᠠᠯᠢᠯᠢᠭ ᠨᠤᠲᠤᠭ ᠪᠡᠯᠴᠢᠭᠡᠷ᠎ᠦᠨ ᠲᠠᠯᠠᠪᠠᠶ᠎ᠨᠢ 2683.88 ᠲᠦᠮᠡᠨ ᠮᠥ᠍ ᠪᠠᠢᠵᠤ᠂ ᠡᠨᠡ ᠬᠦ᠌ ᠨᠤᠲᠤᠭ ᠪᠡᠯᠴᠢᠭᠡᠷ᠎ᠢ ᠬᠠᠮᠠᠭᠠᠯᠠᠨ ᠠᠱᠢᠭ᠍ᠯᠠᠬᠤ᠎ᠨᠢ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠣᠢᠷ᠎ᠠ᠎ᠶ᠋ᠢᠨ ᠵᠢᠯ᠎ᠦᠨ ᠲᠤᠷᠰᠢ᠂ ᠬᠢᠩᠭᠠᠨ ᠠᠢᠮᠠᠭ ᠲᠡᠵᠢᠭᠡᠯ ᠡᠪᠡᠰᠦᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠭᠠᠷᠤᠭ᠎ᠠ ᠪᠤᠯᠭᠠᠵᠤ᠂ ᠬᠢᠶᠠᠭ᠂ ᠴᠠᠷᠭᠠᠰᠤ᠂ ᠲᠡᠵᠢᠭᠡᠯ ᠪᠣᠷᠳᠣᠭ᠎ᠠ᠎ᠳᠤ ᠬᠡᠷᠡᠭ᠌ᠯᠡᠬᠦ᠌ ᠨᠣᠬᠠᠶ᠎ᠶ᠋ᠢᠨ ᠬᠣᠱᠢᠭᠤ᠂ ᠬᠥᠬᠡ ᠳᠠᠷᠤᠰᠢ᠎ᠶ᠋ᠢᠨ ᠡᠷᠳᠡᠨᠢ ᠱᠢᠰᠢ ᠵᠡᠷᠭᠡ ᠲᠠᠷᠢᠮᠠᠯ ᠲᠡᠵᠢᠭᠡᠯ ᠡᠪᠡᠰᠦ ᠳᠠᠷᠢᠬᠤ ᠲᠠᠯᠠᠪᠠᠶ᠎ᠶ᠋ᠢ 260 ᠲᠦᠮᠡᠨ ᠮᠤ᠌᠎ᠡᠴᠡ ᠳᠡᠭᠡᠭ᠌ᠰᠢ ᠬᠥᠭ᠌ᠵᠢᠭᠦᠯᠵᠦ᠍᠂ ᠤᠨᠠᠯᠲᠠ᠎ᠨᠢ 500 ᠲᠦᠮᠡᠨ ᠲᠣᠨ ᠱᠢᠬᠠᠮ᠎ᠳᠤ ᠬᠦᠷᠴᠦ᠍᠂ ᠪᠠᠢᠭᠠᠯᠢᠯᠢᠭ ᠨᠤᠲᠤᠭ ᠪᠡᠯᠴᠢᠭᠡᠷ ᠳᠡᠬᠢ ᠲᠡᠵᠢᠭᠡᠯ ᠡᠪᠡᠰᠦᠨ᠎ᠦ ᠤᠨᠠᠯᠲᠠ᠎ᠨᠢ 200 ᠲᠦᠮᠡᠨ ᠲᠣᠨ᠎ᠡᠴᠡ ᠳᠡᠭᠡᠭ᠌ᠰᠢ᠎ᠳᠦ ᠬᠦᠷᠴᠦ᠍᠂ ᠡᠰᠢ ᠰᠦᠷᠡᠯ᠎ᠢ ᠲᠡᠵᠢᠭᠡᠯ ᠪᠣᠷᠳᠣᠭ᠎ᠠ ᠪᠣᠯᠭᠠᠨ ᠠᠱᠢᠭ᠍ᠯᠠᠬᠤ ᠬᠡᠮᠵᠢᠶ᠎ᠡ᠎ᠨᠢ 468 ᠲᠦᠮᠡᠨ ᠲᠣᠨ᠎ᠳᠤ ᠬᠦᠷᠴᠦ᠍᠂ ᠦᠬᠡᠷ ᠬᠣᠨᠢᠨ᠎ᠤ ᠡᠪᠡᠰᠤ ᠪᠤᠷᠳᠤᠭᠠᠨᠦ ᠠᠰᠠᠭᠤᠳᠠᠯ᠎ᠢ ᠱᠢᠶ᠋ᠳᠪᠦᠷᠢᠯᠡᠪᠡ᠃
ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ᠎ᠤᠨ ᠳᠤᠮᠳᠠ ᠵᠠᠯᠠᠢᠳ ᠬᠣᠱᠢᠭᠤᠨ᠎ᠤ ᠬᠦᠷᠡᠯ ᠪᠠᠯᠭᠠᠰᠤᠨ᠎ᠤ ᠬᠤᠳᠠ᠎ᠲᠠᠢ ᠭᠠᠴᠠᠭᠠᠨ᠎ᠤ ᠲᠠᠯ᠎ᠠ ᠨᠤᠲᠤᠭ᠎ᠤᠨ ᠮᠠᠯ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌ ᠭᠣᠣᠯ ᠵᠢᠱ᠌ᠢᠢ᠎ᠡ ᠦᠵᠡᠭᠦᠯᠬᠦ᠌ ᠣᠷᠣᠨ᠎ᠤ ᠲᠠᠯ᠎ᠠ ᠨᠤᠲᠤᠭ᠎ᠤᠨ ᠠᠮᠢ ᠠᠬᠤᠢ᠎ᠶ᠋ᠢᠨ ᠮᠠᠯᠵᠢᠯ᠎ᠤᠨ ᠲᠠᠯᠠᠪᠠᠢ᠎ᠶ᠋ᠢᠨ ᠬᠠᠷᠢᠭᠤᠴᠠᠯᠭᠠᠲᠠᠨ ᠴᠧᠨ ᠬᠦᠢ ᠵᠧᠨ᠄ 《ᠪᠢ ᠡᠨᠡ ᠵᠢᠯ 1000 ᠭᠠᠷᠤᠢ ᠮᠦ᠍ ᠬᠢᠶᠠᠭ ᠡᠪᠡᠰᠦ ᠲᠠᠷᠢᠵᠠᠢ᠂ ᠬᠠᠳᠤᠵᠤ ᠪᠠᠷᠠᠭᠠᠳ ᠶᠠᠭ ᠪᠣᠭᠣᠵᠢᠯᠠᠵᠤ ᠪᠤᠢ᠂ ᠡᠳᠡᠭᠡᠷ ᠬᠢᠶᠠᠭ ᠡᠪᠡᠰᠦ ᠱᠢᠮ᠎ᠡ ᠲᠡᠵᠢᠭᠡᠯ ᠰᠠᠢᠲᠠᠢ᠂ ᠦᠬᠡᠷ ᠬᠤᠨᠢ ᠢᠳᠡᠪᠡᠯ ᠲᠠᠷᠭᠤ ᠰᠠᠢᠲᠠᠢ ᠪᠣᠯᠳᠠᠭ》 ᠭᠡᠵᠦ᠍ ᠬᠡᠯᠡᠪᠡ᠃
ᠵᠠᠯᠠᠢᠳ ᠬᠣᠱᠢᠭᠤᠨ᠎ᠤ ᠬᠢᠶᠠᠭ ᠡᠪᠡᠰᠦ ᠳᠠᠷᠢᠬᠤ ᠰᠠᠭᠤᠷᠢᠨ ᠪᠣᠯ ᠤᠯᠤᠰ᠎ᠤᠨ ᠨᠤᠲᠤᠭ ᠪᠡᠯᠴᠢᠭᠡᠷ᠎ᠤᠨ ᠮᠠᠯ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ᠎ᠦᠨ ᠨᠢᠭᠡ ᠪᠣᠯᠤᠨ᠎ᠠ᠂ 2023 ᠣᠨ᠎ᠳᠤ ᠲᠥᠷᠥᠯ ᠵᠦᠶ᠋ᠯ᠎ᠢ ᠡᠬᠢᠯᠡᠭᠦᠯᠦᠨ ᠪᠥᠲᠥᠭᠡᠨ ᠪᠠᠢᠭᠤᠯᠤᠭ᠍ᠰᠠᠨ᠎ᠡᠴᠡ ᠨᠠᠭᠠᠰᠢ᠂ ᠨᠢᠭᠡᠨᠲᠡ 12 ᠲᠦᠮᠡᠨ ᠮᠥ᠍ ᠬᠢᠶᠠᠭ ᠡᠪᠡᠰᠦ ᠳᠠᠷᠢᠵᠤ᠂ 9 ᠰᠤᠮᠤ ᠱᠢᠶᠠᠩ ᠪᠠᠯᠭᠠᠰᠤ ᠪᠠ 33 ᠭᠠᠴᠠᠭ᠎ᠠ ᠲᠣᠰᠭᠣᠨ᠎ᠳᠤ ᠬᠣᠯᠪᠣᠭ᠍ᠳᠠᠵᠠᠶ᠃ ᠲᠤᠭᠠᠴᠢᠯᠠᠯᠳᠠ ᠪᠡᠷ ᠡᠵᠡᠮᠳᠡᠬᠦ᠂ ᠵᠢᠭᠠᠯᠲᠠ᠎ᠶ᠋ᠢᠨ ᠵᠡᠭᠦᠦ ᠮᠡᠲᠦ ᠪᠡᠷ ᠰᠦᠷᠴᠢᠨ ᠤᠰᠤᠯᠠᠬᠤ᠂ ᠡᠪᠡᠳᠴᠢᠨ᠎ᠦ ᠬᠥᠨᠥᠭᠡᠯ᠎ᠢ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠣᠳᠣᠬᠢᠴᠢᠯᠠᠭ᠍ᠰᠠᠨ ᠮᠡᠷᠭᠡᠵᠢᠯ᠎ᠢᠶᠡᠷ ᠳᠠᠮᠵᠢᠭᠤᠯᠤᠨ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 78% ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠮᠠᠯ ᠠᠵᠤ ᠠᠬᠤᠶ᠎ᠶ᠋ᠢᠨ ᠡᠪᠡᠰᠦ ᠪᠣᠷᠳᠣᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠤᠨ᠂ ᠪᠠᠢᠭᠠᠯᠢᠯᠢᠭ ᠡᠪᠡᠰᠦ ᠪᠡᠯᠴᠢᠭᠡᠷ᠎ᠢ ᠠᠮᠤᠷᠵᠢᠭᠤᠯᠤᠨ ᠰᠡᠷᠭᠦᠭᠡᠬᠦ ᠶ᠋ᠢ ᠪᠡᠶᠡᠯᠡᠭᠦᠯᠵᠦ᠍᠂ ᠠᠮᠢ ᠠᠬᠤᠶ᠎ᠶ᠋ᠢᠨ ᠱᠢᠰᠲ᠋ᠧᠮ᠎ᠦᠨ ᠰᠠᠢᠨ ᠣᠷᠴᠢᠯ᠎ᠢ ᠠᠬᠢᠭᠤᠯᠪᠠ᠃
《ᠡᠨᠡ ᠵᠢᠯ ᠪᠣᠯ ᠬᠢᠶᠠᠭ ᠡᠪᠡᠰᠦ ᠳᠠᠷᠢᠬᠰᠠᠨ ᠬᠣᠶᠠᠳᠤᠭᠠᠷ ᠵᠢᠯ ᠪᠣᠯᠤᠨ᠎ᠠ᠂ ᠮᠥ᠍ ᠪᠦᠷᠢ᠎ᠶ᠋ᠢᠨ ᠤᠨᠠᠯᠲᠠ 160 ᠺᠢᠯᠣᠭ᠌ᠷᠠᠮ᠎ᠡᠴᠡ ᠳᠡᠭᠡᠭ᠌ᠰᠢ᠎ᠳᠦ ᠬᠦᠷᠴᠦ᠍᠂ ᠡᠪᠡᠰᠦᠨ᠎ᠦ ᠤᠨᠠᠯᠲᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 81% ᠪᠠᠷ ᠨᠡᠮᠡᠭ᠌ᠳᠡᠪᠡ᠃ ᠢᠷᠡᠬᠦ᠌ ᠵᠢᠯ ᠬᠢᠶᠠᠭ ᠡᠪᠡᠰᠦ ᠤᠷᠭᠤᠯᠳᠠ ᠵᠢᠨ ᠣᠷᠭᠢᠯ᠎ᠤᠨ ᠬᠤᠭᠤᠴᠠᠭᠠᠨ᠎ᠳᠤ ᠬᠦᠷᠴᠦ᠍᠂ ᠵᠢᠱ᠌ᠢᠯᠲᠡ᠎ᠪᠡᠷ ᠮᠦ᠍ ᠪᠦᠷᠢ᠎ᠶ᠋ᠢᠨ ᠤᠨᠠᠯᠲᠠ 300 ᠺᠢᠯᠣᠭ᠌ᠷᠠᠮ᠎ᠳᠤ ᠬᠦᠷᠦᠨ᠎ᠡ》᠃ ᠵᠠᠯᠠᠢᠳ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠮᠠᠯ ᠠᠵᠤ ᠠᠬᠤᠶ ᠪᠠ ᠲᠡᠵᠢᠭᠡᠯ ᠪᠣᠷᠳᠣᠭ᠎ᠠ᠎ᠶ᠋ᠢᠨ ᠮᠡᠷᠭᠡᠵᠢᠯ᠎ᠦᠨ ᠲᠠᠰᠤᠭ᠎ᠤᠨ ᠳᠠᠷᠤᠭ᠎ᠠ ᠡᠸ᠋ ᠯᠢ ᠺᠦᠨ᠂ ᠬᠥᠮᠦᠨ᠎ᠦ ᠬᠦᠴᠦ᠍᠎ᠪᠡᠷ ᠪᠡᠯᠴᠢᠭᠡᠷ ᠲᠤ᠌ ᠬᠢᠶᠠᠭ ᠡᠪᠡᠰᠦ ᠳᠠᠷᠢᠬᠤ ᠲᠥᠷᠥᠯ ᠵᠦᠶ᠋ᠯ᠎ᠢᠶᠡᠷ ᠳᠡᠮᠵᠢᠨ᠂ ᠬᠡᠷ᠎ᠦᠨ ᠲᠡᠵᠢᠭᠡᠪᠦᠷᠢ᠎ᠶ᠋ᠢᠨ ᠥᠰᠥᠯᠲᠡ᠎ᠶ᠋ᠢᠨ ᠴᠢᠳᠠᠪᠤᠷᠢ᠂ ᠬᠠᠱᠢᠶᠠᠯᠠᠨ ᠲᠡᠵᠢᠭᠡᠵᠦ᠍ ᠪᠣᠷᠳᠣᠬᠤ ᠴᠢᠳᠠᠪᠤᠷᠢ ᠪᠥᠬᠥ᠌ ᠲᠠᠯ᠎ᠠ᠎ᠪᠠᠷ ᠳᠡᠭᠡᠭ᠌ᠰᠢᠯᠡᠵᠦ᠍᠂ ᠦᠶ᠋ᠯᠡᠳᠪᠦᠷᠢᠯᠡᠯ᠎ᠦᠨ ᠦᠷ᠎ᠡ ᠪᠦᠲᠦᠮᠵᠢ ᠢᠯᠡᠳᠲᠡ ᠳᠡᠭᠡᠭ᠌ᠰᠢᠯᠡᠵᠦ᠍᠂ ᠪᠠᠰᠠ ᠨᠤᠲᠤᠭ ᠪᠡᠯᠴᠢᠭᠡᠷ᠎ᠦᠨ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌᠎ᠳᠦ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠵᠤ ᠪᠠᠢᠨ᠎ᠠ ᠭᠡᠵᠦ ᠬᠡᠯᠡᠪᠡ᠃
ᠣᠳᠣᠬᠠᠨ᠎ᠳᠤ᠂ ᠬᠢᠩᠭᠠᠨ ᠠᠢᠮᠠᠭ ᠲᠦ᠍ ᠡᠪᠡᠰᠦ ᠪᠣᠷᠳᠣᠭ᠎ᠠ ᠳᠠᠷᠢᠬᠤ᠂ ᠡᠳ᠋ᠱᠢᠭᠦᠯᠬᠦ᠌᠂ ᠪᠣᠷᠣᠯᠠᠭᠤᠯᠬᠤ ᠡᠵᠡᠩᠨᠡᠯᠲᠡ᠎ᠶ᠋ᠢᠨ ᠭᠤᠤᠯ ᠴᠣᠭ᠍ᠴᠠ ᠨᠢᠭᠡᠨᠲᠡ 123 ᠪᠣᠯᠵᠣ᠂ ᠪᠠᠢᠭᠠᠯᠢ᠎ᠶ᠋ᠢᠨ ᠲᠡᠵᠢᠭᠡᠯ ᠡᠪᠡᠰᠦ᠂ ᠲᠠᠷᠢᠮᠠᠯ ᠲᠡᠵᠢᠭᠡᠯ ᠡᠪᠡᠰᠦ᠂ ᠡᠰᠢ ᠰᠦᠷᠡᠯ᠎ᠦᠨ ᠲᠡᠵᠢᠭᠡᠯ ᠪᠣᠷᠳᠣᠭᠠᠨ᠎ᠤ ᠠᠵᠤ ᠦᠶ᠋ᠯᠡᠰ᠎ᠦᠨ ᠶᠡᠷᠦᠩᠬᠡᠶ ᠦᠶ᠋ᠯᠡᠳᠬᠦᠨ᠎ᠦ ᠥᠷᠲᠡᠭ 70 ᠳ᠋ᠦᠩᠱᠢᠭᠤᠷ ᠲᠥᠭᠥᠷᠢᠭ᠎ᠲᠦ ᠬᠦᠷᠴᠡᠶ᠃ ᠬᠢᠩᠭᠠᠨ ᠠᠢᠮᠠᠭ ᠳᠠᠷᠢᠬᠤ᠂ ᠬᠠᠳᠠᠭᠠᠯᠠᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ 5 ᠲᠣᠮᠣ ᠬᠡᠯᠪᠡᠷᠢ᠎ᠶ᠋ᠢᠨ ᠡᠪᠡᠰᠦ ᠪᠣᠷᠳᠣᠭᠠᠨ᠎ᠤ ᠠᠵᠤ ᠦᠶ᠋ᠯᠡᠰ᠎ᠦᠨ ᠬᠦᠷᠢᠶᠡᠯᠡᠩ᠎ᠢ ᠪᠠᠢᠭᠤᠯᠵᠤ᠂ ᠵᠢᠯ᠎ᠳᠦ 30 ᠲᠦᠮᠡᠨ ᠲᠣᠨ ᠡᠪᠡᠰᠦ ᠪᠣᠷᠳᠣᠭ᠎ᠠ ᠡᠳ᠋ᠱᠢᠭᠦᠯᠵᠦ᠍ ᠳᠣᠭᠢᠷᠠᠭᠤᠯᠤᠨ ᠬᠦᠷᠭᠡᠵᠦ᠍᠂ ᠡᠪᠡᠰᠦ ᠪᠣᠷᠳᠣᠭᠠᠨ᠎ᠤ ᠠᠵᠤ ᠦᠶ᠋ᠯᠡᠰ᠎ᠦᠨ ᠡᠳ᠋ᠱᠢᠭᠦᠯᠵᠦ᠍ ᠳᠣᠭᠢᠷᠠᠭᠤᠯᠤᠨ ᠬᠦᠷᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠤᠲᠤᠭ ᠪᠡᠯᠴᠢᠭᠡᠷ᠎ᠦᠨ ᠦᠷᠭᠦᠯᠵᠢᠯᠡᠬᠦ᠌ ᠬᠥᠭ᠌ᠵᠢᠯᠲᠡ᠎ᠳᠦ ᠨᠠᠩ ᠬᠦᠴᠦᠲᠡᠶ ᠲᠤᠯᠭᠠᠭᠤᠷᠢᠯᠠᠯ ᠬᠠᠩᠭᠠᠪᠠ᠃ ᠭᠦᠶ᠋ᠴᠡᠳ ᠲᠡᠵᠢᠭᠡᠯ ᠡᠪᠡᠰᠦᠨ᠎ᠦ ᠪᠠᠲᠤᠯᠠᠭ᠎ᠠ᠎ᠨᠢ ᠮᠠᠯᠴᠢᠨ ᠲᠠᠷᠢᠶᠠᠴᠢᠨ᠎ᠤ ᠮᠠᠯᠵᠢᠵᠤ ᠪᠠᠢᠭ᠍ᠰᠠᠨ᠎ᠡᠴᠡ᠎ᠪᠠᠨ ᠬᠠᠱᠢᠶᠠᠯᠠᠨ ᠲᠡᠵᠢᠭᠡᠬᠦ ᠪᠤᠯᠤᠭᠰᠠᠨ ᠳ᠋ᠤ ᠡᠪᠡᠰᠦ ᠪᠣᠷᠳᠣᠭᠠᠨ᠎ᠤ ᠬᠡᠷᠡᠭ᠌ᠴᠡᠭᠡ᠎ᠶ᠋ᠢ ᠬᠠᠩᠭᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌᠎ᠳᠦ ᠬᠦᠴᠦᠷᠬᠡᠭ ᠶᠡᠬᠡ ᠬᠥᠳᠡᠯᠭᠡᠬᠴᠢ ᠬᠦᠴᠦᠨ ᠨᠡᠮᠡᠷᠢᠯᠡᠭᠰᠡᠨ ᠪᠠᠢᠨ᠎ᠠ᠃