2023 ᠣᠨ ᠡᠴᠡ ᠨᠠᠭᠠᠰᠢ᠂ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨᠹᠷᠤᠨᠲ ᠤ᠋ᠨ ᠬᠢᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠣᠯᠭᠠᠵᠤ᠂ ᠠᠷᠠᠳ ᠲᠦᠮᠡᠨ ᠢ᠋ᠶ᠋ᠡᠷ ᠭᠤᠤᠯ ᠪᠣᠯᠭᠠᠭ᠍ᠰᠠᠨ ᠵᠣᠬᠢᠶᠠᠨ ᠪᠦᠲᠦᠭᠡᠬᠦ᠌ ᠤᠳᠤᠷᠢᠳᠤᠮᠵᠢ ᠵᠢ ᠪᠠᠷᠢᠮᠲᠠᠯᠠᠨ ᠂ ᠭᠦᠨ ᠵᠤᠵᠠᠭᠠᠨ ᠰᠣᠶᠣᠯ ᠤ᠋ᠨ ᠠᠭᠤᠯᠤᠭ᠍ᠳᠠᠬᠤᠨ ᠪᠠ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠠᠬᠢᠭᠤᠯᠬᠤ ᠭᠠᠯ ᠬᠠᠯᠠᠭᠤᠨ ᠦᠶ᠋ᠯᠡᠳᠦᠯᠭᠡ ᠳ᠋ᠦ ᠰᠠᠭᠤᠷᠢᠯᠠᠵᠤ᠂ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢ ᠯᠠᠪᠳᠠᠭᠤᠨ ᠪᠠᠲᠤᠲᠠᠶ ᠠᠬᠢᠭᠤᠯᠤᠨ᠂ ᠴᠢᠨᠠᠷ ᠰᠠᠢᠲᠠᠶ ᠰᠣᠶᠣᠯ ᠤ᠋ᠨ ᠬᠠᠩᠭᠠᠯᠭ᠎ᠠ ᠵᠢ ᠴᠢᠩᠭᠠᠳᠭᠠᠵᠤ᠂ ᠴᠢᠨᠠᠷ ᠰᠠᠢᠲᠠᠶ ᠬᠥᠭ᠌ᠵᠢᠯᠲᠡ ᠳ᠋ᠦ ᠬᠦᠴᠦᠷᠬᠡᠭ ᠶᠡᠬᠡ ᠣᠶᠤᠨ ᠰᠠᠨᠠᠭᠠᠨ ᠤ᠋ ᠬᠦᠴᠦᠨ ᠴᠢᠳᠠᠯ ᠬᠠᠩᠭᠠᠨ᠂ ᠰᠣᠳᠣᠨ ᠲᠤᠭᠯᠠᠯᠳᠠ ᠵᠠᠯᠭᠠᠭ᠎ᠠ ᠪᠡᠷ ᠵᠤᠭᠢᠶᠠᠬᠳᠠᠨ ᠱᠢᠯᠢᠳᠡᠭ ᠪᠦᠲᠦᠭᠡᠯ ᠲᠠᠰᠤᠷᠠᠯᠳᠠ ᠦᠬᠡᠢ ᠴᠣᠯᠭᠣᠷᠠᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ ᠲᠠᠶᠠᠭᠠᠷ ᠲᠦ᠍ ᠳᠠᠭᠤᠷᠢᠰᠤᠨ᠂ ᠥᠪᠥᠷ ᠮᠣᠩᠭᠣᠯ ᠤ᠋ᠨ ᠤᠳᠭ᠎ᠠ ᠤᠷᠠᠯᠢᠭ ᠠᠮᠵᠢᠯᠳᠠ ᠶ᠋ᠢᠨ ᠲᠦᠷᠦᠬᠡᠨ ᠳ᠋ᠦ ᠦᠨᠳᠡᠢᠵᠠᠢ᠃
ᠰᠣᠳᠣᠨ ᠲᠤᠭᠯᠠᠯᠳᠠ ᠲᠤᠷᠪᠢᠯᠢᠭ ᠪᠦᠳᠦᠭᠡᠯ ᠴᠤᠯᠭᠤᠷᠠᠨ ᠭᠠᠷᠪᠠ
ᠥᠪᠥᠷ ᠮᠣᠩᠭᠣᠯ ᠰᠢ ᠵᠢᠨ ᠫᠢᠩ ᠤ᠋ᠨ ᠰᠣᠶᠣᠯ ᠤ᠋ᠨ ᠦᠵᠡᠯ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠨᠢᠭ᠍ᠲᠠ ᠤᠶᠠᠯᠳᠤᠭᠤᠯᠤᠨ᠂ ᠬᠣᠶᠠᠷ ᠶᠡᠬᠡ ᠶᠠᠪᠤᠳᠠᠯ ᠢ᠋ ᠴᠢᠷᠮᠠᠢᠨ ᠪᠡᠶᠡᠯᠡᠭᠦᠯᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠲᠦᠷᠦᠯ ᠲᠡᠮᠳᠡᠭ ᠢ᠋ ᠡᠬᠦᠳᠤᠨ᠂ ᠴᠢᠬᠤᠯᠠ ᠶᠡᠬᠡ ᠭᠤᠤᠯ ᠰᠡᠳᠦᠪᠲᠦ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠳ᠋ᠤ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ ᠤ᠋ᠨ ᠵᠣᠷᠢᠭ ᠰᠠᠨᠠᠭ᠎ᠠ᠂ ᠴᠠᠭ ᠦᠶ᠎ᠡ ᠶ᠋ᠢᠨ ᠳᠦᠷᠰᠦ ᠪᠠᠢᠳᠠᠯ᠂ ᠤᠮᠠᠷᠠᠲᠤ ᠬᠢᠯᠢ ᠶ᠋ᠢᠨ ᠬᠡᠪ ᠨᠠᠮᠪᠠ ᠵᠢ ᠬᠠᠷᠠᠭᠤᠯᠤᠭᠰᠠᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠵᠠᠯᠭᠠᠭ᠎ᠠ ᠪᠡᠷ ᠴᠤᠯᠭᠤᠷᠠᠵᠠᠢ᠃
ᠣᠢᠷ᠎ᠠ ᠶ᠋ᠢᠨ ᠵᠢᠯ ᠳ᠋ᠤ ᠦᠪᠤᠷ ᠮᠤᠩᠭᠤᠯ ᠤ᠋ᠨ 《ᠴᠠᠭ᠍ᠳᠠᠭᠠ ᠪᠤᠶᠠᠨ》᠂ 《ᠮᠥᠷᠥᠭᠡᠳᠦᠯ ᠤ᠋ᠨ ᠮᠣᠳᠣ》 ᠭᠡᠬᠦ᠌ 2 ᠺᠢᠨᠣ᠋ ᠳᠤᠮᠳᠠᠳᠤ ᠤᠯᠤᠰ ᠤ᠋ᠨ ᠺᠢᠨᠣ᠋ ᠶ᠋ᠢᠨ 《ᠬᠤᠧᠠ ᠪᠢᠶᠤᠤ ᠱᠠᠩᠨᠠᠯ》 ᠤ᠋ᠨ ᠴᠥᠭᠡᠨ ᠲᠣᠭᠠᠲᠤ ᠦᠨᠳᠦᠰᠦᠲᠡᠨ ᠤ᠋ ᠱᠢᠯᠢᠳᠡᠭ ᠺᠢᠨᠣ᠋ ᠶ᠋ᠢᠨ ᠱᠠᠩᠨᠠᠯ ᠢ᠋ ᠭᠥᠷᠳᠡᠪᠡ; 《 ᠠᠪᠤ ᠡᠵᠢ ᠶ᠋ᠢᠨ ᠨᠤᠲᠤᠭ ᠤᠰᠤᠨ》 ᠭᠡᠬᠦ᠌ ᠲᠧᠯᠸᠢᠰ ᠵᠦᠴᠦᠭᠡ ᠳᠤᠮᠳᠠᠳᠤ ᠤᠯᠤᠰ ᠤ᠋ᠨ ᠲᠧᠯᠸᠢᠰ ᠵᠦᠴᠦᠭᠡ ᠶ᠋ᠢᠨ 《ᠹᠧᠢ ᠲᠢᠶᠠᠨ ᠱᠠᠩᠨᠠᠯ 》 ᠳ᠋ᠦ ᠨᠡᠷ᠎ᠡ ᠳᠤᠷᠠᠳᠤᠭᠳᠠᠵᠠᠢ ᠁ ᠥᠪᠥᠷ ᠮᠣᠩᠭᠣᠯ ᠤ᠋ᠨ ᠺᠢᠨᠣ᠋ ᠲᠧᠯᠸᠢᠰ ᠨᠢ ᠲᠣᠭ᠎ᠠ ᠲᠣᠮᠰᠢ ᠥᠬᠡᠶ ᠤᠯᠠᠨ ᠬᠥᠮᠦᠨ ᠤ᠋ ᠰᠡᠳᠭᠢᠯ ᠢ᠋ ᠲᠤᠭᠳᠤᠯᠤᠭᠤᠯᠤᠭᠰᠠᠨ ᠥᠯᠢᠭᠡᠷ ᠢ᠋ ᠰᠠᠢᠬᠠᠨ ᠶᠠᠷᠢᠵᠤ᠂ ᠮᠠᠰᠢ ᠣᠯᠠᠨ ᠰᠤᠩᠭᠤᠳᠠᠭ ᠲᠦᠷᠢ ᠵᠢᠷᠤᠭ ᠢ᠋ ᠬᠦᠮᠦᠰ ᠤ᠋ᠨ ᠳᠠᠷᠢᠬᠢᠨ ᠳ᠋ᠦ ᠬᠠᠳᠠᠩᠰᠢᠭᠤᠯᠤᠭᠰᠠᠨ ᠪᠢᠯᠡ᠃
ᠡᠨᠡ ᠵᠢᠯ ᠥᠪᠥᠷ ᠮᠣᠩᠭᠣᠯ ᠤ᠋ᠨ 3 ᠤᠳᠭ᠎ᠠ ᠵᠣᠬᠢᠶᠠᠯ ᠤ᠋ᠨ ᠪᠦᠲᠦᠭᠡᠯ᠂ 1 ᠣᠷᠴᠢᠭᠤᠯᠤᠭ᠍ᠴᠢ ᠠᠷᠪᠠᠨ ᠭᠤᠷᠪᠠᠳᠤᠭᠠᠷ ᠬᠤᠭᠤᠴᠠᠭᠠᠨ ᠤ᠋ 《ᠠᠵᠢᠨᠠᠶ ᠱᠠᠩᠨᠠᠯ》 ᠢ᠋ ᠲᠤᠰᠴᠤ᠂ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢᠬᠢ ᠬᠠᠮᠤᠭ ᠣᠯᠠᠨ ᠱᠠᠩᠨᠠᠯ ᠭᠥᠷᠳᠡᠭ᠌ᠰᠡᠨ ᠨᠢᠭᠡ ᠬᠤᠭᠤᠴᠠᠭ᠎ᠠ ᠪᠣᠯᠵᠠᠶ; 《ᠥᠪᠥᠷ ᠮᠣᠩᠭᠣᠯ ᠤ᠋ᠨ ᠪᠥᠵᠢᠭ》 6 ᠵᠢᠯ ᠳᠠᠷᠠᠭᠠᠯᠠᠨ《ᠪᠠᠳᠮ᠎ᠠ ᠱᠠᠩᠨᠠᠯ》 ᠢ᠋ ᠭᠥᠷᠳᠡᠪᠡ᠃ 2024 ᠣᠨ ᠳ᠋ᠦ ᠵᠣᠬᠢᠶᠠᠨ ᠪᠦᠲᠦᠭᠡᠭ᠌ᠰᠡᠨ ᠼᠢᠷᠺ ᠵᠦᠴᠦᠭᠡ 《ᠪᠢᠳᠡᠨ ᠤ᠋ ᠰᠠᠢᠨ ᠰᠠᠢᠬᠠᠨ ᠠᠮᠢᠳᠤᠷᠠᠯ 》 ᠨᠢ ᠠᠷᠪᠠᠨ ᠬᠣᠶᠠᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠼᠢᠷᠺ ᠲᠣᠭ᠍ᠯᠠᠯᠲᠠ ᠶ᠋ᠢᠨ ᠱᠢᠯᠢᠳᠡᠭ ᠵᠦᠴᠦᠭᠡ ᠪᠡᠷ ᠰᠤᠩᠭᠤᠭᠳᠠᠪᠠ; ᠮᠠᠩᠬᠠᠨ ᠠᠶᠠᠯᠭᠤᠳᠦ ᠵᠦᠴᠦᠭᠡ 《ᠲᠦᠬᠦᠢᠮᠡ》 2023 ᠣᠨ ᠤ᠋ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥᠨ ᠤ᠋ ᠲᠡᠳᠬᠦᠨ ᠳᠡᠮᠵᠢᠬᠦ ᠲᠥᠷᠥᠯ ᠵᠦᠶ᠋ᠯ ᠳ᠋ᠦ ᠰᠣᠩᠭᠣᠭ᠍ᠳᠠᠵᠤ᠂ ᠳᠠᠭᠤᠯᠠᠯᠳᠦ ᠵᠦᠴᠦᠭᠡ 《ᠬᠤᠤᠰ ᠵᠢᠭᠦᠷᠲᠦ ᠬᠤᠪᠢᠯᠭᠠᠨ ᠬᠦᠯᠦᠭ》 ᠳᠤᠮᠳᠠᠳᠤ ᠤᠯᠤᠰ ᠤ᠋ᠨ ᠳᠠᠭᠤᠯᠠᠯᠳᠦ ᠵᠦᠴᠦᠭᠡ ᠶ᠋ᠢᠨ ᠨᠠᠢᠷ ᠲᠦ᠍ ᠰᠤᠩᠭᠤᠭᠳᠠᠭᠰᠠᠨ ᠥᠪᠥᠷ ᠮᠣᠩᠭᠣᠯ ᠤ᠋ᠨ ᠠᠩᠬᠠᠳᠠᠭ᠍ᠴᠢ ᠪᠦᠳᠦᠬᠡᠯ ᠪᠤᠯᠤᠭᠰᠠᠨ ᠪᠥᠭᠡᠳ ᠱᠢᠯᠢᠳᠡᠭ ᠵᠦᠴᠦᠭᠡ ᠶ᠋ᠢᠨ ᠱᠠᠩᠨᠠᠯ ᠢ᠋ ᠭᠥᠷᠳᠡᠪᠡ; ᠨᠠᠢᠷᠠᠯ ᠬᠥᠭ᠌ᠵᠢᠮ 《ᠲᠣᠭ ᠳᠡᠮᠳᠡᠭ》 ᠨᠢ ᠰᠣᠶᠣᠯ ᠵᠢᠭᠤᠯᠴᠢᠯᠠᠯ ᠤ᠋ᠨ ᠶᠠᠮᠤᠨ ᠤ᠋ ᠭᠠᠷᠭᠠᠭᠰᠠᠨ ᠪᠥᠬᠥ᠌ ᠤᠯᠤᠰ ᠤ᠋ᠨ ᠱᠢᠯᠢᠳᠡᠭ ᠨᠠᠢᠷᠠᠯ ᠬᠥᠭ᠌ᠵᠢᠮ ᠤ᠋ᠨ ᠪᠦᠲᠦᠭᠡᠯ ᠤ᠋ᠨ ᠱᠠᠩᠨᠠᠯ ᠢ᠋ ᠭᠥᠷᠳᠡᠵᠦ᠍᠂ 《ᠲᠤᠤᠷᠠᠶ ᠶ᠋ᠢᠨ ᠦᠴᠢᠯ》 ᠬᠡᠬᠦ ᠳᠠᠭᠤᠤ ᠨᠢ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ ᠶ᠋ᠢᠨ ᠲᠡᠳᠬᠦᠨ ᠳᠡᠮᠵᠢᠬᠦ ᠲᠥᠷᠥᠯ ᠵᠦᠶ᠋ᠯ ᠢ᠋ᠶ᠋ᠡᠷ ᠰᠤᠩᠭᠤᠭᠳᠠᠨ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠨᠠᠢᠷᠠᠯ ᠳᠠᠭᠤᠤ ᠶ᠋ᠢᠨ ᠪᠦᠯᠬᠦᠮ ᠠᠷᠪᠠᠨ ᠳᠣᠯᠣᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠣᠯᠠᠨ ᠤᠯᠤᠰ ᠤ᠋ᠨ ᠨᠠᠢᠷᠠᠯ ᠳᠠᠭᠤᠤ ᠶ᠋ᠢᠨ ᠨᠠᠢᠷ ᠲᠦ᠍ ᠠᠷᠠᠳ ᠤ᠋ᠨ ᠳᠠᠭᠤᠤ ᠶ᠋ᠢᠨ ᠳᠤᠭᠤᠢᠯᠠᠩ ᠤ᠋ᠨ ᠨᠢᠭᠡᠳᠦᠭᠡᠷ ᠳᠡᠰ ᠤ᠋ᠨ ᠨᠠᠢᠷᠠᠯ ᠳᠠᠭᠤᠤ ᠶ᠋ᠢᠨ ᠪᠦᠯᠬᠦᠮ᠂ ᠨᠠᠰᠤᠨ ᠳ᠋ᠦ ᠬᠦᠷᠦᠭ᠌ᠰᠡᠳ ᠤ᠋ᠨ ᠳᠤᠭᠤᠢᠯᠠᠩ ᠤ᠋ᠨ ᠨᠢᠭᠡᠳᠦᠭᠡᠷ ᠳᠡᠰ ᠤ᠋ᠨ ᠨᠠᠢᠷᠠᠯ ᠳᠠᠭᠤᠤ ᠶ᠋ᠢᠨ ᠪᠦᠯᠬᠦᠮ ᠵᠢᠴᠢ ᠤᠷᠤᠯᠳᠤᠭᠠᠨ ᠤ᠋ ᠬᠠᠮᠤᠭ ᠤ᠋ᠨ ᠳᠡᠭᠡᠳᠦ ᠱᠠᠩᠨᠠᠯ ᠪᠤᠯᠬᠤ ᠬᠡᠪ ᠳᠠᠭᠤᠷᠢᠶᠠᠯᠳᠦ ᠨᠠᠢᠷᠠᠯ ᠳᠠᠭᠤᠤ ᠶ᠋ᠢᠨ ᠪᠦᠯᠬᠦᠮ ᠤ᠋ᠨ ᠢᠷᠠᠭᠤ ᠠᠯᠳᠠᠷ ᠢ᠋ ᠭᠥᠷᠳᠡᠪᠡ; ᠠᠷᠠᠰᠤᠨ ᠰᠡᠢᠯᠦᠮᠡᠯ 《ᠬᠦᠰᠡᠯ ᠤ᠋ᠨ ᠬᠠᠪᠤᠷ 》 ᠨᠢ ᠳᠤᠮᠳᠠᠳᠤ ᠤᠯᠤᠰ ᠤ᠋ᠨ ᠠᠷᠠᠳ ᠤ᠋ᠨ ᠤᠳᠭ᠎ᠠ ᠤᠷᠠᠯᠢᠭ ᠤ᠋ᠨ 《ᠱᠠᠨ ᠬᠤᠧᠠ ᠱᠠᠩᠨᠠᠯ》 ᠢ᠋ ᠲᠤᠰᠴᠠᠢ; ᠥᠪᠥᠷ ᠮᠣᠩᠭᠣᠯ ᠤ᠋ᠨ ᠬᠡᠷᠡᠯ ᠵᠢᠷᠤᠭ᠍ᠴᠢᠨ ᠨᠣᠮᠢᠨ·ᠾᠧ ᠠᠷᠪᠠᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠬᠡᠷᠡᠯ ᠵᠢᠷᠤᠭ ᠤ᠋ᠨ ᠠᠯᠲᠠᠨ ᠬᠥᠷᠥᠭ ᠱᠠᠩᠨᠠᠯ ᠢ᠋ ᠭᠥᠷᠳᠡᠪᠡ; ᠬᠣᠯᠪᠣᠭ᠎ᠠ 《ᠠᠵᠢᠨᠠᠶ ᠬᠦᠯᠦᠭ ᠤ᠋ᠨ ᠲᠦᠪᠡᠷᠭᠡᠨ》 ᠳᠤᠮᠳᠠᠳᠤ ᠤᠯᠤᠰ ᠤ᠋ᠨ ᠳᠠᠭᠤᠤᠷᠢᠯᠢᠭ ᠤ᠋ᠨ ᠮᠠᠨᠳᠠᠷᠠᠸ᠎ᠠ ᠱᠠᠩᠨᠠᠯ ᠳ᠋ᠦ ᠨᠡᠷ᠎ᠡ ᠳᠤᠷᠠᠳᠤᠭ᠍ᠳᠠᠵᠤ᠂ 《ᠦᠯᠦᠬᠡᠢ ᠨᠤᠲᠤᠭ ᠥᠪᠥᠷ ᠮᠣᠩᠭᠣᠯ》 ᠭᠡᠬᠦ᠌ ᠪᠦᠳᠦᠭᠡᠯ ᠤ᠋ᠨ ᠲᠣᠭ᠍ᠯᠠᠭ᠍ᠴᠢ ᠸᠠᠩ ᠵᠠᠨ ᠱᠢᠨ ᠳᠤᠮᠳᠠᠳᠤ ᠤᠯᠤᠰ ᠤ᠋ᠨ ᠳᠠᠭᠤᠤᠷᠢᠯᠢᠭ ᠤ᠋ᠨ ᠮᠠᠨᠳᠠᠷᠠᠸ᠎ᠠ ᠱᠠᠩᠨᠠᠯ ᠳ᠋ᠦ ᠨᠡᠷ᠎ᠡ ᠳᠤᠷᠠᠳᠤᠭ᠍ᠳᠠᠪᠠ; ᠪᠠᠭᠠᠴᠤᠳ ᠬᠡᠦᠬᠡᠳ ᠤ᠋ᠨ ᠰᠢ ᠵᠦᠴᠦᠭᠡ ᠶ᠋ᠢᠨ 2 ᠲᠤᠭᠯᠠᠭᠴᠢ ᠪᠢᠴᠢᠬᠠᠨ ᠲᠡᠷᠢᠬᠦᠯᠡᠭᠴᠢ ᠴᠡᠴᠡᠭ ᠤ᠋ᠨ ᠢᠷᠠᠭᠤ ᠠᠯᠳᠠᠷ ᠢ᠋ ᠬᠦᠷᠲᠡᠪᠡ; 2024 ᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠤᠷᠠᠨ ᠵᠢᠷᠤᠭ ᠤ᠋ᠨ ᠪᠦᠲᠦᠭᠡᠯ ᠤ᠋ᠨ ᠦᠵᠡᠰᠭᠦᠯᠡᠩ ᠳ᠋ᠦ ᠱᠠᠩᠨᠠᠯ ᠭᠥᠷᠳᠡᠨ ᠨᠡᠷ᠎ᠡ ᠳᠤᠷᠠᠳᠤᠭ᠍ᠳᠠᠭᠰᠠᠨ ᠪᠠ ᠪᠡᠭᠡᠵᠢᠩ ᠳ᠋ᠦ ᠦᠵᠡᠭᠦᠯᠬᠡ ᠭᠠᠷᠭᠠᠭᠰᠠᠨ ᠪᠦᠳᠦᠭᠡᠯ 102 ᠪᠠᠢᠵᠦ᠂ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠲᠦᠪᠱᠢᠨ ᠪᠠ ᠠᠮᠵᠢᠯᠲᠠ ᠪᠦᠲᠦᠮᠵᠢ ᠵᠢ ᠭᠦᠶ᠋ᠴᠡᠳ ᠬᠠᠷᠠᠭᠤᠯᠵᠠᠢ᠃
ᠤᠮᠠᠷᠠᠲᠤ ᠬᠢᠯᠢ ᠶ᠋ᠢᠨ ᠰᠣᠶᠣᠯ ᠤ᠋ᠨ ᠲᠦᠷᠦᠯ ᠲᠡᠮᠳᠡᠭ ᠢ᠋ ᠤᠯᠠᠮ ᠲᠠᠭᠤᠷᠢᠰᠤᠭᠤᠯᠪᠠ
ᠤᠯᠠᠭᠠᠨᠮᠥ᠋ᠴᠢᠷ ᠤ᠋ᠨ ᠱᠢᠯᠢᠳᠡᠭ ᠤᠯᠠᠮᠵᠢᠯᠠᠯ ᠢ᠋ ᠤᠯᠠᠮᠵᠢᠯᠠᠨ ᠵᠠᠯᠭᠠᠮᠵᠢᠯᠠᠵᠤ᠂ ᠥᠪᠥᠷ ᠮᠣᠩᠭᠣᠯ ᠤ᠋ᠨ ᠥᠷᠭᠡᠨ ᠣᠯᠠᠨ ᠤᠳᠭ᠎ᠠ ᠤᠷᠠᠯᠢᠭ ᠤ᠋ᠨ ᠠᠵᠢᠯᠲᠠᠨ ᠬᠣᠶᠠᠷ ᠶᠡᠬᠡ ᠶᠠᠪᠤᠳᠠᠯ ᠢ᠋ ᠰᠠᠢᠲᠤᠷ ᠪᠡᠶᠡᠯᠡᠭᠦᠯᠬᠦ᠌ ᠳ᠋ᠦ ᠬᠦᠴᠦ ᠳᠠᠯᠪᠢᠨ᠂ ᠪᠥᠬᠥ᠌ ᠣᠷᠣᠨ ᠳ᠋ᠦ 《ᠠᠮᠢᠳᠤᠷᠠᠯ ᠳ᠋ᠦ ᠭᠦᠨᠵᠡᠭᠡᠢᠷᠡᠵᠦ᠍᠂ ᠠᠷᠠᠳ ᠲᠦᠮᠡᠨ ᠤ᠋ ᠳᠤᠮᠳᠠ ᠦᠨᠳᠦᠰᠦᠯᠡᠬᠦ᠌》 ᠭᠤᠤᠯ ᠰᠡᠳᠦᠪᠲᠦ ᠦᠶ᠋ᠯᠡᠳᠦᠯᠭᠡ ᠶ᠋ᠢᠨ ᠠᠵᠢᠯᠯᠠᠭ᠎ᠠ ᠥᠷᠨᠢᠭᠦᠯᠵᠦ᠍᠂ 2023 ᠣᠨ ᠳ᠋ᠦ 960 ᠪᠦᠯᠦᠭ ᠤᠳᠠᠭ᠎ᠠ ᠵᠢᠨ 8 ᠲᠦᠮᠡ ᠱᠢᠬᠠᠮ ᠤᠳᠭ᠎ᠠ ᠤᠷᠠᠯᠢᠭ ᠤ᠋ᠨ ᠠᠵᠢᠯᠲᠠᠨ ᠢ᠋ ᠵᠣᠬᠢᠶᠠᠨ ᠪᠠᠢᠭᠤᠯᠤᠨ ᠦᠨᠳᠦᠰᠦᠨ ᠱᠠᠲᠤᠨ ᠳ᠋ᠦ ᠭᠦᠨᠵᠡᠭᠡᠢᠷᠡᠭᠦᠯᠵᠦ᠍᠂ ᠤᠮᠠᠷᠠᠲᠤ ᠬᠢᠯᠢ ᠶ᠋ᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠣᠯᠤᠨ ᠡᠯᠪᠡᠭ ᠪᠠᠶᠠᠯᠢᠭ ᠰᠣᠶᠣᠯ ᠢᠷᠭᠡᠨᠱᠢᠯ ᠤ᠋ᠨ ᠡᠬᠢ ᠪᠠᠶᠠᠯᠢᠭ ᠢ᠋ ᠭᠦᠶ᠋ᠴᠡᠳ ᠠᠭᠤᠳᠠᠯᠤᠨ ᠠᠮᠢᠳᠤᠯᠢᠭ ᠢ᠋ᠶ᠋ᠠᠷ ᠢᠯᠡᠷᠡᠭᠦᠯᠵᠦ᠍᠂ ᠤᠳᠭ᠎ᠠ ᠤᠷᠠᠯᠢᠭ ᠤ᠋ᠨ ᠪᠦᠲᠦᠭᠡᠯ ᠢ᠋ᠶ᠋ᠡᠷ ᠤᠮᠠᠷᠠᠲᠤ ᠬᠢᠯᠢ ᠶ᠋ᠢᠨ ᠰᠣᠶᠣᠯ ᠤ᠋ᠨ ᠥᠯᠢᠭᠡᠷ ᠢ᠋ ᠰᠠᠢᠲᠤᠷ ᠶᠠᠷᠢᠵᠠᠶ᠃
《ᠠᠵᠢᠨᠠᠶ ᠱᠠᠩᠨᠠᠯ》 ᠢ᠋ ᠲᠤᠰᠤᠭᠰᠠᠨ ᠪᠦᠲᠦᠭᠡᠯ 《ᠭᠣᠪᠢ ᠶ᠋ᠢᠨ ᠬᠥᠬᠡ ᠲᠩᠷᠢ》(ᠮᠣᠩᠭᠣᠯ) ᠨᠢ ᠡᠵᠡᠨ᠎ᠡ ᠬᠣᠱᠢᠭᠤ ᠪᠡᠷ ᠠᠷᠤ ᠦᠵᠡᠭ᠌ᠳᠡᠯ ᠪᠣᠯᠭᠠᠵᠤ᠂ ᠪᠣᠷᠣᠭ᠍ᠵᠢᠭᠤᠨ ᠴᠠᠢᠯᠭᠠᠨ ᠭᠡᠷᠡᠯᠪᠠᠲᠤ ᠡᠮᠴᠢ ᠵᠣᠯᠪᠠᠶᠠᠷ ᠲᠦ᠍ ᠲᠤᠰᠠᠯᠠᠨ ᠠᠮᠢᠳᠤᠷᠠᠯ ᠢ᠋ ᠨᠢ ᠦᠭᠡᠳᠡ ᠳᠠᠳᠠᠭᠰᠠᠨ ᠪᠠ ᠭᠣᠪᠢ ᠨᠤᠲᠤᠭ ᠢ᠋ᠶ᠋ᠡᠨ ᠬᠢᠮᠭᠠᠳᠠᠵᠦ᠂ ᠬᠡᠭᠡᠷ᠎ᠡ ᠶ᠋ᠢᠨ ᠠᠮᠢᠲᠠᠨ ᠭᠤᠤᠯᠳᠠᠨ ᠢ᠋ ᠬᠠᠮᠠᠭᠠᠯᠠᠭᠰᠠᠨ ᠦᠯᠢᠭᠡᠷ ᠢ᠋ ᠶᠠᠷᠢᠵᠠᠢ᠃
ᠨᠠᠷᠠᠩᠭᠤᠤᠠ ᠶ᠋ᠢᠨ 《ᠰᠦᠨᠡᠰᠦᠨ ᠠᠴᠢᠶ᠎ᠠ ᠲᠠᠢ ᠬᠦᠯᠦᠭ》 ᠨᠢ 15 ᠥᠪᠡᠷᠮᠢᠴᠡ ᠱᠢᠯᠢᠳᠡᠭ ᠪᠦᠲᠦᠭᠡᠯ ᠢ᠋ ᠴᠤᠭ᠍ᠯᠠᠭᠤᠯᠵᠤ᠂ ᠭᠠᠵᠠᠷ ᠣᠷᠣᠨ ᠤ᠋ ᠣᠨᠴᠠᠯᠢᠭ ᠢ᠋ᠶ᠋ᠠᠷ ᠢᠯᠡ ᠲᠤᠳᠤ ᠬᠥᠮᠦᠨ ᠤ᠋ ᠳᠦᠷᠢ ᠪᠡᠷ ᠳᠠᠮᠵᠢᠨ ᠨᠠᠮ ᠵᠢᠮ ᠪᠥᠭᠡᠳ ᠡᠯᠦᠶ ᠬᠤᠯᠤᠶ ᠡᠯᠡᠰᠦᠨ ᠴᠥᠯ ᠤ᠋ᠨ ᠥᠷᠥᠴᠡᠨ ᠳ᠋ᠡᠬᠢ ᠬᠥᠮᠦᠰ ᠤ᠋ᠨ ᠪᠠᠲᠤ ᠴᠢᠩᠭ᠎ᠠ ᠠᠮᠢᠳᠤᠷᠠᠯ ᠤ᠋ᠨ ᠣᠪᠣᠷ᠂ ᠭᠦᠨ ᠭᠦᠨᠵᠡᠭᠡᠶ ᠳᠣᠲᠣᠭᠠᠳᠤ ᠰᠡᠳᠭᠢᠯ ᠤ᠋ᠨ ᠶᠢᠷᠲᠢᠨᠴᠦ᠍ ᠵᠢᠴᠢ ᠲᠡᠳᠡᠨ ᠤ᠋ ᠪᠠᠲᠤ ᠰᠠᠬᠢᠯᠲᠠ ᠵᠢ ᠢᠯᠡᠷᠡᠭᠦᠯᠪᠡ᠃
ᠨᠢᠦ ᠬᠠᠶ ᠺᠦᠨ ᠤ᠋ 《ᠳᠡᠯᠡᠬᠡᠶ ᠳ᠋ᠦ ᠬᠠᠷᠠᠭᠤᠯᠤᠨ᠎ᠠ》 ᠭᠡᠬᠦ᠌ ᠨᠣᠮ ᠳ᠋ᠦ ᠪᠥᠬᠥ᠌ ᠤᠯᠤᠰ ᠤ᠋ᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠵᠢᠱ᠌ᠢᠶᠡᠴᠢ᠂ ᠪᠥᠬᠥ᠌ ᠤᠯᠤᠰ ᠤ᠋ᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠦ ᠬᠤᠪᠢ ᠨᠡᠮᠡᠷᠢ ᠦᠵᠡᠬᠦᠯᠦᠭᠴᠢ ᠶ᠋ᠢᠨ ᠱᠠᠩᠨᠠᠯ ᠬᠦᠷᠲᠡᠭ᠌ᠴᠢ ᠪᠠᠶ ᠵᠢᠩ ᠶᠢᠩ ᠤ᠋ᠨ ᠥᠪᠥᠷ ᠮᠣᠩᠭᠣᠯ ᠤ᠋ᠨ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ 2.1 ᠲᠦᠮᠡᠨ ᠮᠠᠯᠴᠢᠨ ᠲᠠᠷᠢᠶᠠᠴᠢᠨ ᠢ᠋ ᠳᠠᠭᠠᠭᠤᠯᠤᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠰᠡᠳᠭᠢᠯ ᠬᠥᠳᠡᠯᠭᠡᠮ᠎ᠡ ᠥᠯᠢᠭᠡᠷ ᠢ᠋ ᠪᠥᠬᠥ᠌ ᠲᠠᠯ᠎ᠠ ᠪᠡᠷ ᠦᠨᠡᠨ ᠪᠣᠳᠠᠲᠠᠶ ᠲᠡᠮᠳᠡᠭ᠌ᠯᠡᠵᠡᠶ ᠁
ᠡᠲᠡᠭᠡᠷ ᠰᠣᠳᠣᠨ ᠪᠦᠲᠦᠭᠡᠯ ᠨᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠣᠯᠭᠠᠨ᠂ ᠮᠣᠩᠭᠣᠯ ᠮᠣᠷᠢᠨ ᠤ᠋ ᠵᠣᠷᠢᠭ ᠰᠠᠨᠠᠭ᠎ᠠ ᠪᠠ 《ᠤᠮᠠᠷᠠᠲᠤ ᠶ᠋ᠢᠨ ᠭᠤᠷᠪᠠᠨ ᠤᠷᠤᠨ ᠤ᠋ ᠵᠣᠷᠢᠭ ᠰᠠᠨᠠᠭ᠎ᠠ》ᠵᠢ ᠶᠡᠬᠡ ᠪᠡᠷ ᠪᠠᠳᠠᠷᠠᠭᠤᠯᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠤᠨ᠂ ᠲᠤᠢᠯ ᠤ᠋ᠨ ᠴᠢᠩᠭ᠎ᠠ ᠤᠷᠠᠯᠢᠭ ᠤ᠋ᠨ ᠨᠥᠯᠥᠭᠡᠯᠡᠬᠦ᠌ ᠬᠦᠴᠦᠨ᠂ ᠰᠡᠳᠬᠢᠯ ᠬᠦᠳᠡᠯᠭᠡᠮ᠎ᠠ ᠥᠯᠢᠭᠡᠷ ᠢ᠋ᠶ᠋ᠡᠷ ᠬᠥᠮᠦᠰ ᠤ᠋ᠨ ᠰᠡᠳᠭᠢᠯ ᠢ᠋ ᠲᠤᠯᠠᠭᠠᠴᠠᠭᠤᠯᠵᠦ᠂ ᠤᠯᠠᠨ ᠤ᠋ ᠬᠦᠷᠢᠶᠡᠯᠡᠯ ᠢ᠋ ᠤᠯᠪᠠ᠃
ᠤᠮᠠᠷᠠᠲᠤ ᠬᠢᠯᠢ ᠶ᠋ᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠤᠨ ᠥᠨᠳᠥᠷ ᠪᠠᠷᠢᠮᠵᠢᠶᠠᠳᠤ ᠴᠢᠨᠠᠷ ᠰᠠᠢᠲᠠᠶ ᠰᠣᠳᠣᠨ ᠪᠦᠲᠦᠭᠡᠯ ᠢ᠋ ᠲᠠᠰᠤᠷᠠᠯᠳᠠ ᠦᠬᠡᠢ ᠭᠠᠷᠭᠠᠵᠤ ᠂ ᠥᠪᠥᠷ ᠮᠣᠩᠭᠣᠯ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ ᠢ᠋ᠶ᠋ᠡᠨ ᠤᠯᠠᠮ ᠠᠯᠳᠠᠷᠰᠢᠭᠤᠯᠤᠨ᠎ᠠ᠃
ᠲᠥᠷᠥ ᠶ᠋ᠢᠨ ᠪᠣᠳᠣᠯᠭ᠎ᠠ ᠪᠡᠷ ᠬᠥᠲᠥᠯᠥᠨ ᠳᠠᠭᠠᠭᠤᠯᠵᠤ ᠵᠣᠬᠢᠶᠠᠨ ᠪᠦᠲᠦᠭᠡᠯᠭᠡ ᠵᠢ ᠬᠦᠭᠵᠢᠬᠡᠪᠡ
ᠥᠪᠥᠷ ᠮᠣᠩᠭᠣᠯ ᠳ᠋ᠤ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠲᠠᠰᠤᠷᠠᠯᠳᠠ ᠦᠬᠡᠢ ᠴᠣᠯᠭᠣᠷᠠᠨ ᠭᠠᠷᠤᠭᠰᠠᠨ ᠨᠢ ᠵᠣᠬᠢᠶᠠᠨ ᠪᠦᠲᠦᠭᠡᠬᠦ᠌ ᠴᠢᠳᠠᠪᠤᠷᠢᠲᠠᠨ ᠤ᠋ ᠬᠦᠴᠦ ᠬᠦᠯᠦᠰᠤ ᠡᠴᠡ ᠭᠠᠳᠠᠨ᠎ᠠ ᠪᠠᠰᠠ ᠪᠦᠬᠦᠢᠯᠡ ᠣᠷᠴᠢᠨ ᠲᠣᠭᠣᠷᠢᠨ ᠤ᠋ ᠵᠣᠷᠢᠭ᠍ᠵᠢᠭᠤᠯᠤᠯ ᠪᠠ ᠳᠡᠮᠵᠢᠯᠭᠡ ᠡᠴᠡ ᠰᠠᠯᠵᠤ ᠴᠢᠳᠠᠬᠤ ᠦᠭᠡᠢ ᠶᠤᠮ᠃ ᠥᠪᠥᠷ ᠮᠣᠩᠭᠣᠯ ᠦᠵᠦ᠍ ᠲᠥᠯᠥᠪᠯᠡᠭᠡ ᠵᠢ ᠴᠢᠩᠭᠠᠳᠭᠠᠬᠤ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠲᠡᠳᠬᠦᠨ ᠳᠡᠮᠵᠢᠬᠦ᠌ ᠲᠥᠷᠥ ᠶ᠋ᠢᠨ ᠪᠣᠳᠣᠯᠭ᠎ᠠ ᠬᠢᠭᠡᠳ ᠤᠷᠮᠠᠱᠢᠭᠤᠯᠤᠯ ᠤ᠋ᠨ ᠠᠷᠭ᠎ᠠ ᠵᠢ ᠨᠡᠢᠲᠡᠯᠡᠨ ᠬᠡᠷᠡᠭᠵᠢᠬᠦᠯᠵᠤ᠂ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠤᠯᠠᠮ ᠨᠢᠭᠡ ᠠᠯᠬᠤᠮ ᠠᠬᠢᠭᠤᠯᠪᠠ ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ ᠤ᠋ᠨ ᠵᠣᠬᠢᠶᠠᠯᠴᠢᠳ ᠤ᠋ᠨ ᠡᠪᠯᠡᠯ 2 ᠬᠤᠭᠤᠴᠠᠭᠠᠨ ᠤ᠋ 《ᠥᠪᠥᠷ ᠮᠣᠩᠭᠣᠯ ᠤ᠋ᠨ ᠤᠳᠭ᠎ᠠ ᠵᠣᠬᠢᠶᠠᠯ ᠤ᠋ᠨ ᠵᠣᠬᠢᠶᠠᠨ ᠪᠦᠲᠦᠭᠡᠯᠭᠡ ᠶ᠋ᠢᠨ ᠭᠤᠷᠪᠠᠨ ᠵᠢᠯ ᠤ᠋ᠨ ᠬᠠᠪᠰᠤᠷᠤᠨ ᠲᠡᠳᠬᠦᠬᠦ᠌ ᠬᠠᠮᠲᠤᠷᠠᠯᠴᠠᠭᠠᠨ ᠤ᠋ ᠲᠥᠯᠥᠪᠯᠡᠭᠡ》 ᠲᠣᠭ᠍ᠲᠠᠵᠤ᠂ ᠬᠠᠳᠤᠨ ᠭᠣᠣᠯ ᠳᠠᠭᠠᠤ ᠶ᠋ᠢᠨ ᠶᠢᠰᠦᠨ ᠮᠤᠵᠢ ᠣᠷᠣᠨ ᠤ᠋ ᠦᠨᠳᠦᠰᠦᠨ ᠱᠠᠳᠤᠨ ᠳ᠋ᠦ ᠬᠦᠨᠵᠡᠭᠡᠢᠷᠡᠬᠦ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠤᠳᠭ᠎ᠠ ᠵᠣᠬᠢᠶᠠᠯ ᠂ ᠳᠠᠭᠤᠤ ᠶ᠋ᠢᠨ ᠦᠭᠡ᠂ ᠠᠶ᠎ᠠ ᠵᠣᠬᠢᠶᠠᠬᠤ ᠵᠡᠷᠭᠡ ᠰᠠᠭᠤᠷᠢ ᠴᠢᠨᠠᠷᠲᠠᠢ ᠵᠣᠬᠢᠶᠠᠨ ᠪᠦᠲᠦᠭᠡᠯᠭᠡ ᠵᠢ ᠬᠠᠮᠲᠤ ᠪᠠᠷ ᠠᠬᠢᠭᠤᠯᠪᠠ; 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠶ ᠤᠳᠭ᠎ᠠ ᠤᠷᠠᠯᠢᠭ ᠤ᠋ᠨ ᠲᠥᠷᠥᠯ ᠵᠦᠶ᠋ᠯ ᠢ᠋ ᠲᠡᠳᠬᠦᠨ ᠳᠡᠮᠵᠢᠬᠦ᠌ ᠪᠠ ᠰᠣᠳᠣᠨ ᠪᠦᠲᠦᠭᠡᠯ ᠢ᠋ ᠬᠥᠬᠢᠭᠦᠯᠦᠨ ᠱᠠᠩᠨᠠᠬᠤ ᠬᠠᠮᠢᠶᠠᠷᠤᠯᠲᠠ ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌) 》 ᠵᠢ ᠨᠡᠢᠲᠡᠯᠡᠵᠦ᠍᠂ ᠭᠤᠤᠯᠳᠠᠯᠭ᠎ᠠ ᠲᠠᠶ ᠤᠳᠭ᠎ᠠ ᠤᠷᠠᠯᠢᠭ ᠤ᠋ᠨ ᠲᠥᠷᠥᠯ ᠵᠦᠶ᠋ᠯ ᠢ᠋ ᠲᠡᠳᠬᠦᠨ ᠳᠡᠮᠵᠢᠬᠦ᠌ ᠪᠠ ᠰᠣᠳᠣᠨ ᠪᠦᠲᠦᠭᠡᠯ ᠢ᠋ ᠬᠥᠬᠢᠭᠦᠯᠦᠨ ᠱᠠᠩᠨᠠᠬᠤ ᠲᠤᠰᠭᠠᠶ ᠪᠠᠯᠠ ᠮᠥᠩᠭᠥ᠌ ᠳᠣᠭᠢᠷᠠᠭᠤᠯᠵᠤ᠂ ᠠᠷᠠᠳ ᠲᠦᠮᠡᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠶᠤᠨ ᠰᠠᠨᠠᠭ᠎ᠠ ᠰᠣᠶᠣᠯ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠬᠠᠩᠭᠠᠬᠤ ᠪᠠ ᠠᠷᠠᠳ ᠲᠦᠮᠡᠨ ᠤ᠋ ᠣᠶᠤᠨ ᠰᠠᠨᠠᠭᠠᠨ ᠤ᠋ ᠬᠦᠴᠦᠨ ᠴᠢᠳᠠᠯ ᠢ᠋ ᠨᠢᠭᠳᠠᠷᠠᠭᠤᠯᠬᠤ ᠨᠠᠩ ᠣᠯᠠᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠬᠦ᠌ ᠵᠢ ᠬᠥᠲᠥᠯᠦᠨ ᠵᠢᠯᠣᠭᠣᠳᠴᠤ᠌ ᠵᠣᠷᠢᠭ᠍ᠵᠢᠭᠤᠯᠤᠨ᠂ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ᠌ ᠢ᠋ ᠠᠯᠳᠠᠷᠱᠢᠭᠤᠯᠵᠤ᠂ ᠥᠪᠥᠷ ᠮᠣᠩᠭᠣᠯ ᠤ᠋ᠨ ᠰᠣᠶᠣᠯ ᠤᠳᠭ᠎ᠠ ᠤᠷᠠᠯᠢᠭ ᠤ᠋ᠨ ᠦᠶ᠋ᠯᠡᠰ ᠤ᠋ᠨ ᠨᠡᠩ ᠦᠨᠳᠦᠷ ᠲᠦ᠍ ᠭᠠᠷᠬᠤ ᠵᠢ ᠠᠬᠢᠭᠤᠯᠵᠠᠢ ᠁
ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨᠬᠢᠨ ᠤ᠋ ᠬᠣᠯᠪᠣᠭ᠎ᠠ ᠠᠷᠪᠠᠨ ᠵᠣᠷᠢᠭ᠍ᠵᠢᠭᠤᠯᠤᠯ ᠤ᠋ᠨ ᠲᠣᠭ᠍ᠲᠠᠴᠠ ᠵᠢ ᠨᠡᠢᠲᠡᠯᠡᠵᠦ᠍᠂ ᠭᠤᠤᠯ ᠰᠡᠳᠦᠪᠲᠦ ᠮᠠᠲ᠋ᠧᠷᠢᠶᠠᠯ ᠴᠤᠭ᠍ᠯᠠᠭᠤᠯᠬᠤ ᠪᠣᠯᠪᠠᠰᠤᠷᠠᠯ ᠥᠷᠨᠢᠭᠦᠯᠬᠦ᠌᠂ ᠴᠢᠬᠤᠯᠠ ᠶᠡᠬᠡ ᠭᠤᠤᠯ ᠰᠡᠳᠦᠪᠲᠦ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠢᠨᠵᠧᠨᠧᠷᠢᠩ ᠢ᠋ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠂ ᠵᠣᠬᠢᠶᠠᠨ ᠪᠦᠲᠦᠭᠡᠯᠭᠡᠬᠢᠬᠦ ᠲᠠᠯᠠᠪᠠᠢ ᠬᠠᠩᠭᠠᠬᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠌ ᠲᠤᠰᠭᠠᠶ ᠮᠡᠷᠭᠡᠵᠢᠯ ᠤ᠋ᠨ ᠪᠠᠲᠤᠯᠠᠭ᠎ᠠ ᠬᠠᠩᠭᠠᠬᠤ ᠵᠡᠷᠭᠡ ᠲᠠᠯ᠎ᠠ ᠡᠴᠡ ᠪᠥᠬᠥ᠌ ᠣᠷᠣᠨ ᠤ᠋ ᠥᠷᠭᠡᠨ ᠣᠯᠠᠨ ᠤᠳᠭ᠎ᠠ ᠤᠷᠠᠯᠢᠭ ᠤ᠋ᠨ ᠠᠵᠢᠯᠲᠠᠳ ᠤ᠋ᠨ ᠨᠢᠭᠡ ᠰᠡᠳᠭᠢᠯ ᠢ᠋ᠶ᠋ᠡᠷ ᠵᠣᠬᠢᠶᠠᠨ ᠪᠦᠲᠦᠭᠡᠵᠦ᠍ ᠰᠣᠳᠣᠨ ᠪᠦᠲᠦᠭᠡᠯ ᠭᠠᠷᠭᠠᠬᠤ ᠵᠢ ᠵᠣᠷᠢᠭ᠍ᠵᠢᠭᠤᠯᠪᠠ᠃ ᠤᠳᠤ ᠥᠪᠥᠷ ᠮᠣᠩᠭᠣᠯ ᠤ᠋ᠨ ᠡᠯ᠎ᠡ ᠤᠳᠭ᠎ᠠ ᠤᠷᠠᠯᠢᠭ᠍ᠴᠢᠳ ᠤ᠋ᠨ ᠨᠡᠢᠭᠡᠮᠯᠢᠭ ᠲᠦ᠍ ᠨᠡᠢᠲᠡ 21364 ᠭᠡᠱᠢᠭᠦᠨ ᠲᠡᠶ ᠪᠠᠢᠵᠤ᠂ ᠤᠯᠤᠰ ᠤ᠋ᠨ ᠲᠠᠰ ᠤ᠋ᠨ ᠤᠳᠭ᠎ᠠ ᠤᠷᠠᠯᠢᠭ᠍ᠴᠢᠳ ᠤ᠋ᠨ ᠨᠡᠢᠭᠡᠮᠯᠢᠭ ᠤ᠋ᠨ ᠭᠡᠱᠢᠭᠦᠨ 3052 ᠪᠠᠭᠳᠠᠨ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠤᠷᠠᠯᠢᠭ ᠤ᠋ᠨ ᠦᠶ᠋ᠯᠡᠰ ᠤ᠋ᠨ ᠬᠥᠭ᠌ᠵᠢᠯᠲᠡ ᠶ᠋ᠢᠨ ᠲᠤᠯᠭᠠᠭᠤᠷᠢ ᠬᠦᠴᠦᠨ ᠪᠣᠯᠵᠣ᠂ ᠨᠢᠭᠡᠨ ᠰᠠᠯᠠᠭ᠎ᠠ ᠤᠯᠤᠰ ᠲᠥᠷᠥ ᠶ᠋ᠢᠨ ᠲᠠᠯ᠎ᠠ ᠪᠡᠷ ᠲᠦᠪ ᠴᠢᠩᠭ᠎ᠠ ᠂ ᠵᠣᠬᠢᠶᠠᠨ ᠪᠦᠲᠦᠭᠡᠯᠭᠡ ᠶ᠋ᠢᠨ ᠲᠠᠯ᠎ᠠ ᠪᠡᠷ ᠤᠬᠢ ᠰᠤᠳᠤᠨ᠂ ᠣᠪᠣᠷ ᠰᠤᠷᠲᠠᠯ ᠤ᠋ᠨ ᠲᠠᠯ᠎ᠠ ᠪᠡᠷ ᠴᠢᠩᠭ᠎ᠠ ᠨᠢᠮᠪᠠᠢ᠂ ᠠᠬᠠᠮᠠᠳ ᠢᠳᠡᠷ ᠵᠠᠯᠠᠭᠤᠪᠦᠯᠬᠦᠮᠳᠡᠨ ᠨᠢᠭᠳᠠᠷᠠᠭᠰᠠᠨ ᠤᠳᠭ᠎ᠠ ᠤᠷᠠᠯᠢᠭ ᠤ᠋ᠨ ᠴᠢᠳᠠᠪᠤᠷᠢᠲᠠᠨ ᠤ᠋ ᠡᠩᠨᠡᠭᠡ ᠲᠠᠢ ᠪᠤᠯᠵᠠᠢ ᠁
ᠥᠪᠥᠷ ᠮᠣᠩᠭᠣᠯ ᠤ᠋ᠨ ᠤᠳᠭ᠎ᠠ ᠤᠷᠠᠯᠢᠭ ᠠᠮᠢᠵᠢᠷᠠᠯ ᠤ᠋ᠨ ᠬᠦᠴᠦᠨ ᠢ᠋ᠶ᠋ᠡᠷ ᠪᠢᠯᠬᠠᠨ᠎ᠠ᠃ ᠥᠪᠥᠷ ᠮᠣᠩᠭᠣᠯ ᠤ᠋ᠨ ᠥᠷᠭᠡᠨ ᠤᠯᠠᠨ ᠤᠳᠭ᠎ᠠ ᠤᠷᠠᠯᠢᠭ ᠤ᠋ᠨ ᠠᠵᠢᠯᠳᠠᠨ ᠰᠣᠶᠣᠯ ᠤ᠋ᠨ ᠡᠭᠦᠷᠭᠡ ᠬᠠᠷᠢᠭᠤᠴᠠᠯᠭ᠎ᠠ ᠪᠠᠨ ᠵᠣᠷᠢᠭ᠍ᠲᠠᠢ ᠡᠭᠦᠷᠭᠡᠯᠡᠨ᠂ ᠤᠮᠠᠷᠠᠲᠤ ᠬᠢᠯᠢ ᠶ᠋ᠢᠨ ᠰᠣᠶᠣᠯ ᠤ᠋ᠨ ᠲᠦᠷᠦᠯ ᠲᠡᠮᠳᠡᠭ ᠢ᠋ ᠴᠢᠷᠮᠠᠢᠨ ᠴᠤᠭᠴᠠᠯᠠᠵᠦ᠂ ᠯᠠᠪᠲᠠᠢᠶ᠎ᠠ ᠱᠢᠨ᠎ᠡ ᠴᠠᠭ ᠦᠶ᠎ᠡ ᠱᠢᠨ᠎ᠡ ᠳᠦᠷᠰᠦ ᠪᠠᠢᠳᠠᠯ ᠢ᠋ ᠬᠠᠷᠠᠭᠤᠯᠤᠭᠰᠠᠨ ᠨᠡᠩ ᠤᠯᠠᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠍᠂ ᠦᠨᠳᠦᠰᠦᠲᠡᠨ ᠨᠤᠭᠦᠳ ᠤ᠋ᠨ ᠺᠠᠳ᠋ᠷ ᠤᠯᠠᠨ ᠲᠦᠮᠡᠨ ᠤ᠋ ᠰᠡᠳᠭᠢᠯ ᠵᠢᠷᠦᠬᠡ ᠪᠡᠨ ᠬᠣᠯᠪᠣᠨ ᠪᠦᠯᠬᠦᠮᠳᠡᠨ ᠲᠡᠮᠡᠴᠡᠵᠦ᠍ ᠱᠢᠨ᠎ᠡ ᠠᠶᠠᠨ ᠳ᠋ᠠᠭᠠᠨ ᠮᠣᠷᠳᠠᠬᠤ ᠵᠢ ᠨᠡᠩ ᠰᠠᠢᠲᠤᠷ ᠵᠣᠷᠢᠭ᠍ᠵᠢᠭᠤᠯᠬᠤ ᠪᠣᠯᠤᠨ᠎ᠠ᠃