ᠤᠳᠠᠭᠠᠨ ᠵᠢᠯ ᠤ᠋ᠨ ᠳᠤᠷᠰᠢ᠂ ᠨᠢᠬᠡ ᠲᠠᠯ᠎ᠠ ᠪᠠᠷ ᠬᠥᠳᠡᠭᠡ ᠲᠣᠰᠭᠤᠨ᠎ᠤ ᠬᠠᠮᠲᠤ᠎ᠶ᠋ᠢᠨ ᠭᠠᠵᠠᠷ ᠰᠢᠷᠦᠢ ᠰᠤᠯᠠ ᠲᠠᠯᠪᠢᠭᠳᠠᠵᠤ ᠠᠳᠠᠷᠰᠢᠬᠤ ᠳᠤ᠂ ᠨᠥᠭᠦᠭᠡ ᠲᠠᠯ᠎ᠠ᠎ᠪᠠᠷ ᠬᠤᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ ᠳᠤ ᠭᠡᠷᠡᠭᠯᠡᠬᠥ ᠭᠠᠵᠠᠷ ᠰᠢᠷᠤᠢ ᠳᠤᠲᠠᠭᠳᠠᠵᠤ ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠣᠷᠣᠨ ᠵᠠᠶ ᠬᠢᠵᠠᠭᠠᠷᠯᠠᠭ᠍ᠳᠠᠪᠠ ᠃
ᠲᠡᠭᠡᠪᠡᠯ ᠡᠨᠡ ᠬᠦ᠌ ᠠᠰᠠᠭᠤᠳᠠᠯ ᠢ᠋ ᠬᠡᠷᠬᠢᠨ ᠰᠢᠢᠳᠪᠦᠷᠢᠯᠡᠪᠡᠯ ᠵᠤᠬᠢᠬᠤ ᠪᠣᠢ?
ᠤᠯᠠᠭᠠᠨᠬᠠᠳᠠ ᠬᠤᠲᠠ ᠵᠢᠨ ᠯᠠᠪᠳᠠᠭᠤᠨ ᠵᠢᠡᠷ ᠠᠬᠢᠭᠤᠯᠵᠤ ᠪᠠᠢᠭ᠎ᠠ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ ᠪᠣᠯ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠥᠳᠡᠭᠡ ᠲᠣᠰᠭᠤᠨ᠎ᠤ ᠭᠠᠵᠠᠷ ᠱᠢᠷᠣᠶ᠎ᠶ᠋ᠢᠨ ᠡᠬᠢ ᠪᠠᠶᠠᠯᠢᠭ᠎ᠤᠨ ᠨᠦᠬᠡᠴᠡ ᠬᠦᠴᠦᠨ ᠢ ᠬᠥᠭ᠌ᠵᠢᠭᠡᠵᠦ᠍᠂ ᠡᠨᠡ ᠬᠦ᠌ ᠬᠦᠴᠢᠷ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠵᠦ ᠪᠠᠢᠭ᠎ᠠ ᠶᠠᠪᠤᠳᠠᠯ ᠪᠣᠯᠤᠨ᠎ᠠ᠃
2023 ᠣᠨ᠎ᠤ 3 ᠰᠠᠷ᠎ᠠ᠎ᠳᠤ᠂ ᠤᠯᠠᠭᠠᠨᠬᠠᠳᠠ ᠬᠤᠳᠠ ᠬᠤᠯᠪᠣᠭ᠍ᠳᠠᠯ ᠪᠦᠬᠦᠢ ᠱᠠᠭᠠᠷᠳᠠᠯᠭ᠎ᠠ ᠶᠣᠰᠣᠭᠠᠷ᠂ ᠶᠡᠷᠦᠩᠬᠡᠢ ᠬᠦᠭ ᠠᠶᠠᠰ ᠢ ᠯᠠᠪᠳᠠᠭᠤᠨ ᠪᠣᠯᠭᠤᠮᠵᠢᠲᠠᠢ ᠪᠦᠭᠡᠳ ᠣᠨᠣᠪᠴᠢᠲᠠᠢ ᠡᠵᠡᠮᠳᠡᠵᠦ᠍᠂ ᠨᠢᠭᠡᠳᠦᠯᠲᠡᠢ ᠲᠥᠯᠥᠪᠵᠢᠭᠦᠯᠦᠨ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠲᠦᠷᠢᠮ ᠤᠨ ᠪᠠᠲᠤᠯᠠᠭ᠎ᠠ᠎ᠶ᠋ᠢ ᠴᠢᠩᠭᠠᠳᠭᠠᠨ᠂ ᠣᠩᠨᠢᠭᠤᠳ ᠬᠤᠱᠢᠭᠤᠨ᠎ᠤ ᠲᠤᠷᠱᠢᠯᠲᠠ᠎ᠶ᠋ᠢᠨ ᠴᠡᠭ᠎ᠲᠤ ᠬᠥᠳᠡᠭᠡ ᠲᠣᠰᠭᠤᠨ ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠢ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠪᠣᠯᠤᠨ ᠤᠯᠤᠰ᠎ᠤᠨ ᠥᠮᠴᠢᠯᠡᠯ᠎ᠤᠨ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠠᠳᠠᠯᠢ ᠡᠷᠬᠡ᠎ᠲᠠᠢ᠂ ᠠᠳᠠᠯᠢ ᠦᠨ᠎ᠡ᠎ᠲᠠᠢ᠂ ᠠᠳᠠᠯᠢ ᠲᠡᠭ᠌ᠰᠢ᠎ᠪᠠᠷ ᠵᠠᠬ᠎ᠠ ᠳᠡᠯᠭᠡᠭᠦᠷ᠎ᠲᠤ ᠣᠷᠣᠬᠤ᠎ᠶ᠋ᠢ ᠠᠬᠢᠭᠤᠯᠬᠤ ᠲᠤᠷᠱᠢᠯᠲᠠ ᠬᠢᠪᠡ᠃ ᠵᠢᠯ ᠭᠠᠷᠤᠶ᠎ᠶ᠋ᠢᠨ ᠲᠤᠷᠰᠢ᠂ 《ᠲᠠᠷᠢᠶᠠᠨ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ》 ᠥᠭᠡᠷᠡᠴᠢᠯᠡᠯᠲᠡ ᠪᠡᠷ ᠳᠠᠮᠵᠢᠨ᠂ ᠵᠠᠰᠠᠭ᠎ᠤᠨ ᠣᠷᠳᠣᠨ᠂ ᠠᠵᠤ ᠠᠬᠤᠢᠯᠠᠯ ᠂ ᠲᠣᠰᠭᠤᠨ᠎ᠤ ᠬᠠᠮᠲᠤ ᠨᠡᠢᠲᠡ᠂ ᠲᠣᠰᠭᠤᠨ᠎ᠤ ᠠᠷᠠᠳ ᠴᠥᠮ ᠠᠱᠢᠭ ᠬᠦᠷᠲᠡᠭ᠌ᠴᠢ ᠪᠣᠯᠤᠭ᠍ᠰᠠᠨ ᠪᠠᠢᠨ᠎ᠠ᠃
ᠡᠯᠪᠡᠭ ᠬᠤᠷᠢᠶᠠᠯᠲᠠ ᠵᠢᠨ ᠪᠠᠶᠠᠨ ᠨᠠᠮᠤᠷ ᠲᠸ᠋᠂ ᠣᠩᠨᠢᠭᠤᠳᠨᠤᠲᠤᠭ ᠲᠤ᠌ ᠭᠤᠸ᠎ᠠ ᠵᠢᠮᠢᠰ᠎ᠤᠨ ᠠᠩᠭᠢᠯᠤᠮ᠎ᠠ ᠦᠨᠦᠷ ᠬᠠᠩᠬᠤᠯᠤᠨ᠂ ᠬᠠᠳᠤᠯᠠᠩ ᠪᠡᠯᠴᠢᠭᠡᠷ ᠰᠠᠯᠬᠢᠨ᠎ᠤ ᠠᠶ᠎ᠠ ᠪᠡᠷ ᠬᠠᠯᠢᠭᠤᠷᠠᠵᠤ᠂ ᠲᠠᠪᠤᠨ ᠲᠠᠷᠢᠶ᠎ᠠ ᠲᠤᠯᠤᠭᠠᠢ ᠪᠠᠨ ᠳᠠᠭᠠᠭᠠᠵᠤ ᠶᠠᠳᠠᠨ ᠨᠠᠬᠢᠯᠵᠠᠨ᠎ᠠ᠃ ᠤᠡᠭᠨᠢᠭᠤᠳ ᠬᠤᠰᠢᠭᠤᠨ᠎ᠤ᠋ ᠭᠤᠸᠠᠩ ᠳᠧ ᠬᠦᠩ ᠪᠠᠯᠭᠠᠰᠤᠨ᠎ᠤ᠋ ᠴᠠᠩ ᠬᠠᠨ ᠢᠳᠡᠰᠢᠨ ᠨᠣᠭᠣᠭ᠎ᠠ ᠪᠣᠯᠪᠠᠰᠤᠷᠠᠭᠤᠯᠬᠤ ᠦᠢᠯᠡᠳᠪᠦᠷᠢ᠎ᠶᠢᠨ ᠳᠠᠷᠤᠭ᠎ᠠ ᠷᠧᠨ ᠰᠢᠦᠸᠠᠢ ᠴᠢᠶᠠᠨ ᠦᠷᠯᠦᠭᠡ ᠡᠷᠲᠡ ᠮᠠ ᠵᠢᠶᠠ ᠶᠢᠩᠽᠢ ᠲᠣᠰᠭᠣᠨ᠎ᠳ᠋ᠤ ᠬᠦᠷᠴᠦ᠍᠂ ᠤᠳᠠᠯ ᠦᠭᠡᠢ ᠦᠢᠯᠡᠳᠪᠦᠷᠢ ᠪᠠᠢᠭᠤᠯᠬᠤ᠎ᠳᠤ ᠬᠡᠷᠡᠭ᠌ᠯᠡᠬᠦ᠌ ᠭᠠᠵᠠᠷ᠎ᠢ᠋ ᠪᠠᠢᠴᠠᠭᠠᠨ ᠦᠵᠡᠵᠦ ᠪᠠᠢᠯ᠎ᠠ᠃
《ᠡᠨᠳᠡ ᠤᠤᠯ ᠨᠢ ᠰᠤᠷᠭᠠᠭᠤᠯᠢ ᠪᠠ ᠲᠣᠰᠭᠤᠨ᠎ᠤ ᠠᠷᠠᠳ᠎ᠤᠨ ᠵᠥᠪᠯᠡᠯ ᠪᠠᠢᠵᠠᠢ᠂ ᠲᠠᠷᠢᠶᠠᠨ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠤᠭ᠍ᠰᠠᠨ᠎ᠤ ᠳᠠᠷᠠᠭ᠎ᠠ᠂ ᠮᠠ ᠵᠢᠶᠠ ᠶᠢᠩᠽᠢ ᠲᠣᠰᠭᠤᠨ ᠲᠣᠰᠭᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢᠶᠠᠷ ᠪᠠᠲᠤᠯᠠᠭᠤᠯᠵᠤ᠂ ᠨᠠᠳᠠ᠎ᠳᠤ ᠲᠦᠷᠢᠶᠡᠰᠦᠯᠡᠵᠦ ᠦᠭᠬᠦ᠎ᠪᠠᠷ ᠲᠣᠭ᠍ᠲᠠᠪᠠ᠃ ᠡᠨᠡ ᠬᠡᠰᠡᠭ ᠭᠠᠵᠠᠷ 4894.5 ᠲᠡᠭ᠌ᠰᠢ ᠳᠥᠷᠪᠡᠯᠵᠢᠨ ᠮᠧᠲ᠋ᠷ ᠪᠠᠢᠵᠤ᠂ 7 ᠲᠦᠮᠡ ᠭᠠᠷᠤᠶ ᠲᠦᠭᠦᠷᠢᠭ ᠵᠢᠡᠷ 5 ᠵᠢᠯ ᠵᠢᠡᠷ ᠲᠦᠷᠢᠶᠡᠰᠦᠯᠡᠵᠠᠢ 》 ᠬᠡᠵᠤ ᠷᠧᠨ ᠰᠢᠦᠸᠠᠢ ᠴᠢᠶᠠᠨ ᠪᠠᠶᠠᠷᠯᠠᠵᠤ ᠪᠠᠢᠯ᠎ᠠ᠃
ᠮᠠ ᠵᠢᠶᠠ ᠶᠢᠩᠽᠢ ᠲᠣᠰᠭᠤᠨ ᠡᠨᠡ ᠬᠦ᠌ ᠬᠠᠶᠠᠭ᠍ᠳᠠᠮᠠᠯ ᠭᠠᠵᠠᠷ᠎ᠢ ᠲᠠᠬᠢᠨ ᠠᠰᠢᠭᠯᠠᠯᠳᠠ ᠳ᠋ᠤ ᠤᠷᠤᠭᠤᠯᠤᠭᠰᠠᠨ᠎ᠨᠢ ᠬᠥᠳᠡᠭᠡ ᠲᠣᠰᠭᠤᠨ᠎ᠤ ᠠᠵᠤ ᠠᠬᠤᠢᠯᠠᠯ᠎ᠳᠤ 《ᠭᠠᠵᠠᠷ ᠬᠡᠷᠡᠭ᠌ᠯᠡᠬᠦ᠌᠎ᠳᠤ ᠬᠦᠴᠢᠷ》᠂ 《ᠭᠠᠵᠠᠷ ᠬᠡᠷᠡᠭ᠌ᠯᠡᠬᠦ᠌᠎ᠳᠤ ᠦᠨᠡᠲᠡᠢ》 ᠪᠠᠢᠬᠤ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠠᠷ ᠪᠠᠷᠠᠬᠤ ᠥᠬᠡᠶ ᠪᠠᠰᠠ ᠲᠣᠰᠭᠤᠨ᠎ᠤ ᠬᠠᠮᠲᠤ ᠨᠡᠢᠲᠡ ᠳᠤ ᠴᠤ᠌ ᠪᠠᠷᠤᠭ 6 ᠲᠦᠮᠡᠨ ᠲᠥᠭᠦᠷᠢᠭ᠎ᠤᠨ ᠴᠡᠪᠡᠷ ᠣᠷᠣᠯᠭ᠎ᠠ ᠤᠯᠭᠤᠭᠰᠠᠨ ᠪᠠᠢᠨ᠎ᠠ᠃ ᠲᠣᠰᠭᠤᠨ᠎ᠤ ᠨᠠᠮ᠎ᠤᠨ ᠡᠭᠦᠷ᠎ᠤᠨ ᠱᠦᠵᠢ ᠸᠠᠩ ᠶᠦᠩ ᠴᠢᠶᠠᠩ᠄ 《ᠵᠠᠬ᠎ᠠ ᠳᠡᠯᠭᠡᠭᠦᠷ᠎ᠲᠤ ᠤᠷᠤᠭᠤᠯᠬᠤ ᠡᠴᠡ ᠡᠮᠦᠨ᠎ᠡ᠂ ᠲᠤᠰᠬᠤᠨ᠎ᠤ ᠬᠠᠮᠲᠤ᠎ᠶ᠋ᠢᠨ ᠥᠮᠴᠢᠯᠡᠯ᠎ᠤᠨ ᠡᠵᠡᠩᠨᠡᠯᠲᠡ᠎ᠶ᠋ᠢᠨ ᠴᠢᠨᠠᠷᠲᠠᠢ ᠬᠡᠷᠡᠭ᠌ᠯᠡᠬᠦ᠌ ᠭᠠᠵᠠᠷ᠎ᠢ ᠵᠦᠪᠬᠡᠨ ᠲᠤᠰ ᠲᠣᠰᠭᠤᠨ᠎ᠤ ᠲᠠᠷᠢᠶᠠᠴᠢᠳ ᠬᠡᠷᠡᠭᠯᠡᠵᠦ ᠪᠤᠯᠤᠨ᠎ᠠ᠂ ᠵᠠᠬ᠎ᠠ ᠳᠡᠯᠭᠡᠭᠦᠷ᠎ᠲᠤ ᠣᠷᠣᠭᠤᠯᠤᠭᠠᠳ ᠠᠷᠠᠯᠵᠢᠶᠠᠯᠠᠵᠤ ᠪᠣᠯᠬᠤ ᠦᠭᠡᠢ᠃ ᠣᠳᠣ ᠶᠠᠮᠠᠷᠪᠠ ᠺᠣᠮᠫᠠᠨᠢ᠂ ᠠᠵᠤ ᠠᠬᠤᠢᠯᠠᠯ᠂ ᠬᠤᠪᠢ ᠬᠥᠮᠦᠨ ᠪᠦᠷ ᠬᠠᠤᠯᠢ ᠶᠣᠰᠣᠭᠠᠷ ᠬᠡᠷᠡᠭ᠌ᠯᠡᠬᠦ᠌ ᠡᠷᠬᠡ ᠣᠯᠵᠤ ᠪᠣᠯᠤᠨ᠎ᠠ》 ᠭᠡᠵᠦ ᠲᠨᠨᠢᠯᠴᠠᠭᠤᠯᠤᠭᠰᠠᠨ ᠪᠠᠢᠨ᠎ᠠ᠃
ᠣᠢᠯᠠᠭᠠᠭ᠍ᠰᠠᠨ᠎ᠢᠶᠠᠷ᠂ 《ᠵᠠᠬ᠎ᠠ ᠳᠡᠯᠭᠡᠭᠦᠷ᠎ᠲᠤ ᠣᠷᠣᠭᠤᠯᠬᠤ》 ᠭᠠᠵᠠᠷ ᠰᠢᠷᠤᠢ ᠭᠡᠳᠡᠭ᠎ᠨᠢ ᠣᠷᠣᠨ ᠰᠠᠭᠤᠴᠠ᠎ᠶ᠋ᠢᠨ ᠰᠠᠭᠤᠷᠢ ᠭᠠᠵᠠᠷ ᠪᠢᠰᠢ᠂ ᠲᠣᠰᠭᠤᠨ᠎ᠤ ᠰᠣᠶᠣᠯ᠎ᠤᠨ ᠠᠭᠤᠳᠠᠮ ᠲᠠᠯᠠᠪᠠᠶ ᠵᠡᠷᠭᠡ ᠣᠯᠠᠨ ᠨᠡᠢᠲᠡ᠎ᠶ᠋ᠢᠨ ᠦᠢᠯᠡᠴᠢᠯᠡᠭᠡ᠎ᠳᠤ ᠬᠡᠷᠡᠭ᠌ᠯᠡᠬᠦ᠌ ᠭᠠᠵᠠᠷ ᠴᠤ᠌ ᠪᠢᠰᠢ᠂ ᠨᠠᠩ ᠴᠤ᠌ ᠲᠠᠷᠢᠶᠠᠨ ᠭᠠᠵᠠᠷ ᠪᠢᠰᠢ᠂ ᠬᠠᠷᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠴᠢᠨᠠᠷᠲᠠᠶ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠮᠥᠨ᠂ ᠵᠢᠱ᠌ᠢᠶᠡᠯᠡᠪᠡᠯ ᠥᠩᠭᠡᠷᠡᠭ᠌ᠰᠡᠨ᠎ᠤ ᠱᠢᠶᠠᠩ ᠪᠠᠯᠭᠠᠰᠤᠨ᠎ᠤ ᠠᠵᠤ ᠠᠬᠤᠢᠯᠠᠯ ᠪᠠ ᠠᠷᠠᠯᠵᠢᠶᠠᠴᠢᠨ ᠤᠷᠢᠵᠤ ᠪᠠᠯᠠ ᠴᠤᠭᠯᠠᠭᠤᠯᠬᠤ᠎ᠳᠤ ᠬᠡᠷᠡᠭ᠌ᠯᠡᠬᠦ᠌ ᠭᠠᠵᠠᠷ ᠵᠡᠷᠭᠡ ᠪᠣᠯᠤᠨ᠎ᠠ᠃
ᠪᠥᠬᠦ᠌ ᠤᠯᠤᠰ᠎ᠤᠨ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠱᠢᠯᠲᠠ᠎ᠶ᠋ᠢᠨ ᠴᠡᠭ ᠤ᠋ᠨ ᠬᠤᠱᠢᠭᠤ ᠱᠢᠶᠠᠨ ᠪᠣᠯᠤᠭ᠍ᠰᠠᠨ᠎ᠤ ᠬᠤᠪᠢ᠎ᠳᠤ᠂ ᠣᠩᠨᠢᠭᠤᠳ ᠬᠤᠱᠢᠭᠤ ᠲᠣᠰ ᠠᠵᠢᠯ᠎ᠢ ᠭᠤᠤᠯᠳᠠᠯᠭ᠎ᠠ᠎ᠲᠠᠢ ᠠᠵᠢᠯ᠎ᠤᠨ ᠨᠠᠷᠢᠨ ᠲᠠᠩᠰᠠᠨ᠎ᠳᠤ ᠣᠷᠣᠭᠤᠯᠵᠤ᠂ 《ᠬᠡᠨ ᠵᠠᠬ᠎ᠠ ᠳᠡᠯᠭᠡᠭᠦᠷ᠎ᠲᠤ ᠣᠷᠣᠭᠤᠯᠬᠤ᠂ ᠶᠠᠮᠠᠷ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ᠂ ᠬᠡᠷᠬᠢᠨ ᠵᠠᠬ᠎ᠠ ᠳᠡᠯᠭᠡᠭᠦᠷ᠎ᠲᠤ ᠣᠷᠣᠭᠤᠯᠬᠤ᠂ ᠵᠣᠭᠤᠰ᠎ᠢ ᠬᠡᠷᠬᠢᠨ ᠬᠤᠪᠢᠶᠠᠬᠤ》ᠵᠡᠷᠭᠡ ᠳᠥᠷᠪᠡᠨ ᠭᠤᠤᠯ ᠠᠰᠠᠭᠤᠳᠠᠯ᠎ᠤᠨ ᠲᠣᠭᠤᠷᠢᠨ᠎ᠳᠤ ᠣᠯᠠᠨ ᠡᠭᠡᠯᠵᠢ᠎ᠶ᠋ᠢᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠵᠠᠬ᠎ᠠ ᠳᠡᠯᠭᠡᠭᠦᠷ᠎ᠲᠤ ᠣᠷᠣᠭᠤᠯᠬᠤ ᠬᠡᠪᠴᠢᠶ᠎ᠡ᠂ ᠨᠥᠬᠦᠴᠡᠯ᠂ ᠠᠷᠭ᠎ᠠ ᠬᠡᠯᠪᠡᠷᠢ᠂ ᠲᠠᠰ ᠳᠠᠷᠠᠭᠠᠯᠠᠯ᠂ ᠠᠱᠢᠭ ᠣᠷᠣᠯᠭ᠎ᠠ᠎ᠶ᠋ᠢᠨ ᠬᠠᠮᠢᠶᠠᠷᠤᠯᠲᠠ᠂ ᠠᠱᠢᠭ᠍ᠯᠠᠯᠲᠠ᠎ᠶ᠋ᠢᠨ ᠬᠢᠨᠠᠯᠲᠠ ᠬᠠᠮᠢᠶᠠᠷᠤᠯᠲᠠ ᠵᠡᠷᠭᠡ᠎ᠶ᠋ᠢ ᠨᠢᠭᠡᠳ ᠨᠢᠭᠡ᠎ᠪᠠᠷ ᠨᠠᠷᠢᠯᠢᠬ᠍ᠵᠢᠭᠤᠯᠪᠠ᠃
ᠡᠭᠦᠨ᠎ᠤ ᠬᠠᠮᠲᠤ ᠣᠩᠨᠢᠭᠤᠳ ᠬᠤᠱᠢᠭᠤ 《ᠭᠤᠷᠪᠠᠨ ᠠᠯᠬᠤᠮᠬᠤᠪᠢᠶᠠᠵᠦ ᠶᠠᠪᠤᠬᠤ》ᠪᠣᠭᠤᠮᠲᠠ ᠱᠢᠪᠲᠤᠯᠬᠤ ᠪᠠᠢᠯᠳᠤᠬᠤ ᠪᠣᠳᠣᠯᠭ᠎ᠠ᠎ᠶ᠋ᠢ ᠳᠤᠷᠠᠳᠪᠠ᠃ ᠨᠢᠭᠡᠳᠦᠭᠡᠷ ᠠᠯᠬᠤᠮ᠎ᠳᠤ᠂《ᠣᠯᠠᠨ ᠲᠥᠯᠥᠪᠵᠢᠭᠦᠯᠭᠡ᠎ᠶ᠋ᠢ ᠨᠢᠭᠡᠳᠭᠡᠭ᠌ᠰᠡᠨ》 ᠬᠡᠷᠡᠭ᠌ᠯᠡᠭᠡᠨ᠎ᠤ ᠴᠢᠨᠠᠷᠲᠠᠶ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢᠨ ᠱᠢᠨᠵᠢ ᠴᠢᠨᠠᠷ᠂ ᠨᠡᠭᠡᠭᠡᠨ ᠠᠱᠢᠭ᠍ᠯᠠᠬᠤ ᠡᠷᠴᠢᠮ ᠵᠡᠷᠭᠡ ᠲᠥᠯᠥᠪᠵᠢᠭᠦᠯᠭᠡ᠎ᠶ᠋ᠢᠨ ᠭᠦᠢᠴᠡᠳᠭᠡᠯ ᠲᠤᠭ᠎ᠠ᠎ᠶ᠋ᠢ ᠲᠣᠳᠣᠷᠬᠠᠢᠯᠠᠨ᠎ᠠ; ᠬᠤᠶᠠᠳᠤᠭᠠᠷ ᠠᠯᠬᠤᠮ᠎ᠳᠤ᠂ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢᠨ ᠪᠠᠢᠳᠠᠯ᠎ᠢ ᠣᠢᠯᠠᠭᠠᠬᠤ᠂ ᠬᠥᠳᠡᠭᠡ ᠲᠣᠰᠭᠤᠨ᠎ᠤ ᠬᠠᠮᠲᠤ᠎ᠶ᠋ᠢᠨ ᠭᠠᠵᠠᠷ ᠱᠢᠷᠣᠶ᠎ᠶ᠋ᠢᠨ ᠥᠮᠴᠢᠯᠡᠯ᠎ᠤᠨ ᠡᠷᠬᠡ᠎ᠶ᠋ᠢᠨ ᠨᠤᠲᠠᠯᠠᠨ ᠲᠣᠭ᠍ᠲᠠᠭᠠᠵᠤ ᠳᠠᠩᠰᠠᠯᠠᠨ ᠱᠢᠨᠡᠳᠭᠡᠬᠦ᠌ ᠠᠵᠢᠯ᠎ᠢ ᠥᠷᠨᠢᠭᠦᠯᠦᠨ᠎ᠡ; ᠭᠤᠷᠪᠠᠳᠤᠭᠠᠷ ᠠᠯᠬᠤᠮ᠎ᠳᠤ᠂ ᠲᠠᠷᠢᠶᠠᠯᠠᠬᠤ ᠣᠷᠣᠨ᠎ᠤ ᠰᠤᠯᠠ ᠲᠠᠯᠪᠢᠭᠳᠠᠵᠤ ᠪᠠᠢᠭ᠎ᠠ ᠵᠢᠴᠢ ᠠᠱᠢᠭ᠍ᠯᠠᠭ᠍ᠰᠠᠨ ᠦᠷ᠎ᠡ ᠪᠦᠲᠦᠮᠵᠢᠲᠡᠶ ᠨᠢ ᠠᠨᠠᠢ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠬᠠᠮᠲᠤ᠎ᠶ᠋ᠢᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢ ᠤᠷᠢᠳ ᠵᠢᠡᠷ ᠰᠣᠩᠭᠤᠨ ᠵᠠᠬ᠎ᠠ ᠳᠡᠯᠭᠡᠭᠦᠷ᠎ᠲᠤ ᠣᠷᠣᠭᠤᠯᠬᠤ ᠲᠦᠷᠦᠭᠦᠤ ᠪᠦᠯᠦᠭ᠎ᠤᠨ ᠭᠠᠵᠠᠷ ᠱᠢᠷᠣᠶᠪᠤᠯᠭᠠᠨ ᠲᠠᠬᠢᠨ ᠠᠰᠢᠭᠯᠠᠨ᠎ᠠ᠃
《ᠭᠤᠷᠪᠠᠨ ᠠᠯᠬᠤᠮ》᠎ᠢ᠋ ᠯᠠᠪᠳᠠᠭᠤᠨ ᠪᠥᠭᠡᠳ ᠬᠦᠴᠦᠲᠡᠶ ᠠᠯᠬᠤᠬᠰᠠᠨ ᠡᠴᠡ ᠣᠩᠨᠢᠭᠤᠳ ᠬᠤᠱᠢᠭᠤᠨ᠎ᠤ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢᠨ ᠵᠠᠬ᠎ᠠ ᠳᠡᠯᠭᠡᠭᠦᠷ᠎ᠲᠤ ᠤᠷᠤᠭᠤᠯᠬᠤ ᠲᠤᠷᠱᠢᠯᠲᠠ᠎ᠶ᠋ᠢᠨ ᠴᠡᠭ ᠤ᠋ᠨ ᠠᠵᠢᠯ᠎ᠤᠨ ᠠᠬᠢᠴᠡ ᠨᠢ ᠲᠦᠷᠭᠡᠨ ᠪᠤᠯᠵᠠᠢ᠃ 2023 ᠣᠨ᠎ᠤ 10 ᠰᠠᠷ᠎ᠠ᠎ᠶ᠋ᠢᠨ 16᠎ᠤ᠋ ᠡᠳᠦᠷ᠂ ᠴᠢᠶᠤᠤ ᠲᠸᠤ ᠪᠠᠯᠭᠠᠰᠤᠨ᠎ᠤ ᠳ᠋ᠦ᠋ ᠵᠢᠶᠠ ᠳ᠋ᠢ ᠲᠣᠰᠭᠤᠨ 456.7 ᠲᠡᠭ᠌ᠰᠢ ᠳᠥᠷᠪᠡᠯᠵᠢᠨ ᠮᠧᠲᠷ᠎ᠤᠨ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢ 6.11 ᠲᠦᠮᠡᠨ ᠲᠥᠭᠦᠷᠢᠭ᠎ᠤᠨ ᠦᠨ᠎ᠡ᠎ᠪᠠᠷ ᠶᠤᠸᠠᠨ ᠱᠠᠡᠭ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ ᠳ᠋ᠤ ᠰᠢᠯᠵᠢᠬᠦᠯᠦᠨ ᠦᠭᠴᠦ᠂ ᠰᠢᠯᠵᠢᠬᠦᠯᠦᠨ ᠥᠭ᠌ᠭᠦᠭ᠌ᠰᠡᠨ ᠴᠠᠭ ᠬᠤᠭᠤᠴᠠᠭ᠎ᠠ᠎ᠨᠢ 40 ᠵᠢᠯ ᠪᠠᠢᠵᠤ ᠂ ᠠᠩᠬ᠎ᠠ ᠤᠳᠠᠭ᠎ᠠ ᠬᠥᠳᠡᠭᠡ ᠲᠣᠰᠭᠤᠨ᠎ᠤ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠵᠤ ᠠᠷᠠᠯᠵᠢᠶᠠᠯᠠᠬᠰᠠᠨ ᠪᠠᠢᠨ᠎ᠠ᠃ 2023 ᠣᠨ᠎ᠤ 12 ᠰᠠᠷ᠎ᠠ᠎ᠳᠤ᠂ ᠭᠤᠸᠠᠡᠭ ᠳ᠋ᠸ ᠭᠦᠩ ᠪᠠᠯᠭᠠᠰᠤᠨ᠎ᠤ ᠮᠠ ᠵᠢᠶᠠ ᠶᠢᠩᠽᠢ ᠲᠣᠰᠭᠤᠨ᠎ᠤ 1 ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠢ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠠᠮᠵᠢᠯᠲᠠ᠎ᠲᠠᠢ᠎ᠪᠠᠷ ᠵᠠᠬ᠎ᠠ ᠳᠡᠯᠭᠡᠭᠦᠷ᠎ᠲᠤ ᠣᠷᠣᠪᠠ᠃ 2024 ᠤᠨ᠎ᠤ 9 ᠰᠠᠷ᠎ᠠ ᠵᠢᠨ 11᠎ᠤ᠋ ᠡᠳᠦᠷ ᠂ ᠮᠤᠤ ᠱᠠᠨ ᠳ᠋ᠦᠩ ᠰᠢᠶᠠᠩ᠎ᠤᠨ ᠬᠠᠷᠠᠠᠤᠰᠤ ᠲᠤᠰᠬᠤᠨ᠎ᠤ 4666.69 ᠲᠡᠭᠰᠢ ᠳᠦᠷᠪᠡᠯᠵᠢᠨ ᠮᠸᠲᠷ᠎ᠤᠨ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠢ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠵᠢ ᠫᠠᠢᠰᠠ ᠡᠯᠭᠦᠨ ᠬᠤᠳᠠᠯᠳᠤᠬᠤ ᠪᠡᠷ ᠳᠠᠮᠵᠢᠨ ᠠᠮᠵᠢᠯᠲᠠ᠎ᠲᠠᠢ ᠪᠡᠷ ᠵᠠᠬ᠎ᠠ ᠳᠡᠯᠭᠡᠭᠦᠷ ᠲᠤ᠌ ᠤᠷᠤᠭᠤᠯᠪᠠ ᠁
《ᠣᠳᠣᠪᠢᠳᠡ ᠨᠡᠢᠲᠡ 142 ᠬᠡᠷᠡᠭ᠌ᠯᠡᠭᠡᠨ᠎ᠤ ᠴᠢᠨᠠᠷᠲᠠᠶ ᠠᠢᠯ ᠲᠣᠰᠭᠤᠨ᠎ᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠭᠠᠳ ᠪᠦᠬᠦᠨ᠎ᠢ ᠬᠢᠨᠠᠨ ᠵᠥᠪᠱᠢᠶᠡᠷᠡᠵᠠᠢ᠂ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ 2.5 ᠲᠦᠮᠡᠨ ᠮᠥ᠍ ᠪᠤᠢ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠵᠢ 1.5 ᠲᠦᠮᠡᠨ ᠮᠤ᠌ᠤᠢᠯᠠᠭᠠᠨ ᠵᠢᠭ᠍ᠰᠠᠭᠠᠵᠤ᠂ ᠬᠠᠮᠲᠤ᠎ᠶ᠋ᠢᠨ ᠭᠠᠵᠠᠷ ᠱᠢᠷᠣᠶ᠎ᠶ᠋ᠢᠨ ᠥᠮᠴᠢᠯᠡᠯ᠎ᠤᠨ ᠡᠷᠬᠡ᠎ᠶ᠋ᠢᠨ ᠦᠨᠡᠮᠯᠡᠯ᠎ᠢ 1420 ᠬᠤᠪᠢ ᠲᠠᠷᠬᠠᠭᠠᠵᠤ᠂ ᠭᠠᠵᠠᠷ ᠰᠢᠷᠤᠢ ᠵᠢᠨ ᠬᠡᠷᠡᠭ᠌ᠯᠡᠬᠦ᠌ ᠡᠷᠬᠡ᠎ᠶ᠋ᠢᠨ ᠦᠨᠡᠮᠯᠡᠯ᠎ᠢ 1251 ᠬᠤᠪᠢ ᠭᠦᠢᠴᠡᠳᠭᠡᠵᠠᠢ》 ᠬᠡᠵᠤ ᠤᠡᠭᠨᠢᠭᠤᠳ ᠬᠤᠰᠢᠭᠤᠨ᠎ᠤ᠋ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠵᠢᠨ ᠳᠡᠳ᠋ ᠳᠠᠷᠤᠭ᠎ᠠ ᠰᠦᠢ ᠵᠠᠨ ᠯᠦᠩ ᠲᠠᠨᠢᠯᠴᠠᠭᠤᠯᠪᠠ᠃
ᠵᠢᠯ ᠭᠠᠷᠤᠢ ᠵᠢᠨ ᠬᠤᠭᠤᠴᠠᠭᠠᠨ ᠳ᠋ᠤ᠂ ᠣᠩᠨᠢᠭᠤᠳ ᠬᠤᠱᠢᠭᠤ ᠨᠡᠢᠲᠡ 3 ᠬᠡᠰᠡᠭ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢ ᠵᠠᠬ᠎ᠠ ᠳᠡᠯᠭᠡᠬᠦᠷ ᠲᠤ᠌ ᠤᠷᠤᠭᠤᠯᠵᠤ᠂ ᠲᠠᠯᠠᠪᠠᠶ ᠨᠢ 10017.31 ᠲᠡᠭ᠌ᠰᠢ ᠳᠥᠷᠪᠡᠯᠵᠢᠨ ᠮᠧᠲᠷ ᠲᠦ᠍ ᠬᠦᠷᠴᠦ᠂ ᠲᠣᠰᠭᠤᠨ᠎ᠤ ᠬᠠᠮᠲᠤ᠎ᠶ᠋ᠢᠨ ᠣᠷᠣᠯᠭ᠎ᠠ᠎ᠶ᠋ᠢ 59.4993 ᠲᠦᠮᠡᠨ ᠲᠥᠭᠦᠷᠢᠭ ᠨᠡᠮᠡᠭ᠌ᠳᠡᠭᠦᠯᠵᠦ᠍᠂ ᠭᠠᠵᠠᠷ ᠱᠢᠷᠣᠶ᠎ᠶ᠋ᠢᠨ ᠥᠷᠲᠡᠭ᠎ᠤᠨ ᠨᠡᠮᠡᠭ᠌ᠳᠡᠯ᠎ᠤᠨ ᠠᠱᠢᠭ ᠣᠷᠣᠯᠭ᠎ᠠ᠎ᠶ᠋ᠢ ᠲᠣᠬᠢᠷᠠᠭᠤᠯᠬᠤ ᠮᠥᠩᠭᠦ᠌ ᠵᠢ 35.7044 ᠲᠦᠮᠡᠨ ᠲᠥᠭᠦᠷᠢᠭ ᠬᠤᠷᠢᠶᠠᠵᠤ᠂ ᠲᠤᠷᠱᠢᠯᠲᠠ᠎ᠶ᠋ᠢᠨ ᠠᠵᠢᠯ ᠱᠠᠲᠤ ᠦᠶ᠎ᠡ᠎ᠶ᠋ᠢᠨ ᠴᠢᠨᠠᠷᠲᠠᠶ ᠠᠬᠢᠴᠠ᠎ᠲᠠᠢ ᠪᠣᠯᠪᠠ᠃
ᠡᠨᠡ ᠵᠢᠯ᠎ᠤᠨ 4 ᠰᠠᠷ᠎ᠠ᠎ᠶ᠋ᠢᠨ 29 ᠤ᠋ ᠡᠳᠦᠷ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ 《ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠰᠢᠷᠤᠢ ᠵᠢ ᠵᠠᠬ᠎ᠠ ᠲᠡᠯᠬᠡᠬᠦᠷ ᠲᠤ᠌ ᠣᠷᠣᠭᠤᠯᠬᠤ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠨᠡᠷᠡᠰ》᠎ᠢ᠋ ᠨᠡᠢᠲᠡᠯᠠᠪᠠ᠂ ᠡᠭᠦᠨ᠎ᠳᠤ ᠣᠩᠨᠢᠭᠤᠳ ᠬᠤᠱᠢᠭᠤᠥᠪᠥᠷ ᠮᠣᠩᠭᠤᠯ᠎ᠤᠨ ᠴᠣᠷᠢ ᠵᠢᠨ ᠭᠠᠭ᠍ᠴᠠ ᠰᠣᠩᠭᠤᠭ᠍ᠳᠠᠭ᠍ᠰᠠᠨ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ ᠪᠣᠯᠪᠠ᠃ ᠡᠨᠡ᠎ᠨᠢ ᠤᠯᠠᠭᠠᠨᠬᠠᠳᠠ ᠬᠤᠲᠠ᠎ᠶ᠋ᠢᠨ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠵᠢ ᠵᠠᠬ᠎ᠠ ᠳᠡᠯᠭᠡᠭᠦᠷ᠎ᠲᠤ ᠣᠷᠣᠭᠤᠯᠬᠤ᠎ᠶ᠋ᠢ ᠦᠷᠭᠦᠯᠵᠢᠯᠡᠨ ᠠᠬᠢᠭᠤᠯᠵᠤ᠂ 《ᠪᠥᠬᠦ᠌ ᠤᠯᠤᠰ᠎ᠤᠨ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ ᠵᠢ ᠵᠠᠬ᠎ᠠ ᠳᠡᠯᠭᠡᠭᠦᠷ᠎ᠲᠤ ᠣᠷᠣᠭᠤᠯᠬᠤ》 ᠵᠠᠭ᠍ᠪᠤᠷ᠎ᠢ ᠲᠡᠯᠭᠡᠷᠡᠬᠦᠯᠵᠦ ᠲᠡᠭᠦᠯᠳᠡᠷᠵᠢᠬᠦᠯᠬᠦ ᠢᠲᠡᠭᠡᠯ ᠵᠣᠷᠢᠭ᠎ᠢ ᠤᠯᠠᠮ ᠪᠠᠲᠤᠳᠬᠠᠬᠰᠠᠨ ᠪᠠᠢᠨ᠎ᠠ᠃