ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠥᠷᠨᠢᠭᠦᠯᠪᠡ
2024-10-17 11:28:33
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠬᠥᠬᠡᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠲᠤᠷᠠᠨ ᠡᠷᠭᠢᠯᠡᠭ᠌ᠰᠡᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠎ᠦ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠵᠢᠴᠢ 《ᠠᠨᠠᠷ ᠤ᠋ᠨ ᠬᠡᠯᠬᠢᠶ᠎ᠠ》 ᠬᠥᠬᠡᠬᠣᠲᠠ᠎ᠶ᠋ᠢᠨ ᠲᠣᠭ᠍ᠲᠠᠬᠤ ᠱᠢᠶᠠᠨ᠎ᠳᠡᠬᠢ ᠠᠵᠢᠯᠯᠠᠭ᠎ᠠ ᠶᠠᠪᠤᠬᠳᠠᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠯᠢ ᠢ ᡁᠢ᠎ᠶ᠋ᠢ ᠤᠷᠢᠵᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠳᠠ ᠬᠢᠵᠦ᠂ ᠲᠣᠭ᠍ᠲᠠᠬᠤ ᠱᠢᠶᠠᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠭᠡᠱᠢᠭᠦᠨ ᠨᠢᠭᠡᠴᠶ᠎ᠶ᠋ᠢᠨ ᠠᠵᠢᠯᠲᠠᠨ᠎ᠤ ᠲᠥᠯᠥᠭᠡᠯᠡᠭ᠌ᠴᠢ᠂ ᠨᠡᠢᠭᠡᠮ ᠲᠣᠭᠣᠷᠢᠭ᠎ᠤᠨ ᠠᠵᠢᠯᠲᠠᠨ᠎ᠤ ᠲᠥᠯᠥᠭᠡᠯᠡᠭ᠌ᠴᠢ ᠵᠡᠷᠭᠡ 300 ᠱᠢᠬᠠᠮ ᠬᠥᠮᠦᠨ ᠲᠤᠬᠠᠶ᠎ᠶ᠋ᠢᠨ ᠲᠠᠯᠠᠪᠠᠶ᠎ᠳᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠠᠢ᠃

ᠯᠢ ᠢ ᡁᠢ ᠪᠣᠯ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ ᠪᠤᠯᠤᠨ᠎ᠠ᠃ ᠲᠡᠷᠡ ᠨᠡᠢᠭᠡᠮ ᠲᠣᠭᠣᠷᠢᠭ᠎ᠲᠤ 30 ᠭᠠᠷᠤᠢ ᠵᠢᠯ ᠠᠵᠢᠯᠯᠠᠵᠦ᠂ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠢ ᠡᠭᠦᠷ᠎ᠢ ᠳᠠᠭᠠᠭᠤᠯᠤᠨ ᠡᠯ᠎ᠡ ᠵᠦᠢᠯ᠎ᠦᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠤᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ᠎ᠶ᠋ᠢ ᠠᠬᠢᠭᠤᠯᠵᠤ᠂ ᠰᠠᠨ ᠱᠦᠨ ᠳ᠋ᠢᠶᠠᠨ ᠨᠡᠢᠭᠡᠮ ᠲᠣᠭᠣᠷᠢᠭ ᠨᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠨᠢᠭᠡᠴᠢ᠎ᠪᠡᠷ ᠦᠨᠡᠯᠡᠭ᠌ᠳᠡᠵᠦ᠍ ᠥᠩᠭᠡᠷᠡᠪᠡ᠃

ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ᠂ ᠯᠢ ᠢ ᡁᠢ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠳᠤ ᠣᠷᠣᠯᠴᠠᠭ᠍ᠰᠠᠨ ᠲᠦᠷᠦᠭ᠌ᠳᠡᠯ᠎ᠢᠶᠡᠨ ᠬᠤᠪᠢᠶᠠᠯᠴᠠᠵᠤ᠂ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠤᠭ᠍ᠰᠠᠨ ᠲᠤᠷᠱᠢᠯᠭ᠎ᠠ᠎ᠶ᠋ᠢ ᠲᠠᠨᠢᠯᠴᠠᠭᠤᠯᠵᠠᠢ᠃ 《ᠯᠢ ᠢ ᡁᠢ ᠨᠥᠬᠥᠷ᠎ᠦᠨ ᠤᠬᠠᠭᠤᠯᠤᠨ ᠲᠠᠢᠯᠪᠤᠷᠢᠯᠠᠬᠤ ᠶ᠋ᠢ ᠰᠣᠨᠣᠰᠤᠭᠠᠳ ᠪᠢ ᠭᠦᠨ ᠰᠡᠩᠬᠡᠷᠡᠭᠦᠯᠦᠯ ᠣᠯᠵᠠᠢ᠃ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠦᠨ ᠲᠣᠭᠣᠷᠢᠨ᠎ᠳᠤ᠂ ᠨᠡᠢᠭᠡᠮ ᠲᠣᠭᠣᠷᠢᠭ᠎ᠤᠨ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠦᠷᠭᠦᠯᠵᠢᠯᠡᠨ ᠰᠠᠢᠲᠤᠷ ᠬᠢᠬᠦ᠌᠎ᠪᠡᠷ ᠴᠢᠷᠮᠠᠢᠨ᠎ᠠ》 ᠭᠡᠵᠦ᠍ ᠲᠣᠭ᠍ᠲᠠᠬᠤ ᠱᠢᠶᠠᠨ᠎ᠤ ᠱᠤᠸᠠᠩ ᠾᠧ ᠪᠠᠯᠭᠠᠰᠤᠨ᠎ᠤ ᠨᠠᠨ ᠫᠢᠩ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠯᠢ ᠪᠢ ᠬᠠᠨ ᠬᠡᠯᠡᠪᠡ᠃

ᠲᠤᠰ ᠤᠳᠠᠭ᠎ᠠ᠎ᠶ᠋ᠢᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ ᠵᠢᠱ᠌ᠢᠶᠡᠴᠢ ᠬᠥᠮᠦᠰ᠎ᠦᠨ ᠳᠠᠭᠤᠷᠢᠶᠠᠯ᠎ᠤᠨ ᠦᠢᠯᠡᠳᠦᠯ᠎ᠢ ᠪᠠᠳᠠᠷᠠᠭᠤᠯᠵᠤ᠂ ᠨᠡᠢᠭᠡᠮ ᠳᠠᠶᠠᠭᠠᠷ᠎ᠲᠤ ᠵᠢᠱ᠌ᠢᠶᠡᠴᠢ᠎ᠶ᠋ᠢ ᠡᠷᠬᠢᠮᠯᠡᠬᠦ᠌᠂ ᠵᠢᠱ᠌ᠢᠶᠡᠴᠢ᠎ᠡᠴᠡ ᠰᠤᠷᠤᠯᠴᠠᠬᠤ᠂ ᠵᠢᠱ᠌ᠢᠶᠡᠴᠢ ᠪᠣᠯᠬᠤ᠎ᠪᠠᠷ ᠴᠢᠷᠮᠠᠢᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号