ᠮᠢᠩᠭᠠᠨ ᠣᠨ ᠢ᠋ ᠳᠤᠭᠤᠯᠤᠭ᠍ᠰᠠᠨ ᠤᠯᠤᠰ ᠤ᠋ᠨ ᠦᠨᠡᠲᠦ ᠡᠷᠳᠡᠨᠢ
2024-10-26 12:09:14
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠠᠯᠠᠱᠠ ᠠᠢᠮᠠᠭ ᠤ᠋ᠨ ᠡᠵᠡᠨ᠎ᠡ ᠮᠦᠽᠧᠶ ᠳ᠋ᠦ ᠵᠢᠤᠢ ᠶᠠᠨ ᠤ᠋ ᠪᠠᠭᠤᠷᠢ ᠡᠴᠡ ᠮᠠᠯᠲᠠᠵᠤ ᠭᠠᠷᠭᠠᠭ᠍ᠰᠠᠨ ᠵᠢᠤᠢ ᠶᠠᠨ ᠤ᠋ ᠬᠤᠯᠤᠰᠤᠨ ᠴᠤᠭᠤᠳᠠᠰᠤ ᠮᠡᠳᠦ ᠶ᠋ᠢᠨ ᠮᠠᠰᠢ ᠣᠯᠠᠨ ᠴᠢᠬᠤᠯᠠ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠳᠡᠯᠭᠡᠨ ᠦᠵᠡᠭᠦᠯᠵᠦ᠍ ᠪᠠᠢᠳᠠᠭ᠃ ᠤᠯᠤᠰ ᠤ᠋ᠨ ᠦᠨᠡᠲᠦ ᠡᠷᠳᠡᠨᠢ ᠪᠣᠯᠤᠭ᠍ᠰᠠᠨ ᠵᠢᠤᠢ ᠶᠠᠨ ᠤ᠋ ᠬᠤᠯᠤᠰᠤᠨ ᠴᠤᠭᠤᠳᠠᠰᠤ᠂ ᠶᠢᠨ ᠤᠯᠤᠰ ᠤ᠋ᠨ ᠨᠡᠢᠰᠯᠡᠯ ᠤ᠋ᠨ ᠬᠠᠭᠤᠴᠢᠨ ᠪᠠᠭᠤᠷᠢ ᠶ᠋ᠢᠨ ᠶᠠᠰᠤᠨ ᠪᠢᠴᠢᠭ᠂ ᠳ᠋ᠦᠨᠬᠤᠸᠠᠡᠭ ᠤ᠋ᠨ ᠰᠤᠷᠪᠤᠯᠵᠢ ᠪᠢᠴᠢᠭ᠂ ᠮᠢᠩ ᠤᠯᠤᠰ ᠴᠢᠩ ᠤᠯᠤᠰ ᠤ᠋ᠨ ᠰᠠᠢᠳ ᠨᠠᠷ ᠤ᠋ᠨ ᠵᠥᠪᠯᠡᠯ ᠤ᠋ᠨ ᠬᠥᠮᠥᠷᠭᠡ ᠶ᠋ᠢᠨ ᠲᠠᠩᠰᠠ ᠡᠪᠬᠡᠮᠡᠯ ᠢ᠋ 20 ᠳ᠋ᠤᠭᠠᠷ ᠵᠠᠭᠤᠨ ᠤ᠋ ᠡᠬᠢᠨ ᠤ᠋ ᠦᠶ᠎ᠡ ᠶ᠋ᠢᠨ ᠳᠤᠮᠳᠠᠳᠤ ᠤᠯᠤᠰ ᠤ᠋ᠨ ᠰᠤᠷᠪᠤᠯᠵᠢ ᠪᠢᠴᠢᠭ ᠤ᠋ᠨ 《ᠳᠦ᠍ᠷᠪᠡᠨ ᠶᠡᠬᠡ ᠢᠯᠡᠷᠡᠭᠦᠯᠦᠯᠲᠡ》 ᠬᠡᠮᠡᠵᠦ᠂ ᠴᠠᠭᠠᠨ ᠬᠡᠷᠡᠮ ᠬᠢᠯᠢ ᠬᠢᠵᠠᠭᠠᠷ ᠤ᠋ᠨ ᠰᠣᠶᠣᠯ ᠤ᠋ᠨ ᠴᠢᠬᠤᠯᠠ ᠲᠡᠦᠬᠡᠨ ᠭᠡᠷᠡᠴᠢ᠂ ᠬᠠᠨ ᠤᠯᠤᠰ ᠤ᠋ᠨ ᠲᠡᠦᠬᠡ ᠵᠢ ᠰᠤᠳᠤᠯᠬᠤ ᠬᠣᠪᠣᠷ ᠨᠠᠨᠳᠢᠨ ᠰᠤᠷᠪᠤᠯᠵᠢ ᠪᠢᠴᠢᠭ ᠮᠠᠲ᠋ᠧᠷᠢᠶᠠᠯ ᠪᠠᠢᠵᠦ᠂ ᠲᠤᠢᠯ ᠤ᠋ᠨ ᠶᠡᠬᠡ ᠡᠷᠳᠡᠮ ᠱᠢᠨᠵᠢᠯᠡᠭᠡᠨ ᠤ᠋ ᠦᠨ᠎ᠡ ᠦᠷᠳ᠋ᠡᠭ᠌ ᠲᠡᠶ᠂ ᠬᠠᠨ ᠤᠯᠤᠰ ᠤ᠋ᠨ ᠲᠡᠦᠬᠡ ᠵᠢ ᠰᠤᠳᠤᠯᠬᠤ ᠨᠡᠪᠲᠡᠷᠬᠡᠢ ᠲᠤᠯᠢ ᠭᠡᠵᠦ᠍ ᠬᠡᠯᠡᠵᠦ᠍ ᠪᠣᠯᠤᠨ᠎ᠠ᠃

《ᠵᠢᠤᠢ ᠶᠠᠨ ᠤ᠋ ᠬᠤᠯᠤᠰᠤᠨ ᠴᠤᠭᠤᠳᠠᠰᠤ ᠨᠢ ᠵᠢᠤᠢ ᠶᠠᠨ ᠬᠢᠯᠢ ᠶ᠋ᠢᠨ ᠴᠠᠢᠵᠠ ᠴᠢᠨᠠᠭ᠍ᠰᠢᠯᠠᠪᠠᠯ ᠬᠠᠨ ᠤᠯᠤᠰ ᠤ᠋ᠨ ᠦᠶ᠎ᠡ ᠶ᠋ᠢᠨ ᠨᠡᠢᠭᠡᠮ ᠤ᠋ᠨ ᠤᠯᠤᠰ ᠲᠦᠷᠦ᠍᠂ ᠠᠵᠤ ᠠᠬᠤᠢ᠂ ᠰᠣᠶᠣᠯ᠂ ᠴᠡᠷᠢᠭ ᠤ᠋ᠨ ᠶᠠᠪᠤᠳᠠᠯ᠂ ᠬᠢᠯᠢ ᠶ᠋ᠢᠨ ᠬᠠᠮᠠᠭᠠᠯᠠᠯᠲᠠ᠂ ᠴᠡᠷᠢᠭ ᠰᠠᠭᠤᠯᠭᠠᠵᠦ ᠠᠳᠠᠷ ᠬᠠᠭᠠᠯᠪᠤᠷᠢᠯᠠᠬᠤ᠂ ᠤᠰᠤᠨ ᠠᠱᠢᠭ᠍ᠯᠠᠯᠲᠠ᠂ ᠭᠠᠵᠠᠷ ᠵᠦᠢ᠂ ᠵᠠᠮ ᠬᠠᠷᠢᠯᠴᠠᠭ᠎ᠠ᠂ ᠬᠠᠤᠯᠢ ᠴᠠᠭᠠᠵᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠦᠨᠳᠦᠰᠦᠲᠡᠨ᠂ ᠱᠠᠱᠢᠨ ᠰᠤᠷᠲᠠᠬᠤᠨ ᠵᠡᠷᠭᠡ ᠱᠢᠨᠵᠢᠯᠡᠭᠡᠨ ᠤ᠋ ᠰᠠᠯᠠᠭ᠎ᠠ ᠵᠢ ᠰᠤᠳᠤᠯᠬᠤ ᠳ᠋ᠦ ᠡᠯᠪᠡᠭ ᠪᠠᠶᠠᠯᠢᠭ ᠮᠠᠲ᠋ᠧᠷᠢᠶᠠᠯ ᠬᠠᠩᠭᠠᠵᠤ᠂ ᠲᠤᠯᠭᠤᠷ ᠪᠢᠴᠢᠭ ᠡᠷᠲᠡᠨ ᠤ᠋ ᠨᠣᠮ ᠪᠢᠴᠢᠭ ᠲᠦ᠍ ᠲᠡᠮᠳᠡᠭ᠌ᠯᠡᠭ᠌ᠰᠡᠨ ᠦᠭᠡᠢ ᠪᠤᠶᠤ ᠲᠡᠮᠳᠡᠭ᠌ᠯᠡᠭ᠌ᠰᠡᠨ ᠨᠢ ᠲᠣᠳᠣᠷᠬᠠᠢ ᠦᠭᠡᠢ ᠪᠠᠢᠭᠰᠠᠨ ᠢ᠋ ᠨᠥᠬᠥᠪᠥᠷᠢᠯᠡᠵᠠᠢ᠃ ᠵᠠᠷᠢᠮ ᠨᠢ ᠰᠤᠳᠤᠷ ᠲᠡᠦᠬᠡ ᠳ᠋ᠦ ᠲᠡᠮᠳᠡᠭ᠌ᠯᠡᠭ᠌ᠰᠡᠨ ᠠᠯᠳᠠᠭ᠎ᠠ ᠵᠢ ᠵᠠᠯᠠᠷᠠᠭᠤᠯᠵᠤ ᠪᠣᠯᠤᠨ᠎ᠠ᠂ ᠵᠠᠷᠢᠮ ᠨᠢ ᠰᠤᠷᠪᠤᠯᠵᠢ ᠪᠢᠴᠢᠭ ᠡᠷᠲᠡᠨ ᠤ᠋ ᠪᠢᠴᠢᠭ ᠲᠡᠬᠢ ᠲᠡᠮᠳᠡᠭ᠌ᠯᠡᠯ ᠳ᠋ᠦ ᠲᠣᠳᠣᠷᠬᠠᠢᠯᠠᠭ᠍ᠰᠠᠨ ᠦᠭᠡᠢ ᠵᠦᠢᠯᠡᠰ ᠢ᠋ ᠲᠠᠢᠯᠪᠤᠷᠢᠯᠠᠵᠤ ᠪᠣᠯᠤᠨ᠎ᠠ᠃ ᠵᠢᠤᠢ ᠶᠠᠨ ᠤ᠋ ᠬᠤᠯᠤᠰᠤᠨ ᠴᠤᠭᠤᠳᠠᠰᠤ ᠴᠦ᠍ ᠲᠡᠷᠡ᠂ ᠠᠭᠤᠯᠭ᠎ᠠ ᠨᠢ ᠴᠦ᠍ ᠲᠡᠷᠡ᠂ ᠪᠦᠷ ᠲᠤᠢᠯ ᠤ᠋ᠨ ᠶᠡᠬᠡ ᠱᠢᠨᠵᠢᠯᠡᠬᠦ᠌ ᠤᠬᠠᠭᠠᠨ ᠤ᠋ ᠦᠨ᠎ᠡ ᠥᠷᠲᠡᠭ᠂ ᠲᠡᠦᠬᠡ ᠪᠠ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠨ᠎ᠡ ᠥᠷᠲᠡᠭ ᠲᠡᠶ ᠶᠤᠮ 》 ᠭᠡᠵᠦ᠍ ᠡᠵᠡᠨ᠎ᠡ ᠬᠣᠱᠢᠭᠤᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠲᠥᠪ ᠤ᠋ᠨ ᠡᠷᠬᠢᠯᠡᠭ᠌ᠴᠢ᠂ ᠡᠵᠡᠨ᠎ᠡ ᠮᠦᠽᠧᠶ ᠶ᠋ᠢᠨ ᠳᠠᠷᠤᠭ᠎ᠠ ᠲᠡᠮᠦᠷ ᠬᠡᠯᠡᠨ᠎ᠠ᠃

ᠤᠢᠯᠠᠭᠠᠭᠰᠠᠨ ᠢ᠋ᠶ᠋ᠠᠷ᠂ ᠵᠢᠤᠢ ᠶᠠᠨ ᠤ᠋ ᠬᠤᠯᠤᠰᠤᠨ ᠴᠤᠭᠤᠳᠠᠰᠤ ᠵᠢ 20 ᠳ᠋ᠤᠭᠠᠷ ᠵᠠᠭᠤᠨ ᠤ᠋ ᠭᠤᠴᠢᠭᠠᠳ ᠣᠨ ᠤ᠋ ᠡᠬᠢ ᠪᠡᠷ ᠢᠯᠡᠷᠡᠭᠦᠯᠦᠨ ᠠᠭᠤᠳᠠᠯᠵᠦ ᠭᠠᠷᠭᠠᠨ᠂ ᠡᠵᠡᠨ᠎ᠡ ᠬᠣᠱᠢᠭᠤᠨ ᠤ᠋ ᠵᠢᠤᠢ ᠶᠠᠨ ᠤ᠋ ᠪᠠᠭᠤᠷᠢ ᠡᠴᠡ ᠣᠯᠳᠠᠭ᠍ᠰᠠᠨ ᠬᠤᠯᠤᠰᠤᠨ ᠴᠤᠭᠤᠳᠠᠰᠤ ᠶ᠋ᠢᠨ ᠲᠣᠭ᠎ᠠ 3 ᠲᠦᠮᠡ ᠵᠢ ᠳᠠᠪᠠᠪᠠ᠃ ᠠᠩᠬ᠎ᠠ ᠠᠭᠤᠳᠠᠯᠵᠦ ᠭᠠᠷᠭᠠᠭ᠍ᠰᠠᠨ ᠵᠢᠤᠢ ᠶᠠᠨ ᠤ᠋ ᠬᠤᠯᠤᠰᠤᠨ ᠴᠤᠭᠤᠳᠠᠰᠤ ᠵᠢ 1930 ᠣᠨ ᠳ᠋ᠦ ᠳᠤᠮᠳᠠᠳᠤ ᠰᠸᠢᠰ ᠤ᠋ᠨ ᠪᠠᠷᠠᠭᠤᠨ ᠬᠣᠢᠲᠤ ᠤᠷᠤᠨ ᠤ᠋ ᠱᠢᠨᠵᠢᠯᠡᠬᠦ᠌ ᠤᠬᠠᠭᠠᠨ ᠤ᠋ ᠪᠠᠢᠴᠠᠭᠠᠯᠲᠠ ᠶ᠋ᠢᠨ ᠪᠦᠯᠬᠦᠮ ᠡᠵᠡᠨ᠎ᠡ ᠶ᠋ᠢᠨ ᠬᠠᠭᠤᠴᠢᠨ ᠲᠣᠷᠭᠤᠳ ᠤᠨᠴᠠᠭᠠᠢ ᠬᠣᠱᠢᠭᠤᠨ ᠳ᠋ᠦ ᠰᠢᠨᠵᠢᠯᠡᠨ ᠪᠠᠢᠴᠠᠭᠠᠬᠤ ᠳ᠋ᠠᠭᠠᠨ ᠢᠯᠡᠷᠡᠭᠦᠯᠦᠭᠰᠡᠨ ᠶᠤᠮ᠂ ᠨᠡᠢᠲᠡ ᠲᠦᠮᠡ ᠭᠠᠷᠤᠶ ᠵᠤᠢᠯ (ᠣᠲᠣ ᠲᠠᠢᠸᠠᠨ ᠳ᠋ᠦ ᠬᠠᠳᠠᠭᠠᠯᠠᠭ᠍ᠳᠠᠵᠤ ᠪᠣᠶ) ᠪᠠᠢᠵᠤ᠂ 《ᠵᠢᠤᠢ ᠶᠠᠨ ᠬᠠᠭᠤᠴᠢᠨ ᠴᠤᠭᠤᠳᠠᠰᠤ》 ᠭᠡᠳᠡᠭ; 1972 ᠣᠨ ᠡᠴᠡ 1976 ᠣᠨ ᠪᠣᠯᠲᠠᠯ᠎ᠠ  ᠭᠠᠨᠰᠦ ᠮᠤᠵᠢ ᠶ᠋ᠢᠨ ᠵᠢᠤᠢ ᠶᠠᠨ ᠤ᠋ ᠬᠠᠭᠤᠴᠢ ᠰᠤᠳᠤᠯᠤᠯ ᠤ᠋ᠨ ᠠᠩᠭᠢ ᠬᠠᠭᠤᠴᠢᠨ ᠬᠤᠳᠠ᠂ ᠵᠢᠶᠠ ᠴᠢᠦᠶ ᠶ᠋ᠢᠨ ᠳᠥᠷᠪᠡᠳᠦᠭᠡᠷ ᠴᠤᠨᠵᠢ ᠪᠣᠯᠤᠨ ᠶ᠋ᠢᠶᠠᠨ ᠱᠦᠶ ᠶ᠋ᠢᠨ ᠭᠤᠸᠠᠨ ᠤ᠋ ᠪᠠᠭᠤᠷᠢ ᠵᠢ ᠠᠭᠤᠳᠠᠯᠵᠤ᠂ 2 ᠲᠦᠮᠡ ᠭᠠᠷᠤᠶ ᠬᠤᠯᠤᠰᠤᠨ ᠴᠤᠭᠤᠳᠠᠰᠤ ᠵᠢ ᠠᠭᠤᠳᠠᠯᠵᠦ ᠭᠠᠷᠭᠠᠨ᠂ ᠣᠲᠣ ᠭᠠᠨᠰᠦ ᠮᠤᠵᠢ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠰᠤᠳᠤᠯᠭᠠᠨ ᠤ᠋ ᠭᠠᠵᠠᠷ ᠲᠦ᠍ ᠬᠠᠳᠠᠭᠠᠯᠠᠭ᠍ᠳᠠᠵᠤ᠂ 《ᠵᠢᠤᠢ ᠶᠠᠨ ᠤ᠋ ᠱᠢᠨ᠎ᠠ ᠴᠤᠭᠤᠳᠠᠰᠤ》 ᠭᠡᠳᠡᠭ; 1999 ᠣᠨ ᠡᠴᠡ 2003 ᠣᠨ ᠪᠣᠯᠲᠠᠯ᠎ᠠ  ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ ᠤ᠋ᠨ ᠭᠠᠵᠠᠷ ᠤ᠋ᠨ ᠬᠢᠨ ᠵᠢᠶᠠ ᠴᠢᠦᠢ ᠪᠤᠭᠤᠮᠳᠠ ᠶ᠋ᠢᠨ 4 ᠰᠠᠭᠤᠷᠢ ᠴᠤᠨᠵᠢ ᠵᠢ ᠠᠭᠤᠳᠠᠯᠵᠦ᠂ 500 ᠭᠠᠷᠤᠢ ᠬᠤᠯᠤᠰᠤᠨ ᠴᠤᠭᠤᠳᠠᠰᠤ ᠠᠭᠤᠳᠠᠯᠤᠨ ᠭᠠᠷᠭᠠᠵᠤ᠂ ᠤᠳᠤ ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ ᠤ᠋ᠨ ᠭᠠᠵᠠᠷ ᠲᠦ᠍ ᠬᠠᠳᠠᠭᠠᠯᠠᠭᠳᠠᠵᠤ ᠪᠤᠢ᠂ ᠪᠠᠰᠠ 《ᠡᠵᠡᠨ᠎ᠡ ᠶ᠋ᠢᠨ ᠬᠤᠯᠤᠰᠤᠨ ᠴᠤᠭᠤᠳᠠᠰᠤ》 ᠭᠡᠳᠡᠭ᠃

《ᠡᠲᠡᠭᠡᠷ ᠴᠤᠭᠤᠳᠠᠰᠤ ᠶ᠋ᠢᠨ ᠣᠯᠠᠩᠬᠢ ᠨᠢ ᠬᠠᠨ ᠤᠯᠤᠰ ᠤ᠋ᠨ ᠵᠢᠤᠢ ᠶᠠᠨ ᠬᠢᠯᠢ ᠶ᠋ᠢᠨ ᠴᠠᠢᠵᠠ ᠶ᠋ᠢᠨ ᠬᠤᠳᠠ ᠬᠠᠮᠠᠭᠠᠯᠠᠬᠤ ᠲᠠᠩᠰᠠ ᠡᠪᠬᠡᠮᠡᠯ ᠪᠠᠢᠵᠦ᠂ 2000 ᠭᠠᠷᠤᠶ ᠵᠢᠯ ᠤ᠋ᠨ ᠡᠮᠦᠨᠡᠬᠢ ᠬᠠᠨ ᠤᠯᠤᠰ ᠤ᠋ᠨ ᠬᠥᠮᠦᠨ ᠤ᠋ ᠬᠠᠮᠤᠭ ᠤ᠋ᠨ ᠡᠷᠲᠡᠨ ᠤ᠋ ᠦᠰᠦᠨ ᠪᠢᠷ ᠤ᠋ᠨ ᠤᠷᠠᠨ ᠪᠢᠴᠢᠯᠭᠡ᠂ ᠮᠥᠨ ᠴᠦ᠍ ᠬᠠᠨ ᠤᠯᠤᠰ ᠤ᠋ᠨ ᠬᠢᠯᠢ ᠬᠢᠵᠠᠭᠠᠷ ᠤ᠋ᠨ ᠬᠣᠲᠠ ᠬᠠᠮᠠᠭᠠᠯᠠᠬᠤ ᠲᠦᠷᠢᠮ ᠂ ᠨᠡᠢᠭᠡᠮ ᠤ᠋ᠨ ᠠᠵᠤ ᠠᠬᠤᠶ᠂ ᠨᠣᠮ ᠳᠡᠪᠲᠡᠷ ᠳᠠᠩᠰᠠ ᠡᠪᠬᠡᠮᠡᠯ᠂ ᠦᠭᠡ ᠬᠡᠯᠡ᠂ ᠤᠷᠠᠨ ᠪᠢᠴᠢᠯᠭᠡ ᠵᠡᠷᠭᠡ ᠵᠢ ᠰᠤᠳᠤᠯᠬᠤ ᠴᠢᠬᠤᠯᠠ ᠲᠡᠦᠬᠡᠨ ᠮᠠᠲ᠋ᠧᠷᠢᠶᠠᠯ ᠪᠣᠯᠤᠨ᠎ᠠ》 ᠭᠡᠵᠦ᠍ ᠲᠡᠮᠦᠷ ᠬᠡᠯᠡᠨ᠎ᠠ᠃

ᠵᠢᠥᠢ ᠶᠠᠨ ᠤ᠋ ᠬᠤᠯᠤᠰᠤᠨ ᠴᠤᠭᠤᠳᠠᠰᠤ ᠵᠢ ᠬᠤᠯᠤᠰᠤ ᠪᠤᠯᠤᠨ ᠮᠣᠳᠣ ᠬᠡᠬᠦ ᠬᠤᠶᠠᠷ ᠲᠦᠷᠦᠯ ᠎ᠳᠤ ᠬᠤᠪᠢᠶᠠᠳᠠᠭ᠂ ᠬᠤᠯᠤᠰᠤᠨ ᠴᠤᠭᠤᠳᠠᠰᠤ ᠨᠢ ᠴᠥᠭᠡᠨ ᠬᠡᠰᠡᠭ ᠢ᠋ ᠡᠵᠡᠯᠡᠨ᠎ᠡ᠂ ᠮᠣᠳᠣᠨ ᠴᠤᠭᠤᠳᠠᠰᠤ ᠨᠢ ᠭᠣᠣᠯᠳᠠᠭᠤ ᠲᠤᠬᠠᠶ ᠶ᠋ᠢᠨ ᠭᠠᠵᠠᠷ ᠤ᠋ᠨ ᠲᠣᠣᠷᠠᠶ᠂ ᠰᠤᠬᠠᠶ᠎ᠪᠠᠷ ᠲᠦᠭᠦᠬᠡᠶ ᠮᠠᠲ᠋ᠧᠷᠢᠶᠠᠯ ᠪᠣᠯᠭᠠᠪᠠ᠃ ᠮᠣᠳᠣᠨ ᠴᠤᠭᠤᠳᠠᠰᠤ ᠶ᠋ᠢᠨ ᠳᠣᠲᠣᠷ᠎ᠠ ᠡᠵᠡᠯᠡᠬᠦ᠌ ᠬᠠᠷᠢᠴᠠᠯ ᠬᠠᠮᠤᠭ ᠤ᠋ᠨ ᠶᠡᠬᠡ ᠨᠢ ᠬᠠᠨ ᠤᠯᠤᠰ ᠤ᠋ᠨ ᠵᠠᠬᠢᠳᠠᠯ ᠤ᠋ᠨ ᠳᠡᠪᠲᠡᠷ ᠪᠣᠯᠤᠨ᠎ᠠ᠂ ᠶᠡᠬᠡ ᠪᠠᠭ᠎ᠠ ᠨᠢ 22.5 ᠰᠠᠨᠲ᠋ᠢᠮᠧᠲ᠋ᠷ ᠡᠴᠡ 23.5 ᠰᠠᠨᠲ᠋ᠢᠮᠧᠲ᠋ᠷ ᠤ᠋ᠨ ᠬᠣᠭᠣᠷᠣᠨᠳᠣ ᠪᠠᠢᠳᠠᠭ᠃ ᠵᠢᠤᠢ ᠶᠠᠨ ᠎ᠤ ᠬᠤᠯᠤᠰᠤᠨ ᠴᠤᠭᠤᠳᠠᠰᠤ ᠪᠣᠯ ᠡᠵᠡᠨ᠎ᠡ ᠬᠣᠱᠢᠭᠤᠨ ᠤ᠋ ᠬᠢᠯᠢ ᠳᠣᠲᠣᠷ᠎ᠠ ᠡᠴᠡ ᠢᠯᠡᠷᠡᠭᠦᠯᠦᠭ᠌ᠰᠡᠨ ᠪᠠᠷᠠᠭᠤᠨ ᠬᠠᠨ ᠤᠯᠤᠰ ᠤ᠋ᠨ ᠡᠦ ᠳ᠋ᠢ ᠬᠠᠭᠠᠨ ᠡᠴᠡ ᠵᠡᠭᠦᠨ ᠵᠢᠨ ᠤᠯᠤᠰ ᠬᠦᠷᠲᠡᠯᠡᠬᠢ ᠦᠶ᠎ᠡ ᠶ᠋ᠢᠨ ᠪᠢᠴᠢᠭ ᠪᠣᠯᠤᠨ᠎ᠠ ᠂ 270 ᠭᠠᠷᠤᠶ ᠵᠢᠯ ᠤ᠋ᠨ ᠴᠠᠭ ᠠᠯᠤᠰᠯᠠᠭ᠍ᠰᠠᠨ ᠵᠢᠤᠢ ᠶᠠᠨ ᠣᠷᠣᠨ ᠤ᠋ ᠲᠡᠦᠬᠡ ᠵᠢ  ᠲᠡᠮᠳᠡᠭ᠌ᠯᠡᠭ᠌ᠰᠡᠨ ᠨᠡᠪᠲᠡᠷᠬᠡᠶ ᠲᠣᠯᠢ ᠪᠢᠴᠢᠭ᠂ ᠬᠠᠨ ᠤᠯᠤᠰ ᠤ᠋ᠨ ᠦᠶ᠎ᠡ ᠶ᠋ᠢᠨ ᠨᠡᠢᠭᠡᠮ ᠲᠡᠦᠬᠡ ᠵᠢ ᠰᠤᠳᠤᠯᠬᠤ ᠠᠩᠬᠠᠨ ᠤ᠋ ᠮᠠᠲ᠋ᠧᠷᠢᠶᠠᠯ ᠪᠤᠯᠬᠤ ᠶᠤᠮ᠃

ᠣᠢᠯᠠᠭᠠᠭ᠍ᠰᠠᠨ ᠢ᠋ᠶ᠋ᠠᠷ᠂ ᠣᠳᠣᠬᠠᠨ ᠳ᠋ᠦ ᠡᠵᠡᠨ᠎ᠡ ᠬᠣᠱᠢᠭᠤᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠲᠥᠪ ᠲᠦ᠍ ᠬᠠᠳᠠᠭᠠᠯᠠᠭᠳᠠᠵᠦ ᠪᠠᠢᠭ᠎ᠠ ᠬᠤᠯᠤᠰᠤᠨ ᠴᠤᠭᠤᠳᠠᠰᠤ ᠨᠡᠢᠲᠡ 439 ᠪᠣᠶ᠃ ᠡᠲᠡᠭᠡᠷ ᠬᠣᠪᠣᠷ ᠨᠠᠨᠳᠢᠨ ᠬᠤᠯᠤᠰᠤᠨ ᠴᠤᠭᠤᠳᠠᠰᠤ ᠵᠢ ᠬᠠᠮᠠᠭᠠᠯᠠᠬᠤ ᠶ᠋ᠢᠨ ᠲᠥᠯᠥᠭᠡ᠂ ᠣᠢᠷ᠎ᠠ ᠶ᠋ᠢᠨ ᠵᠢᠯ ᠳ᠋ᠦ ᠡᠵᠡᠨ᠎ᠠ ᠬᠣᠱᠢᠭᠤᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠲᠥᠪ᠎ᠡᠴᠡ ᠡᠮᠬᠢᠯᠡᠵᠦ᠍᠂ ᠳ᠋ᠤᠭᠠᠷᠯᠠᠵᠤ᠂ ᠬᠡᠷᠡᠯ ᠵᠢᠷᠤᠭ ᠠᠪᠴᠤ᠌᠂ ᠤᠬᠢᠶᠠᠵᠤ᠂ ᠲᠥᠷᠥᠯ ᠬᠤᠪᠢᠶᠠᠵᠤ᠂ ᠲᠠᠩᠰᠠ ᠡᠪᠬᠡᠮᠡᠯ ᠪᠠᠢᠭᠤᠯᠤᠨ᠂ ᠪᠠᠺᠲ᠋ᠧᠷᠢ ᠵᠢ ᠤᠰᠠᠳᠭᠠᠵᠤ᠂ ᠡᠪᠡᠳᠴᠢᠨ ᠤ᠋ ᠬᠤᠤᠷ ᠬᠥᠨᠥᠭᠡᠯ ᠢ᠋ ᠰᠡᠷᠭᠡᠢᠯᠡᠨ ᠱᠢᠶ᠋ᠳᠪᠦᠷᠢᠯᠡᠵᠦ᠍᠂ ᠬᠥᠮᠥᠷᠭᠡ ᠳ᠋ᠦ ᠬᠠᠳᠠᠭᠠᠯᠠᠵᠠᠶ᠃ 2013 ᠣᠨ ᠤ᠋ 4 ᠰᠠᠷ᠎ᠠ ᠳ᠋ᠦ ᠲᠣᠰ ᠬᠣᠱᠢᠭᠤ ᠯᠠᠨᠵᠧᠸ᠋ ᠬᠣᠲᠠ ᠶ᠋ᠢᠨ ᠬᠣᠲᠠ ᠶ᠋ᠢᠨ ᠳᠡᠭᠡᠳᠦ ᠰᠤᠷᠭᠠᠭᠤᠯᠢ ᠶ᠋ᠢᠨ ᠬᠤᠯᠤᠰᠤᠨ ᠴᠤᠭᠤᠳᠠᠰᠤ ᠶ᠋ᠢᠨ ᠰᠤᠳᠤᠯᠭᠠᠨ ᠤ᠋ ᠭᠠᠵᠠᠷ ᠤ᠋ᠨ ᠰᠦᠨ ᠵᠠᠨ ᠢᠦᠶ ᠳᠡᠳ᠋ ᠫᠷᠤᠹᠸᠰᠰᠤᠷ ᠪᠣᠯᠤᠨ ᠦᠬᠠᠨ ᠶᠡᠬᠡ ᠰᠤᠷᠭᠠᠭᠤᠯᠢ ᠶ᠋ᠢᠨ ᠬᠤᠯᠤᠰᠤᠨ ᠴᠤᠭᠤᠳᠠᠰᠤ ᠶ᠋ᠢᠨ ᠰᠤᠳᠤᠯᠭᠠᠨ ᠤ᠋ ᠲᠥᠪ ᠤ᠋ᠨ ᠯᠦ᠍ ᠵᠢᠶᠠ ᠯᠢᠶᠠᠩ ᠂ ᠳ᠋ᠧᠦ ᠯᠸᠢ ᠳ᠋ᠣᠺᠲ᠋ᠣᠷ ᠵᠡᠷᠭᠡ ᠡᠷᠳᠡᠮᠳᠡᠨ ᠢ᠋ ᠡᠵᠡᠨ᠎ᠡ ᠳ᠋ᠦ ᠤᠷᠢᠵᠤ᠂ ᠬᠤᠯᠤᠰᠤᠨ ᠴᠤᠭᠤᠳᠠᠰᠤ ᠵᠢ ᠤᠯᠠᠭᠠᠨ ᠤ᠋ ᠭᠠᠳᠠᠨᠠᠬᠢ ᠲᠤᠶᠠᠭ᠎ᠠ ᠪᠡᠷ ᠰᠡᠬᠦᠳᠡᠷᠯᠡᠬᠦ ᠠᠵᠢᠯ ᠬᠢᠯᠭᠡᠭ᠌ᠰᠡᠨ ᠪᠥᠭᠡᠳ ᠲᠠᠢᠯᠪᠤᠷᠢ ᠬᠢᠯᠭᠡᠵᠦ ᠪᠦᠬᠦᠨ ᠢ᠋ ᠬᠤᠷᠤᠭᠤ ᠱᠢᠯ ᠳᠣᠲᠣᠷ᠎ᠠ ᠪᠢᠲᠡᠭᠦᠮᠵᠢᠯᠡᠨ ᠬᠠᠳᠠᠭᠠᠯᠠᠵᠠᠢ ᠃

《ᠮᠦᠽᠧᠢ ᠳ᠋ᠦ ᠬᠠᠳᠠᠭᠠᠯᠠᠵᠤ ᠪᠠᠢᠭ᠍ᠰᠠᠨ ᠵᠢᠤᠢ ᠶᠠᠨ ᠤ᠋ ᠬᠤᠯᠤᠰᠤᠨ ᠴᠤᠭᠤᠳᠠᠰᠤ ᠵᠢ ᠠᠮᠢᠳᠤᠯᠢᠭ ᠠᠰᠢᠬᠯᠠᠬᠤ ᠶ᠋ᠢᠨ ᠲᠤᠯᠠᠳᠠ 2014 ᠣᠨ ᠡᠴᠡ ᠨᠠᠭᠠᠰᠢ ᠪᠢᠳᠡ ᠤᠷᠢᠳ ᠬᠣᠵᠢᠳ ᠱᠠᠩᠬᠠᠢ᠂ ᠪᠤᠤ ᠵᠢᠢ᠂ ᠬᠥᠬᠡᠬᠣᠲᠠ᠂ ᠵᠢᠦᠴᠢᠦᠸᠠᠨ᠂ ᠦ᠋ ᠸᠧᠢ᠂ ᠳ᠋ᠠᠯᠢᠶᠠᠨ ᠵᠡᠷᠭᠡ ᠭᠠᠵᠠᠷ ᠢ᠋ᠶ᠋ᠠᠷ ᠲᠣᠭᠣᠷᠢᠨ ᠦᠵᠡᠭᠦᠯᠭᠡ ᠬᠢᠪᠡ; 2019 ᠣᠨ ᠤ᠋ 10 ᠰᠠᠷ᠎ᠠ ᠪᠣᠯᠤᠨ 2023 ᠣᠨ ᠤ᠋ 9 ᠰᠠᠷ᠎ᠠ ᠳ᠋ᠦ ᠪᠢᠳᠡ ᠬᠣᠶᠠᠷ ᠬᠤᠭᠤᠴᠠᠭᠠᠨ ᠤ᠋ ᠵᠢᠥᠢ ᠶᠠᠨ ᠰᠣᠶᠣᠯ ᠤ᠋ᠨ ᠡᠷᠳᠡᠮ ᠱᠢᠨᠵᠢᠯᠡᠭᠡᠨ ᠤ᠋ ᠰᠤᠳᠤᠯᠤᠨ ᠶᠠᠷᠢᠯᠴᠠᠬᠤ ᠬᠤᠷᠠᠯ ᠬᠢᠵᠤ᠂ ᠳᠤᠮᠳᠠᠳᠤ ᠤᠯᠤᠰ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠡᠦᠬᠡ ᠰᠤᠳᠤᠯᠬᠤ ᠭᠠᠵᠠᠷ᠂ ᠬᠠᠭᠠᠨ ᠤ᠋ ᠣᠷᠳᠣᠨ ᠤ᠋ ᠮᠦᠽᠧᠶ ᠂ ᠪᠡᠭᠡᠵᠢᠩ ᠶᠡᠬᠡ ᠰᠤᠷᠭᠠᠭᠤᠯᠢ ᠵᠡᠷᠭᠡ ᠤᠯᠤᠰ ᠤ᠋ᠨ ᠳᠣᠲᠣᠭᠠᠳᠤ ᠶ᠋ᠢᠨ 18 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠪᠣᠯᠤᠨ ᠶᠡᠬᠡ ᠳᠡᠭᠡᠳᠦ ᠰᠤᠷᠭᠠᠭᠤᠯᠢ ᠶ᠋ᠢᠨ ᠲᠡᠦᠬᠡ ᠪᠠ ᠬᠠᠭᠤᠴᠢ ᠰᠤᠳᠤᠯᠤᠯ ᠤ᠋ᠨ ᠲᠤᠰᠭᠠᠶ ᠮᠡᠷᠭᠡᠵᠢᠯᠲᠡᠨ ᠡᠷᠳᠡᠮᠲᠡᠳ〈ᠵᠢᠥᠢ ᠶᠠᠨ ᠰᠣᠶᠣᠯ〉 ᠤ᠋ᠨ ᠭᠤᠤᠯ ᠰᠡᠳᠦᠪ ᠤ᠋ᠨ ᠲᠣᠭᠣᠷᠢᠨ ᠳ᠋ᠦ ᠭᠦᠨᠵᠡᠭᠡᠶ ᠰᠣᠯᠢᠯᠴᠠᠭ᠎ᠠ ᠶᠠᠷᠢᠯᠴᠠᠭ᠎ᠠ ᠬᠢᠵᠦ᠍᠂ ᠡᠯᠪᠡᠭ ᠪᠠᠶᠠᠯᠢᠭ ᠰᠤᠳᠤᠯᠭᠠᠨ ᠤ᠋ ᠦᠷ᠎ᠡ ᠪᠦᠲᠦᠭᠡᠯ ᠤᠯᠵᠠᠢ᠃  ᠲᠠᠷᠠᠭᠠᠴᠢ ᠪᠡᠷ ᠪᠢᠳᠡ ᠵᠢᠤᠢ ᠶᠠᠨ ᠤ᠋ ᠬᠤᠯᠤᠰᠤᠨ ᠴᠤᠭᠤᠳᠠᠰᠤ ᠶ᠋ᠢᠨ ᠬᠠᠮᠠᠭᠠᠯᠠᠯᠲᠠ ᠪᠠ ᠡᠷᠳᠡᠮ ᠱᠢᠨᠵᠢᠯᠡᠭᠡᠨ ᠤ᠋ ᠰᠤᠳᠤᠯᠭᠠᠨ ᠤ᠋ ᠠᠵᠢᠯ ᠢ᠋ ᠦᠷᠭᠦᠯᠵᠢᠯᠡᠨ ᠴᠢᠩᠭᠠᠳᠭᠠᠵᠤ᠂ ᠬᠤᠯᠤᠰᠤᠨ ᠴᠤᠭᠤᠳᠠᠰᠤ᠎ᠶᠢ ᠣᠲᠣ ᠦᠶ᠎ᠡ ᠳ᠋ᠦ ᠨᠠᠩ ᠶᠡᠬᠡ ᠰᠣᠶᠣᠯ ᠤ᠋ᠨ ᠦᠨ᠎ᠡ ᠥᠷᠲᠡᠭ᠎ᠲᠠᠢ ᠪᠣᠯᠭᠠᠨ᠎ᠠ》 ᠭᠡᠵᠦ᠍ ᠲᠡᠮᠦᠷ ᠬᠡᠯᠡᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号