ᠬᠤᠷ᠎ᠠ ᠵᠢᠨ ᠳᠠᠷᠠᠭᠠᠬᠢ ᠨᠡᠷᠡᠨ᠎ᠤ ᠭᠡᠷᠡᠯ ᠡᠬᠡ ᠭᠠᠵᠠᠷ ᠢ᠋ ᠢᠪᠡᠬᠡᠵᠤ᠂ ᠨᠠᠮ ᠰᠡᠯᠡᠭᠦᠨ ᠬᠤᠳᠠ ᠳᠤᠭᠤᠷᠢᠭ ᠠᠵᠠ ᠵᠢᠷᠭᠠᠯ ᠵᠢᠡᠷ ᠪᠢᠯᠬᠠᠵᠤ᠂ ᠤᠳᠠᠨ ᠨᠤᠳᠤᠭ ᠵᠢᠡᠷ ᠠᠶᠠᠯᠠᠬᠤ ᠳ᠋ᠤ ᠤᠬᠠᠭᠤᠯᠤᠨ ᠲᠠᠢᠯᠪᠤᠷᠢᠯᠠᠯᠳᠠ ᠵᠢᠨ ᠲᠠᠭᠤᠨ ᠰᠤᠨᠤᠰᠳᠠᠨ᠂ ᠰᠡᠳᠬᠢᠯ ᠢ᠋ ᠳᠤᠯᠠᠭᠠᠴᠠᠭᠤᠯᠬᠤ ᠪᠤᠳᠠᠳᠤ ᠠᠵᠢᠯᠯᠠᠭ᠎ᠠ ᠬᠠᠷᠠᠭᠳᠠᠵᠤ᠂ ᠡᠷᠡᠯᠬᠡᠭᠯᠡᠨ ᠤᠷᠤᠭᠰᠢᠯᠠᠬᠤ ᠴᠤᠭ ᠵᠢᠪᠬᠤᠭ᠎ᠠ ᠳᠤᠳᠤᠷᠠᠨ᠎ᠠ ᠁ ᠡᠨᠡ ᠨᠢ ᠤᠯᠠᠭᠠᠨᠬᠠᠳᠠ ᠬᠤᠳᠠ᠎ᠶ᠋ᠢᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠡᠷᠡᠰ ᠭᠤᠢᠪᠢᠰᠢ ᠦᠭᠡᠢ᠎ᠪᠠᠷ ᠨᠠᠮ᠎ᠤᠨ ᠠᠴᠢ ᠳ᠋ᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ ᠵᠣᠯ ᠵᠢᠷᠭᠠᠯᠲᠤ ᠵᠢᠷᠤᠭ ᠲᠦᠷᠰᠦ ᠪᠤᠯᠬᠤ ᠪᠠᠷ ᠪᠠᠷᠠᠬᠤ ᠦᠬᠡᠢ ᠨᠡᠩ ᠴᠤ᠌ ᠦᠨᠳᠦᠰᠦᠲᠡᠨ᠎ᠨᠦᠭᠦᠳ᠎ᠤᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠤ ᠬᠥᠳᠡᠭᠡ ᠲᠣᠰᠭᠤᠨ ᠢ ᠬᠥᠭ᠌ᠵᠢᠭᠦᠯᠦᠨ ᠮᠠᠨᠳᠤᠭᠤᠯᠬᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠠᠬᠢᠴᠠ ᠳ᠋ᠤ ᠰᠡᠳᠬᠢᠯ ᠰᠡᠳᠬᠢᠯ ᠵᠢᠡᠨ ᠬᠤᠯᠪᠣᠯᠴᠠᠨ ᠬᠠᠮᠳᠤ ᠪᠠᠷ ᠤᠷᠤᠭ᠍ᠰᠢᠯᠠᠭᠰᠠᠨ ᠶᠠᠪᠤᠳᠠᠯ ᠪᠣᠯᠤᠨ᠎ᠠ᠃
ᠤᠯᠠᠭᠠᠨᠬᠠᠳᠠ ᠳ᠋ᠤ ᠬᠢᠳᠡᠳ᠂ ᠮᠤᠩᠭᠤᠯ᠂ ᠮᠠᠨᠵᠦ᠍᠂ ᠬᠤᠳᠤᠩ᠂ ᠰᠤᠯᠤᠩᠭᠤᠰ ᠵᠡᠷᠬᠡ 46 ᠦᠨᠳᠤᠰᠤᠳᠡᠨ ᠰᠠᠭᠤᠷᠢᠰᠢᠨ ᠠᠮᠢᠳᠤᠷᠠᠵᠤ᠂ ᠡᠷᠲᠡᠨ ᠡᠴᠡ ᠠᠪᠤᠭᠠᠳ ᠤᠯᠠᠨ ᠦᠨᠳᠤᠰᠤᠳᠡᠨ ᠠᠭᠤᠰᠤᠯᠴᠠᠨ ᠶᠠᠪᠤᠯᠴᠠᠭᠰᠠᠨ ᠭᠠᠵᠠᠷ ᠤᠷᠤᠨ᠂ ᠨᠢᠭᠡᠳᠦᠭᠰᠡᠨ ᠤᠯᠠᠨ ᠦᠨᠳᠤᠰᠤᠳᠡᠨ᠎ᠲᠠᠢ ᠶᠡᠭᠡ ᠬᠡᠷ ᠪᠦᠯᠢ ᠪᠤᠯᠬᠤ ᠶᠤᠮ᠃ ᠣᠢᠷ᠎ᠠ᠎ᠶ᠋ᠢᠨ ᠵᠢᠯ᠎ᠠᠴᠠ ᠤᠯᠠᠭᠠᠨᠬᠠᠳᠠ ᠬᠤᠲᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳ᠋ᠤ ᠦᠭᠬᠦᠭᠰᠡᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠤᠯᠠᠮ ᠨᠢᠭᠡ ᠠᠯᠬᠤᠮ ᠳᠣᠪᠤᠢᠯᠭᠠᠨ᠂ ᠠᠮᠢᠳᠤᠯᠢᠭ ᠪᠥᠭᠡᠳ ᠪᠦᠲᠦᠮᠵᠢᠲᠡᠶ ᠪᠠᠷ ᠪᠥᠬᠦ᠌ ᠬᠤᠲᠠ᠎ᠶ᠋ᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠵᠠᠢ᠃
ᠰᠡᠳᠭᠢᠯ ᠨᠢᠭᠡᠳᠦᠨ ᠬᠠᠮᠲᠤ᠎ᠪᠠᠷ ᠬᠦᠮᠦᠵᠢᠬᠦᠯᠵᠦ᠂ ᠨᠠᠮ ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶ᠋ᠢ ᠰᠤᠨᠤᠰᠴᠤ᠂ ᠨᠠᠮ ᠢᠶᠠᠨ ᠳᠠᠭᠠᠬᠤ ᠨᠢᠭ᠍ᠳᠠᠷᠠᠯ ᠤᠨ ᠬᠦᠴᠦᠨ᠎ᠢ ᠲᠠᠰᠤᠷᠠᠯᠳᠠ ᠦᠭᠡᠢ ᠨᠢᠭ᠍ᠳᠠᠷᠠᠭᠤᠯᠪᠠ
ᠯᠢᠨᠰᠢ ᠱᠢᠶᠠᠨ᠎ᠤ ᠬᠤᠪᠢᠰᠭᠠᠯ᠎ᠤᠨ ᠲᠣᠭᠠᠴᠢᠯᠠᠭ᠍ᠰᠠᠨ ᠪᠡᠶᠡᠴᠢᠯᠡᠨ ᠣᠢᠯᠠᠭᠠᠬᠤ ᠣᠷᠳᠣᠨ᠎ᠳᠤ ᠬᠦᠷᠬᠦ᠎ᠳᠤ 《ᠴᠠᠭ ᠬᠤᠭᠤᠴᠠᠭ᠎ᠠ ᠪᠠ ᠣᠷᠣᠨ ᠵᠠᠢ᠎ᠶ᠋ᠢᠨ ᠵᠢᠭᠤᠯᠴᠢᠯᠠᠯ᠎ᠢᠶᠠᠨ ᠡᠬᠢᠯᠡᠭᠦᠯᠬᠦ᠌》 ᠪᠠᠷ ᠭᠤᠣᠯ ᠰᠡᠳᠦᠪ ᠪᠣᠯᠭᠠᠭ᠍ᠰᠠᠨ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ ᠶᠠᠭ ᠡᠮᠬᠢ ᠵᠢᠷᠤᠮ᠎ᠲᠠᠢ ᠶᠠᠪᠤᠭ᠍ᠳᠠᠵᠤ᠂ ᠬᠡᠦᠬᠡᠳ᠎ᠤᠳ 《ᠨᠠᠢ᠍ᠮᠠᠨ ᠮᠢᠩᠭᠠᠨ ᠴᠡᠷᠢᠭ ᠡᠮᠦᠨ᠎ᠡ ᠹᠷᠣᠨᠲ᠎ᠲᠤ ᠮᠤᠷᠳᠠᠭᠰᠠᠨ ᠨᠢ》᠂ 《ᠤᠳᠤ ᠦᠶ᠎ᠡ᠎ᠶ᠋ᠢᠨ ᠬᠤᠸᠠ ᠮᠤ᠌ ᠯᠠᠨ》 ᠤ᠋ ᠦᠯᠢᠭᠡᠷ᠎ᠢ ᠰᠡᠳᠬᠢᠯ ᠲᠠᠯᠪᠢᠨ ᠦᠵᠡᠵᠦ᠍᠂ ᠠᠬᠤᠢ ᠲᠠᠯᠠᠪᠠᠢ ᠳ᠋ᠤ ᠳᠤᠮᠳᠠᠳᠤ ᠤᠯᠤᠰ᠎ᠤᠨ ᠡᠪ ᠬᠠᠮᠲᠤ ᠨᠠᠮ᠎ᠢᠶᠠᠨ ᠬᠠᠢᠷᠠᠯᠠᠬᠤ᠂ ᠠᠭᠤᠤ ᠶᠡᠭᠡ ᠡᠬᠡ ᠤᠯᠤᠰ᠎ᠢᠶᠠᠨ ᠬᠠᠢᠷᠠᠯᠠᠬᠤ ᠭᠦᠨ ᠵᠤᠵᠠᠭᠠᠨ ᠠᠭᠤᠷ ᠠᠮᠢᠰᠭᠤᠯ ᠵᠢᠡᠷ ᠪᠢᠯᠬᠠᠮ᠎ᠠ ᠪᠠᠢᠯ᠎ᠠ᠃
ᠡᠢᠮᠦᠷᠬᠦᠦ 《ᠬᠤᠪᠢᠰᠭᠠᠯᠲᠤ ᠰᠠᠢᠬᠠᠨ ᠦᠯᠢᠭᠡᠷ》 ᠨᠢ ᠯᠢᠨᠰᠢ ᠱᠢᠶᠠᠨ᠎ᠳᠤ ᠲᠠᠭᠤᠷᠢᠰᠬᠤ᠎ᠪᠠᠷ ᠪᠠᠷᠠᠬᠤ ᠦᠭᠡᠢ ᠨᠡᠩ ᠴᠤ᠌ ᠪᠦᠬᠦ᠋ᠢᠯᠡ ᠤᠯᠠᠭᠠᠨᠬᠠᠳᠠ᠎ᠶ᠋ᠢᠨ ᠡᠬᠡ ᠭᠠᠵᠠᠷ᠎ᠲᠤ ᠴᠤᠤᠷᠢᠶᠠᠲᠤᠨ᠎ᠠ᠃
ᠪᠠᠭᠠᠷᠢᠨ ᠵᠡᠭᠦᠨ ᠬᠤᠱᠢᠭᠤ 《ᠲᠦᠮᠡᠨ ᠡᠷᠦᠬᠡ ᠪᠠᠷ ᠬᠦᠨᠵᠡᠬᠡᠢᠷᠠᠨ᠂ ᠲᠦᠮᠡᠨ ᠡᠷᠦᠬᠡ᠎ᠶ᠋ᠢᠨ ᠪᠠᠢᠳᠠᠯ᠎ᠢ ᠣᠢᠯᠠᠭᠠᠵᠤ᠂ ᠲᠦᠮᠡᠨ ᠡᠷᠦᠬᠡ᠎ᠶ᠋ᠢᠨ ᠬᠦᠴᠢᠷᠳᠡᠯ᠎ᠢ ᠱᠢᠢᠳᠪᠦᠷᠢᠯᠡᠬᠦ᠌》 ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠦᠵᠡᠯ ᠰᠠᠨᠠᠭ᠎ᠠ ᠵᠢ ᠰᠤᠷᠤᠯᠴᠠᠬᠤ ᠪᠤᠯᠤᠨ ᠦᠢᠯᠡ ᠠᠵᠢᠯᠯᠠᠭ᠎ᠠ ᠲᠡᠬᠡᠷ᠎ᠠ ᠪᠠᠨ ᠦᠢᠯᠡᠳᠦᠯᠬᠡᠵᠢᠬᠦᠯᠬᠦ ᠵᠢ ᠣᠷᠭᠠᠨᠢᠭ᠎ᠢᠶᠠᠷ ᠠᠭᠤᠰᠤᠯᠴᠠᠭᠤᠯᠬᠤ᠎ᠶ᠋ᠢ ᠠᠬᠢᠭᠤᠯᠪᠠ; ᠠᠷᠤ ᠬᠤᠷᠴᠢᠨ ᠬᠤᠱᠢᠭᠤ 《ᠣᠲᠣᠷ》 ᠤᠬᠠᠭᠤᠯᠤᠨ ᠲᠠᠢᠯᠪᠤᠷᠢᠯᠠᠬᠤ ᠠᠩᠭᠢ᠎ᠶ᠋ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ 《ᠠᠷᠤ ᠬᠤᠷᠴᠢᠨ ᠬᠤᠱᠢᠭᠤᠨ᠎ᠤ ᠵᠢᠵᠢᠭ ᠬᠦᠷᠢᠶ᠎ᠠ》 ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠣᠨᠣᠯ᠎ᠤᠨ 《ᠡᠭᠡᠯ ᠠᠷᠠᠳ᠎ᠤᠨ ᠭᠡᠷ᠎ᠲᠤ ᠣᠷᠣᠬᠤ》 ᠵᠢ ᠠᠬᠢᠭᠤᠯᠪᠠ; ᠣᠩᠨᠢᠭᠤᠳ ᠬᠤᠱᠢᠭᠤ 《ᠤᠯᠠᠭᠠᠨᠮᠥ᠋ᠴᠢᠷ᠎ᠤᠨ ᠵᠠᠭᠤᠨ ᠲᠠᠯᠠᠪᠤᠷ ᠮᠢᠩᠭᠠᠨ ᠪᠦᠯᠬᠦᠮ᠎ᠤᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ》 ᠶ᠋ᠢ ᠰᠠᠢᠲᠤᠷ ᠠᠰᠢᠭᠯᠠᠵᠤ᠂ ᠣᠯᠠᠨ ᠲᠦᠮᠡᠨ᠎ᠤ ᠦᠵᠡᠵᠦ᠍ ᠰᠣᠨᠢᠷᠬᠠᠬᠤ ᠳᠤᠷᠠᠲᠠᠶ ᠠᠷᠭ᠎ᠠ ᠮᠠᠶᠢᠭ᠎ᠢᠶᠠᠷ ᠨᠠᠮ᠎ᠤᠨ ᠲᠠᠭᠤᠨ᠎ᠢ ᠦᠨᠳᠦᠰᠦᠨ ᠱᠠᠲᠤᠨ ᠤ᠋ ᠠᠷᠠᠳ ᠤᠯᠠᠨ ᠤ᠋ ᠰᠡᠳᠬᠢᠯ ᠳ᠋ᠤ ᠬᠠᠳᠠᠡᠭᠰᠢᠭᠤᠯᠬᠤ ᠵᠢ ᠪᠦᠬᠦ᠌ ᠲᠠᠯ᠎ᠠ᠎ᠪᠠᠷ ᠠᠬᠢᠭᠤᠯᠪᠠ᠃
ᠬᠤᠪᠢᠰᠭᠠᠯ᠎ᠤᠨ ᠦᠯᠢᠭᠡᠷ ᠶᠠᠷᠢᠵᠤ᠂ ᠦᠨᠳᠦᠰᠦᠲᠡᠨ᠎ᠤ ᠤᠨᠤᠯ᠎ᠢ ᠤᠬᠠᠭᠤᠯᠵᠤ᠂ ᠨᠢᠭᠡ ᠵᠦᠢᠯ᠎ᠤᠨ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ᠃ ᠤᠯᠠᠭᠠᠨᠬᠠᠳᠠ ᠬᠤᠲᠠ ᠦᠨᠳᠦᠰᠦᠲᠡᠨ᠎ᠤ ᠮᠡᠳᠡᠷᠡᠮᠵᠢ ᠵᠢᠨ ᠲᠠᠯ᠎ᠠ᠎ᠪᠠᠷ ᠲᠠᠨᠢᠯᠲᠠ᠎ᠪᠠᠨ ᠳᠡᠭᠡᠭ᠌ᠰᠢᠯᠡᠭᠦᠯᠵᠦ᠍᠂ 《ᠡᠩᠨᠡᠭᠡ᠎ᠶ᠋ᠢ ᠪᠠᠢᠭᠤᠯᠬᠤ᠂ ᠠᠭᠤᠯᠤᠭ᠍ᠳᠠᠬᠤᠨ᠎ᠢ ᠭᠦᠨᠵᠡᠭᠡᠢᠷᠡᠭᠦᠯᠬᠦ᠂ ᠠᠷᠭ᠎ᠠ ᠬᠡᠯᠪᠡᠷᠢ᠎ᠶ᠋ᠢ ᠱᠢᠨᠡᠴᠢᠯᠡᠬᠦ᠌》 ᠭᠤᠷᠪᠠᠨ ᠲᠠᠯ᠎ᠠ ᠪᠠᠷ ᠬᠦᠴᠦ᠍ ᠣᠷᠣᠭᠤᠯᠵᠤ᠂ 《ᠬᠤᠲᠠ᠂ ᠲᠣᠭᠤᠷᠢᠭ᠂ ᠵᠡᠭᠡᠯᠢ ᠭᠤᠳᠤᠮᠵᠢ (ᠱᠢᠶᠠᠩ ᠪᠠᠯᠭᠠᠰᠤ ᠰᠤᠮᠤ)᠂ ᠨᠡᠢᠭᠡᠮ ᠲᠣᠭᠤᠷᠢᠭ (ᠭᠠᠴᠠᠭ᠎ᠠ ᠲᠣᠰᠭᠤᠨ)》 ᠤ᠋ᠨ ᠳᠥᠷᠪᠡᠨ ᠱᠠᠲᠤᠨ᠎ᠤ ᠬᠤᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠨᠢᠭᠡᠳᠦᠯᠲᠡᠶ ᠲᠥᠯᠥᠪᠯᠡᠵᠦ᠍᠂ ᠬᠤᠲᠠ ᠬᠤᠱᠢᠭᠤ ᠬᠤᠶᠠᠷ ᠱᠠᠲᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠂ ᠨᠠᠮ᠎ᠤᠨ ᠰᠤᠷᠭᠠᠭᠤᠯᠢ᠎ᠶ᠋ᠢᠨ ᠪᠠᠭ᠍ᠰᠢ᠂ 《ᠨᠤᠲᠤᠭ᠎ᠤᠨ ᠮᠡᠷᠭᠡᠳ ᠲᠠᠪᠤᠨ ᠠᠬᠠᠮᠠᠳ》᠂ ᠵᠢᠱ᠌ᠢᠶᠡᠴᠢ ᠬᠤᠪᠢ ᠬᠥᠮᠦᠨ ᠵᠡᠷᠭᠡ᠎ᠶ᠋ᠢ ᠱᠢᠩᠭᠡᠭᠡᠨ ᠠᠪᠴᠤ᠌ ᠤᠬᠠᠭᠤᠯᠭ᠎ᠠ᠎ᠶ᠋ᠢᠨ ᠡᠩᠨᠡᠭᠡ᠎ᠶ᠋ᠢ ᠵᠣᠬᠢᠶᠠᠨ ᠪᠠᠢᠭᠤᠯᠵᠤ᠂《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠵᠢᠡᠷ 《ᠵᠣᠩᠬᠢᠯᠠᠬᠤ ᠣᠯᠠᠨ ᠲᠣᠭᠠᠲᠠᠨ》 ᠢ᠋ ᠳᠠᠢᠴᠢᠯᠠᠪᠠ᠃
ᠤᠯᠠᠭᠠᠨᠬᠠᠳᠠ ᠬᠤᠳᠠ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠪᠣᠯᠪᠠᠰᠤᠷᠠᠯ ᠤ᠋ᠨ ᠤᠬᠠᠭᠤᠯᠤᠨ ᠲᠠᠢᠯᠪᠤᠷᠢᠯᠠᠬᠤ᠎ᠶ᠋ᠢ ᠨᠡᠢᠳᠡᠮ ᠪᠦᠷᠬᠦᠬᠦᠯᠬᠦ》 ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠲᠤᠰᠭᠠᠶ ᠰᠡᠳᠦᠪᠲᠦ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠤᠷᠠᠯ᠂ ᠶᠠᠷᠢᠶ᠎ᠠ ᠲᠠᠢᠯᠤᠮᠵᠢ ᠵᠢ 738 ᠤᠳᠠᠭ᠎ᠠ ᠡᠷᠬᠢᠯᠡᠵᠤ᠂ 1.1 ᠲᠦᠮᠡ ᠭᠠᠷᠤᠶ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠵᠢᠱ᠌ᠢᠶ᠎ᠠ ᠦᠵᠡᠬᠦᠯᠦᠨ ᠬᠦᠳᠦᠯᠦᠨ ᠲᠠᠭᠠᠭᠤᠯᠵᠤ ᠨᠠᠮ᠎ᠤᠨ ᠦᠨᠳᠦᠰᠦᠲᠡᠨ᠎ᠤ ᠣᠨᠣᠯ ᠪᠠ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠰᠠᠢᠳᠤᠷ ᠲᠠᠢᠯᠪᠤᠷᠢᠯᠠᠵᠤ᠂ 10.1 ᠲᠦᠮᠡᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ ᠬᠠᠮᠤᠷᠴᠤ᠌᠂ ᠤᠯᠠᠭᠠᠨᠬᠠᠳᠠ᠎ᠶ᠋ᠢᠨ ᠣᠨᠴᠠᠯᠢᠭ᠎ᠲᠠᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠤᠨ ᠱᠢᠰᠲ᠋ᠧᠮ᠎ᠢ ᠪᠠᠢᠭᠤᠯᠵᠤ᠂ ᠨᠠᠮ᠎ᠤᠨ ᠬᠠᠢᠷ᠎ᠠ ᠬᠠᠯᠠᠮᠵᠢ᠎ᠶ᠋ᠢ ᠠᠷᠠᠳ ᠣᠯᠠᠨ᠎ᠤ ᠰᠡᠳᠭᠢᠯ᠎ᠳᠤ ᠦᠨᠡᠨ ᠬᠦ᠌ ᠳᠠᠮᠵᠢᠭᠤᠯᠪᠠ᠃
ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠦ᠂ ᠦᠨᠳᠦᠰᠦᠲᠡᠨ᠎ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠨᠢᠭ᠍ᠲᠠᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭᠠᠷᠠᠭᠤᠯᠪᠠ
ᠬᠦᠷ ᠨᠠᠷᠭᠢᠶᠠᠨ᠎ᠲᠠᠢ ᠶᠠᠩᠭᠠᠷ᠂ ᠭᠤᠢᠳᠠ ᠰᠠᠢᠬᠠᠨ ᠪᠥᠵᠢᠭ᠂ ᠢᠳᠡᠯᠢᠭ ᠬᠦᠴᠦᠳᠠᠢ ᠤᠷᠠᠨ ᠪᠢᠴᠢᠯᠭᠡ᠂ ᠠᠮᠢᠳᠤᠯᠢᠭ ᠭᠤᠴᠤ ᠭᠠᠷ ᠤᠷᠠᠯᠠᠯ ᠨᠢ ᠨᠠᠷᠠᠨᠦ ᠬᠡᠷᠡᠯ ᠮᠡᠲᠦ᠍᠎ᠪᠠᠷ ᠰᠦᠩᠱᠠᠨ ᠲᠣᠭᠤᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠤᠷᠢᠭ᠎ᠤᠨ 《ᠦᠨᠳᠦᠰᠦᠲᠡᠨ᠎ᠤ ᠪᠦᠯᠬᠦᠮᠳᠡᠯ᠎ᠤᠨ ᠭᠡᠷ》 ᠤ᠋ᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠴᠤᠭᠴᠠ ᠵᠢᠨ ᠤᠯᠠᠨ ᠲᠦᠮᠡᠨ᠎ᠤ ᠠᠮᠢᠳᠤᠷᠠᠯ᠎ᠳᠤ ᠭᠡᠷᠡᠯ ᠭᠢᠯᠪᠠᠭ᠎ᠠ ᠨᠡᠮᠡᠷᠢᠯᠡᠪᠡ᠃
ᠠᠵᠤ ᠦᠢᠯᠡᠰ ᠤᠨ ᠮᠡᠷᠭᠡᠵᠢᠯ᠎ᠤᠨ ᠵᠢᠯᠣᠭᠤᠳᠤᠯᠭ᠎ᠠ᠂ ᠬᠥᠳᠡᠭᠡ ᠲᠣᠰᠭᠤᠨ᠎ᠤ ᠱᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠂ ᠦᠨᠳᠦᠰᠦᠲᠡᠨ᠎ᠤ ᠪᠦᠯᠬᠦᠮᠳᠡᠯ᠎ᠤᠨ ᠵᠢᠵᠢᠭ ᠲᠢᠶᠠᠲᠷ᠂ ᠬᠤᠩᠱᠠᠨ ᠲᠣᠭᠤᠷᠢᠭ᠎ᠤᠨ ᠲᠠᠮᠤᠷ ᠵᠠᠮ ᠤ᠋ᠨ ᠡᠮᠦᠨ᠎ᠠ ᠵᠡᠭᠡᠯᠢ ᠭᠤᠳᠤᠮᠵᠢ᠎ᠶ᠋ᠢᠨ ᠰᠡᠭᠦᠳᠡᠷ ᠺᠢᠨᠣ᠋ ᠵᠢᠨ ᠰᠠᠭᠤᠷᠢᠨ᠎ᠤ ᠬᠦᠷ ᠬᠥᠭ᠌ᠵᠢᠶᠡᠨ ᠲᠠᠢ ᠪᠠᠢᠳᠠᠯ ᠪᠤᠯᠤᠨ ᠡᠶ᠎ᠠ ᠵᠤᠬᠢᠴᠠᠡᠭᠭᠤᠢ ᠪᠠᠢᠳᠠᠯ ᠨᠢ ᠬᠦᠮᠦᠰ ᠤ᠋ᠨ ᠰᠡᠳᠬᠢᠯ ᠢ᠋ ᠲᠠᠳᠠᠨ᠎ᠠ᠃
《ᠨᠢᠭᠡ ᠬᠡᠷ ᠪᠦᠯᠢ ᠮᠡᠲᠦ ᠳᠣᠲᠣᠨᠣ》 ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠲᠤ ᠴᠣᠭ᠍ᠴᠠ ᠵᠢᠨ ᠪᠠᠭᠠᠷᠢᠨ ᠪᠠᠷᠠᠭᠤᠨ ᠬᠤᠱᠢᠭᠤᠨ᠎ᠳᠠᠬᠢ ᠠᠮᠵᠢᠯᠲᠠ᠎ᠲᠠᠢ ᠦᠶ᠋ᠯᠡᠳᠦᠯᠭᠡ ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠶ᠋ᠢᠨ ᠪᠣᠳᠠᠲᠤ ᠴᠣᠭ᠍ᠴᠠ᠎ᠶ᠋ᠢᠨ ᠬᠥᠭ᠌ᠵᠢᠯᠲᠡ᠎ᠳᠤ ᠲᠣᠯᠢ ᠪᠤᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤᠢᠴᠠ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠬᠠᠢᠨ ᠰᠦᠪᠡᠭ᠌ᠴᠢᠯᠡᠪᠡ᠃
ᠤᠯᠠᠭᠠᠨᠬᠠᠳᠠ᠎ᠶ᠋ᠢᠨ ᠭᠠᠵᠠᠷ ᠪᠣᠯᠭᠠᠨ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠭᠡᠳᠦᠨ ᠲᠡᠮᠡᠴᠡᠭ᠌ᠰᠡᠨ ᠵᠢᠷᠤᠭ ᠳᠦᠷᠰᠦ ᠲᠡᠯᠭᠡᠭᠳᠡᠨ᠎ᠠ᠃
ᠨᠢᠭᠡ ᠪᠦᠯᠦᠭ ᠠᠴᠢᠶᠠᠯᠠᠪᠤᠷᠢ᠎ᠶ᠋ᠢ ᠠᠮᠢᠳᠤᠯᠢᠭ ᠬᠡᠷᠡᠭ᠌ᠯᠡᠵᠦ᠍᠂ ᠨᠢᠭᠡ ᠪᠦᠯᠦᠭ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠨᠢᠭᠡ ᠬᠡᠮᠵᠢᠶᠠᠨ ᠤ᠋ ᠰᠠᠢᠨ ᠦᠨᠡᠯᠡᠯᠳᠡ ᠵᠢ ᠤᠯᠪᠠ᠃ ᠤᠯᠠᠭᠠᠨᠬᠠᠳᠠ 《ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠱᠢᠭᠢᠳᠭᠡᠬᠦ᠌ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠲᠥᠯᠥᠪᠯᠡᠭᠡ》᠂ 《ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂《ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ᠎ᠶ᠋ᠢ ᠠᠬᠢᠭᠤᠯᠬᠤ ᠲᠥᠯᠥᠪᠯᠡᠭᠡ》 ᠵᠢ ᠭᠦᠨᠵᠡᠭᠡᠶ ᠬᠡᠷᠡᠭ᠌ᠵᠢᠭᠦᠯᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠲᠤᠬᠠᠶ᠎ᠶ᠋ᠢᠨ ᠲᠠᠯᠠᠪᠠᠢ᠎ᠶ᠋ᠢᠨ ᠲᠤᠷᠱᠢᠯᠭ᠎ᠠ᠎ᠪᠠᠨ ᠰᠣᠯᠢᠯᠴᠠᠬᠤ᠂ ᠬᠠᠷᠢᠯᠴᠠᠨ ᠦᠵᠡᠵᠦ᠍ ᠬᠠᠷᠢᠯᠴᠠᠨ ᠰᠤᠷᠤᠯᠴᠠᠬᠤ ᠵᠡᠷᠭᠡ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ᠌ ᠲᠠᠯ᠎ᠠ᠎ᠪᠠᠷ ᠰᠣᠯᠢᠯᠴᠠᠬᠤ᠂ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠪᠠ᠃
ᠣᠳᠣᠬᠠᠨ ᠪᠣᠯᠲᠠᠯ᠎ᠠ ᠪᠥᠬᠦ᠌ ᠬᠤᠲᠠ᠎ᠳᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠰᠣᠳᠣᠨ ᠵᠢᠱ᠌ᠢᠶ᠎ᠡ ᠦᠵᠡᠭᠦᠯᠬᠦ᠌ ᠴᠡᠭ 102᠂ ᠲᠣᠭᠤᠷᠢᠨ ᠰᠤᠷᠤᠯᠴᠠᠬᠤ ᠱᠤᠭᠤᠮ 6᠎ᠶ᠋ᠢ ᠪᠠᠢᠭᠤᠯᠵᠤ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ 11 ᠵᠢ ᠡᠭᠦᠳᠴᠦ᠍᠂ 《ᠤᠯᠠᠭᠠᠨᠬᠠᠳᠠ᠎ᠶ᠋ᠢᠨ ᠬᠦᠪᠡᠬᠦᠳ ᠦᠬᠢᠳ ᠰᠡᠳᠭᠢᠯ ᠨᠢᠭᠡᠳᠦᠨ ᠬᠦᠰᠡᠯ ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌ ᠂ ᠠᠨᠠᠷ᠎ᠤᠨ ᠴᠡᠴᠡᠭᠡᠰ᠎ᠢ ᠤᠯᠠᠭᠠᠨᠬᠠᠳᠠ ᠳ᠋ᠤ ᠨᠡᠢᠳᠡᠮ ᠳᠡᠯᠭᠡᠷᠡᠭᠦᠯᠬᠦ᠌》᠂ 《ᠭᠤᠷᠪᠠᠨ ᠬᠤᠩᠬᠢᠯ ᠭᠤᠷᠪᠠᠨ ᠪᠦᠰᠡ ᠭᠤᠷᠪᠠᠨ ᠬᠡᠰᠡᠭ ᠲᠣᠭᠤᠷᠢᠭ》 ᠵᠡᠷᠭᠡ ᠠᠵᠢᠯ᠎ᠤᠨ ᠲᠦᠷᠦᠯ ᠲᠡᠮᠳᠡᠭ᠌ᠲᠦ᠍᠎ᠶ᠋ᠢ ᠡᠭᠦᠳᠦᠨ ᠪᠠᠢᠭᠤᠯᠤᠭ᠍ᠰᠠᠨ ᠪᠥᠭᠡᠳ ᠤᠯᠠᠭᠠᠨᠬᠠᠳᠠ ᠬᠤᠲᠠ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠭᠠᠬᠤ ᠪᠣᠳᠠᠲᠠᠶ ᠠᠷᠭ᠎ᠠ ᠬᠡᠮᠵᠢᠶ᠎ᠡ ᠠᠪᠴᠤ᠌᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢ᠎ᠪᠠᠷ ᠵᠠᠰᠠᠬᠤ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠹᠦ᠋ ᠱᠠᠨ ᠵᠢᠶᠠ ᠶᠤᠸᠠᠨ ᠨᠡᠢᠭᠡᠮ ᠲᠣᠭᠤᠷᠢᠭ《ᠭᠦᠸᠧ ᠬᠠᠤᠯᠢᠴᠢ᠎ᠶ᠋ᠢᠨ ᠬᠠᠤᠯᠢ᠎ᠶ᠋ᠢ ᠲᠠᠢᠯᠪᠤᠷᠢᠯᠠᠬᠤ》 ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌ ᠦᠢᠯᠡᠴᠢᠯᠡᠭᠡᠨ᠎ᠤ ᠲᠦᠷᠦᠯ ᠲᠡᠮᠳᠡᠭ᠌ ᠢ᠋ ᠡᠬᠦᠳᠴᠤ᠂ ᠸᠠᠩ ᠹᠦ᠋ ᠨᠡᠢᠭᠡᠮ ᠲᠣᠭᠤᠷᠢᠭ《ᠬᠦᠰᠡᠯ ᠵᠢᠡᠨ ᠲᠡᠷᠭᠡᠯᠰᠢᠬᠦᠯᠬᠦ》ᠬᠥᠳᠡᠯᠮᠦᠷᠢ ᠬᠦᠴᠦᠨ ᠤ᠋ ᠠᠵᠢᠯ ᠤᠯᠭᠤᠯᠳᠠ ᠵᠢᠨ ᠵᠠᠬ᠎ᠠ ᠳᠡᠯᠭᠡᠭᠦᠷ ᠪᠠᠢᠭᠤᠯᠵᠤ᠂ ᠾᠧ ᠫᠠᠨ ᠨᠡᠢᠭᠡᠮ ᠲᠣᠭᠤᠷᠢᠭ᠎ᠲᠤ 《ᠳᠥᠷᠪᠡᠨ ᠴᠠᠭ ᠬᠠᠭᠠᠰ᠎ᠤᠨ ᠬᠢᠴᠢᠶᠡᠯ᠎ᠤᠨ ᠲᠠᠩᠬᠢᠮ》ᠨᠡᠬᠡᠬᠡᠵᠦ ᠬᠡᠦᠬᠡᠳ ᠢ ᠨᠠᠢᠳᠠᠨ ᠬᠠᠮᠢᠶᠠᠷᠤᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ 《ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠠᠵᠤ》 ᠪᠠᠢᠭ᠎ᠠ ᠠᠰᠠᠭᠤᠳᠠᠯ᠎ᠢ ᠪᠥᠬᠦ᠌ ᠲᠠᠯ᠎ᠠ᠎ᠪᠠᠷ ᠱᠢᠶ᠋ᠳᠪᠦᠷᠢᠯᠡᠪᠡ᠃
ᠰᠡᠳᠭᠢᠯ ᠨᠢᠭᠡᠳᠦᠨ ᠬᠠᠮᠲᠤ᠎ᠪᠠᠷ ᠪᠠᠶᠠᠵᠢᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢᠨ ᠡᠬᠢ ᠬᠥᠳᠡᠯᠭᠡᠬᠦ᠌ ᠬᠦᠴᠦᠨ᠎ᠢ ᠲᠠᠰᠤᠷᠠᠯᠲᠠ ᠦᠭᠡᠢ ᠨᠡᠮᠡᠭᠳᠡᠬᠦᠯᠪᠡ
ᠮᠣᠩᠭᠤᠯ ᠦᠨᠳᠦᠰᠦᠳᠡᠨ ᠬᠢᠲᠠᠳ ᠦᠨᠳᠦᠰᠦᠳᠡᠨ᠎ᠳᠦ ᠮᠠᠯᠵᠢᠬᠤ ᠮᠡᠷᠭᠡᠵᠢᠯ ᠢ᠋ ᠵᠢᠭᠠᠵᠤ᠂ ᠡᠷᠦᠬᠡ ᠪᠦᠷᠢ᠎ᠶ᠋ᠢᠨ ᠳᠤᠮᠳᠠᠴᠢ ᠣᠷᠣᠯᠭ᠎ᠠ ᠵᠢ 6000 ᠲᠥᠭᠦᠷᠢᠭ ᠨᠡᠮᠡᠭᠳᠡᠬᠦᠯᠵᠦ᠂ ᠲᠠᠷᠢᠮᠠᠯ᠎ᠤᠨ ᠦᠢᠯᠡᠰ᠎ᠢ ᠬᠥᠭ᠌ᠵᠢᠭᠦᠯᠵᠦ᠍᠂ ᠵᠢᠯ ᠤ᠋ᠨ ᠳᠤᠮᠳᠠᠴᠢ ᠣᠷᠣᠯᠭ᠎ᠠ ᠵᠢ 12000 ᠲᠥᠭᠦᠷᠢᠭ ᠨᠡᠮᠡᠭ᠌ᠳᠡᠬᠦᠯᠪᠡ ᠁ ᠠᠷᠤ ᠬᠤᠷᠴᠢᠨ ᠬᠤᠱᠢᠭᠤᠨ᠎ᠤ ᠱᠤᠤ ᠪᠠᠯᠭᠠᠰᠤᠨ᠎ᠤ ᠮᠡᠯᠡᠬᠡᠢᠲᠦ ᠲᠣᠰᠭᠤᠨ᠎ᠤ ᠡᠯ᠎ᠡ ᠦᠨᠳᠦᠰᠦᠲᠡᠨ᠎ᠤ ᠣᠯᠠᠨ ᠲᠦᠮᠡᠨ ᠬᠠᠷᠢᠯᠴᠠᠨ ᠬᠠᠪᠰᠤᠷᠤᠯᠴᠠᠵᠤ᠂ ᠠᠵᠤ ᠦᠢᠯᠡᠰ ᠨᠢ ᠬᠦᠭᠵᠢᠨ ᠮᠠᠨᠳᠤᠵᠤ᠂ ᠠᠮᠢᠳᠤᠷᠠᠯ ᠨᠢ ᠡᠳᠦᠷ ᠢᠷᠡᠬᠦᠶ᠎ᠡ ᠰᠠᠢᠵᠢᠷᠠᠭᠰᠠᠨ ᠪᠠᠢᠨ᠎ᠠ᠃
《ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠪᠠᠯ ᠠᠵᠤ ᠦᠢᠯᠡᠰ ᠰᠠᠶᠢ ᠬᠥᠭ᠌ᠵᠢᠵᠦ᠍ ᠴᠢᠳᠠᠨ᠎ᠠ᠂ ᠤᠯᠠᠨ ᠲᠦᠮᠡᠨ᠎ᠤ ᠠᠮᠢᠳᠤᠷᠠᠯ ᠴᠤ᠌ ᠤᠯᠠᠮ᠎ᠠᠴᠠ ᠤᠯᠠᠮ ᠰᠠᠢᠵᠢᠷᠠᠵᠤ ᠴᠢᠳᠠᠨ᠎ᠠ》 ᠭᠡᠵᠦ᠍ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢᠦᠢ ᠬᠤᠸᠠᠢ ᠬᠡᠯᠡᠨ᠎ᠠ᠃
ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ ᠬᠦᠰᠡᠯ ᠵᠡᠬᠦᠳᠤ ᠪᠠᠨ ᠲᠡᠷᠭᠡᠯᠰᠢᠬᠦᠯᠬᠦ ᠪᠡᠷ ᠲᠠᠮᠵᠢᠨ ᠬᠥᠳᠡᠭᠡ ᠲᠣᠰᠭᠤᠨ᠎ᠤ ᠠᠮᠢᠳᠤᠷᠠᠯ᠎ᠳᠦ ᠰᠢᠨ᠎ᠠ ᠬᠤᠪᠢᠷᠠᠯᠳᠠ ᠭᠠᠷᠬᠤ ᠪᠡᠷ ᠪᠠᠷᠠᠬᠤ ᠦᠭᠡᠢ ᠬᠤᠳᠠ᠎ᠶ᠋ᠢᠨ ᠬᠥᠭ᠌ᠵᠢᠯᠲᠡ ᠴᠤ᠌ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃
ᠥᠪᠥᠷ ᠮᠣᠩᠭᠤᠯ᠎ᠳᠤ 《ᠬᠤᠶᠠᠷ ᠶᠡᠭᠡ ᠡᠯᠡᠰᠦᠷᠬᠡᠭ ᠭᠠᠵᠠᠷ》᠎ᠢ᠋ ᠳᠤᠢᠯᠪᠤᠷᠢᠳᠠᠢ ᠵᠠᠰᠠᠬᠤ ᠲᠠᠢᠯᠠᠯᠳᠤᠭᠠᠨ᠎ᠢ ᠡᠩ ᠲᠡᠷᠢᠭᠦᠨ᠎ᠳᠤ ᠬᠢᠵᠦ᠍᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠵᠤ ᠦᠢᠯᠡᠰ᠎ᠤᠨ ᠱᠢᠯᠵᠢᠯᠲᠡ᠎ᠶ᠋ᠢ ᠭᠥᠯᠢᠶᠡᠨ ᠠᠪᠬᠤ ᠵᠢᠱ᠌ᠢᠶ᠎ᠡ ᠦᠵᠡᠭᠦᠯᠬᠦ᠌ ᠣᠷᠣᠨ ᠤ᠋ ᠵᠦᠪᠰᠢᠶᠠᠷᠠᠯ ᠢ᠋ ᠤᠯᠵᠤ᠂ ᠤᠯᠠᠭᠠᠨᠬᠠᠳᠠ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠎ᠤᠨ ᠦᠢᠯᠡᠳᠬᠦᠨ᠎ᠤ ᠥᠷᠲᠡᠭ ᠮᠢᠩᠭᠠᠨ ᠳ᠋ᠦᠩᠱᠢᠭᠤᠷ᠎ᠢ ᠳᠠᠪᠠᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠁ ᠡᠳᠡᠭᠡᠷ ᠠᠵᠢᠯ ᠠᠯᠬᠤᠮ ᠨᠢᠭᠡᠲᠡᠶ ᠶᠠᠪᠤᠭ᠍ᠳᠠᠵᠤ᠂ ᠤᠯᠠᠭᠠᠨᠬᠠᠳᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠨᠢ ᠬᠤᠶᠠᠷ ᠶᠡᠭᠡ ᠶᠠᠪᠤᠳᠠᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠬᠦ᠌ ᠠᠵᠢᠯ᠎ᠤᠨ ᠦᠢᠯᠡᠳᠦᠯᠭᠡ ᠳᠤᠮᠳᠠ ᠢᠯᠡᠷᠡᠵᠦ᠍ ᠪᠠᠢᠨ᠎ᠠ᠃
ᠤᠯᠠᠭᠠᠨᠬᠠᠳᠠ ᠬᠤᠲᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠳ᠋ᠤ ᠬᠤᠯᠪᠤᠭᠠᠰᠤ ᠬᠡᠯᠬᠢᠶ᠎ᠠ ᠪᠤᠯᠵᠤ᠂ ᠨᠠᠮ᠎ᠤᠨ ᠭᠡᠱᠢᠭᠦᠨ ᠺᠠᠳ᠋ᠷᠴᠤᠳ ᠢ᠋ ᠬᠦᠳᠦᠯᠦᠨ ᠲᠠᠭᠠᠭᠤᠯᠵᠤ ᠦᠵᠡᠯ ᠰᠠᠨᠠᠭ᠎ᠠ᠎ᠪᠠᠨ ᠨᠢᠭᠡᠳᠭᠡᠵᠦ᠍᠂ ᠬᠦᠴᠢᠷ᠎ᠢ ᠰᠦᠷᠦᠨ ᠤᠷᠤᠭ᠍ᠰᠢᠯᠠᠵᠤ᠂ 110 ᠭᠠᠷᠤᠢ ᠵᠦᠢᠯ᠎ᠤᠨ ᠰᠠᠢᠨ ᠠᠷᠭ᠎ᠠ ᠬᠢᠳᠡᠯ ᠰᠠᠢᠨ ᠲᠤᠷᠱᠢᠯᠭ᠎ᠠ ᠰᠠᠢᠨ ᠠᠷᠭ᠎ᠠ ᠬᠡᠮᠵᠢᠶ᠎ᠡ ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠪᠣᠳᠠᠲᠤ ᠠᠮᠵᠢᠯᠲᠠ᠎ᠶ᠋ᠢ ᠪᠦᠬᠦ᠌ ᠲᠠᠯ᠎ᠠ᠎ᠪᠠᠷ ᠢᠯᠡᠷᠡᠭᠦᠯᠵᠡᠢ᠃