《ᠰᠣᠩᠭᠣᠬᠤ》 ᠪᠣᠭᠣᠮᠲᠠ᠎ᠶᠢ ᠰᠠᠢᠲᠤᠷ ᠰᠠᠬᠢᠵᠦ 《ᠬᠦᠮᠦᠵᠢᠭᠦᠯᠬᠦ》 ᠶᠠᠰᠤ ᠴᠢᠨᠠᠷ᠎ᠢ ᠲᠡᠭᠡᠭᠰᠢᠯᠡᠭᠦᠯᠦᠨ 《ᠦᠯᠡᠳᠡᠭᠡᠬᠦ》 ᠤᠷᠴᠢᠨ ᠨᠦᠬᠦᠴᠡᠯ᠎ᠢ ᠰᠢᠯᠢᠳᠡᠭᠵᠢᠬᠦᠯᠵᠦ ᠠᠤᠬᠠᠨ ᠬᠣᠰᠢᠭᠤ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ᠎ᠶᠢ ᠪᠡᠬᠢᠵᠢᠭᠦᠯᠤᠨ᠎ᠠ
2024-10-22 09:46:05
ᠵᠣᠬᠢᠶᠠᠭ᠍ᠴᠢ᠄
ᠯᠢ ᠰᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠨᠠᠮᠤᠷ᠎ᠤᠨ ᠳᠤᠮᠳᠠ ᠰᠠᠷ᠎ᠠ᠎ᠳᠤ᠂ ᠤᠯᠠᠭᠠᠨᠬᠠᠳᠠ ᠬᠤᠳᠠ᠎ᠶᠢᠨ ᠠᠤᠬᠠᠨ ᠬᠣᠰᠢᠭᠤᠨ᠎ᠤ ᠮᠣᠳᠣᠨ ᠠᠢᠯ ᠰᠢᠶᠠᠩ᠎ᠤᠨ ᠰᠤᠳᠤᠨ ᠲᠠᠷᠪᠤᠰ (ᠠᠮᠲᠠᠲᠤ ᠬᠡᠮᠭᠡ) ᠤ᠋ᠨ ᠠᠵᠤ ᠦᠢᠯᠡᠰ᠎ᠦᠨ ᠬᠦᠷᠢᠶᠡᠯᠡᠩ᠎ᠦᠨ ᠠᠵᠢᠯᠴᠢᠳ ᠠᠮᠲᠠᠲᠤ ᠬᠡᠮᠬᠡ ᠲᠡᠭᠦᠵᠦ ᠶᠠᠭᠠᠷᠠᠯᠳᠤᠨ᠎ᠠ᠃ ᠮᠣᠳᠤᠨ ᠠᠢᠯ ᠰᠢᠶᠠᠩ ᠡᠴᠡ ᠤᠷᠤᠭᠤᠯᠤᠨ ᠠᠪᠴᠢᠷᠠᠵᠦ᠂ ᠮᠤᠳᠤᠨ ᠠᠢᠯ ᠲᠤᠰᠬᠤᠨ᠎ᠤ ᠨᠠᠮ᠎ᠤᠨ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠦ᠋ ᠮᠢᠩ ᠬᠤᠢ᠎ᠶᠢᠨ ᠨᠢᠭᠡᠳᠦᠯᠲᠡᠢ ᠲᠥᠯᠥᠪᠵᠢᠭᠦᠯᠦᠨ ᠪᠠᠢᠭᠤᠯᠤᠭᠰᠠᠨ ᠡᠨᠡ᠎ᠬᠦ ᠠᠵᠤ ᠦᠢᠯᠡᠰ᠎ᠦᠨ ᠬᠦᠷᠢᠶᠡᠯᠡᠩ᠎ᠤᠨ ᠲᠦᠷᠦᠯ ᠵᠦᠢᠯ ᠤᠳᠤ ᠨᠢᠭᠡᠨᠲᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢᠨ 《ᠳᠠᠭᠠᠭᠤᠯᠤᠭ᠍ᠴᠢ》 ᠪᠣᠯᠵᠠᠢ᠃

《ᠮᠦ᠍ ᠲᠤᠮᠳᠠᠴᠢ ᠡᠴᠡ 3000 ᠺᠢᠯᠣᠭ᠌ᠷᠠᠮ ᠭᠠᠷᠤᠢ ᠠᠮᠲᠠᠲᠤ ᠬᠡᠮᠬᠡ ᠬᠤᠷᠢᠶᠠᠵᠤ ᠴᠡᠪᠡᠷ ᠣᠷᠣᠯᠭ᠎ᠠ ᠨᠢ 8000 ᠲᠥᠭᠥᠷᠢᠭ᠎ᠢ ᠲᠠᠪᠠᠵᠦ ᠪᠠᠢᠨ᠎ᠠ᠃ 2023 ᠣᠨ᠎ᠳᠤ ᠠᠵᠤ ᠦᠢᠯᠡᠰ᠎ᠦᠨ ᠬᠦᠷᠢᠶᠡᠯᠡᠩ ᠪᠠᠢᠭᠤᠯᠤᠭᠳᠠᠭᠰᠠᠨ ᠠ᠋ᠴᠠ ᠨᠠᠭᠠᠰᠢ᠂ ᠲᠠᠷᠢᠶᠠᠴᠢᠨ ᠡᠷᠦᠬᠡ᠎ᠳᠦ 217.6 ᠲᠦᠮᠡᠨ ᠲᠥᠭᠥᠷᠢᠭ᠎ᠦᠨ ᠠᠰᠢᠭ᠋ ᠣᠷᠣᠯᠭ᠎ᠠ ᠬᠤᠪᠢᠶᠠᠷᠢᠯᠠᠨ ᠥᠭᠴᠦ᠂ 5 ᠲᠣᠰᠬᠣᠨ ᠵᠢᠯ᠎ᠤᠨ 70 ᠲᠦᠮᠡᠨ ᠲᠥᠭᠥᠷᠢᠭ᠎ᠦᠨ ᠣᠷᠣᠯᠭ᠎ᠠ ᠡᠭᠦᠳᠴᠦ ᠪᠤᠢ》 ᠬᠡᠵᠦ ᠦ᠋ ᠮᠢᠩ ᠬᠤᠢ ᠬᠡᠯᠡᠪᠡ᠃

ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠷᠤᠭ ᠲᠥᠯᠥᠪᠯᠡᠭᠡ᠎ᠶᠢ ᠪᠡᠶᠡᠯᠡᠭᠦᠯᠬᠦ᠎ᠳᠦ᠂ ᠡᠷᠬᠡᠪᠰᠢ 《ᠨᠤᠲᠤᠭ᠎ᠤᠨ ᠴᠢᠳᠠᠪᠤᠷᠢᠲᠠᠨ》 ᠢ᠋ ᠵᠠᠩᠭᠢᠯᠠᠭ᠎ᠠ᠎ᠶᠢᠨ ᠡᠯᠧᠮᠧᠨ᠋ᠲ ᠪᠣᠯᠭᠠᠨ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ ᠬᠡᠷᠡᠭᠲᠡᠢ᠂ ᠡᠢᠮᠦ᠎ᠡᠴᠡ ᠲᠡᠳᠡᠨ᠎ᠢ ᠢᠯᠡᠷᠡᠭᠦᠯᠵᠦ ᠳᠡᠶ᠋ᠢᠯᠬᠦ ᠡᠰᠡᠬᠦ ᠨᠢ ᠵᠠᠩᠭᠢᠯᠠᠭ᠎ᠠ ᠪᠣᠯᠣᠨ᠎ᠠ᠃ ᠦ᠋ ᠮᠢᠩ ᠬᠤᠢ ᠪᠣᠯ ᠠᠤᠬᠠᠨ ᠬᠣᠰᠢᠭᠤᠨ᠎ᠤ ᠰᠣᠩᠭᠣᠨ ᠭᠠᠷᠭᠠᠭᠰᠠᠨ 《ᠬᠦᠲᠡᠭᠡ ᠠᠵᠦ ᠠᠬᠤᠢ ᠬᠥᠳᠡᠭᠡ ᠲᠣᠰᠬᠣᠨ ᠲᠠᠷᠢᠶᠠᠴᠢᠨ》 ᠴᠢᠳᠠᠪᠤᠷᠢᠲᠠᠨ᠎ᠤ ᠨᠢᠭᠡ ᠪᠣᠯᠣᠨ᠎ᠠ᠃

ᠠᠤᠬᠠᠨ ᠬᠣᠰᠢᠭᠤ ᠵᠠᠷᠯᠠᠯ ᠨᠡᠢᠲᠡᠯᠡᠬᠦ᠂ ᠡᠷᠦᠬᠡ᠎ᠳᠦ ᠬᠦᠷᠴᠦ ᠰᠤᠷᠪᠤᠯᠵᠢᠯᠠᠬᠤ᠂ ᠨᠠᠮ᠎ᠤᠨ ᠵᠣᠬᠢᠶᠠᠨ ᠪᠠᠢᠭᠤᠯᠤᠯᠲᠠ ᠡᠴᠡ ᠲᠠᠨᠢᠯᠴᠠᠭᠤᠯᠬᠤ᠂ ᠣᠯᠠᠨ ᠲᠦᠮᠡᠨ ᠬᠠᠷᠢᠯᠴᠠᠨ ᠲᠠᠨᠢᠯᠴᠠᠭᠤᠯᠬᠤ᠂ ᠬᠤᠪᠢ ᠬᠥᠮᠥᠨ ᠥᠪᠡᠷ᠎ᠢ᠎ᠪᠡᠨ ᠲᠠᠨᠢᠯᠴᠠᠭᠤᠯᠬᠤ᠎ᠶᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠠᠳᠠᠯᠢ ᠪᠤᠰᠤ ᠠᠵᠢᠯ ᠲᠥᠷᠥᠯ᠎ᠦᠨ ᠬᠦᠷᠢᠶ᠎ᠡ ᠴᠠᠷᠠᠭ᠎ᠠ᠂ ᠲᠤᠰᠬᠠᠢ ᠮᠡᠷᠭᠡᠵᠢᠯ᠎ᠦᠨ ᠣᠨᠴᠠ ᠴᠢᠳᠠᠪᠤᠷᠢ᠎ᠶᠢ ᠦᠨᠳᠦᠰᠦᠯᠡᠨ᠂ ᠡᠯ᠎ᠡ ᠲᠥᠷᠥᠯ᠎ᠦᠨ ᠴᠢᠳᠠᠪᠤᠷᠢᠲᠠᠨ᠎ᠢ ᠲᠥᠷᠥᠯ ᠬᠤᠪᠢᠶᠠᠨ ᠲᠠᠩᠰᠠᠯᠠᠬᠤ ᠢ᠋ᠢᠨ ᠬᠠᠮᠲᠤ ᠭᠤᠶᠤᠴᠢᠯᠠᠭᠰᠠᠨ ᠪᠠᠢᠳᠠᠯ ᠪᠠ ᠠᠵᠤ ᠦᠢᠯᠡᠰ᠎ᠦᠨ ᠬᠥᠭᠵᠢᠯᠲᠡ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠲᠥᠷᠥᠯ ᠬᠤᠪᠢᠶᠠᠨ ᠨᠤᠲᠤᠭ᠎ᠤᠨ ᠴᠢᠳᠠᠪᠤᠷᠢᠲᠠᠨ᠎ᠤ ᠮᠡᠳᠡᠭᠡ ᠵᠠᠩᠭᠢ᠎ᠶᠢᠨ ᠬᠥᠮᠥᠷᠭᠡ᠎ᠶᠢ ᠪᠠᠢᠭᠤᠯᠪᠠ᠃ ᠤᠳᠤ ᠨᠢᠭᠡᠨᠲᠡ 2261 ᠬᠥᠮᠥᠨ᠎ᠢ ᠬᠥᠮᠥᠷᠭᠡ᠎ᠳᠦ ᠬᠤᠷᠢᠶᠠᠩᠭᠤᠢᠯᠠᠨ ᠣᠷᠣᠭᠤᠯᠵᠤ᠂ 844 ᠭᠠᠴᠠᠭᠠᠨ᠎ᠤ ᠳᠡᠰ᠎ᠤᠨ ᠪᠡᠯᠡᠳᠬᠡᠯ ᠺᠠᠳ᠋ᠷ᠂ 1417 《ᠬᠦᠲᠡᠭᠡ ᠠᠵᠦ ᠠᠬᠤᠢ ᠬᠥᠳᠡᠭᠡ ᠲᠣᠰᠬᠣᠨ ᠲᠠᠷᠢᠶᠠᠴᠢᠨ》 ᠎ᠴᠢᠳᠠᠪᠤᠷᠢᠲᠠᠨ᠎ᠢ ᠬᠥᠮᠥᠵᠢᠭᠦᠯᠪᠡ᠃

ᠠᠤᠬᠠᠨ ᠬᠣᠰᠢᠭᠤᠨ᠎ᠤ ᠬᠢᠨ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠴᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《ᠰᠣᠩᠭᠣᠬᠤ ᠬᠦᠮᠦᠵᠢᠭᠦᠯᠬᠦ ᠦᠯᠡᠳᠡᠭᠡᠬᠦ》 ᠵᠠᠩᠭᠢᠯᠠᠭ᠎ᠠ᠎ᠶᠢᠨ ᠭᠣᠭᠴᠣᠭ᠎ᠠ᠎ᠶᠢ ᠪᠠᠲᠤᠲᠠᠢ ᠠᠳᠬᠤᠬᠤ ᠪᠠᠷ ᠳᠡᠮᠵᠢᠨ᠂ 《ᠰᠣᠩᠭᠣᠬᠤ》 ᠪᠤᠭᠤᠮᠲᠠ ᠵᠢ ᠰᠠᠢᠲᠦᠷ ᠰᠠᠬᠢᠵᠦ᠂ 《ᠬᠥᠮᠥᠵᠢᠭᠦᠯᠬᠦ》 ᠶᠠᠰᠤ ᠴᠢᠨᠠᠷ᠎ᠢ ᠳᠡᠭᠡᠭᠰᠢᠯᠡᠭᠦᠯᠦᠨ᠂ 《ᠦᠯᠡᠳᠡᠭᠡᠬᠦ》 ᠤᠷᠴᠢᠨ ᠠᠬᠤᠢ᠎ᠶᠢ ᠰᠢᠯᠢᠳᠡᠭᠵᠢᠬᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ᠎ᠶᠢ ᠪᠡᠬᠢᠵᠢᠭᠦᠯᠵᠡᠢ᠃

ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠣᠯ ᠨᠢᠭᠡ ᠵᠦᠢᠯ᠎ᠦᠨ ᠰᠠᠭᠤᠷᠢ ᠴᠢᠨᠠᠷᠲᠠᠢ ᠠᠵᠢᠯ ᠮᠥᠨ᠂ ᠲᠡᠭᠦᠨ᠎ᠢ ᠬᠥᠳᠡᠭᠡ ᠲᠣᠰᠬᠣᠨ᠎ᠤ ᠬᠥᠭᠵᠢᠯᠲᠡ᠎ᠶᠢᠨ ᠴᠢᠬᠤᠯᠠ ᠪᠠᠢᠷᠢᠨ᠎ᠳᠤ ᠲᠠᠯᠪᠢᠬᠤ ᠬᠡᠷᠡᠭᠲᠡᠢ᠃ ᠠᠤᠬᠠᠨ ᠬᠣᠰᠢᠭᠤ ᠪᠥᠬᠥ ᠬᠣᠰᠢᠭᠤᠨ᠎ᠤ ᠬᠡᠪᠴᠢᠶᠠᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠵᠤᠯᠵᠠᠭᠠᠨ ᠭᠠᠯᠠᠭᠤ》 ᠵᠢᠨ ᠴᠢᠳᠠᠪᠤᠷᠢᠲᠠᠨ᠎ᠤ ᠴᠢᠳᠠᠪᠤᠷᠢ᠎ᠶᠢᠨ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠪᠠᠷ 《ᠬᠥᠭᠥᠷᠭᠡ》 ᠪᠣᠯᠭᠠᠵᠤ᠂ ᠪᠠᠶᠠᠵᠢᠯ᠎ᠦᠨ ᠳᠠᠭᠠᠭᠤᠯᠤᠭ᠍ᠴᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠎ᠤᠨ ᠰᠢᠯᠢᠳᠡᠭ ᠵᠠᠯᠠᠭᠤ ᠴᠢᠳᠠᠪᠤᠷᠢᠲᠠᠨ ᠵᠢᠴᠢ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠳᠦ ᠪᠣᠯᠪᠠᠰᠤᠷᠠᠯ ᠬᠦᠷᠲᠡᠭᠡᠬᠦ ᠡᠷᠴᠢᠮ᠎ᠢᠶᠡᠨ ᠴᠢᠩᠭᠠᠷᠠᠭᠤᠯᠵᠤ᠂ ᠬᠡᠷᠡᠭᠴᠡᠭᠡ ᠶᠣᠰᠣᠭᠠᠷ ᠨᠤᠲᠤᠭ᠎ᠤᠨ ᠴᠢᠳᠠᠪᠤᠷᠢᠲᠠᠨ᠎ᠳᠤ ᠲᠡᠷᠢᠭᠦᠨ᠎ᠦ ᠮᠡᠳᠡᠯᠭᠡ ᠪᠠ ᠤᠷ᠎ᠠ ᠴᠢᠳᠠᠪᠤᠷᠢ᠎ᠶᠢ ᠤᠯᠠᠮᠵᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠦᠷᠭᠦᠯᠵᠢᠯᠡᠨ ᠤᠶᠤᠨ᠎ᠤ ᠳᠡᠮᠵᠢᠯᠭᠡ ᠪᠠ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠪᠡ᠃ ᠣᠲᠤᠬᠠᠨ ᠪᠣᠯᠲᠠᠯ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯᠧᠺᠲᠷᠣᠨ ᠬᠤᠳᠠᠯᠳᠤᠭᠠᠨ᠎ᠤ ᠬᠡᠯᠪᠡᠷᠢ᠎ᠶᠢᠨ᠂ ᠲᠠᠷᠢᠮᠠᠯ᠎ᠤᠨ ᠬᠡᠯᠪᠡᠷᠢ᠎ᠶᠢᠨ᠂ ᠡᠵᠡᠩᠨᠡᠯᠲᠡ᠎ᠶᠢᠨ ᠬᠡᠯᠪᠡᠷᠢ᠎ᠶᠢᠨ ᠴᠢᠳᠠᠪᠤᠷᠢᠲᠠᠨ᠎ᠢ 300᠂ 《ᠵᠤᠯᠵᠠᠭᠠᠨ ᠭᠠᠯᠠᠭᠤ》 ᠵᠢᠨ ᠵᠠᠯᠠᠭᠤ ᠴᠢᠳᠠᠪᠤᠷᠢᠲᠠᠨ᠎ᠢ 100  ᠬᠥᠮᠥᠵᠢᠭᠦᠯᠪᠠ᠃

ᠨᠤᠳᠤᠬ ᠤ᠋ᠨ ᠴᠢᠳᠠᠪᠤᠷᠢᠳᠠᠨ᠎ᠢ ᠰᠤᠩᠭᠤᠨ ᠭᠠᠷᠭᠠᠵᠤ᠂ ᠰᠠᠢᠳᠤᠷ ᠬᠦᠮᠦᠵᠢᠬᠦᠯᠬᠦ ᠪᠡᠷ ᠵᠤᠬᠰᠤᠬᠤ ᠦᠬᠡᠢ ᠪᠠᠰᠠ ᠦᠯᠡᠳᠡᠬᠡᠵᠦ ᠴᠢᠳᠠᠬᠤ ᠬᠡᠷᠡᠭᠳᠡᠢ᠃ ᠠᠤᠬᠠᠨ ᠬᠤᠰᠢᠭᠤ ᠡᠴᠡ ᠨᠠᠮ ᠤ᠋ᠨ ᠬᠤᠷᠢᠶ᠎ᠠ ᠰᠢᠯᠢᠳᠡᠭ ᠴᠢᠳᠠᠪᠤᠷᠢᠳᠠᠨ ᠲᠠᠢ ᠬᠠᠷᠢᠯᠴᠠᠨ ᠦᠢᠯᠡᠴᠢᠯᠡᠬᠦ ᠠᠵᠢᠯ ᠤ᠋ᠨ ᠲᠦᠷᠢᠮ᠎ᠢ ᠪᠠᠢᠭᠤᠯᠵᠤ᠂ ᠨᠤᠳᠤᠬ ᠤ᠋ᠨ ᠴᠢᠳᠠᠪᠤᠷᠢᠳᠠᠨ᠎ᠢ ᠬᠦᠭᠵᠢᠬᠦᠯᠬᠦ ᠠᠷᠭ᠎ᠠ ᠵᠠᠮ ᠎ᠢ ᠰᠠᠭᠠᠳ ᠦᠬᠡᠢ ᠨᠡᠪᠳᠡᠷᠡᠬᠦᠯᠦᠨ᠂ ᠨᠦᠬᠦᠴᠡᠯ ᠳ᠋ᠸ᠋ ᠨᠡᠢᠴᠡᠬᠦ ᠨᠤᠳᠤᠬ ᠤ᠋ᠨ ᠴᠢᠳᠠᠪᠤᠷᠢᠳᠠᠨ᠎ᠢ ᠲᠤᠰᠬᠤᠨ ᠤ᠋ ᠲᠡᠰ ᠤ᠋ᠨ ᠪᠡᠯᠡᠳᠬᠡᠯ ᠺᠠᠳ᠋ᠷ᠂ ᠬᠤᠶᠠᠷ ᠵᠦᠪᠯᠡᠯ ᠤ᠋ᠨ ᠺᠠᠳ᠋ᠷ ᠤ᠋ᠨ ᠲᠠᠨᠢᠯᠴᠠᠭᠤᠯᠭ᠎ᠠ ᠵᠢᠨ ᠵᠢᠱ᠌ᠢᠭᠳᠡᠭᠴᠢ ᠳ᠋ᠸ᠋ ᠪᠠᠬᠳᠠᠭᠠᠨ ᠤᠷᠤᠭᠤᠯᠵᠤ᠂ ᠲᠡᠳᠡᠨᠦᠰ᠎ᠢ ᠬᠦᠰᠡᠯ ᠲᠠᠢ᠂ ᠡᠷᠡᠮᠡᠯᠵᠡᠯ ᠲᠠᠢ᠂ ᠡᠷᠴᠢ ᠵᠤᠷᠢᠬ ᠲᠠᠢ ᠪᠤᠯᠭᠠᠵᠠᠢ᠃ ᠡᠭᠦᠨ᠎ᠦ ᠵᠡᠷᠬᠡ ᠪᠡᠷ᠂ ᠠᠤᠬᠠᠨ ᠬᠤᠰᠢᠭᠤ ᠲᠦᠷᠦ ᠵᠢᠨ ᠪᠤᠳᠤᠯᠭ᠎ᠠ ᠵᠢᠨ ᠬᠠᠳᠠᠪᠴᠢ ᠵᠢᠨ 《ᠬᠠᠰᠤᠬᠤ ᠠᠷᠭ᠎ᠠ》᠂ ᠢᠵᠢ ᠲᠦᠬᠦᠷ ᠦᠢᠯᠡᠴᠢᠯᠡᠬᠡ ᠵᠢᠨ 《ᠨᠡᠮᠡᠬᠦ ᠠᠷᠭ᠎ᠠ》 ᠵᠢ ᠪᠠᠷᠢᠮᠳᠠᠯᠠᠨ᠂ ᠨᠤᠳᠤᠬ ᠤ᠋ᠨ ᠴᠢᠳᠠᠪᠤᠷᠢᠳᠠᠨ ᠡᠴᠡ ᠬᠤᠷᠰᠢᠶ᠎ᠠ ᠵᠢ ᠲᠠᠭᠠᠭᠤᠯᠤᠨ ᠬᠢᠬᠦ ᠪᠠ ᠡᠬᠦᠰᠬᠡᠨ ᠬᠢᠬᠦ ᠳ᠋ᠸ᠋ ᠲᠦᠷᠦ ᠵᠢᠨ ᠪᠤᠳᠤᠯᠭ᠎ᠠ ᠵᠢᠨ ᠲᠡᠮᠵᠢᠯᠬᠡ᠂ ᠦᠢᠯᠡᠰ ᠪᠤᠰᠬᠠᠬᠤ ᠪᠡᠯᠡ ᠮᠦᠩᠬᠦ᠂ ᠲᠤᠤᠷ᠎ᠠ ᠬᠦᠦ ᠮᠦᠩᠬᠦ ᠲᠠᠢ ᠵᠢᠬᠡᠯᠡᠯᠬᠡ ᠵᠡᠷᠬᠡ ᠵᠢ ᠤᠷᠢᠳ ᠵᠢᠡᠷ ᠡᠳ᠋ᠯᠡᠬᠦᠯᠦᠨ᠂ ᠨᠤᠳᠤᠬ ᠤ᠋ᠨ ᠴᠢᠳᠠᠪᠤᠷᠢᠳᠠᠨ ᠳ᠋ᠸ᠋ ᠠᠵᠢᠯ ᠬᠢᠵᠤ ᠦᠢᠯᠡᠰ ᠪᠤᠰᠭᠠᠬᠤ ᠲᠠᠪᠴᠠᠩ ᠬᠠᠩᠭᠠᠵᠠᠢ᠃

ᠤᠳᠤᠬᠠᠨ ᠪᠤᠯᠳᠠᠯ᠎ᠠ᠂ ᠠᠤᠬᠠᠨ ᠬᠤᠰᠢᠭᠤᠨ ᠳ᠋ᠸ᠋ 26 ᠭᠠᠵᠠᠷ ᠤ᠋ᠨ ᠲᠡᠰ ᠤ᠋ᠨ ᠺᠠᠳ᠋ᠷ ᠪᠡᠶ᠎ᠡ ᠪᠡᠷ ᠵᠢᠡᠨ ᠲᠠᠭᠠᠭᠤᠯᠤᠨ 52 ᠰᠢᠯᠢᠳᠡᠭ ᠴᠢᠳᠠᠪᠤᠷᠢᠳᠠᠨ ᠲᠠᠢ ᠬᠠᠷᠢᠯᠴᠠᠨ ᠲᠠᠳᠠᠨ᠎ᠳᠤ ᠦᠢᠯᠡᠴᠢᠯᠡᠵᠦ᠂ 176 ᠰᠠᠯᠠᠭᠠᠨ ᠲᠡᠰ ᠤ᠋ᠨ ᠺᠠᠳ᠋ᠷ ᠪᠡᠶ᠎ᠡ ᠪᠡᠷ ᠵᠢᠡᠨ ᠲᠠᠭᠠᠭᠤᠯᠤᠨ 352 ᠨᠤᠳᠤᠬ ᠤ᠋ᠨ ᠴᠢᠳᠠᠪᠤᠷᠢᠳᠠᠨ ᠲᠠᠢ ᠬᠠᠷᠢᠯᠴᠠᠨ ᠲᠠᠳᠠᠨ ᠲᠠᠢ ᠦᠢᠯᠡᠴᠢᠯᠡᠵᠦ᠂ ᠨᠢᠬᠡᠨᠳᠡ 60 ᠬᠦᠮᠦᠨ᠎ᠢ ᠲᠡᠮᠵᠢᠨ ᠦᠢᠯᠡᠰ ᠪᠤᠰᠬᠠᠵᠤ᠂ 100 ᠭᠠᠷᠤᠢ ᠬᠦᠮᠦᠨ᠎ᠦ ᠠᠵᠢᠯ ᠤᠯᠬᠤ ᠵᠢ ᠲᠠᠢᠴᠢᠯᠠᠪᠠ᠃

ᠠᠤᠬᠠᠨ ᠬᠤᠰᠢᠭᠤ ᠨᠤᠳᠤᠬ ᠤ᠋ᠨ ᠴᠢᠳᠠᠪᠤᠷᠢᠳᠠᠨ ᠳ᠋ᠸ᠋ ᠮᠦᠷᠳᠡᠨ ᠦᠢᠯᠡᠴᠢᠯᠡᠬᠦ᠂ ᠪᠦᠯᠬᠦᠮ ᠪᠠᠢᠭᠤᠯᠬᠤ ᠮᠠᠶᠢᠬ ᠤ᠋ᠨ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠵᠦ᠂ ᠬᠤᠰᠢᠭᠤᠨ᠎ᠤ ᠲᠡᠰ ᠤ᠋ᠨ ᠲᠤᠰᠬᠠᠢ ᠮᠡᠷᠬᠡᠵᠢᠯᠳᠡᠨ ᠤ᠋ ᠦᠢᠯᠡᠴᠢᠯᠡᠬᠡᠨ ᠤ᠋ ᠪᠦᠯᠬᠦᠮ᠎ᠢ 16 ᠵᠤᠬᠢᠶᠠᠨ ᠪᠠᠢᠭᠤᠯᠵᠤ᠂ 《ᠲᠦᠷᠦᠯ ᠵᠦᠢᠯ ᠵᠢᠡᠷ ᠬᠦᠳᠦᠯᠦᠨ ᠲᠠᠭᠠᠭᠤᠯᠬᠤ᠂ ᠪᠠᠢᠭᠤᠯᠭ᠎ᠠ ᠨᠢᠬᠡᠴᠢ ᠲᠠᠨᠢᠵᠤ ᠠᠪᠬᠤ᠂ ᠲᠤᠰᠬᠠᠢ ᠮᠡᠷᠬᠡᠵᠢᠯᠳᠡᠨ ᠪᠠᠢᠯᠳᠤᠭᠠᠨ ᠬᠢᠬᠦ》 ᠵᠠᠷᠴᠢᠮ ᠶᠤᠰᠤᠭᠠᠷ᠂ ᠴᠢᠳᠠᠪᠤᠷᠢᠳᠠᠨ ᠤ᠋ ᠦᠨᠳᠦᠰᠦᠨ ᠱᠠᠳᠤ ᠲᠠᠢ ᠬᠠᠷᠢᠯᠴᠠᠬᠤ ᠴᠡᠭ᠎ᠢ 16 ᠲᠤᠳᠤᠷᠬᠠᠢᠯᠠᠵᠤ᠂ ᠲᠤᠰᠬᠠᠢ ᠮᠡᠷᠬᠡᠵᠢᠯᠳᠡᠨ ᠴᠢᠳᠠᠪᠤᠷᠢᠳᠠᠨ ᠤ᠋ ᠦᠢᠯᠡᠴᠢᠯᠡᠬᠡᠨ ᠤ᠋ ᠲᠦᠷᠦᠯ ᠵᠦᠢᠯ ᠤ᠋ᠨ ᠨᠠᠷᠢᠨ ᠲᠠᠩᠰᠠ ᠵᠢ 43 ᠵᠦᠢᠯ ᠦᠢᠯᠡᠳᠦᠨ᠂ ᠠᠰᠠᠭᠤᠳᠠᠯ᠎ᠢ ᠰᠢᠢᠳᠪᠦᠷᠢᠯᠡᠬᠦ ᠵᠢᠨ ᠵᠡᠷᠬᠡ ᠪᠡᠷ᠂ ᠨᠤᠳᠤᠬ ᠤ᠋ᠨ ᠴᠢᠳᠠᠪᠤᠷᠢᠳᠠᠨ ᠤ᠋ ᠪᠠᠳᠤ ᠲᠦᠰᠢᠭ ᠪᠤᠯᠵᠠᠢ᠃ ᠤᠳᠤᠬᠠᠨ ᠳ᠋ᠸ᠋ ᠦᠨᠳᠦᠰᠦᠨ ᠱᠠᠳᠤᠨ ᠤ᠋ ᠬᠦᠳᠡᠬᠡ ᠲᠤᠰᠬᠤᠨ᠎ᠢ  ᠬᠦᠭᠵᠢᠬᠦᠯᠦᠨ ᠮᠠᠨᠳᠤᠭᠤᠯᠬᠤ ᠬᠦᠭᠵᠢᠯᠳᠡ ᠵᠢᠨ ᠪᠤᠭᠤᠮᠢ ᠵᠢᠨ ᠠᠰᠠᠭᠤᠳᠠᠯ᠎ᠢ 10 ᠭᠠᠷᠤᠢ ᠵᠦᠢᠯ ᠰᠢᠢᠳᠪᠦᠷᠢᠯᠡᠨ᠂ 1000 ᠭᠠᠷᠤᠢ ᠬᠦᠮᠦᠨ ᠤᠳᠠᠭ᠎ᠠ ᠳ᠋ᠸ᠋ ᠠᠰᠢᠬ ᠬᠦᠷᠳᠡᠬᠡᠵᠡᠢ᠃

《ᠮᠢᠨᠦ ᠨᠤᠳᠤᠬ ᠤ᠋ᠨ ᠴᠢᠳᠠᠪᠤᠷᠢᠳᠠᠨ ᠵᠢᠡᠷ ᠰᠤᠩᠭᠤᠬᠳᠠᠬᠰᠠᠨ ᠨᠢ ᠪᠠᠬᠰᠢ ᠨᠠᠳᠠ᠎ᠳᠦ ᠴᠤᠤᠷᠢᠶ᠎ᠠ ᠵᠢᠨ ᠵᠢᠵᠢᠭ ᠲᠡᠯᠬᠡᠬᠦᠷ ᠨᠡᠬᠡᠬᠡᠬᠦ᠂ ᠲᠠᠩᠰᠠᠨ ᠳ᠋ᠤᠭᠠᠷ ᠲᠠᠩᠰᠠᠯᠠᠭᠤᠯᠬᠤ᠂ ᠸᠢᠳᠢᠣ᠋ ᠰᠡᠬᠦᠳᠡᠷᠯᠡᠬᠦ ᠵᠢ ᠵᠢᠭᠠᠵᠤ ᠦᠭᠬᠦᠭᠰᠡᠨ᠎ᠳᠦ ᠪᠤᠢ᠃ ᠠᠩᠬ᠎ᠠ ᠡᠬᠢᠯᠡᠮᠡᠭᠴᠡ 7 ᠵᠠᠬᠢᠶᠠᠯᠠᠭ᠎ᠠ ᠵᠢᠨ ᠬᠠᠭᠤᠳᠠᠰᠤ ᠵᠢ ᠪᠡᠶᠡᠯᠡᠬᠦᠯᠵᠦ᠂ ᠪᠠᠰᠠ 3 ᠬᠤᠳᠠᠯᠳᠤᠭᠠᠴᠢᠨ ᠳᠠᠢ ᠪᠤᠷᠤᠯᠠᠭᠤᠯᠭ᠎ᠠ ᠵᠢᠨ ᠬᠡᠷ᠎ᠡ ᠳᠤᠬᠳᠠᠵᠦ᠂ ᠰᠦᠯᠵᠢᠶᠡᠨ ᠲᠡᠭᠡᠷ᠎ᠡ ᠭᠤᠷᠪᠠᠳᠤᠭᠠᠷ ᠪᠦᠯᠦᠭ ᠤ᠋ᠨ ᠬᠤᠷᠤᠬᠠᠢ ᠮᠦᠬᠦ ᠪᠠᠨ ᠬᠤᠳᠠᠯᠳᠤᠵᠦ ᠲᠠᠭᠤᠰᠬᠠᠵᠠᠢ᠃ ᠡᠢᠮᠦ ᠡᠴᠡ ᠪᠢ ᠲᠡᠷᠬᠡᠳᠡᠬᠢ ᠨᠡᠩ ᠤᠯᠠᠨ ᠬᠦᠮᠦᠰ ᠎ᠢ ᠲᠠᠢᠴᠢᠯᠠᠨ ᠰᠦᠯᠵᠢᠶᠡᠨ ᠲᠡᠭᠡᠷ᠎ᠡ ᠪᠤᠷᠤᠯᠠᠭᠤᠯᠭ᠎ᠠ ᠬᠢᠬᠦ ᠵᠢ ᠪᠡᠶᠡᠯᠡᠬᠦᠯᠵᠦ ᠴᠢᠳᠠᠬᠤ ᠪᠤᠯᠪᠠ》 ᠬᠡᠵᠦ ᠰᠢᠶᠠ ᠸᠠ ᠪᠠᠯᠭᠠᠰᠤ ᠵᠢᠨ ᠹᠸᠩ ᠶᠤᠸᠠᠨ ᠲᠤᠰᠬᠤᠨ ᠤ᠋ ᠬᠤᠷᠤᠬᠠᠢ ᠮᠦᠬᠦ ᠲᠡᠵᠢᠬᠡᠬᠦ ᠲᠤᠮᠤ ᠡᠷᠦᠬᠡ ᠳ᠋ᠠᠢ ᠪᠤᠤ ᠠᠨ ᠬᠡᠯᠡᠨ᠎ᠡ᠃

ᠡᠳᠦᠬᠡ ᠠᠤᠬᠠᠨ ᠬᠤᠰᠢᠭᠤᠨ ᠳ᠋ᠦ᠍ ᠲᠦᠭ ᠲᠦᠮᠡᠨ ᠨᠤᠳᠤᠬ ᠤ᠋ᠨ ᠴᠢᠳᠠᠪᠤᠷᠢᠳᠠᠨ ᠬᠤᠷᠠᠨ ᠴᠤᠬᠯᠠᠷᠠᠵᠤ᠂ ᠲᠡᠳᠡᠨᠦᠰ ᠬᠦᠳᠡᠬᠡ ᠨᠤᠳᠤᠬ᠎ᠲᠦ ᠦᠨᠳᠦᠰᠦ ᠬᠠᠳᠬᠤᠨ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠬᠦᠳᠡᠬᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠬᠠᠮᠤᠬ ᠤ᠋ᠨ ᠭᠤᠶᠤ ᠦᠵᠡᠮᠵᠢᠳᠦ ᠵᠢᠷᠤᠬ᠎ᠢ ᠵᠢᠷᠤᠬᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号