︱ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ ᠠᠷᠪᠠᠨ ᠬᠦᠴᠦᠷᠬᠡᠭ᠎ᠤᠨ ᠨᠢᠭᠡ ᠪᠤᠯᠬᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ
ᠲᠦᠷᠦᠭᠦᠬᠡᠨ ᠶᠠᠪᠤᠭᠳᠠᠭᠰᠠᠨ 《2024•ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ 10 ᠬᠦᠴᠦᠷᠬᠡᠭ》 ᠪᠠ 《2024 • ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠰᠦᠨ ᠪᠣᠶ᠋ᠢᠵᠢᠯᠲᠠ᠎ᠶᠢᠨ ᠴᠢᠨᠠᠷᠲᠠᠢ ᠰᠣᠶᠣᠯ᠎ᠤᠨ ᠠᠵᠤ ᠠᠬᠤᠢᠯᠠᠯ》 ᠢ᠋ ᠨᠡᠢᠲᠡᠯᠡᠬᠦ ᠬᠤᠷᠠᠯ ᠳᠡᠭᠡᠷ᠎ᠡ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ ᠰᠣᠶᠣᠯ ᠵᠢᠭᠤᠯᠴᠢᠯᠠᠯ᠎ᠤᠨ ᠦᠢᠯᠡᠰ᠎ᠢᠶᠡᠷ ᠤᠳᠤᠷᠢᠳᠤᠮᠵᠢ ᠪᠣᠯᠭᠠᠵᠤ᠂ ᠣᠯᠠᠨ ᠲᠥᠷᠥᠯ᠎ᠦᠨ ᠠᠵᠤ ᠦᠢᠯᠡᠰ᠎ᠢ ᠠᠭᠤᠰᠤᠯᠴᠠᠭᠤᠯᠤᠨ ᠬᠥᠭᠵᠢᠭᠦᠯᠦᠭᠰᠡᠨ ᠲᠣᠮᠣ᠌ ᠬᠡᠯᠪᠡᠷᠢ᠎ᠶᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ 《2024 • ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ 10 ᠬᠦᠴᠦᠷᠬᠡᠭ》 ᠠᠵᠤ ᠠᠬᠤᠢᠯᠠᠯ᠎ᠢᠶᠠᠷ ᠦᠨᠡᠯᠡᠭᠳᠡᠪᠡ᠃
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ 2022 ᠣᠨ᠎ᠤ 8 ᠰᠠᠷ᠎ᠠ᠎ᠳᠤ ᠪᠠᠢᠭᠤᠯᠤᠭᠳᠠᠭᠰᠠᠨ᠎ᠠᠴᠠ ᠨᠠᠭᠠᠰᠢ 《ᠵᠢᠭᠤᠯᠴᠢᠯᠠᠯ᠎ᠤᠨ ᠳᠥᠷᠪᠡᠨ ᠭᠠᠵᠠᠷ》 ᠤ᠋ᠨ ᠪᠦᠲᠦᠭᠡᠨ ᠪᠠᠢᠭᠤᠯᠤᠯᠲᠠ ᠪᠠ 《ᠤᠮᠠᠷᠠᠲᠤ᠎ᠬᠢᠯᠢ ᠵᠢᠨ ᠰᠣᠶᠣᠯ》 ᠤ᠋ᠨ ᠲᠦᠷᠦᠯ ᠲᠡᠮᠳᠡᠭ᠎ᠢ ᠴᠤᠭᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠠᠭᠠᠭᠤᠯᠤᠭᠴᠢ ᠠᠵᠤ ᠠᠬᠤᠢᠯᠠᠯ᠎ᠢ ᠪᠥᠬᠥ ᠬᠦᠴᠦᠨ ᠵᠢᠡᠷ᠎ᠢᠶᠡᠨ ᠬᠦᠭᠵᠢᠬᠦᠯᠬᠦ ᠪᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠥᠯᠢᠭᠡᠷ ᠵᠢᠱ᠌ᠢᠶ᠎ᠡ ᠪᠠ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠱᠤᠭᠤᠬᠤ ᠴᠢᠬᠤᠯᠠ ᠬᠦᠴᠦᠨ ᠪᠤᠯᠵᠠᠢ᠃
ᠡᠵᠡᠩᠨᠡᠯᠲᠡ᠎ᠶᠢᠨ ᠬᠡᠯᠪᠡᠷᠢ ᠪᠠᠢᠳᠠᠯ᠎ᠵᠢᠡᠨ ᠲᠠᠰ ᠳᠡᠪᠰᠢᠭᠦᠯᠵᠦ ᠰᠣᠳᠣᠨ ᠵᠠᠭᠪᠤᠷ ᠪᠦᠬᠦᠢ ᠦᠵᠡᠮᠵᠢ᠎ᠶᠢᠨ ᠣᠷᠣᠨ᠎ᠢ ᠪᠠᠢᠭᠤᠯᠪᠠ
2023 ᠣᠨ᠎ᠳᠤ ᠥᠪᠡᠷᠲᠡᠭᠡᠨ ᠵᠠᠰᠠᠬᠤ ᠣᠷᠣᠨ᠎ᠠᠴᠠ ᠵᠢᠭᠤᠯᠴᠢᠯᠠᠯ᠎ᠤᠨ ᠦᠢᠯᠡᠰ᠎ᠦᠨ ᠬᠡᠯᠪᠡᠷᠢ ᠪᠠᠢᠳᠠᠯ᠎ᠢ ᠪᠠᠶᠠᠯᠢᠭ᠍ᠵᠢᠭᠤᠯᠵᠤ᠂ ᠲᠠᠯ᠎ᠠ ᠨᠤᠲᠤᠭ᠂ ᠤᠢ ᠰᠢᠭᠤᠢ᠂ ᠮᠥᠰᠥ ᠴᠠᠰᠤ ᠵᠡᠷᠭᠡ ᠣᠨᠴᠠᠯᠢᠭ᠍ᠲᠤ ᠵᠢᠭᠤᠯᠴᠢᠯᠠᠯ᠎ᠢ ᠰᠢᠨ᠎ᠡ᠎ᠪᠡᠷ ᠨᠡᠭᠡᠭᠡᠨ ᠬᠥᠭᠵᠢᠭᠦᠯᠵᠦ᠂ ᠵᠢᠭᠤᠯᠴᠢᠯᠠᠯ᠎ᠤᠨ ᠪᠦᠲᠦᠭᠡᠭᠳᠡᠬᠦᠨ᠎ᠦ ᠬᠥᠮᠥᠷᠭᠡ᠎ᠶᠢ ᠪᠠᠶ᠋ᠢᠭᠤᠯᠬᠤ ᠬᠡᠷᠡᠭᠲᠡᠢ ᠭᠡᠵᠦ ᠳᠤᠷᠠᠳᠴᠠᠢ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ ᠡᠯ᠎ᠡ ᠠᠢᠮᠠᠭ ᠬᠤᠳᠠ᠎ᠳᠤ ᠭᠦᠨᠵᠡᠭᠡᠢᠷᠡᠨ ᠭᠦᠢᠴᠡᠳ ᠪᠠᠢᠴᠠᠭᠠᠨ ᠰᠤᠳᠤᠯᠤᠯᠲᠠ ᠬᠢᠵᠦ ᠲᠠᠬᠢᠨ ᠳᠠᠪᠲᠠᠨ ᠠᠳᠠᠯᠢᠳᠬᠠᠨ ᠰᠣᠩᠭᠣᠭᠰᠠᠨᠦ ᠰᠠᠭᠤᠷᠢᠨ ᠲᠡᠭᠡᠷ᠎ᠡ 68 ᠨᠥᠭᠡᠴᠡ ᠲᠦᠷᠦᠯ ᠵᠦᠢᠯ᠎ᠦᠨ ᠳᠣᠲᠣᠷ᠎ᠠ ᠡᠴᠡ ᠨᠢᠭᠡ ᠪᠦᠯᠦᠭ ᠰᠣᠳᠣᠨ ᠦᠵᠡᠮᠵᠢ᠎ᠶᠢᠨ ᠣᠷᠣᠨ᠎ᠢ ᠤᠷᠢᠳ ᠵᠢᠡᠷ ᠪᠠᠢᠭᠤᠯᠵᠤ ᠲᠡᠭᠦᠯᠳᠡᠷᠵᠢᠭᠦᠯᠪᠡ᠃ 《ᠲᠣᠰ ᠪᠡᠶ᠎ᠡ ᠪᠡᠨ ᠬᠦᠴᠦᠷᠬᠡᠭᠵᠢᠭᠦᠯᠬᠦ᠂ ᠡᠷᠬᠢᠨ ᠲᠣᠭᠣᠷᠢᠨ᠎ᠢᠶᠠᠨ ᠨᠥᠯᠥᠭᠡᠯᠡᠨ ᠲᠠᠢᠴᠢᠯᠠᠬᠤ᠂ ᠤᠢᠷᠠᠯᠴᠠᠭ᠎ᠠ᠎ᠬᠢ ᠪᠠᠨ ᠪᠠᠶᠠᠰᠬᠠᠵᠤ ᠬᠣᠯᠠᠬᠢ ᠵᠢ ᠤᠭᠳᠤᠬᠤ》 ᠠᠷᠭ᠎ᠠ ᠪᠣᠳᠣᠯᠭ᠎ᠠ᠎ᠶᠢ ᠠᠪᠴᠤ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠰᠢᠯᠢᠳᠡᠭ ᠡᠬᠢ ᠪᠠᠶᠠᠯᠢᠭ᠋᠎ᠢ ᠣᠯᠠᠨ ᠲᠠᠯ᠎ᠠ᠎ᠪᠠᠷ ᠨᠡᠢᠳᠭᠡᠵᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠰᠢᠯᠢᠳᠡᠭ ᠡᠬᠢ ᠪᠠᠶᠠᠯᠢᠭ᠋᠎ᠢ ᠵᠢᠭᠤᠯᠴᠢᠯᠠᠯ᠎ᠤᠨ ᠰᠢᠯᠢᠳᠡᠭ ᠪᠦᠲᠦᠭᠡᠭᠳᠡᠬᠦᠨ ᠪᠣᠯᠭᠠᠨ ᠬᠤᠪᠢᠷᠠᠭᠤᠯᠵᠤ᠂ ᠪᠥᠬᠥ ᠣᠷᠣᠨ᠎ᠤ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠣᠯᠭᠣᠵᠤ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ ᠡᠨᠡ ᠵᠢᠯ᠎ᠦᠨ 5 ᠰᠠᠷ᠎ᠠ᠎ᠶᠢᠨ 1᠎ᠤ᠋ ᠡᠳᠦᠷ ᠰᠢᠯᠢ᠎ᠶᠢᠨ ᠭᠣᠣᠯ ᠠᠢᠮᠠᠭ᠎ᠤᠨ ᠠᠯᠳᠠᠩᠬᠤᠸ᠎ᠠ ᠴᠡᠴᠡᠭ᠎ᠤᠨ ᠳᠠᠯ᠎ᠠ ᠨᠤᠳᠤᠭ ᠲᠸ᠋ ᠢᠷᠡᠵᠦ ᠡᠵᠡᠩᠨᠡᠯᠳᠡ ᠬᠢᠭᠰᠡᠨ ᠡᠴᠡ ᠨᠠᠭᠠᠰᠢ ᠵᠢᠭᠤᠯᠴᠢᠯᠠᠭᠰᠠᠳ᠎ᠤᠨ ᠲᠥᠪ᠂ ᠣᠶᠤᠨᠲᠤ ᠦᠵᠡᠮᠵᠢ᠎ᠶᠢᠨ ᠣᠷᠣᠨ ᠵᠡᠷᠭᠡ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ᠎ᠶᠢ ᠥᠭᠡᠷᠡᠴᠢᠯᠡᠨ ᠰᠠᠢᠵᠢᠷᠠᠭᠤᠯᠵᠤ᠂ ᠱᠠᠩᠰᠢ ᠮᠤᠳᠤᠨ᠎ᠤ ᠴᠡᠩᠭᠡᠯ᠎ᠦᠨ ᠬᠦᠷᠢᠶᠡᠯᠡᠩ᠂ ᠲᠠᠯ᠎ᠠ ᠨᠤᠲᠤᠭ᠎ᠤᠨ ᠵᠢᠵᠢᠭ ᠭᠠᠯᠲᠤ ᠲᠡᠷᠭᠡ ᠵᠡᠷᠭᠡ ᠡᠵᠡᠩᠨᠡᠯᠲᠡ᠎ᠶᠢᠨ ᠬᠡᠯᠪᠡᠷᠢ᠎ᠶᠢ ᠨᠡᠭᠡᠭᠡᠨ ᠬᠥᠭᠵᠢᠭᠦᠯᠵᠦ᠂ ᠰᠣᠶᠣᠯ ᠤ᠋ᠨ ᠪᠦᠳᠦᠬᠡᠯᠴᠢ ᠦᠢᠯᠡᠳᠬᠦᠨ᠂ ᠣᠨᠴᠠᠯᠢᠭ᠍ᠲᠤ ᠢᠳᠡᠭᠡᠨ ᠤᠮᠳᠠᠭᠠᠨ ᠵᠡᠷᠭᠡ ᠵᠢᠨ ᠬᠤᠳᠠᠯᠳᠤᠭᠠᠴᠢᠨ᠎ᠢ ᠣᠷᠣᠭᠤᠯᠤᠨ ᠠᠪᠴᠢᠷᠠᠵᠤ᠂ ᠵᠢᠭᠤᠯᠴᠢᠯᠠᠭᠰᠠᠳ᠎ᠢ ᠬᠦᠯᠢᠶᠡᠨ ᠠᠪᠤᠭᠰᠠᠨ ᠲᠤᠭ᠎ᠠ ᠬᠡᠮᠵᠢᠶ᠎ᠡ ᠪᠠ ᠡᠵᠡᠩᠨᠡᠯᠲᠡ᠎ᠶᠢᠨ ᠣᠷᠣᠯᠭ᠎ᠠ ᠵᠢ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 59.6%᠂ 47.8% ᠪᠡᠷ ᠨᠡᠮᠡᠭᠳᠡᠬᠦᠯᠪᠡ; ᠣᠷᠳᠣᠰ᠎ᠤᠨ ᠭᠡᠭᠡᠷ᠎ᠡ ᠭᠠᠳᠠᠭ᠎ᠠ ᠪᠠᠭᠤᠳᠠᠯᠯᠠᠬᠤ ᠵᠢᠵᠢᠭ ᠪᠠᠯᠭᠠᠰᠤᠨ᠎ᠤ ᠪᠠᠯ᠎ᠳᠤ ᠤᠰᠤᠨ᠎ᠤ ᠬᠥᠪᠡᠭᠡᠨ᠎ᠳᠡᠬᠢ ᠪᠠᠭᠤᠴᠠ ᠵᠢᠨ ᠲᠡᠰ ᠲᠡᠪᠰᠢᠬᠦᠯᠬᠦ ᠦᠭᠡᠷᠡᠴᠢᠯᠡᠯᠳᠡ ᠵᠢ ᠡᠨᠡ ᠵᠢᠯ᠎ᠦᠨ 7 ᠰᠠᠷ᠎ᠠ᠎ᠶᠢᠨ 1᠎ᠤ᠋ ᠡᠳᠦᠷ ᠳᠠᠭᠤᠰᠬᠠᠨ ᠠᠰᠢᠬᠯᠠᠯᠳᠠ ᠳ᠋ᠤ ᠤᠷᠤᠭᠤᠯᠵᠤ᠂ ᠴᠤᠤᠷᠢᠶ᠎ᠠ ᠲᠠᠪᠴᠠᠩ ᠳ᠋ᠡᠬᠢ ᠬᠡᠭᠡᠷ᠎ᠡ ᠭᠠᠳᠠᠭ᠎ᠠ ᠪᠠᠭᠤᠳᠠᠯᠯᠠᠬᠤ ᠭᠠᠵᠠᠷ᠎ᠤᠨ ᠨᠡᠷᠡᠰ᠎ᠦᠨ ᠵᠢᠭ᠍ᠰᠠᠭᠠᠯᠲᠠ᠎ᠳᠤ ᠣᠷᠳᠣᠰ᠎ᠲᠠᠭᠠᠨ ᠨᠢᠭᠡᠳᠦᠭᠡᠷ᠎ᠲᠦ ᠣᠷᠣᠪᠠ; ᠳᠤᠮᠳᠠᠳᠤ ᠤᠯᠤᠰ᠎ᠤᠨ ᠬᠦᠢᠳᠡᠨ ᠤ᠋ ᠲᠦᠢᠯ᠎ᠤᠨ ᠲᠣᠰᠬᠣᠨ᠎ᠤ ᠨᠢᠭᠡᠳᠦᠭᠡᠷ ᠬᠤᠭᠤᠴᠠᠭ᠎ᠠ᠎ᠶᠢ ᠨᠢᠳᠤᠨᠤᠨ ᠵᠢᠯ᠎ᠦᠨ ᠰᠡᠭᠦᠯᠴᠢ᠎ᠪᠡᠷ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠤᠭᠠᠳ᠂ ᠡᠨᠡ ᠵᠢᠯ ᠡᠵᠡᠩᠨᠡᠬᠦ᠎ᠶᠢᠨ ᠳᠠᠭᠠᠤ ᠲᠡᠰ ᠳᠡᠪᠰᠢᠭᠦᠯᠵᠦ᠂ ᠵᠠᠬᠢᠶᠠᠯᠠᠭ᠎ᠠ᠎ᠶᠢᠨ ᠵᠢᠭᠤᠯᠴᠢᠯᠠᠯ᠂ ᠰᠢᠭᠤᠢ᠎ᠳᠤ ᠤᠷᠤᠨ᠎ᠤ ᠠᠷᠠᠳ᠎ᠤᠨ ᠣᠷᠣᠨ ᠰᠠᠭᠤᠴᠠ᠂ ᠤᠯᠠᠨ ᠲᠦᠮᠡᠨᠴᠢ ᠮᠥᠰᠥ ᠴᠠᠰᠤᠨ ᠤ᠋ ᠬᠦᠳᠡᠯᠬᠡᠬᠡᠨ ᠵᠡᠷᠭᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠬᠥᠭᠵᠢᠶᠡᠨᠲᠡᠢ ᠤᠯᠠᠷᠢᠯ᠎ᠳᠤ ᠦᠷᠦᠬᠡ ᠳᠦᠭᠦᠷᠡᠩ ᠵᠤᠴᠢᠳ᠎ᠢ ᠤᠭᠳᠤᠳᠠᠭ; ᠬᠣᠷᠢᠨᠭᠡᠷ᠎ᠦᠨ ᠶᠦᠨ ᠵᠦᠩᠱᠧᠩ ᠯᠧ ᠠᠮᠠᠷᠠᠯᠲᠠ᠎ᠶᠢᠨ ᠣᠷᠣᠨ᠎ᠤ ᠪᠦᠳᠦᠭᠡᠨ ᠪᠠᠢᠭᠤᠯᠤᠯᠳᠠ ᠵᠢᠨ ᠲᠦᠯᠦᠪᠵᠢᠬᠦᠯᠭᠡ ᠪᠠ ᠭᠠᠵᠠᠷ ᠰᠢᠷᠣᠢ ᠲᠠᠲᠠᠪᠤᠷᠢᠯᠠᠨ ᠪᠠᠢᠰᠢᠩ ᠪᠠᠷᠢᠯᠭ᠎ᠠ᠎ᠵᠢ ᠨᠢ ᠨᠤᠷᠠᠭᠠᠬᠤ ᠠᠵᠢᠯ᠎ᠢ ᠪᠡᠶᠡᠯᠡᠭᠦᠯᠵᠦ᠂ ᠪᠥᠬᠥ ᠣᠷᠣᠨ᠎ᠤ 2024 ᠣᠨ᠎ᠤ ᠭᠣᠣᠯᠳᠠᠯᠭ᠎ᠠ᠎ᠲᠠᠢ ᠰᠣᠶᠣᠯ᠎ᠤᠨ ᠠᠵᠤ ᠦᠢᠯᠡᠰ᠎ᠦᠨ ᠲᠥᠷᠥᠯ ᠵᠦᠢᠯ᠎ᠳᠦ ᠰᠣᠩᠭᠣᠭᠳᠠᠪᠠ᠃
ᠡᠳ᠋ ᠬᠥᠷᠥᠩᠭᠡ᠎ᠶ᠋ᠢ ᠠᠮᠢᠳᠤᠯᠢᠬᠵᠢᠭᠤᠯᠵᠤ ᠤᠯᠤᠰ᠎ᠤᠨ ᠦᠮᠴᠢᠯᠡᠯ᠎ᠤᠨ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠤᠨ ᠨᠡᠮᠡᠭᠳᠡᠯ᠎ᠢ ᠪᠡᠶᠡᠯᠡᠭᠦᠯᠪᠡ
ᠬᠠᠮᠢᠶᠠᠷᠤᠯᠲᠠ ᠡᠴᠡ ᠦᠷ᠎ᠡ ᠪᠦᠲᠦᠮᠵᠢ ᠭᠠᠷᠴᠤ᠂ ᠵᠠᠬ᠎ᠠ ᠳᠡᠯᠭᠡᠭᠦᠷ᠎ᠡᠴᠡ ᠦᠷ᠎ᠡ ᠠᠱᠢᠭ ᠣᠯᠳᠠᠭ᠃ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭ᠌ᠯᠡᠯ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠡᠭᠦᠷᠭᠡ ᠴᠢᠳᠠᠪᠬᠢ ᠪᠠᠨ ᠢᠳᠡᠪᠬᠢᠲᠡᠶ ᠭᠦᠶ᠋ᠴᠡᠳᠭᠡᠵᠦ᠍᠂ ᠭᠤᠢᠪᠢᠰᠢ ᠥᠬᠡᠶ ᠪᠡᠷ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠂ ᠪᠥᠬᠥ᠌ ᠬᠦᠴᠦᠨ᠎ᠵᠢᠡᠷ ᠠᠮᠢᠳᠤᠯᠢᠭ᠍ᠵᠢᠭᠤᠯᠤᠨ ᠰᠠᠢᠲᠤᠷ ᠬᠡᠷᠡᠭ᠌ᠯᠡᠵᠦ᠍᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠥᠷᠲᠡᠭ᠎ᠢ ᠪᠠᠲᠤᠯᠠᠵᠤ ᠥᠷᠲᠡᠭ᠎ᠤᠨ ᠨᠡᠮᠡᠭᠳᠡᠯ᠎ᠢ ᠪᠡᠶᠡᠯᠡᠭᠦᠯᠪᠡ᠃ ᠣᠳᠣᠬᠠᠨ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠬᠥᠷᠥᠩᠭᠡ ᠮᠥᠩᠭᠥ᠎ᠶ᠋ᠢᠨ ᠬᠡᠯᠪᠡᠷᠢ ᠪᠡᠷ ᠬᠤᠪᠢᠶᠠᠷᠢᠯᠠᠨ ᠥᠭ᠌ᠭᠦᠭ᠌ᠰᠡᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠴᠢᠨᠠᠷᠲᠠᠶ ᠨᠠᠰᠤᠵᠢᠯ᠎ᠤᠨ ᠠᠰᠠᠷᠠᠮᠵᠢ᠎ᠶ᠋ᠢᠨ ᠨᠡᠢᠲᠡ᠎ᠶ᠋ᠢᠨ ᠪᠠᠢᠷᠢ᠂ ᠷᠠᠱᠢᠶᠠᠨ᠎ᠤ ᠡᠸ᠋ ᠰᠢᠶᠠᠨ ᠳ᠋ᠢᠶᠠᠨ ᠵᠣᠴᠢᠳ᠎ᠤᠨ ᠪᠠᠭᠤᠳᠠᠯ᠂ ᠱᠠᠩᠬᠠᠶ ᠥᠪᠥᠷ ᠮᠣᠩᠭᠣᠯ᠎ᠤᠨ ᠪᠠᠶ ᠶᠦᠨ ᠵᠣᠴᠢᠳ᠎ᠤᠨ ᠪᠠᠭᠤᠳᠠᠯ ᠵᠡᠷᠭᠡ ᠡᠳ᠋ ᠬᠥᠷᠥᠩᠭᠡ᠎ᠶ᠋ᠢ ᠪᠦᠬᠦᠨ᠎ᠢ ᠠᠮᠢᠳᠤᠯᠢᠭ᠍ᠵᠢᠭᠤᠯᠤᠬᠰᠠᠨ ᠪᠠᠢᠨ᠎ᠠ᠃
ᠲᠤᠬᠠᠢᠯᠠᠭ᠍ᠰᠠᠨ ᠠᠵᠢᠯ᠎ᠢ᠋ ᠥᠷᠭᠡᠳᠭᠡᠵᠦ᠍ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠪᠠ
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭ᠌ᠯᠡᠯ ᠬᠠᠷᠢᠭᠤᠴᠠᠯᠭᠠᠡᠭᠦᠷᠬᠡᠯᠡᠨ᠂ ᠣᠷᠣᠨ᠎ᠤ ᠳᠣᠲᠣᠨ᠎ᠠ ᠭᠠᠳᠠᠨᠠᠬᠢ ᠱᠢᠯᠢᠳᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠢᠳᠭᠡᠬᠦ ᠶ᠋ᠢ ᠲᠠᠰᠤᠷᠠᠯᠲᠠ ᠥᠬᠡᠶ ᠠᠬᠢᠭᠤᠯᠤᠨ᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠵᠢ ᠨᠡᠮᠡᠭᠳᠡᠬᠦᠯᠬᠦ ᠱᠢᠨ᠎ᠡ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠥᠩᠭᠡᠨ ᠡᠳ᠋ ᠬᠥᠷᠥᠩᠭᠡ᠎ᠶ᠋ᠢᠨ ᠡᠵᠡᠩᠨᠡᠯᠲᠡ᠎ᠶ᠋ᠢᠨ 3 ᠲᠥᠷᠥᠯ ᠵᠦᠶ᠋ᠯ᠎ᠢ ᠪᠦᠳᠦᠭᠡᠯᠴᠢ ᠪᠡᠷ ᠨᠡᠭᠡᠭᠡᠨ ᠬᠥᠭ᠌ᠵᠢᠭᠦᠯᠵᠦ᠍᠂ ᠪᠥᠬᠥ᠌ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠵᠤᠬᠢᠴᠠᠨ ᠬᠥᠭ᠌ᠵᠢᠬᠦ᠌᠎ᠶ᠋ᠢ ᠳᠠᠢᠴᠢᠯᠠᠪᠠ᠃ 《ᠥᠪᠥᠷ ᠮᠣᠩᠭᠣᠯ᠎ᠤᠨ ᠰᠠᠢᠨ ᠪᠠᠷᠠᠭ᠎ᠠ》 ᠪᠥᠬᠥ᠌ ᠣᠷᠣᠨ᠎ᠤ ᠣᠨᠴᠠᠯᠢᠭ᠍ᠲᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠂ ᠰᠣᠶᠣᠯ᠎ᠤᠨ ᠪᠦᠲᠦᠭᠡᠯᠴᠢ ᠦᠢᠯᠡᠳᠬᠦᠨ᠎ᠢ ᠨᠡᠢᠳᠭᠡᠵᠦ᠍᠂ ᠴᠤᠤᠷᠢᠶ᠎ᠠ ᠵᠡᠷᠭᠡ ᠰᠢᠨ᠎ᠡ ᠵᠠᠭᠤᠴᠢᠯᠠᠭᠤᠷ᠎ᠲᠤ ᠡᠵᠡᠩᠨᠡᠨ ᠪᠣᠷᠣᠯᠠᠭᠤᠯᠬᠤ ᠲᠠᠪᠴᠠᠩ ᠪᠠᠢᠭᠤᠯᠵᠤ᠂ ᠥᠪᠥᠷ ᠮᠣᠩᠭᠣᠯ᠎ᠤᠨ ᠲᠧᠯᠸᠢᠰ ᠬᠣᠷᠢᠶ᠎ᠠ᠎ᠲᠠᠶ ᠬᠠᠮᠲᠤᠷᠠᠨ ᠬᠥᠬᠡᠬᠣᠲᠠ ᠪᠤᠭᠤᠲᠤ ᠣᠷᠳᠣᠰ ᠦᠬᠠᠶ ᠵᠢᠴᠢ ᠤᠯᠠᠭᠠᠨᠬᠠᠳᠠ᠎ᠶ᠋ᠢᠨ 5 ᠬᠤᠭᠤᠴᠠᠭᠠᠨ᠎ᠤ 《ᠥᠪᠥᠷ ᠮᠣᠩᠭᠣᠯ᠎ᠤᠨ ᠰᠠᠢᠨ ᠡᠳ᠋》 ᠲᠤᠰᠭᠠᠶ ᠱᠢᠭᠤᠳ ᠨᠡᠪᠲᠡᠷᠡᠭᠦᠯᠭᠡ᠎ᠶ᠋ᠢᠨ ᠫᠷᠤᠭ᠌ᠷᠠᠮ ᠡᠷᠭᠢᠯᠡᠵᠦ᠍᠂ ᠴᠤᠤᠷᠢᠶ᠎ᠠ ᠵᠢᠨ ᠬᠤᠳᠠᠯᠳᠤᠭᠠᠨ᠎ᠤ ᠲᠠᠪᠴᠠᠩ᠎ᠳᠤ 290 ᠭᠠᠷᠤᠶ ᠵᠦᠶ᠋ᠯ᠎ᠦᠨ ᠪᠦᠲᠦᠭᠡᠭ᠌ᠳᠡᠬᠦᠨ᠎ᠢ ᠳᠡᠯᠭᠡᠨ ᠪᠤᠷᠤᠯᠠᠭᠤᠯᠵᠤ᠂ ᠲᠠᠷᠤᠮ᠎ᠤᠨ ᠲᠤᠭ᠎ᠠ 1820 ᠲᠦᠮᠡᠨ ᠬᠦᠮᠦᠨ ᠤᠳᠠᠭ᠎ᠠ ᠳ᠋ᠤ ᠬᠦᠷᠴᠡᠢ; 《ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠢᠯᠧᠲ ᠡᠵᠡᠩᠨᠡᠨ ᠪᠣᠷᠣᠯᠠᠭᠤᠯᠬᠤ ᠲᠠᠪᠴᠠᠩ》 ᠨᠢ ᠦᠵᠡᠮᠵᠢ᠎ᠶ᠋ᠢᠨ ᠣᠷᠣᠨ᠂ ᠪᠠᠭᠤᠳᠠᠯ᠂ ᠲᠣᠭ᠍ᠯᠠᠯᠲᠠ ᠵᠡᠷᠭᠡ ᠡᠬᠢ ᠪᠠᠶᠠᠯᠢᠭ᠎ᠢ ᠨᠡᠢᠳᠭᠡᠵᠦ᠂ ᠴᠤᠤᠷᠢᠢ᠎ᠠ᠂ ᠰᠶ᠋ᠶᠸ ᠴᠧᠩ ᠵᠡᠷᠭᠡ ᠲᠠᠪᠴᠠᠩ᠎ᠳᠤ ᠡᠵᠡᠩᠨᠡᠨ ᠪᠣᠷᠣᠯᠠᠭᠤᠯᠬᠤ ᠵᠢᠭ᠍ᠰᠠᠭᠠᠯ᠎ᠤᠨ ᠭᠠᠵᠠᠷ ᠪᠠᠢᠭᠤᠯᠵᠤ᠂ ᠷᠠᠱᠢᠶᠠᠨ᠎ᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠂ ᠪᠥᠵᠢᠭ᠌ᠲᠦ ᠵᠦᠴᠦᠭᠡ 《ᠪᠤᠭᠤᠷᠤᠯ ᠲᠡᠤᠬᠡ ᠵᠢᠨ ᠬᠦᠯᠦᠭ᠎ᠤᠨ ᠮᠠᠭ᠍ᠲᠠᠭᠠᠯ》 ᠵᠡᠷᠭᠡ 20 ᠭᠠᠷᠤᠶ ᠵᠦᠶ᠋ᠯ᠎ᠦᠨ ᠪᠢᠯᠧᠲ᠎ᠢ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠵᠤ᠂ 2100 ᠭᠠᠷᠤᠶ ᠲᠦᠮᠡᠨ ᠲᠥᠭᠥᠷᠢᠭ ᠪᠣᠷᠣᠯᠠᠭᠤᠯᠪᠠ᠃
ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭ᠌ᠯᠡᠯ 35 ᠰᠣᠶᠣᠯ ᠵᠢᠭᠤᠯᠴᠢᠯᠠᠯ᠎ᠤᠨ ᠲᠥᠷᠥᠯ ᠵᠦᠶ᠋ᠯ᠎ᠢ ᠥᠷᠭᠡᠳᠭᠡᠨ ᠵᠣᠯᠭᠠᠭᠤᠯᠵᠤ᠂ ᠣᠯᠠᠨ ᠡᠱᠢᠲᠦ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠠᠢᠭᠤᠯᠪᠠ᠃ ᠬᠤᠳᠠᠯᠳᠤᠭᠠᠨ᠎ᠤ ᠶᠠᠪᠤᠳᠠᠯ᠎ᠤᠨ ᠦᠵᠡᠰᠭᠦᠯᠡᠩ᠎ᠦᠨ ᠲᠠᠯ᠎ᠠ ᠪᠠᠷ᠂ ᠱᠠᠩᠬᠠᠶ᠎ᠶ᠋ᠢᠨ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠥᠪᠥᠷ ᠮᠣᠩᠭᠣᠯ᠎ᠤᠨ ᠦᠵᠡᠰᠭᠦᠯᠡᠩ᠎ᠦᠨ ᠲᠣᠭᠣᠷᠢᠭ᠂ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠢᠮᠠᠭᠠᠨ ᠨᠣᠤᠯᠤᠭᠤᠷ᠎ᠤᠨ ᠦᠵᠡᠰᠭᠦᠯᠡᠩ ᠵᠡᠷᠭᠡ 13 ᠲᠥᠷᠥᠯ ᠵᠦᠶ᠋ᠯ᠎ᠢ ᠵᠤᠯᠭᠠᠭᠤᠯᠪᠠ᠃ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠲᠠᠯ᠎ᠠ᠎ᠪᠠᠷ᠂ ᠪᠥᠬᠥ᠌ ᠣᠷᠣᠨ᠎ᠤ 《ᠭᠤᠷᠪᠠ᠎ᠶ᠋ᠢ ᠳᠡᠮᠵᠢᠵᠦ᠍ ᠨᠢᠭᠡ᠎ᠶ᠋ᠢ ᠲᠡᠳᠬᠦᠬᠦ᠌》 ᠬᠥᠮᠦᠰ᠎ᠦᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠵᠡᠷᠭᠡ 10 ᠬᠤᠭᠤᠴᠠᠭᠠᠨ᠎ᠤ ᠪᠣᠯᠪᠠᠰᠤᠷᠠᠯ᠎ᠤᠨ ᠠᠩᠭᠢ᠎ᠶ᠋ᠢ ᠳᠠᠭᠠᠭᠠᠴᠢᠯᠠᠨ ᠡᠷᠭᠢᠯᠡᠪᠡ᠃ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠠᠷ᠂ ᠭᠤᠸᠠᠩᠰᠢ᠎ᠶ᠋ᠢᠨ 《ᠪᠡᠶ᠎ᠡ᠎ᠶ᠋ᠢᠨ ᠲᠠᠮᠢᠷ᠎ᠤᠨ ᠡᠭᠦᠯᠡᠡ》 ᠱᠢᠰᠲ᠋ᠧᠮ᠂ ᠪᠤᠭᠤᠲᠤ᠎ᠶ᠋ᠢᠨ ᠤᠶᠤᠨᠲᠤ ᠨᠣᠮ᠎ᠤᠨ ᠰᠠᠩ ᠵᠡᠷᠭᠡ 9 ᠲᠥᠷᠥᠯ ᠵᠦᠶ᠋ᠯ᠎ᠢ ᠬᠡᠷᠡᠭ᠌ᠵᠢᠭᠦᠯᠪᠡ᠃ ᠣᠯᠠᠨ ᠤᠯᠤᠰ᠎ᠤᠨ ᠵᠢᠭᠤᠯᠴᠢᠯᠠᠯ᠎ᠤᠨ ᠲᠠᠯ᠎ᠠ᠎ᠪᠠᠷ᠂ 8 ᠰᠠᠷ᠎ᠠ᠎ᠶ᠋ᠢᠨ 29᠎ᠤ᠋ ᠡᠳᠦᠷ ᠮᠠᠯᠠᠢᠱᠢᠶ᠎ᠠ᠎ᠶ᠋ᠢᠨ ᠨᠢᠰᠭᠡᠯ ᠠᠩᠬ᠎ᠠ ᠤᠳᠠᠭ᠎ᠠ ᠣᠷᠳᠣᠰ᠎ᠲᠤ ᠪᠠᠭᠤᠵᠤ᠂ ᠣᠢᠷ᠎ᠠ᠎ᠶ᠋ᠢᠨ ᠬᠤᠭᠤᠴᠠᠭᠠᠨ᠎ᠳᠤ ᠮᠠᠯᠠᠢᠱᠢᠶ᠎ᠠ᠎ᠶ᠋ᠢᠨ 7 ᠡᠭᠡᠯᠵᠢ᠎ᠶ᠋ᠢᠨ ᠨᠢᠰᠭᠡᠯ 2500 ᠭᠠᠷᠤᠶ ᠬᠥᠮᠦᠨ ᠮᠠᠨ᠎ᠤ ᠣᠷᠣᠨ᠎ᠳᠤ ᠢᠷᠡᠬᠦ᠌ ᠪᠣᠯᠤᠨ᠎ᠠ᠃ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠲᠠᠯ᠎ᠠ᠎ᠪᠠᠷ᠂ 2024 ᠣᠨ᠎ᠤ 《ᠲᠤᠯᠠᠭᠠᠨ ᠬᠤᠳᠠ》 ᠵᠢᠨ ᠠᠶᠠᠯᠠᠯ᠎ᠢ ᠵᠠᠯᠭᠠᠨ ᠱᠢᠶᠠᠩᠭᠠᠩ᠎ᠤᠨ ᠵᠠᠯᠠᠭᠤᠴᠤᠳ᠎ᠤᠨ ᠥᠪᠥᠷ ᠮᠣᠩᠭᠣᠯᠳ᠋ᠦ ᠢᠷᠡᠵᠦ ᠰᠤᠳᠤᠯᠤᠨ ᠰᠤᠷᠤᠯᠴᠠᠵᠤ ᠰᠣᠯᠢᠯᠴᠠᠬᠤ ᠵᠡᠷᠭᠡ ᠲᠥᠷᠥᠯ ᠵᠦᠶ᠋ᠯ᠎ᠢ ᠳᠠᠭᠠᠭᠠᠴᠢᠯᠠᠨ ᠡᠷᠬᠢᠯᠡᠪᠠ᠃