— 《ᠬᠤᠩᠱᠠᠨ ᠰᠣᠶᠣᠯ》 ᠢ᠋ ᠨᠡᠷᠡᠢᠳᠦᠭ᠌ᠰᠡᠨ ᠳᠠᠯᠠᠨ ᠵᠢᠯ᠎ᠦᠨ ᠣᠶ᠎ᠶ᠋ᠢᠨ ᠱᠢᠷᠢᠰ ᠮᠡᠳᠡᠭᠡᠯᠡᠯ (ᠲᠠᠪᠤ)
ᠡᠬᠡ ᠭᠠᠵᠠᠷ᠎ᠢᠶᠡᠷ ᠴᠠᠭᠠᠰᠤ ᠬᠢᠵᠦ᠂ ᠣᠨ ᠵᠢᠯ᠎ᠢᠶᠡᠷ ᠪᠢᠷ ᠪᠤᠯᠭᠠᠵᠤ ᠲᠡᠦᠬᠡ ᠰᠤᠶᠤᠯ᠎ᠤᠨ ᠤᠯᠠ ᠮᠦᠷ᠎ᠢ ᠲᠡᠮᠳᠡᠭᠯᠡᠨ᠎ᠡ᠂ ᠵᠠᠭᠤᠨ ᠵᠢᠯ᠎ᠦᠨ ᠬᠠᠭᠤᠴᠢ ᠰᠤᠳᠤᠯᠤᠯ ᠨᠢ ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠠᠯᠬᠤᠭ᠎ᠠ᠎ᠵᠢ ᠪᠠᠳᠤ ᠭᠡᠷᠡᠴᠢᠯᠡᠨ᠎ᠠ᠃
ᠬᠤᠩᠱᠠᠨ ᠰᠣᠶᠣᠯ᠎ᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠤᠬᠠᠭᠠᠨ ᠮᠡᠨᠳᠦᠯᠡᠭ᠌ᠰᠡᠨ ᠲᠡᠷᠡ ᠵᠢᠯ᠎ᠳᠤ ᠢᠯᠡᠷᠡᠭᠦᠯᠦᠭ᠌ᠰᠡᠨ ᠪᠥᠭᠡᠳ 《ᠬᠤᠩᠱᠠᠨ ᠰᠣᠶᠣᠯ》 ᠬᠡᠵᠦ ᠨᠡᠷᠡᠢᠳᠦᠭ᠌ᠰᠡᠨ ᠡᠴᠡ ᠠᠪᠤᠭᠠᠳ ᠣᠲᠣ ᠪᠤᠯᠳᠠᠯ᠎ᠠ ᠶᠠᠭ ᠰᠠᠢᠬᠠᠨ ᠪᠦᠬᠦᠯᠢ 70 ᠵᠢᠯ ᠪᠣᠯᠵᠠᠶ᠃
1921 ᠣᠨ᠎ᠳᠤ ᠰᠸᠧᠳᠧᠨ ᠤᠯᠤᠰ᠎ᠤᠨ ᠬᠦᠮᠦᠨ ᠠᠨᠲᠸᠰᠸᠨ ᠭᠤᠸᠠᠢ ᠯᠢᠶᠣᠤᠨᠢᠩ᠎ᠤᠨ ᠯᠢᠶᠤᠤᠾᠸ ᠭᠤᠤᠯ ᠤ᠋ᠨ ᠪᠠᠷᠠᠭᠤᠨ ᠬᠡᠰᠡᠭ᠎ᠦᠨ ᠵᠢᠨᠰᠢ ᠵᠢᠨ ᠱᠠ ᠭᠦᠸᠧ ᠳᠦᠨ ᠲᠣᠰᠭᠣᠨ᠎ᠤ ᠪᠠᠭᠤᠷᠢ ᠵᠢ ᠠᠭᠤᠳᠠᠯᠤᠨ ᠮᠠᠯᠳᠠᠬᠤ ᠦᠶ᠎ᠠ ᠳ᠋ᠤ 《ᠬᠤᠩᠱᠠᠨ ᠰᠣᠶᠣᠯ》 ᠤ᠋ᠨ ᠦᠯᠡᠳᠡᠭ᠌ᠳᠡᠯ ᠢ᠋ ᠢᠯᠡᠷᠡᠭᠦᠯᠪᠡ᠂ ᠡᠨᠡ ᠨᠢ ᠳᠤᠮᠳᠠᠳᠤ ᠤᠯᠤᠰ᠎ᠤᠨ ᠬᠠᠭᠤᠴᠢ ᠰᠤᠳᠤᠯᠤᠯᠢ᠋ ᠡᠬᠢᠯᠡᠭᠦᠯᠦᠭᠰᠡᠨ ᠶᠠᠪᠤᠳᠠᠯ ᠪᠤᠯᠵᠤ᠂ ᠲᠤᠰ ᠵᠢᠯ ᠨᠢ ᠮᠦᠨ ᠴᠤ᠌ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠡᠬᠢᠯᠡᠯᠲᠡ᠎ᠶ᠋ᠢᠨ ᠵᠢᠯ ᠪᠣᠯᠵᠠᠢ᠃ ᠬᠤᠩᠱᠠᠨ ᠰᠣᠶᠣᠯ᠎ᠤᠨ ᠢᠯᠡᠷᠡᠭᠦᠯᠦᠯᠲᠡ ᠪᠠ ᠰᠤᠳᠤᠯᠭᠠᠨ ᠨᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠵᠠᠭᠤᠨ ᠵᠢᠯ᠎ᠦᠨ ᠶᠠᠪᠤᠴᠠᠲᠤᠮᠳᠠ ᠲᠤᠵᠢ ᠶᠠᠪᠤᠬᠳᠠᠪᠠ᠃
20 ᠳ᠋ᠤᠭᠠᠷ ᠵᠠᠭᠤᠨ᠎ᠤ ᠭᠤᠴᠢᠭᠠᠳ ᠣᠨ᠎ᠤ ᠡᠬᠢ᠎ᠪᠡᠷ᠂ ᠬᠠᠭᠤᠴᠢ ᠰᠤᠳᠤᠯᠤᠭ᠍ᠴᠢ ᠯᠢᠶᠠᠩ ᠰᠧ ᠶᠦᠩ ᠬᠤᠩᠱᠠᠨ ᠣᠷᠣᠨ᠎ᠳᠤ ᠪᠠᠢᠴᠠᠭᠠᠯᠲᠠ ᠬᠢᠬᠦ ᠦᠶ᠎ᠠ ᠳ᠋ᠡᠬᠡᠨ ᠪᠠᠰᠠ ᠬᠤᠩᠱᠠᠨ ᠰᠣᠶᠣᠯ᠎ᠤᠨ ᠨᠢᠭᠡ ᠪᠦᠯᠦᠭ ᠦᠯᠡᠳᠡᠭ᠌ᠳᠡᠯ᠎ᠢ ᠢᠯᠡᠷᠡᠭᠦᠯᠪᠡ᠃ 1935 ᠣᠨ᠎ᠳᠤ ᠬᠤᠩᠱᠠᠨ᠎ᠤ ᠠᠷᠤ ᠲᠠᠯ᠎ᠠ᠎ᠶ᠋ᠢᠨ ᠪᠠᠭᠤᠷᠢ᠎ᠶ᠋ᠢ ᠠᠩᠬ᠎ᠠ ᠤᠳᠠᠭ᠎ᠠ ᠮᠠᠯᠲᠠᠨ ᠢᠯᠡᠷᠡᠭᠦᠯᠵᠦ᠂ ᠴᠢᠬᠤᠯᠠ ᠮᠡᠳᠡᠭᠦᠯᠦᠯᠲᠡ 《ᠤᠯᠠᠭᠠᠨᠬᠠᠳᠠ᠎ᠶ᠋ᠢᠨ ᠬᠤᠩᠱᠠᠨ᠎ᠤ ᠠᠷᠤ》 ᠶ᠋ᠢ 1938 ᠣᠨ᠎ᠳᠤ ᠨᠡᠢᠲᠡᠯᠡᠵᠦ᠍᠂ ᠬᠤᠩᠱᠠᠨ ᠰᠣᠶᠣᠯ ᠨᠢ ᠳᠡᠯᠡᠬᠡᠶ᠎ᠶ᠋ᠢᠨ ᠠᠩᠬᠠᠷᠤᠯ᠎ᠢ ᠲᠠᠲᠠᠪᠠ᠃ ᠲᠡᠭᠦᠨ᠎ᠡᠴᠡ ᠬᠣᠢᠰᠢ᠂ ᠬᠣᠩᠱᠠᠨ ᠰᠣᠶᠣᠯ᠎ᠤᠨ ᠳᠤᠷᠠᠰᠭᠠᠯᠲᠤ ᠵᠦᠢᠯᠡᠰ ᠢ᠋ ᠲᠠᠰᠤᠷᠠᠯᠲᠠ ᠦᠭᠡᠢ ᠢᠯᠡᠷᠡᠭᠦᠯᠵᠡᠢ᠃
1954 ᠣᠨ᠎ᠳᠤ ᠬᠤᠩᠱᠠᠨ ᠰᠣᠶᠣᠯ ᠴᠢᠬᠤᠯᠠ ᠴᠠᠭ ᠮᠥᠴᠡ᠎ᠶ᠋ᠢ ᠤᠭ᠍ᠲᠤᠨ ᠠᠪᠴᠢᠷᠠᠯ᠎ᠠ᠃ ᠠᠯᠳᠠᠷᠲᠤ ᠬᠠᠭᠤᠴᠢ ᠰᠤᠳᠤᠯᠤᠭ᠍ᠴᠢᠶ᠌ᠢᠨ ᠳ᠋ᠡ 《ᠳᠤᠮᠳᠠᠳᠤ ᠤᠯᠤᠰ᠎ᠤᠨ ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠡ》 ᠭᠡᠬᠦ᠌ ᠨᠣᠮ᠎ᠳᠠᠭᠠᠨ 《ᠤᠯᠠᠭᠠᠨᠬᠠᠳᠠ᠎ᠶ᠋ᠢᠨ ᠬᠤᠩᠱᠠᠨ᠎ᠤ ᠠᠷᠤ ᠶ᠋ᠢᠨ ᠪᠠᠭᠤᠷᠢ》 ᠶ᠋ᠢ ᠵᠢᠩᠬᠢᠨᠢ᠎ᠪᠡᠷ 《ᠬᠤᠩᠱᠠᠨ ᠰᠣᠶᠣᠯ》 ᠭᠡᠵᠦ᠍ ᠨᠡᠷᠡᠢᠳᠪᠡ᠃
ᠡᠭᠦᠨ᠎ᠡᠴᠡ ᠡᠬᠢᠯᠡᠨ ᠬᠤᠩᠱᠠᠨ ᠰᠣᠶᠣᠯ ᠨᠢ ᠬᠠᠭᠤᠴᠢ ᠰᠤᠳᠤᠯᠤᠯ᠎ᠤᠨ ᠰᠣᠶᠣᠯ᠎ᠤᠨ ᠬᠦᠷᠢᠶᠡᠨ᠎ᠳᠦ ᠥᠪᠡᠷ᠎ᠦᠨ᠎ᠢᠶᠡᠨ ᠨᠡᠷ᠎ᠡ ᠲᠠᠶ ᠪᠤᠯᠵᠤ᠂ ᠳᠤᠮᠳᠠᠳᠤ᠎ᠶ᠋ᠢᠨ ᠪᠣᠯᠪᠠᠰᠤᠨ᠎ᠤ ᠤᠳᠤᠨ ᠮᠡᠴᠢᠳ᠎ᠦᠨ ᠳᠤᠮᠳᠠᠬᠢ ᠤᠨᠴᠠᠭᠠᠢ ᠨᠢᠭᠡᠨ ᠬᠡᠷᠡᠯᠲᠦ ᠤᠳᠤᠨ ᠪᠣᠯᠤᠭ᠍ᠰᠠᠨ ᠪᠠᠢᠨ᠎ᠠ᠃
《ᠬᠤᠩᠱᠠᠨ ᠰᠣᠶᠣᠯ᠎ᠤᠨ ᠮᠡᠨᠳᠠᠯ ᠰᠦᠮᠡᠪᠤᠯᠠᠰᠢ ᠪᠣᠯ ᠳᠤᠮᠳᠠᠳᠤ᠎ᠶ᠋ᠢᠨ ᠪᠣᠯᠪᠠᠰᠤᠨ᠎ᠤ ᠪᠡᠯᠭᠡ ᠲᠡᠮᠳᠡᠭ ᠮᠥᠨ》᠃
ᠰᠤ᠌ ᠪᠢᠩ ᠴᠢ ᠠᠪᠤᠭᠠᠢ᠎ᠶ᠋ᠢᠨ ᠦᠵᠡᠬᠦ᠌᠎ᠪᠡᠷ᠂ ᠠᠯᠢ ᠤᠯᠠᠨ ᠨᠡᠷᠡᠢᠳᠦᠭ᠌ᠰᠡᠨ ᠰᠣᠶᠣᠯ᠎ᠤᠨ ᠵᠢᠬᠰᠠᠯ ᠲᠤᠮᠳᠠ᠂ ᠬᠤᠩᠱᠠᠨ ᠰᠣᠶᠣᠯ᠎ᠤᠨ ᠲᠡᠦᠬᠡ ᠨᠢ ᠥᠪᠡᠷᠮᠢᠴᠡ ᠣᠨᠴᠠᠯᠢᠭ᠎ᠲᠠᠶ᠂ ᠡᠴᠢᠨ᠎ᠡ ᠨᠢᠭᠤᠴᠠᠭᠠᠢ ᠨᠢᠭᠡ ᠰᠠᠯᠠᠭ᠎ᠠ ᠪᠣᠯᠤᠨ᠎ᠠ᠃ ᠳᠤᠮᠳᠠᠳᠤ ᠤᠯᠤᠰ ᠳᠥᠷᠪᠡᠨ ᠶᠡᠬᠡ ᠡᠷᠲᠡᠨ᠎ᠦ ᠪᠣᠯᠪᠠᠰᠤᠨ ᠤᠯᠤᠰ᠎ᠤᠨ ᠨᠢᠬᠡ ᠪᠠᠢᠵᠤ᠂ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡ ᠵᠢ ᠬᠤᠩᠱᠠᠨ ᠰᠣᠶᠣᠯ ᠭᠡᠷᠡᠴᠢᠯᠡᠵᠤ ᠪᠤᠢ᠃
ᠬᠤᠩᠱᠠᠨ ᠰᠣᠶᠣᠯ᠎ᠤᠨ ᠵᠢᠩᠬᠢᠨᠢ ᠨᠡᠷ᠎ᠡ ᠠᠯᠳᠠᠷᠰᠢᠭᠰᠠᠨ ᠨᠢ 20 ᠳ᠋ᠤᠭᠠᠷ ᠵᠠᠭᠤᠨ᠎ᠤ ᠨᠠᠶᠠᠭᠠᠳ ᠣᠨ ᠪᠤᠯᠤᠨ᠎ᠠ᠃
ᠡᠨᠡ ᠬᠦ᠌ ᠱᠠᠲᠤᠨ᠎ᠳᠤ ᠴᠢᠬᠤᠯᠠ ᠬᠠᠭᠤᠴᠢ ᠰᠤᠳᠤᠯᠤᠯ᠎ᠤᠨ ᠤᠯᠤᠯᠲᠠ ᠬᠤᠶᠠᠷ ᠪᠤᠢ᠂ ᠬᠠᠷᠠᠴᠢᠨ ᠵᠡᠭᠦᠨ ᠬᠣᠱᠢᠭᠤᠨ᠎ᠤ ᠳ᠋ᠦᠩ ᠱᠠᠨ ᠽᠦᠶ᠎ᠶ᠋ᠢᠨ ᠪᠠᠭᠤᠷᠢ᠎ᠶ᠋ᠢᠨ ᠴᠢᠯᠠᠭᠤᠨ ᠪᠠᠷᠢᠯᠭ᠎ᠠ᠎ᠶ᠋ᠢᠨ ᠪᠠᠭᠤᠷᠢ᠂ ᠸᠠᠭᠠᠷ᠎ᠢᠶᠠᠷ ᠱᠤᠭᠤᠭ᠍ᠰᠠᠨ ᠨᠢᠭᠡ ᠪᠦᠯᠦᠭ ᠬᠥᠮᠦᠨ᠎ᠦ ᠬᠥᠷᠥᠭ᠎ᠢ ᠢᠯᠡᠷᠡᠭᠦᠯᠦᠭ᠌ᠰᠡᠨ ᠪᠠ ᠵᠢᠶᠠᠨ ᠫᠢᠩ᠎ᠤᠨ ᠨᠢᠤ ᠾᠧ ᠯᠢᠶᠠᠩ᠎ᠤᠨ 《ᠳᠠᠭᠢᠨᠢ᠎ᠶ᠋ᠢᠨ ᠰᠦᠮ᠎ᠡ》᠂ ᠨᠢᠭᠡ ᠪᠦᠯᠦᠭ ᠴᠢᠯᠠᠭᠤᠨ ᠪᠤᠯᠠᠰᠢ᠎ᠵᠢ ᠢᠯᠡᠷᠡᠭᠦᠯᠦᠭ᠌ᠰᠡᠨ ᠶᠠᠪᠤᠳᠠᠯ ᠪᠤᠯᠤᠨ᠎ᠠ᠃
ᠡᠨᠡ ᠬᠣᠶᠠᠷ ᠤᠳᠠᠭᠠᠨ᠎ᠤ ᠴᠢᠬᠤᠯᠠ ᠶᠡᠬᠡ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠨᠢ ᠲᠤᠬᠠᠶ᠎ᠶ᠋ᠢᠨ ᠦᠶ᠎ᠡ᠎ᠶ᠋ᠢᠨ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠬᠢᠨᠢ ᠳᠣᠩᠰᠣᠯᠭᠠᠵᠤ᠂ ᠬᠤᠩᠱᠠᠨ ᠰᠣᠶᠣᠯ᠎ᠤᠨ ᠰᠤᠳᠤᠯᠭᠠᠨ᠎ᠳᠤ ᠴᠠᠭ ᠦᠶ᠎ᠡ᠎ᠶ᠋ᠢ ᠵᠠᠭᠠᠭ᠍ᠯᠠᠭ᠍ᠰᠠᠨ ᠠᠴᠢ ᠬᠣᠯᠪᠣᠭ᠍ᠳᠠᠯ᠎ᠲᠠᠶ᠎ᠪᠠᠷ ᠪᠠᠷᠠᠬᠤ ᠦᠭᠡᠢ᠂ ᠪᠦᠬᠦᠢᠯᠡ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠳᠤ ᠴᠤ᠌ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃
ᠬᠤᠩᠱᠠᠨ ᠰᠣᠶᠣᠯ᠎ᠢ ᠨᠡᠷᠡᠢᠳᠦᠭ᠌ᠰᠡᠨ 70 ᠵᠢᠯ᠎ᠦᠨ ᠤᠢ ᠪᠤᠯᠬᠤ ᠲᠠᠱᠢᠷᠠᠮ᠎ᠢᠶᠠᠷ᠂ ᠰᠠᠶᠢᠬᠠᠨ ᠪᠦᠷᠢᠨ ᠪᠦᠲᠦᠨ ᠢᠯᠡᠷᠡᠭᠦᠯᠦᠭ᠌ᠰᠡᠨ ᠨᠢᠭᠡ ᠰᠠᠭᠤᠷᠢ ᠴᠢᠯᠠᠭᠤᠨ ᠪᠤᠯᠠᠰᠢ᠂ ᠨᠢᠭᠡ ᠯᠡ ᠤᠳᠠᠭ᠎ᠠ᠎ᠳᠤ ᠮᠠᠯᠲᠠᠵᠤ ᠭᠠᠷᠭᠠᠭ᠍ᠰᠠᠨ ᠵᠠᠭᠤ ᠭᠠᠷᠤᠢ ᠬᠤᠪᠢ ᠬᠤᠩᠱᠠᠨ ᠰᠣᠶᠣᠯ᠎ᠤᠨ ᠬᠠᠰ ᠡᠳ᠋ᠯᠡᠯ᠂ ᠢᠯᠠᠩᠭᠤᠶ᠎ᠠ ᠢᠯᠡᠷᠡᠭᠦᠯᠦᠭ᠌ᠰᠡᠨ ᠯᠢᠩ ᠵᠢᠶᠠ ᠲᠠᠨ᠎ᠤ ᠰᠣᠶᠣᠯ᠎ᠤᠨ ᠬᠠᠰ ᠲᠢᠲᠢᠮ ᠲᠡᠬᠡᠷᠡᠬᠢ ᠵᠠᠰᠠᠯ ᠴᠢᠮᠡᠭᠯᠡᠯ ᠲᠡᠶ ᠠᠳᠠᠯᠢᠪᠲᠤᠷ ᠡᠳ᠋ᠯᠡᠯ ᠬᠡᠷᠡᠭ᠌ᠰᠡᠯ ᠨᠢ ᠥᠪᠥᠷ ᠮᠣᠩᠭᠣᠯ᠎ᠤᠨ ᠬᠤᠩᠱᠠᠨ ᠰᠣᠶᠣᠯ᠎ᠤᠨ ᠮᠠᠯᠲᠠᠵᠤ ᠭᠠᠷᠭᠠᠭ᠍ᠰᠠᠨ ᠬᠠᠰ ᠡᠳ᠋ᠯᠡᠯ᠎ᠦᠨ ᠬᠠᠭᠤᠴᠢ ᠰᠤᠳᠤᠯᠤᠯ᠎ᠤᠨ ᠬᠣᠭᠣᠰᠣᠨ᠎ᠢ ᠨᠥᠬᠥᠪᠥᠷᠢᠯᠡᠵᠦ᠍᠂ ᠪᠣᠷᠣᠲᠣᠬᠣᠢ᠎ᠶ᠋ᠢᠨ ᠭᠠᠵᠠᠷ ᠣᠷᠣᠨ᠎ᠤ ᠯᠦᠩ ᠱᠠᠨ᠎ᠤ ᠴᠠᠭ ᠦᠶ᠎ᠡ᠎ᠶ᠋ᠢᠨ 《ᠬᠠᠰᠢ ᠬᠡᠷᠡᠮᠳᠤᠲᠤᠷᠠ ᠨᠢᠭᠤᠬᠤ》 ᠦᠵᠡᠭ᠌ᠳᠡᠯ᠎ᠦᠨ ᠢᠷᠡᠯᠳᠡ᠎ᠶ᠋ᠢ ᠰᠤᠳᠤᠯᠤᠨ ᠰᠦᠪᠡᠭ᠌ᠴᠢᠯᠡᠬᠦ᠌᠎ᠳᠦ ᠱᠢᠨ᠎ᠡ ᠰᠦᠪᠡᠭ᠌ᠴᠢ ᠬᠠᠩᠭᠠᠵᠠᠢ᠃
2023 ᠣᠨ᠎ᠳᠤ ᠦᠩᠭᠡᠲᠦ ᠸᠠᠭᠠᠷ᠎ᠤᠨ ᠪᠠᠭᠤᠷᠢ᠎ᠠᠴᠠ ᠣᠯᠳᠠᠭ᠍ᠰᠠᠨ ᠯᠣᠣ᠎ᠶ᠋ᠢᠨ ᠬᠡᠯᠪᠡᠷᠢᠲᠡᠶ ᠬᠢᠰᠤᠭ᠎ᠠ ᠵᠠᠰᠠᠯ ᠪᠣᠯ ᠬᠤᠩᠱᠠᠨ ᠰᠣᠶᠣᠯ᠎ᠤᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠡᠴᠡ ᠣᠯᠳᠠᠭ᠍ᠰᠠᠨ ᠴᠤᠷ᠎ᠤᠨ ᠭᠠᠭ᠍ᠴᠠ ᠠᠰᠬᠠᠨ ᠬᠡᠯᠪᠡᠷᠢ ᠲᠠᠢ ᠯᠣᠣ᠎ᠶ᠋ᠢᠨ ᠲᠦᠷᠢ ᠪᠣᠯᠤᠨ᠎ᠠ᠃ 2024 ᠣᠨ᠎ᠳᠤ 3D ᠳᠠᠭᠤᠷᠢᠶᠠᠮᠠᠯ ᠨᠡᠢᠯᠡᠬᠦᠯᠦᠨ ᠵᠠᠯᠭᠠᠬᠤ ᠮᠡᠷᠭᠡᠵᠢᠯ᠎ᠢ ᠬᠡᠷᠡᠭ᠌ᠯᠡᠨ ᠰᠡᠷᠭᠦᠭᠡᠵᠦ᠂ ᠤᠨᠴᠠᠭᠠᠢ ᠮᠡᠷᠬᠡᠵᠢᠯ᠎ᠢᠶᠡᠷ ᠰᠢᠨᠵᠢᠨ ᠬᠡᠮᠵᠢᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠣᠲᠣ᠎ᠠᠴᠠ 6300 ᠵᠢᠯ᠎ᠤᠨ ᠡᠮᠦᠨᠡᠬᠢ ᠡᠳ᠋ ᠪᠠᠢᠵᠤ᠂ ᠬᠤᠩᠱᠠᠨ ᠰᠣᠶᠣᠯ᠎ᠤᠨ ᠠᠩᠬᠠᠨ᠎ᠤ ᠦᠶ᠎ᠡ᠎ᠶ᠋ᠢᠨ ᠯᠤᠤ᠎ᠶ᠋ᠢᠨ ᠳᠦᠷᠢ ᠲᠥᠷᠬᠦ᠌᠎ᠶ᠋ᠢᠨ ᠬᠣᠭᠣᠰᠣᠨ᠎ᠢ ᠨᠥᠬᠥᠪᠥᠷᠢᠯᠡᠭ᠌ᠰᠡᠨ ᠪᠠᠢᠨ᠎ᠠ᠃
ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠶᠡᠷᠦ᠍᠎ᠡᠴᠡ ᠵᠣᠭ᠍ᠰᠣᠭ᠍ᠰᠠᠨ ᠦᠭᠡᠢ᠃
70 ᠵᠢᠯ᠎ᠦᠨ ᠲᠤᠷᠰᠢ᠂ ᠲᠤᠰᠭᠠᠶ ᠮᠡᠷᠭᠡᠵᠢᠯᠲᠡᠨ ᠡᠷᠳᠡᠮᠲᠡᠳ ᠨᠡᠬᠡᠬᠡᠨ ᠮᠠᠯᠲᠠᠬᠤ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠡᠷᠳᠡᠮ ᠱᠢᠨᠵᠢᠯᠡᠭᠡᠨ᠎ᠦ ᠲᠠᠪᠴᠠᠩ᠎ᠢ ᠪᠠᠢᠭᠤᠯᠵᠤ᠂ ᠰᠤᠳᠤᠯᠭᠠᠨ᠎ᠤ ᠴᠢᠳᠠᠪᠤᠷᠢᠲᠠᠨ᠎ᠢ ᠬᠥᠮᠦᠵᠢᠭᠦᠯᠵᠦ᠍᠂ ᠬᠣᠩᠱᠠᠨᠤ ᠥᠨᠢ ᠡᠷᠲᠡᠨ᠎ᠦ ᠨᠢᠭᠤᠴᠠ᠎ᠶ᠋ᠢ ᠲᠠᠰᠤᠷᠠᠯᠲᠠ ᠥᠬᠡᠶ ᠬᠠᠢᠨ ᠰᠤᠳᠤᠯᠤᠬᠰᠠᠭᠠᠷ ᠢᠷᠡᠪᠡ᠃
ᠬᠤᠩᠱᠠᠨᠰᠣᠶᠣᠯᠤᠨ ᠭᠠᠳᠠᠭᠠᠳᠤ ᠰᠣᠯᠢᠯᠴᠠᠭᠠᠨ᠎ᠤ ᠴᠢᠬᠤᠯᠠ ᠴᠣᠩᠬᠣᠪᠴᠢ ᠪᠣᠯᠤᠭ᠍ᠰᠠᠨ᠎ᠤ ᠬᠤᠪᠢ᠎ᠳᠤ᠂ 1993 ᠣᠨ᠎ᠤ 8 ᠰᠠᠷ᠎ᠠ᠎ᠳᠤ᠂ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠮᠠᠷᠠᠲᠤ᠎ᠶ᠋ᠢᠨ ᠡᠷᠲᠡᠨ᠎ᠦ ᠰᠣᠶᠣᠯ᠎ᠤᠨ ᠤᠯᠠᠨ ᠤᠯᠤᠰ᠎ᠤᠨ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠡᠭᠦᠨ᠎ᠡᠴᠡ ᠰᠡᠭᠦᠯᠡᠷ ᠪᠠᠰᠠ ᠬᠣᠶᠠᠷ ᠬᠤᠭᠤᠴᠠᠭ᠎ᠠ ᠡᠷᠬᠢᠯᠡᠪᠡ᠃ 2006 ᠣᠨ᠎ᠠᠴᠠ ᠡᠬᠢᠯᠡᠨ ᠬᠤᠩᠱᠠᠨ ᠰᠣᠶᠣᠯ᠎ᠤᠨ ᠲᠦᠷᠦᠭᠦᠴᠦᠳ᠎ᠦᠨ ᠶᠠᠷᠢᠶᠠᠨ᠎ᠤ ᠲᠠᠪᠴᠠᠩ ᠨᠢ ᠳᠤᠮᠳᠠᠳᠤ ᠤᠯᠤᠰ᠎ᠤᠨ ᠤᠮᠠᠷᠠᠲᠤ᠎ᠶ᠋ᠢᠨ ᠡᠷᠲᠡᠨ᠎ᠦ ᠰᠣᠶᠣᠯ᠎ᠤᠨ ᠤᠯᠠᠨ ᠤᠯᠤᠰ᠎ᠤᠨ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ᠎ᠤᠨ ᠦᠷᠭᠦᠯᠵᠢᠯᠡᠯ ᠪᠣᠯᠤᠭ᠍ᠰᠠᠨ᠎ᠤ ᠬᠤᠪᠢ᠎ᠳᠤ᠂ ᠤᠳᠤ ᠪᠣᠯᠲᠠᠯ᠎ᠠ ᠨᠢᠭᠡᠨᠲᠡ ᠠᠷᠪᠠᠨ ᠬᠡᠳᠦᠨ ᠬᠤᠭᠤᠴᠠᠭ᠎ᠠ ᠶᠠᠪᠤᠭ᠍ᠳᠠᠵᠤ᠂ ᠬᠤᠩᠱᠠᠨ ᠰᠣᠶᠣᠯ᠎ᠤᠨ ᠰᠤᠳᠤᠯᠭᠠᠨ᠎ᠢ ᠦᠷᠭᠦᠯᠵᠢᠯᠡᠨ ᠱᠢᠨ᠎ᠡ ᠦᠨᠳᠦᠷᠴᠡ ᠳ᠋ᠤ ᠬᠦᠷᠭᠡᠪᠡ᠃
ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠰᠦᠨ ᠶᠦᠩ ᠭᠠᠩ᠄《ᠣᠯᠠᠨ ᠵᠢᠯ᠎ᠦᠨ ᠲᠤᠷᠰᠢ᠂ ᠤᠯᠠᠭᠠᠨᠬᠠᠳᠠ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢᠶᠡᠷ ᠭᠤᠤᠯ ᠪᠣᠯᠭᠠᠵᠤ᠂ ᠬᠤᠩᠱᠠᠨ ᠰᠣᠶᠣᠯ᠎ᠤᠨ ᠰᠤᠳᠤᠯᠭᠠᠨ᠎ᠤ ᠬᠦᠷᠢᠶᠡᠯᠡᠩ᠎ᠢᠶᠡᠷ ᠲᠠᠪᠴᠠᠩ ᠪᠣᠯᠭᠠᠵᠤ᠂ ᠬᠤᠩᠱᠠᠨ ᠰᠣᠶᠣᠯ᠎ᠤᠨ ᠰᠤᠳᠤᠯᠭᠠᠨ᠎ᠤ ᠱᠢᠰᠲ᠋ᠧᠮ᠎ᠢ ᠪᠠᠢᠭᠤᠯᠪᠠ᠃ 2012 ᠣᠨ᠎ᠳᠤ ᠰᠤᠷᠭᠠᠭᠤᠯᠢ᠎ᠶ᠋ᠢᠨ ᠳᠣᠲᠣᠨ᠎ᠠ ᠭᠠᠳᠠᠨᠠᠬᠢ ᠱᠢᠯᠢᠳᠡᠭ ᠡᠬᠢ ᠪᠠᠶᠠᠯᠢᠭ᠎ᠢ ᠨᠡᠢᠳᠭᠡᠨ ᠬᠤᠩᠱᠠᠨ ᠰᠣᠶᠣᠯ᠎ᠤᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠪᠠ᠃ 2014 ᠣᠨ᠎ᠳᠤ ᠥᠪᠥᠷ ᠮᠣᠩᠭᠣᠯ᠎ᠤᠨ ᠬᠤᠩᠱᠠᠨ ᠰᠣᠶᠣᠯ᠎ᠤᠨ ᠨᠡᠢᠭᠡᠮᠯᠢᠭ ᠤᠯᠠᠭᠠᠨᠬᠠᠳᠠ ᠳᠡᠭᠡᠳᠦ ᠰᠤᠷᠭᠠᠭᠤᠯᠢ᠎ᠳᠤ ᠪᠠᠢᠭᠤᠯᠤᠭᠳᠠᠵᠤ᠂ ᠲᠤᠰ ᠵᠢᠯ᠎ᠳᠦ 〈ᠬᠤᠩᠱᠠᠨ ᠰᠣᠶᠣᠯ᠎ᠤᠨ ᠰᠤᠳᠤᠯᠭᠠᠨ〉 ᠰᠡᠳᠬᠦᠯ᠎ᠢ ᠡᠷᠬᠢᠯᠡᠨ᠂ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠬᠤᠩᠱᠠᠨ ᠰᠣᠶᠣᠯ᠎ᠤᠨ ᠰᠤᠳᠤᠯᠭᠠᠨ᠎ᠤ ᠰᠦᠯᠵᠢᠶ᠎ᠡ᠎ᠶ᠋ᠢ ᠡᠷᠬᠢᠯᠡᠨ ᠨᠡᠭᠡᠭᠡᠵᠦ᠍᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠪᠠᠯᠠᠷ ᠡᠷᠲᠡᠨ᠎ᠦ ᠬᠠᠭᠤᠴᠢ ᠰᠤᠳᠤᠯᠤᠯ᠎ᠤᠨ ᠰᠤᠷᠪᠤᠯᠵᠢ ᠪᠢᠴᠢᠭ᠎ᠦᠨ ᠲᠥᠪ᠎ᠦᠨ ᠪᠦᠲᠦᠭᠡᠨ ᠪᠠᠢᠭᠤᠯᠤᠯᠲᠠ᠎ᠶ᠋ᠢ ᠡᠬᠢᠯᠡᠭᠦᠯᠪᠡ》 ᠭᠡᠵᠦ ᠲᠠᠨᠢᠯᠴᠠᠭᠤᠯᠪᠠ᠃
70 ᠵᠢᠯ᠎ᠦᠨ ᠲᠤᠷᠰᠢ᠂ ᠬᠤᠩᠱᠠᠨ ᠰᠣᠶᠣᠯ᠎ᠤᠨ ᠦᠯᠡᠳᠡᠭ᠌ᠳᠡᠯ ᠲᠠᠰᠤᠷᠠᠯᠲᠠ ᠦᠭᠡᠢ ᠢᠯᠡᠷᠡᠨ ᠭᠠᠷᠴᠤ᠌᠂ ᠦᠨ᠎ᠡ ᠦᠷᠲᠡᠭᠵᠢᠡᠨ ᠢᠯᠡᠷᠡᠭᠦᠯᠪᠡ᠃
2021 ᠣᠨ᠎ᠳᠤ᠂ 《ᠬᠠᠰ ᠡᠳ᠋ᠯᠡᠯ᠎ᠤᠨ ᠭᠠᠢᠬᠠᠮᠰᠢᠭ — ᠬᠣᠩᠱᠠᠨ·ᠯᠢᠶᠠᠩᠵᠦ᠍ᠶ᠋ᠢᠨ ᠰᠣᠶᠣᠯ᠎ᠤᠨ ᠦᠵᠡᠰᠭᠦᠯᠡᠩ》 ᠢ᠋ ᠵᠧᠵᠢᠶᠠᠩ ᠮᠤᠵᠢ᠎ᠶ᠋ᠢᠨ ᠮᠦᠽᠧᠶ᠎ᠳᠦ ᠥᠷᠨᠢᠭᠦᠯᠵᠦ᠍᠂ ᠬᠣᠶᠠᠷ ᠵᠦᠶ᠋ᠯ᠎ᠦᠨ ᠰᠣᠶᠣᠯ ᠴᠠᠭ ᠣᠷᠣᠨ ᠵᠠᠶ ᠪᠠ ᠣᠷᠣᠨ ᠪᠦᠰᠡ᠎ᠶ᠋ᠢ ᠠᠯᠤᠰᠯᠠᠨ ᠵᠤᠯᠭᠠᠪᠠ᠃
ᠲᠡᠷᠳᠡᠬᠡ ᠲᠡᠦᠬᠡ ᠵᠢᠨᠪᠣᠯᠪᠠᠰᠤᠨᠤ ᠥᠷ᠎ᠦᠨ ᠲᠤᠶᠠᠭ᠎ᠠ ᠠᠩᠬ᠎ᠠ ᠢᠯᠡᠷᠡᠬᠦ᠌ ᠦᠶ᠎ᠡ᠎ᠳᠦ ᠡᠳᠡᠭᠡᠷ ᠰᠣᠶᠣᠯ ᠨᠢ ᠠᠯᠤᠰ ᠡᠴᠡ ᠰᠢᠷᠲᠡᠯᠴᠡᠨ ᠪᠠᠷᠠᠯᠠᠵᠤ ᠪᠠᠢᠬᠰᠠᠨ ᠪᠤᠯ ᠬᠡᠳᠦᠨ ᠮᠢᠩᠭᠠᠨ ᠵᠢᠯ᠎ᠦᠨ ᠳᠠᠷᠠᠭ᠎ᠠ ᠲᠡᠳᠡ ᠮᠥᠨ ᠬᠦ᠌ ᠬᠠᠷᠢᠯᠴᠠᠨ ᠭᠡᠷᠡᠯᠲᠦᠬᠦᠯᠦᠨ ᠤᠷᠤᠰᠢᠵᠤ᠂ ᠳᠤᠮᠳᠠᠳᠤ᠎ᠶ᠋ᠢᠨ ᠪᠣᠯᠪᠠᠰᠤᠨ᠎ᠤ ᠣᠯᠠᠨ ᠡᠱᠢ᠎ᠳᠤ ᠨᠢᠭᠡ ᠴᠣᠭ᠍ᠴᠠᠵᠢᠭ᠍ᠰᠠᠨ ᠪᠠᠢᠷᠢᠱᠢᠯ᠎ᠤᠨ ᠡᠭᠦᠰᠦᠨ ᠪᠤᠢ ᠪᠤᠯᠤᠬᠰᠠᠨ᠎ᠢ ᠬᠠᠮᠲᠤ᠎ᠪᠠᠷ ᠭᠡᠷᠡᠴᠢᠯᠡᠪᠡ᠃
ᠬᠤᠩᠱᠠᠨ ᠰᠣᠶᠣᠯ ᠪᠣᠯ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠡᠭᠦᠰᠦᠯ᠎ᠦᠨ ᠨᠢᠭᠡ ᠪᠣᠯᠬᠤ᠎ᠪᠠᠷ ᠪᠠᠷᠠᠬᠤ ᠦᠭᠡᠢ ᠨᠡᠩ ᠴᠤ᠌ ᠳᠡᠯᠡᠬᠡᠢ᠎ᠶ᠋ᠢᠨ ᠰᠣᠶᠣᠯ᠎ᠤᠨ ᠴᠢᠬᠤᠯᠠ ᠥᠪ ᠮᠥᠨ᠂ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠪ ᠬᠦᠷᠦᠩᠬᠡ ᠮᠥᠨ᠃
2012 ᠣᠨ᠎ᠳᠤ ᠬᠤᠩᠱᠠᠨ ᠰᠣᠶᠣᠯ᠎ᠤᠨ ᠪᠠᠭᠤᠷᠢ ᠨᠢ ᠳᠤᠮᠳᠠᠳᠤ ᠤᠯᠤᠰ᠎ᠤᠨ ᠳᠡᠯᠡᠬᠡᠢ᠎ᠶ᠋ᠢᠨ ᠰᠣᠶᠣᠯ᠎ᠤᠨ ᠥᠪ᠎ᠦᠨ ᠪᠡᠯᠡᠳᠭᠡᠯ ᠨᠡᠷᠡᠰ᠎ᠲᠦ ᠵᠢᠭ᠍ᠰᠠᠭᠠᠭ᠍ᠳᠠᠭ᠍ᠰᠠᠨ ᠴᠢᠮᠡᠭᠡ ᠤᠯᠠᠮᠵᠢᠯᠠᠭ᠍ᠳᠠᠵᠤ ᠬᠥᠮᠦᠰ᠎ᠦᠨ ᠤᠷᠮ᠎ᠠ ᠵᠣᠷᠢᠭ᠎ᠢ ᠬᠥᠭ᠌ᠵᠢᠭᠡᠪᠡ᠃ ᠤᠯᠠᠨ ᠵᠢᠯ᠎ᠦᠨ ᠲᠤᠷᠰᠢ᠂ ᠤᠯᠠᠭᠠᠨᠬᠠᠳᠠ ᠬᠤᠲᠠ ᠪᠣᠯᠤᠨ ᠯᠢᠶᠣᠤᠨᠢᠩ ᠮᠤᠵᠢ᠎ᠶ᠋ᠢᠨ ᠴᠤᠤᠶᠠᠩ ᠬᠤᠲᠠ ᠬᠠᠮᠲᠤᠷᠠᠨ ᠲᠡᠯᠡᠬᠡᠢ ᠵᠢᠨ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠠᠵᠢᠯ ᠶᠡᠷᠦ᠍᠎ᠡᠴᠡ ᠵᠣᠭ᠍ᠰᠣᠭ᠍ᠰᠠᠨ ᠦᠭᠡᠢ ᠶᠤᠮ᠃ ᠬᠤᠩᠱᠠᠨ ᠰᠤᠶᠤᠯ᠎ᠢ ᠣᠢᠯᠠᠭᠠᠪᠠᠯ ᠰᠠᠶᠢ ᠳᠤᠮᠳᠠᠳᠤ ᠤᠯᠤᠰ ᠶᠠᠮᠠᠷ ᠬᠡᠳᠡᠭ᠎ᠢ ᠮᠡᠳᠡᠵᠦ ᠴᠢᠳᠠᠨ᠎ᠠ᠃
ᠬᠤᠩᠱᠠᠨ ᠰᠣᠶᠣᠯ᠎ᠤᠨ ᠪᠠᠭᠤᠷᠢ ᠪᠣᠯ ᠨᠢᠭᠡᠨ ᠪᠦᠬᠦᠯᠢ ᠴᠣᠭ᠍ᠴᠠ ᠮᠥᠨ᠂ ᠰᠠᠭᠤᠷᠢᠱᠢᠯ᠂ ᠲᠠᠬᠢᠯᠭ᠎ᠠ᠂ ᠪᠤᠯᠠᠰᠢ᠂ ᠮᠠᠯᠲᠠᠵᠤ ᠭᠠᠷᠭᠠᠭ᠍ᠰᠠᠨ ᠪᠠᠭᠠᠵᠢ ᠬᠡᠷᠡᠭ᠌ᠰᠡᠯ ᠵᠡᠷᠭᠡ ᠬᠠᠷᠠᠭᠠᠰᠤ᠎ᠡᠴᠡ ᠳᠤᠮᠳᠠᠳᠤ ᠤᠯᠤᠰ᠎ᠤᠨ ᠪᠣᠯᠪᠠᠰᠤᠨ᠎ᠤ ᠡᠭᠦᠰᠦᠯ᠎ᠤᠨ ᠶᠠᠪᠤᠴᠠ᠎ᠳᠠᠬᠢ ᠤᠮᠠᠷᠠᠲᠤ ᠣᠷᠣᠨ᠎ᠤ ᠥᠪᠡᠷᠮᠢᠴᠡ ᠰᠣᠶᠣᠯ᠎ᠤᠨ ᠳᠦᠷᠰᠦ ᠪᠠᠢᠳᠠᠯ ᠪᠣᠯᠤᠨ ᠲᠤᠪᠤᠢ᠌ᠮ᠎ᠠ ᠠᠮᠵᠢᠯᠲᠠ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠪᠣᠳᠠᠲᠤ ᠪᠣᠳᠠᠰ᠎ᠤᠨ ᠦᠯᠡᠳᠡᠭ᠌ᠳᠡᠯ᠎ᠢᠶᠡᠷ ᠳᠤᠮᠳᠠᠳᠤ᠎ᠶ᠋ᠢᠨ ᠪᠣᠯᠪᠠᠰᠤᠨ᠎ᠤ ᠠᠳᠠᠯᠢ ᠪᠤᠰᠤ ᠣᠷᠣᠨ ᠪᠦᠰᠡ᠎ᠶ᠋ᠢᠨ ᠬᠣᠭᠣᠷᠣᠨᠳᠣᠬᠢ ᠪᠣᠯᠪᠠᠰᠤᠨ᠎ᠤ ᠰᠣᠯᠢᠯᠴᠠᠭ᠎ᠠ᠎ᠶ᠋ᠢ ᠭᠡᠷᠡᠴᠢᠯᠡᠪᠡ᠃
ᠲᠡᠦᠬᠡ᠎ᠶ᠋ᠢᠨ ᠬᠦᠷᠳᠦ ᠡᠷᠬᠢᠯᠳᠦᠨ ᠤᠷᠤᠭ᠍ᠰᠢᠯᠠᠭ᠍ᠰᠠᠭᠠᠷ᠃ ᠱᠢᠨ᠎ᠡ ᠴᠠᠭ ᠦᠶ᠎ᠡ᠎ᠳᠦ᠂ ᠱᠢᠨ᠎ᠡ ᠭᠠᠷᠤᠭ᠎ᠠ ᠡᠴᠡ᠂ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠢ ᠬᠠᠢᠨ ᠰᠤᠳᠤᠯᠬᠤ ᠢᠨᠵᠧᠨᠧᠷᠢᠩ ᠲᠠᠰᠤᠷᠠᠯᠲᠠ ᠦᠭᠡᠢ ᠭᠦᠨᠵᠡᠭᠡᠢᠷᠡᠬᠦ᠌᠎ᠶ᠋ᠢ ᠳᠠᠭᠠᠯᠳᠤᠨ᠂ ᠬᠤᠩᠱᠠᠨ ᠰᠣᠶᠣᠯ᠎ᠤᠨ ᠪᠣᠯᠪᠠᠰᠤᠨ᠎ᠤ ᠤᠯᠠ ᠮᠥᠷ ᠯᠠᠪᠲᠠᠢ ᠤᠯᠠᠮ ᠲᠣᠳᠣᠷᠬᠠᠢ ᠪᠤᠯᠵᠤ᠂ ᠳᠤᠮᠳᠠᠳᠤ᠎ᠶ᠋ᠢᠨ ᠪᠣᠯᠪᠠᠰᠤᠨ᠎ᠤ ᠲᠠᠰᠤᠷᠠᠰᠢ ᠦᠭᠡᠢ ᠦᠷᠭᠦᠯᠵᠢᠯᠡᠭ᠌ᠰᠡᠨ᠂ ᠥᠨᠢ ᠤᠳᠠᠭᠠᠨ ᠲᠡᠦᠬᠡ᠎ᠲᠡᠶ ᠤᠶᠤᠨ ᠰᠠᠨᠠᠭᠠᠨ᠎ᠤ ᠬᠦᠴᠦᠨ᠎ᠢ ᠤᠯᠠᠮ ᠪᠠᠳᠠᠷᠠᠭᠤᠯᠤᠭᠰᠠᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠵᠢᠨ ᠲᠠᠨᠢᠯᠲᠠ ᠪᠠ ᠬᠠᠢᠷ᠎ᠠ ᠰᠡᠳᠬᠢᠯᠬᠡ᠎ᠶ᠋ᠢ ᠲᠠᠰᠤᠷᠠᠯᠲᠠ ᠦᠭᠡᠢ ᠪᠡᠬᠢᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ ᠴᠢᠳᠠᠬᠤ ᠨᠢ ᠯᠠᠪᠲᠠᠢ᠃