ᠥᠪᠥᠷ ᠮᠣᠩᠭᠣᠯ᠎ᠤᠨ 17.7 ᠲᠦᠮᠡᠨ ᠺᠢᠯᠣᠮᠧᠲ᠋ᠷ ᠤ᠋ᠨ ᠭᠠᠴᠠᠭ᠎ᠠ ᠲᠣᠰᠭᠣᠨ᠎ᠳᠤ ᠨᠡᠪᠲᠡᠷᠡᠬᠦ᠌ ᠵᠠᠮ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠠᠷᠳᠠᠩ ᠬᠠᠷᠭᠤᠢ ᠪᠤᠯᠤᠯ᠎ᠠ
2024-10-28 09:42:43
ᠵᠣᠬᠢᠶᠠᠭ᠍ᠴᠢ᠄
ᠭᠣᠣ ᠬᠤᠢ ᠵᠠᠩ ᠬᠤᠢ ᠯᠢᠩ ᠮᠠ ᠵᠢᠶᠦ᠋ᠨ ᠤ᠋ᠤᠢ
ᠣᠩᠱᠢᠭ᠍ᠰᠠᠨ ᠣᠳᠠᠭ᠎ᠠ᠄
★★★☆☆

        

        ᠵᠠᠮ ᠨᠡᠪᠳᠡᠷᠡᠵᠦ ᠡᠯᠡᠰᠦ ᠤᠬᠤᠷᠢᠵᠤ ᠦᠶ᠋ᠯᠡᠰ ᠬᠦᠭᠵᠢᠨ ᠠᠷᠠᠳ ᠪᠠᠶᠠᠵᠢᠯ᠎ᠠ


ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠡᠮᠡᠭᠡᠯ ᠠᠭᠤᠯᠠ ᠲᠣᠰᠭᠣᠨ᠎ᠤ ᠠᠷᠠᠳ ᠵᠠᠩ ᠭᠦᠸᠧ ᠯᠢ ᠠᠭᠤᠯᠠᠨ ᠦᠵᠦᠮ᠎ᠢᠶᠡᠨ ᠲᠣᠭᠣᠷᠢᠨ ᠦᠵᠡᠵᠦ᠍ ᠪᠠᠷᠠᠭᠠᠳ ᠭᠡᠷ᠎ᠲᠡᠬᠡᠨ ᠬᠠᠷᠢᠵᠤ ᠥᠪᠡᠷ᠎ᠦᠨ ᠱᠢᠨ᠎ᠡ ᠡᠨᠧᠷᠭᠢ᠎ᠶ᠋ᠢᠨ ᠴᠠᠬᠢᠯᠭᠠᠨ ᠬᠥᠳᠡᠯᠭᠡᠭᠦᠷᠲᠦ ᠲᠡᠷᠭᠡ᠎ᠪᠡᠨ ᠵᠢᠯᠣᠭᠣᠳᠴᠤ᠌᠂ 10 ᠺᠢᠯᠣᠮᠧᠲ᠋ᠷ᠎ᠵᠠᠢᠳᠠᠢ ᠎ᠭᠦᠩ ᠤ᠋ᠨ ᠬᠤᠷᠤᠭ᠎ᠠ ᠪᠠᠯᠭᠠᠰᠤᠨ᠎ᠳᠤ ᠬᠦᠷᠴᠦ᠍  《ᠶᠡᠬᠡ ᠮᠠᠢᠮᠠᠢ》 ᠭᠢᠬᠦ ᠪᠡᠷ ᠲᠥᠯᠥᠪᠯᠡᠪᠡ᠃

《ᠥᠩᠭᠡᠷᠡᠭ᠌ᠰᠡᠨ᠎ᠳᠦ ᠵᠠᠮ ᠪᠠᠢᠬᠤ ᠥᠬᠡᠶ᠂ ᠦᠵᠦᠮ ᠲᠠᠷᠢᠭᠠᠳ ᠬᠤᠷᠢᠶᠠᠬᠤ ᠬᠥᠮᠦᠨ ᠥᠬᠡᠶ᠂ ᠠᠷᠭ᠎ᠠ ᠦᠭᠡᠢ ᠬᠢᠮᠳᠠ᠎ᠪᠠᠷ ᠬᠤᠳᠠᠯᠳᠤᠨ᠎ᠠ᠂ ᠣᠲᠣ ᠵᠠᠮ ᠨᠡᠪᠲᠡᠷᠡᠵᠦ᠍᠂ ᠡᠭᠦᠳᠡᠨ ᠡᠮᠦᠨ᠎ᠡ ᠲᠠᠷᠤᠢ ᠦᠵᠦᠮ᠎ᠦᠨ ᠠᠷᠢᠬᠢ᠎ᠶ᠋ᠢᠨ ᠦᠶ᠋ᠯᠡᠳᠪᠦᠷᠢ ᠲᠡᠶ ᠪᠣᠯᠵᠣ᠂ ᠦᠵᠦᠮ᠎ᠢ ᠬᠤᠷᠢᠶᠠᠬᠤ ᠬᠥᠮᠦᠨ ᠥᠬᠡᠶ ᠭᠡᠵᠦ᠍ ᠵᠣᠪᠠᠬᠤ ᠥᠬᠡᠶ ᠪᠣᠯᠵᠠᠶ! 2020 ᠣᠨ᠎ᠳᠤ ᠪᠢ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠨ ᠠᠪᠤᠭᠠᠳ ᠪᠣᠳᠣᠵᠤ ᠥᠩᠭᠡᠷᠡᠵᠡᠶ᠂ ᠭᠦᠩ ᠤ᠋ᠨ ᠬᠤᠷᠤᠭ᠎ᠠ᠎ᠳᠤ ᠣᠴᠢᠵᠤ ᠢᠷᠡᠬᠦ᠌᠎ᠳᠦ ᠰᠠᠶᠢ 1.5 ᠲᠥᠭᠥᠷᠢᠭ᠂ ᠡᠪᠦᠯ ᠵᠤᠨ ᠭᠡᠰᠡᠨ ᠦᠭᠡᠢ ᠪᠦᠷ ᠳᠥᠭᠥᠮ ᠪᠤᠯᠤᠯ᠎ᠠ!》 70 ᠨᠠᠰᠤᠲᠠᠢ ᠵᠠᠩ ᠭᠦᠸᠧ ᠯᠢ ᠲᠣᠰᠭᠣᠨ ᠤ᠋ ᠵᠠᠮ ᠵᠢᠡᠷ ᠠᠶᠠᠯᠠᠬᠤ᠎ᠵᠢᠨ ᠳᠠᠭᠠᠤ ᠪᠠᠶᠠᠷᠳᠠᠢ ᠶᠠᠷᠢᠨ᠎ᠠ᠃

ᠬᠥᠳᠡᠭᠡ ᠲᠣᠰᠭᠣᠨ᠎ᠤ ᠵᠠᠰᠠᠮᠠᠯ ᠵᠠᠮ ᠪᠣᠯ ᠬᠠᠮᠤᠷᠬᠤ ᠬᠡᠪᠴᠢᠶ᠎ᠡ᠎ᠪᠡᠷ ᠬᠠᠮᠤᠭ᠎ᠤᠨ ᠥᠷᠭᠡᠨ᠂ ᠦᠶ᠋ᠯᠡᠴᠢᠯᠡᠬᠦ᠌ ᠬᠥᠮᠦᠨ ᠠᠮᠠ ᠬᠠᠮᠤᠭ᠎ᠤᠨ ᠣᠯᠠᠨ᠂ ᠦᠶ᠋ᠯᠡᠴᠢᠯᠡᠭᠡ ᠬᠠᠩᠭᠠᠬᠤ᠎ᠪᠠᠷ ᠬᠠᠮᠤᠭ᠎ᠤᠨ ᠲᠦᠭᠡᠮᠡᠯ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢᠶᠠᠷ ᠬᠠᠮᠤᠭ᠎ᠤᠨ ᠴᠢᠩᠭ᠎ᠠ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ ᠪᠣᠯᠤᠨ᠎ᠠ᠃ ᠥᠪᠥᠷ ᠮᠣᠩᠭᠣᠯ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ 《ᠲᠦᠷᠪᠡᠨ ᠰᠠᠢ᠌ᠨᠳᠠᠢ ᠬᠥᠳᠡᠭᠡ ᠲᠣᠰᠭᠣᠨ᠎ᠤ ᠵᠠᠮ》 ᠤ᠋ᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠠᠲᠤ ᠴᠡᠭᠡᠵᠢᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠬᠥᠮᠦᠨ᠎ᠢᠶᠡᠷ ᠦᠨᠳᠦᠰᠦ ᠪᠣᠯᠭᠠᠵᠤ 《ᠬᠥᠳᠡᠭᠡ ᠲᠣᠰᠭᠣᠨ᠎ᠤ ᠵᠠᠰᠠᠮᠠᠯ ᠵᠠᠮ +》 ᠤ᠋ᠨ ᠵᠠᠭ᠍ᠪᠤᠷ᠎ᠢ ᠬᠥᠭ᠌ᠵᠢᠭᠦᠯᠪᠡ᠃ 10 ᠵᠢᠯ᠎ᠦᠨ ᠲᠤᠷᠰᠢ ᠤᠯᠤᠰ᠂ ᠥᠪᠡᠷᠲᠡᠭᠡᠨ ᠵᠠᠰᠠᠬᠤ ᠣᠷᠣᠨ᠎ᠡᠴᠡ ᠡᠯ᠎ᠡ ᠲᠥᠷᠥᠯ᠎ᠦᠨ ᠪᠠᠯᠠ ᠮᠥᠩᠭᠥ᠎ᠶ᠋ᠢ ᠨᠡᠢᠲᠡ 600 ᠳ᠋ᠦᠩᠱᠢᠭᠤᠷ ᠲᠥᠭᠥᠷᠢᠭ ᠣᠷᠣᠭᠤᠯᠵᠤ᠂ ᠮᠠᠨ᠎ᠤ ᠣᠷᠣᠨ᠎ᠤ ᠬᠥᠳᠡᠭᠡ ᠲᠣᠰᠭᠣᠨ᠎ᠤ ᠵᠠᠰᠠᠮᠠᠯ ᠵᠠᠮ᠎ᠢ 10.3 ᠲᠦᠮᠡᠨ ᠺᠢᠯᠣᠮᠧᠲ᠋ᠷ ᠱᠢᠨ᠎ᠡ᠎ᠪᠡᠷ ᠥᠭᠡᠷᠡᠴᠢᠯᠡᠨ ᠪᠠᠢᠭᠤᠯᠬᠤ᠎ᠶ᠋ᠢ ᠳᠡᠮᠵᠢᠵᠦ᠍᠂ 1172 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠬᠥᠳᠡᠭᠡ ᠲᠣᠰᠭᠣᠨ᠎ᠤ ᠵᠠᠰᠠᠮᠠᠯ ᠵᠠᠮ᠎ᠢ᠋ ᠠᠮᠵᠢᠯᠲᠠ᠎ᠲᠠᠶ ᠨᠡᠪᠲᠡᠷᠡᠭᠦᠯᠪᠡ᠃

ᠡᠳᠦᠭᠡ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠶᠡᠷᠦᠩᠬᠡᠶ ᠣᠷᠳᠣ 17.7 ᠲᠦᠮᠡᠨ ᠺᠢᠯᠣᠮᠧᠲ᠋ᠷ᠎ᠲᠦ ᠬᠦᠷᠴᠦ᠍᠂ 779 ᠰᠤᠮᠤ ᠱᠢᠶᠠᠩ ᠪᠠᠯᠭᠠᠰᠤ ᠪᠣᠯᠤᠨ 11050 ᠭᠠᠴᠠᠭ᠎ᠠ ᠲᠣᠰᠭᠣᠨ᠎ᠳᠤ ᠴᠥᠮ ᠬᠠᠲᠠᠭᠤᠷᠠᠭᠤᠯᠤᠭ᠍ᠰᠠᠨ ᠵᠠᠮ ᠨᠡᠪᠲᠡᠷᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ᠃ 《ᠭᠠᠳᠠᠨ᠎ᠠ ᠲᠤᠳᠤᠨ᠎ᠠ ᠵᠢ ᠨᠡᠪᠳᠡᠷᠡᠯᠴᠡᠬᠦᠯᠵᠦ᠂ ᠰᠢᠶᠠᠩ ᠲᠤᠰᠬᠤᠨ᠎ᠢ ᠬᠤᠯᠪᠤᠭᠰᠠᠨ》 ᠬᠥᠳᠡᠭᠡ ᠲᠣᠰᠭᠣᠨ᠎ᠤ ᠵᠠᠮ ᠬᠠᠷᠢᠯᠴᠠᠭᠠᠨ᠎ᠤ ᠲᠣᠣᠷ ᠨᠢᠭᠡᠨᠲᠡ ᠪᠠᠢᠭᠤᠯᠤᠭ᠍ᠳᠠᠵᠤ᠂ ᠮᠠᠯᠴᠢᠨ ᠲᠠᠷᠢᠶᠠᠴᠢᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠲᠠᠰᠤᠷᠠᠯᠳᠡ ᠦᠭᠡᠢ ᠴᠢᠩᠭᠠᠷᠠᠪᠠ᠃

ᠵᠠᠮ᠎ᠢᠶᠠᠷ ᠡᠯᠡᠰᠦ᠎ᠶ᠋ᠢ ᠵᠠᠰᠠᠵᠤ ᠪᠦᠷᠢᠳᠤ ᠵᠢ ᠪᠠᠢᠭᠤᠯᠪᠠ

ᠮᠠᠱᠢᠨ ᠲᠡᠷᠭᠡ ᠪᠡᠷ ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠡᠯᠡᠰᠦ᠎ᠶ᠋ᠢ ᠳᠤᠭᠤᠯᠤᠭ᠍ᠰᠠᠨ ᠵᠠᠰᠠᠮᠠᠯ ᠵᠠᠮ᠎ᠤᠨ ᠣᠩᠨᠢᠭᠤᠳ ᠪᠠᠯᠭᠠᠰᠤ᠎ᠡᠴᠡ ᠪᠠᠶᠠᠨ ᠲᠤᠬᠤᠢ ᠰᠤᠮᠤ ᠬᠥᠷᠬᠥ᠌ ᠵᠠᠮ ᠵᠢᠡᠷ ᠳᠠᠪᠬᠢᠭᠤᠯᠬᠤ᠎ᠳᠦ ᠮᠤᠷᠤᠶ ᠰᠠᠷᠤᠶ ᠴᠠᠷᠳᠠᠮᠠᠯ ᠵᠠᠰᠠᠮᠠᠯ ᠵᠠᠮ᠎ᠨᠢ ᠦᠷᠭᠦᠯᠵᠢᠯᠡᠨ ᠳᠣᠯᠭᠢᠶᠠᠯᠠᠨ ᠳᠠᠪᠠᠯᠭᠠᠯᠠᠵᠤ ᠪᠠᠢᠭ᠎ᠠ ᠡᠯᠡᠰᠦᠨ ᠳᠣᠪᠣᠴᠠᠭ᠎ᠢ ᠬᠣᠶᠠᠷ ᠬᠤᠪᠢᠶᠠᠵᠤ᠂ ᠵᠠᠰᠠᠮᠠᠯ ᠵᠠᠮ᠎ᠤᠨ ᠬᠣᠶᠠᠷ ᠬᠠᠵᠠᠭᠤᠳ᠋ᠡᠬᠢ ᠰᠦᠷᠯᠢᠭ ᠰᠠᠢᠬᠠᠨ ᠡᠪᠡᠰᠦᠨ ᠳᠥᠷᠪᠡᠯᠵᠢᠭᠡᠰᠦ ᠵᠢᠨ ᠡᠯᠡᠰᠦᠨ ᠬᠠᠯᠬᠠᠪᠴᠢ᠎ᠨᠢ ᠡᠬᠡ ᠭᠠᠵᠠᠷ ᠳᠡᠭᠡᠷ᠎ᠡ ᠰᠦᠯᠵᠢᠭ᠌ᠰᠡᠨ ᠠᠯᠲᠠᠨ ᠬᠤᠶᠠᠭ ᠱᠢᠭ᠋᠎ᠢᠶᠡᠷ ᠡᠯᠡᠰᠦ᠎ᠶ᠋ᠢ ᠪᠠᠲᠤ ᠲᠤᠭᠳᠠᠭᠠᠭᠰᠠᠨ ᠨᠢ ᠬᠠᠷᠠᠭᠠᠨ᠎ᠳᠦ ᠳᠤᠳᠤᠷᠠᠨ᠎ᠠ᠃ ᠡᠪᠡᠰᠦᠨ ᠳᠥᠷᠪᠡᠯᠵᠢᠭᠡᠰᠦ ᠵᠢᠨ ᠳᠣᠲᠣᠷ᠎ᠠ ᠱᠢᠷ᠎ᠠ ᠤᠳᠠ᠂ ᠨᠠᠢᠯᠵᠠᠭᠤᠷ ᠬᠠᠷᠭᠠᠨ᠎ᠠ ᠢᠭ᠍ᠴᠤ ᠰᠠᠬᠤᠯᠢᠭ ᠤᠷᠭᠤᠵᠤ᠂ ᠨᠣᠭᠣᠭᠠᠨ ᠥᠩᠭᠡ ᠵᠠᠰᠠᠮᠠᠯ ᠵᠠᠮ᠎ᠤᠨ ᠬᠣᠶᠠᠷ ᠬᠠᠵᠠᠭᠤ᠎ᠪᠠᠷ ᠡᠯᠡᠰᠦᠨ ᠳᠣᠪᠣᠴᠠᠭ ᠤ᠋ᠨ ᠲᠤᠮᠳᠠᠭᠤᠷ ᠲᠡᠷᠳᠡᠭᠡ ᠬᠤᠯᠠ ᠬᠦᠷᠳᠡᠯ᠎ᠡ ᠦᠷᠭᠦᠯᠵᠢᠯᠡᠨ᠎ᠡ᠃

《ᠡᠨᠡ ᠵᠠᠮ ᠪᠣᠯ ᠮᠠᠨ᠎ᠤ ᠣᠩᠨᠢᠭᠤᠳ ᠬᠣᠱᠢᠭᠤᠨ᠎ᠤ 2021 ᠣᠨ᠎ᠳᠤ ᠪᠠᠢᠭᠤᠯᠵᠤ ᠳᠠᠭᠤᠰᠭᠠᠭᠠᠳ ᠲᠡᠷᠭᠡ ᠨᠡᠪᠲᠡᠷᠡᠭ᠌ᠰᠡᠨ ᠡᠯᠡᠰᠦ᠎ᠶ᠋ᠢ ᠲᠤᠭᠤᠯᠤᠭ᠍ᠰᠠᠨ ᠵᠠᠰᠠᠮᠠᠯ ᠵᠠᠮ ᠪᠣᠯᠤᠨ᠎ᠠ᠂ ᠪᠦᠬᠦ ᠤᠷᠳᠤ ᠨᠢ 91 ᠺᠢᠯᠤᠮᠸᠲᠷ᠂ ᠬᠤᠷᠴᠢᠨ ᠤ᠋ ᠡᠯᠡᠰᠦᠷᠭᠡᠭ ᠭᠠᠵᠠᠷ᠎ᠢ ᠬᠦᠨᠳᠡᠯᠡᠨ ᠳᠠᠭᠠᠷᠢᠵᠦ᠂ ᠣᠳᠣᠬᠠᠨ᠎ᠳᠤ ᠡᠤ ᠪᠠᠢ ᠵᠠᠰᠠᠮᠠᠯ ᠵᠠᠮ᠎ᠤᠨ ᠬᠣᠶᠠᠷ ᠬᠠᠵᠠᠭᠤ ᠵᠢᠨ 70 ᠲᠦᠮᠡᠨ ᠮᠦ᠍ ᠡᠯᠡᠰᠦ᠎ᠶ᠋ᠢ ᠶᠡᠷᠦᠩᠬᠡᠢᠯᠡᠨ ᠵᠠᠰᠠᠬᠤ᠎ᠶ᠋ᠢ ᠪᠡᠶᠡᠯᠡᠭᠦᠯᠵᠡᠢ᠃ 2003 ᠣᠨ᠎ᠤ ᠠᠩᠬᠠᠳᠠᠭ᠍ᠴᠢ ᠡᠯᠡᠰᠦ᠎ᠶ᠋ᠢ ᠲᠤᠭᠤᠯᠤᠭ᠍ᠰᠠᠨ ᠵᠠᠰᠠᠮᠠᠯ ᠵᠠᠮ᠎ᠢ ᠵᠠᠰᠠᠵᠤ ᠨᠡᠪᠲᠡᠷᠡᠭᠦᠯᠦᠭ᠌ᠰᠡᠨ᠎ᠡᠴᠡ ᠣᠲᠣ ᠪᠣᠯᠲᠠᠯ᠎ᠠ ᠣᠩᠨᠢᠭᠤᠳ ᠬᠣᠱᠢᠭᠤ ᠨᠢᠭᠡᠨᠲᠡ ᠤᠷᠢᠳ ᠬᠣᠵᠢᠳ ᠣᠩᠨᠢᠭᠤᠳ ᠪᠠᠯᠭᠠᠰᠤ᠎ᠡᠴᠡ ᠪᠠᠶᠠᠨ ᠲᠤᠬᠤᠢ ᠰᠤᠮᠤ ᠬᠥᠷᠬᠥ᠌ ᠱᠤᠭᠤᠮ ᠵᠡᠷᠭᠡ 〈ᠵᠢᠷᠭᠤᠭᠠᠨ ᠬᠥᠨᠳᠡᠯᠡᠨ ᠠᠷᠪᠠᠨ ᠭᠤᠯᠳᠤ〉 16 ᠵᠤᠷᠪᠤᠰ ᠡᠯᠡᠰᠦ᠎ᠶ᠋ᠢ ᠲᠤᠭᠤᠯᠤᠭ᠍ᠰᠠᠨ ᠵᠠᠰᠠᠮᠠᠯ ᠵᠠᠮ᠎ᠢ ᠨᠡᠪᠲᠡᠷᠡᠭᠦᠯᠵᠦ᠍᠂ ᠪᠥᠬᠥ᠌ ᠵᠠᠮ᠎ᠤᠨ ᠣᠷᠳᠣ᠎ᠨᠢ 479.5 ᠺᠢᠯᠣᠮᠧᠲ᠋ᠷ ᠪᠠᠢᠵᠤ᠂ ᠨᠡᠢᠲᠡ 509 ᠲᠦᠮᠡᠨ ᠮᠥ᠍ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠪᠠ》 ᠭᠡᠵᠦ ᠣᠩᠨᠢᠭᠤᠳ ᠬᠣᠱᠢᠭᠤᠨ᠎ᠤ ᠵᠠᠮ ᠲᠡᠭᠡᠭᠡᠪᠦᠷᠢ᠎ᠶ᠋ᠢᠨ ᠲᠣᠪᠴᠢᠶᠠᠨ᠎ᠤ ᠳᠠᠷᠤᠭ᠎ᠠ ᠵᠠᠨ ᠲᠢᠩ ᠬᠣᠶ ᠲᠠᠨᠢᠯᠴᠠᠭᠤᠯᠤᠨ᠎ᠠ᠃

ᠣᠩᠨᠢᠭᠤᠳ ᠬᠣᠱᠢᠭᠤ ᠨᠢ ᠬᠣᠷᠴᠢᠨ᠎ᠤ ᠡᠯᠡᠰᠦᠷᠬᠡᠭ ᠭᠠᠵᠠᠷ᠎ᠤᠨ ᠪᠠᠷᠠᠭᠤᠨ ᠵᠠᠬ᠎ᠠ᠎ᠳᠤ ᠪᠠᠢᠷᠢᠯᠠᠵᠤ᠂ ᠪᠥᠬᠥ᠌ ᠬᠣᠱᠢᠭᠤᠨ᠎ᠤ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ᠎ᠨᠢ 667 ᠲᠦᠮᠡᠨ ᠮᠥ᠍ ᠪᠠᠢᠵᠤ᠂ ᠪᠥᠬᠥ᠌ ᠬᠣᠱᠢᠭᠤᠨ᠎ᠤ ᠶᠡᠷᠦᠩᠬᠡᠶ ᠲᠠᠯᠠᠪᠠᠶ᠎ᠶ᠋ᠢᠨ 37.4%᠎ᠶ᠋ᠢ ᠡᠵᠡᠯᠡᠵᠦ᠍᠂ 8 ᠰᠤᠮᠤ ᠱᠢᠶᠠᠩ ᠪᠠᠯᠭᠠᠰᠤ᠂ 92 ᠭᠠᠴᠠᠭ᠎ᠠ ᠲᠣᠰᠭᠣᠨ᠂ 14 ᠲᠦᠮᠡᠨ ᠬᠥᠮᠦᠨ ᠡᠯᠡᠰᠦᠷᠬᠡᠭ ᠣᠷᠣᠨ᠎ᠳᠤ ᠪᠠᠢᠷᠢᠯᠠᠵᠤ᠂ ᠤᠯᠠᠭᠠᠨᠬᠠᠳᠠ ᠬᠣᠲᠠ᠎ᠶ᠋ᠢᠨ ᠡᠯᠡᠰᠦᠷᠬᠡᠭ ᠭᠠᠵᠠᠷ᠎ᠤᠨ ᠲᠠᠯᠠᠪᠠᠶ ᠪᠠᠷ ᠬᠠᠮᠤᠭ᠎ᠤᠨ ᠶᠡᠬᠡ᠂ ᠵᠠᠰᠠᠯᠲᠠ᠎ᠪᠠᠷ ᠬᠠᠮᠤᠭ᠎ᠤᠨ ᠬᠦᠴᠢᠷᠲᠡᠶ ᠭᠠᠵᠠᠷ ᠣᠷᠣᠨ ᠪᠣᠯᠬᠤ ᠪᠥᠭᠡᠳ ᠤᠯᠠᠭᠠᠨᠬᠠᠳᠠ ᠬᠣᠲᠠ᠎ᠶ᠋ᠢᠨ ᠬᠢᠯᠢ ᠳᠣᠲᠣᠷᠠᠬᠢ ᠬᠣᠷᠴᠢᠨ᠎ᠤ ᠡᠯᠡᠰᠦᠷᠬᠡᠭ ᠭᠠᠵᠠᠷ᠎ᠢ ᠰᠥᠨᠥᠭᠡᠬᠦ᠌ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠭᠤᠤᠯ ᠲᠡᠢᠨ᠎ᠦ ᠲᠠᠯᠠᠪᠤᠷ ᠪᠣᠯᠤᠨ᠎ᠠ᠃

《ᠡᠯᠡᠰᠦᠷᠬᠡᠭ ᠣᠷᠣᠨ᠎ᠳᠤ ᠠᠮᠢᠳᠣᠷᠠᠵᠤ᠂ ᠥᠩᠭᠡᠷᠡᠭᠡᠭ᠌ᠰᠡᠨ᠎ᠳᠦ ᠣᠯᠠᠨ᠎ᠢᠶᠠᠷ᠎ᠢᠶᠠᠨ ᠶᠠᠪᠤᠵᠤ ᠰᠠᠭᠤᠬᠤ᠎ᠳᠤ ᠳᠥᠭᠥᠮ ᠦᠭᠡᠢ᠂ ᠪᠦᠷ ᠬᠡᠳᠦᠨ ᠭᠡᠷ ᠬᠡᠳᠦᠨ ᠡᠷᠦᠬᠡ ᠮᠣᠲ᠋ᠣᠷ ᠤᠨᠤᠵᠤ ᠲᠡᠷᠭᠡ ᠨᠡᠪᠲᠡᠷᠡᠬᠦ᠌ ᠭᠠᠵᠠᠷ᠎ᠲᠤ ᠬᠦᠷᠴᠦ᠍᠂ ᠳᠠᠬᠢᠨ ᠨᠢᠭᠡ ᠲᠡᠷᠭᠡ ᠬᠥᠯᠥᠰᠥᠯᠡᠵᠦ᠍ ᠣᠷᠴᠢᠮ᠎ᠤᠨ ᠪᠠᠯᠭᠠᠰᠤᠨ᠎ᠳᠤ ᠣᠴᠢᠵᠤ ᠶᠠᠭᠤᠮ᠎ᠠ ᠬᠤᠳᠠᠯᠳᠤᠨ ᠠᠪᠴᠤ ᠪᠠᠢᠯ᠎ᠠ᠂ ᠣᠳᠣ ᠭᠠᠴᠠᠭᠠᠨ᠎ᠤ ᠡᠷᠭᠢᠨ ᠲᠣᠭᠣᠷᠢᠨ᠎ᠳᠤ 3 ᠵᠤᠷᠪᠤᠰ ᠡᠯᠡᠰᠦ ᠵᠢ ᠲᠤᠭᠤᠯᠤᠭᠰᠠᠨ ᠵᠠᠮ ᠨᠡᠪᠲᠡᠷᠡᠵᠦ᠍᠂ ᠭᠠᠴᠠᠭᠠᠨ᠎ᠤ 80%᠎ᠶ᠋ᠢᠨ ᠰᠠᠭᠤᠭᠠᠯᠢ ᠡᠷᠦᠬᠡ ᠪᠦᠷ ᠲᠡᠷᠭᠡ ᠬᠤᠳᠠᠯᠳᠤᠨ ᠠᠪᠴᠤ᠂ ᠱᠢᠨ᠎ᠡ ᠰᠣᠷᠭᠣᠭ ᠢᠳᠡᠰᠢᠨ ᠨᠣᠭᠣᠭ᠎ᠠ ᠵᠡᠷᠭᠡ ᠵᠢ ᠬᠡᠵᠢᠶ᠎ᠡ ᠢᠳᠡᠬᠦ᠌ ᠰᠠᠨᠠᠭ᠎ᠠ ᠲᠠᠶ ᠪᠣᠯ ᠬᠡᠵᠢᠶ᠎ᠡ ᠬᠤᠳᠠᠯᠳᠤᠨ ᠠᠪᠴᠤ ᠢᠳᠡᠵᠦ ᠪᠤᠯᠤᠨ᠎ᠠ》᠃ ᠠᠰᠢᠬᠠᠨ ᠰᠤᠮᠤ᠎ᠶ᠋ᠢᠨ ᠤᠯᠠᠭᠠᠨ ᠤᠳᠤ ᠭᠠᠴᠠᠭᠠᠨ᠎ᠤ ᠮᠠᠯᠴᠢᠨ ᠰᠦᠬᠡᠪᠠᠭᠠᠲᠤᠷ᠎ᠲᠤ ᠠᠪᠴᠤ᠌ ᠬᠡᠯᠡᠪᠡᠯ ᠡᠯᠡᠰᠦ ᠵᠢ ᠳᠤᠭᠤᠯᠤᠭ᠍ᠰᠠᠨ ᠵᠠᠰᠠᠮᠠᠯ ᠵᠠᠮ ᠨᠢ ᠮᠠᠯᠴᠢᠳ᠎ᠤᠨ ᠶᠠᠪᠤᠵᠤ ᠰᠠᠭᠤᠬᠤ᠎ᠳᠤ ᠲᠥᠬᠥᠮ ᠦᠵᠡᠭᠦᠯᠦᠭ᠌ᠰᠡᠨ᠎ᠢᠶᠡᠷ ᠪᠠᠷᠠᠬᠤ ᠥᠬᠡᠶ ᠨᠠᠩ ᠴᠤ᠌ ᠪᠠᠶᠠᠵᠢᠯ᠎ᠤᠨ ᠵᠠᠮ ᠪᠣᠯᠤᠭ᠍ᠰᠠᠨ ᠶᠤᠮ᠃ ᠥᠩᠭᠡᠷᠡᠭ᠌ᠰᠡᠨ᠎ᠳᠦ ᠮᠠᠯᠴᠢᠳ ᠮᠠᠯ ᠠᠵᠤ ᠠᠬᠤᠶ᠎ᠡᠴᠡ ᠥᠭᠡᠷ᠎ᠡ ᠣᠷᠣᠯᠭ᠎ᠠ ᠥᠬᠡᠶ ᠪᠠᠢᠭ᠍ᠰᠠᠨ᠂ ᠣᠲᠣ ᠣᠯᠠᠨ᠎ᠢᠶᠠᠷ᠎ᠢᠶᠠᠨ ᠡᠯᠡᠰᠦ ᠵᠠᠰᠠᠬᠤ ᠠᠵᠢᠯ᠎ᠳᠤ ᠣᠷᠣᠯᠴᠠᠵᠤ᠂ ᠭᠠᠴᠠᠭ᠎ᠠ᠎ᠶ᠋ᠢᠨ ᠠᠵᠢᠯᠴᠢ ᠠᠢᠯ ᠤ᠋ᠨ ᠬᠢᠨ ᠵᠥᠪᠬᠡᠨ ᠬᠠᠪᠤᠷ᠎ᠤᠨ ᠤᠯᠠᠷᠢᠯ᠎ᠳᠤ ᠡᠪᠡᠰᠦ ᠬᠠᠳᠤᠬᠤ ᠪᠡᠷ ᠲᠠᠮᠵᠢᠨ 3 ᠲᠦᠮᠡ ᠱᠢᠬᠠᠮ ᠲᠥᠭᠥᠷᠢᠭ ᠣᠯᠳᠠᠭ ᠪᠣᠯᠵᠠᠶ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠢ ᠬᠠᠮᠤᠭ ᠲᠥᠪᠯᠡᠷᠡᠭ᠌ᠰᠡᠨ᠂ ᠬᠣᠣᠷ ᠬᠥᠨᠥᠭᠡᠯ ᠨᠢ ᠬᠠᠮᠤᠭ ᠬᠦᠨᠳᠦ ᠨᠣᠴᠢᠲᠠᠢ ᠮᠤᠵᠢ ᠣᠷᠣᠨ᠎ᠤ ᠨᠢᠭᠡ ᠪᠣᠯᠤᠨ᠎ᠠ᠂ ᠪᠠᠳᠠᠢ᠎ᠶ᠋ᠢᠨ ᠵᠢᠷᠠᠨ᠂ ᠲᠩᠷᠢ᠂ ᠤᠯᠠᠭᠠᠨᠪᠤᠬ᠎ᠠ᠂ ᠬᠥᠪᠴᠢ ᠵᠡᠷᠭᠡ 《ᠲᠦᠷᠪᠡᠨ ᠶᠡᠬᠡ ᠡᠯᠡᠰᠦ》 ᠪᠠ ᠮᠤᠤᠠᠤᠰᠤ᠂ ᠬᠤᠯᠠᠨ ᠱᠢᠷᠭ᠎ᠠ ᠲᠠᠭ᠎ᠠ᠂ ᠬᠣᠷᠴᠢᠨ᠂ ᠬᠥᠯᠥᠨ ᠪᠤᠢ᠌ᠷ ᠵᠡᠷᠭᠡ 《ᠲᠦᠷᠪᠡᠨ ᠶᠡᠬᠡ ᠡᠯᠡᠰᠦᠷᠬᠡᠭ ᠭᠠᠵᠠᠷ》 ᠲᠠᠷᠬᠠᠵᠤ ᠪᠤᠢ᠂ ᠣᠳᠣᠬᠠᠨ᠎ᠳᠤ ᠡᠯᠡᠰᠦ᠎ᠶ᠋ᠢ ᠲᠤᠭᠤᠯᠤᠭ᠍ᠰᠠᠠ ᠵᠠᠰᠠᠮᠠᠯ ᠵᠠᠮ᠎ᠤᠳ ᠡᠯᠡᠰᠦᠷᠬᠡᠭ ᠣᠷᠣᠨ᠎ᠢ 《ᠤᠭᠳᠤᠯᠵᠤ》᠂ ᠪᠣᠬᠢᠷᠲᠤᠯ ᠦᠭᠡᠢ᠎ᠪᠡᠷ ᠡᠯᠡᠰᠦᠷᠬᠡᠭ ᠣᠷᠣᠨ᠎ᠳᠤ ᠪᠦᠰᠡᠯᠡᠯᠲᠡ ᠱᠢᠪᠲᠤᠯᠵᠤ ᠪᠤᠢ᠃

ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ ᠤᠯᠠᠭᠠᠨᠪᠤᠬ᠎ᠠ ᠵᠢᠨ ᠡᠯᠡᠰᠦ ᠪᠣᠯᠤᠨ 《ᠪᠣᠭᠣᠮᠲᠠ᠎ᠶ᠋ᠢᠨ ᠭᠠᠳᠠᠨᠠᠬᠢ ᠠᠮᠤ ᠵᠢᠨ ᠰᠠᠩ》 ᠬᠡᠮᠡᠭᠳᠡᠭᠰᠡᠨ ᠪᠣᠷᠣᠲᠣᠬᠣᠢ᠎ᠶ᠋ᠢᠨ ᠲᠠᠯ᠎ᠠ ᠭᠠᠵᠠᠷ᠎ᠤᠨ ᠬᠣᠭᠣᠷᠣᠨᠳᠣ ᠪᠠᠢᠷᠢᠯᠠᠵᠤ᠂ ᠣᠨᠴᠠᠭᠠᠢ ᠭᠠᠵᠠᠷ ᠵᠦᠢ᠎ᠶ᠋ᠢᠨ ᠪᠠᠢᠷᠢᠱᠢᠯ ᠨᠢ ᠡᠨᠳᠡᠬᠢ᠎ᠶ᠋ᠢ 《ᠡᠯᠡᠰᠦ᠎ᠶ᠋ᠢ ᠰᠠᠬᠢᠬᠤ ᠪᠡᠬᠢᠯᠡᠯᠲᠡ》 ᠪᠣᠯᠭᠠᠵᠠᠢ᠃

ᠳ᠋ᠸᠩ ᠵᠢᠢ ᠱᠤᠭᠤᠮ᠎ᠤᠨ ᠪᠦᠬᠦ᠌ ᠤᠷᠳᠤ ᠨᠢ 66 ᠺᠢᠯᠤᠮᠸᠲᠷ ᠪᠠᠢᠵᠤ᠂ ᠤᠯᠠᠭᠠᠨᠪᠤᠬ᠎ᠠ ᠵᠢᠨ ᠡᠯᠡᠰᠦᠨ᠎ᠦ ᠥᠷᠥᠴᠡ᠎ᠶ᠋ᠢ ᠬᠦᠨᠳᠡᠯᠡᠨ ᠵᠢᠡᠷ ᠦᠩᠭᠡᠷᠡᠵᠦ᠂ ᠤᠯᠠᠭᠠᠨᠪᠤᠬ᠎ᠠ ᠵᠢᠨ ᠡᠯᠡᠰᠦ ᠵᠢ ᠶᠡᠷᠦᠩᠬᠡᠢᠯᠡᠨ ᠵᠠᠰᠠᠬᠤ ᠪᠠ ᠠᠯᠠᠱᠠ ᠠᠢᠮᠠᠭ᠎ᠲᠤ ᠨᠡᠪᠲᠡᠷᠡᠬᠦ᠌ ᠴᠢᠬᠤᠯᠠ ᠵᠠᠮ ᠪᠣᠯᠤᠨ᠎ᠠ᠃

《ᠥᠩᠭᠡᠷᠡᠭ᠌ᠰᠡᠨ᠎ᠳᠦ ᠡᠨᠳᠡᠬᠢ ᠡᠯᠡᠰᠦ᠎ᠶ᠋ᠢ ᠵᠠᠰᠠᠬᠤ᠎ᠳᠤ ᠬᠥᠮᠦᠰ ᠴᠢᠬᠢ ᠮᠣᠳᠣ᠎ᠪᠠᠨ ᠡᠭᠦᠷᠬᠦ᠌ ᠪᠤᠶᠤ ᠳᠠᠮᠨᠠᠵᠤ ᠡᠯᠡᠰᠦᠨ᠎ᠳᠦ ᠣᠴᠢᠵᠤ ᠳᠠᠷᠢᠳᠠᠭ᠂ ᠵᠠᠮ᠎ᠢ ᠵᠠᠰᠠᠵᠤ ᠨᠡᠪᠲᠡᠷᠡᠭᠦᠯᠦᠭ᠌ᠰᠡᠨ᠎ᠦ ᠳᠠᠷᠠᠭ᠎ᠠ ᠲᠡᠷᠭᠡ ᠬᠥᠰᠭᠡ᠎ᠪᠡᠷ ᠴᠢᠬᠢ ᠮᠣᠳᠣ᠎ᠪᠠᠨ ᠱᠢᠭᠤᠳ ᠠᠵᠢᠯ᠎ᠤᠨ ᠠᠬᠤᠶ ᠲᠠᠯᠠᠪᠠᠶ᠎ᠶ᠋ᠢᠨ ᠣᠢᠷᠠᠯᠴᠠᠭ᠎ᠠ ᠠᠪᠠᠴᠢᠳᠠᠭ᠂ ᠵᠠᠭ᠎ᠤᠨ ᠣᠢᠵᠢᠭᠤᠯᠤᠯᠲᠠ᠎ᠶ᠋ᠢᠨ ᠴᠢᠬᠢ ᠰᠠᠭᠤᠯᠭᠠᠬᠤ ᠮᠠᠱᠢᠨ᠎ᠴᠦ᠍ ᠬᠡᠷᠡᠭᠴᠡᠭᠡ ᠲᠠᠶ ᠪᠣᠯᠵᠠᠶ᠃ 2023 ᠣᠨ᠎ᠳᠤ ᠳ᠋ᠸᠩ ᠵᠢᠢ ᠱᠤᠭᠤᠮ᠎ᠤᠨ ᠬᠠᠮᠤᠭ᠎ᠤᠨ ᠱᠢᠨ᠎ᠡ ᠨᠢᠭᠡ ᠤᠳᠠᠭᠠᠨ᠎ᠤ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠥᠭᠡᠷᠡᠴᠢᠯᠡᠭ᠌ᠰᠡᠨ᠎ᠦ ᠳᠠᠷᠠᠭᠠᠬᠢ ᠨᠡᠪᠲᠡᠷᠡᠬᠦ᠌ ᠴᠢᠳᠠᠪᠤᠷᠢ᠎ᠨᠢ ᠲᠤᠬᠠᠶ᠎ᠶ᠋ᠢᠨ ᠭᠠᠵᠠᠷ᠎ᠤᠨ 〈ᠬᠡᠷᠡᠯᠴᠢ ᠴᠡᠨᠡᠭ + ᠡᠯᠡᠰᠦᠨ᠎ᠦ ᠠᠵᠤ ᠦᠶ᠋ᠯᠡᠰ᠎ᠦᠨ ᠠᠮᠢ ᠠᠬᠤᠶ᠎ᠶ᠋ᠢᠨ ᠵᠠᠰᠠᠯᠲᠠ〉 ᠶ᠋ᠢᠨ ᠵᠠᠭ᠍ᠪᠤᠷ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠎ᠳᠦ ᠲᠤᠢᠯ᠎ᠤᠨ ᠶᠡᠬᠡ ᠬᠦᠴᠦᠨ ᠨᠡᠮᠡᠷᠢᠯᠡᠪᠡ᠃ ᠤᠳᠤ ᠳ᠋ᠸᠩ ᠵᠶ᠋ᠢ ᠱᠤᠭᠤᠮ ᠳᠠᠭᠠᠤ 13 ᠭᠡᠷᠡᠯᠴᠢ ᠴᠡᠨᠡᠭ᠎ᠦᠨ ᠠᠵᠤ ᠠᠬᠤᠢᠯᠠᠯ ᠲᠠᠷᠬᠠᠵᠤ ᠪᠠᠢᠨ᠎ᠠ》 ᠭᠡᠵᠦ᠍ ᠳ᠋ᠸᠩᠺᠸᠤ ᠱᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠱ᠌ᠢ ᠶᠠᠨ ᠰᠤᠷᠪᠤᠯᠵᠢᠯᠠᠭ᠍ᠴᠢ᠎ᠳᠤ ᠳᠠᠨᠢᠯᠴᠠᠭᠤᠯᠤᠨ᠎ᠠ᠃

《ᠮᠠᠨ᠎ᠤ ᠲᠥᠷᠥᠯ ᠵᠦᠶ᠋ᠯ ᠬᠡᠷᠡᠯᠴᠢ ᠴᠡᠨᠡᠭ᠎ᠦᠨ ᠬᠠᠪᠲᠠᠰᠤ ᠪᠡᠷ ᠴᠠᠬᠢᠯᠭᠠᠨ ᠭᠠᠷᠭᠠᠬᠤ᠂ ᠬᠠᠪᠲᠠᠰᠤᠨ ᠳᠤᠤᠷ᠎ᠠ ᠳᠠᠷᠢᠬᠤ ᠵᠠᠭ᠍ᠪᠤᠷ᠎ᠢᠶᠠᠷ ᠡᠯᠡᠰᠦ᠎ᠶ᠋ᠢ ᠵᠠᠰᠠᠵᠤ ᠬᠥᠷᠥᠰᠥ᠍ ᠱᠢᠷᠣᠶ᠎ᠶ᠋ᠢ ᠥᠭᠡᠷᠡᠴᠢᠯᠡᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠠᠢᠴᠢᠯᠠᠵᠤ ᠪᠤᠢ᠃ ᠮᠠᠨ᠎ᠤ ᠴᠠᠬᠢᠯᠭᠠᠨ ᠦᠷᠳᠡᠭᠡ ᠤᠮᠠᠷᠠᠰᠢ ᠳ᠋ᠸᠩ ᠵᠢᠢ ᠱᠤᠭᠤᠮ᠎ᠲᠠᠶ ᠬᠠᠪᠢᠳᠠᠵᠤ᠂ ᠡᠮᠦᠨᠡᠰᠢ ᠪᠡᠨ ᠠᠮᠢ ᠠᠬᠤᠢ᠎ᠶ᠋ᠢᠨ ᠶᠡᠬᠡ ᠵᠠᠮ᠎ᠲᠠᠶ ᠵᠠᠯᠭᠠᠯᠳᠤᠵᠤ ᠪᠠᠢᠨ᠎ᠠ᠃ ᠡᠨᠡ ᠬᠣᠶᠠᠷ ᠵᠠᠰᠠᠮᠠᠯ ᠵᠠᠮ᠎ᠤᠨ ᠪᠦᠳᠦᠭᠡᠨ ᠪᠠᠢᠭᠤᠯᠤᠯᠲᠠ ᠨᠢ ᠲᠤᠨᠤᠭ ᠲᠥᠬᠥᠭᠡᠷᠦᠮᠵᠢ ᠪᠣᠯᠤᠨ ᠮᠠᠲ᠋ᠧᠷᠢᠶᠠᠯ᠎ᠢ ᠵᠠᠬ᠎ᠠ ᠳᠡᠯᠭᠡᠭᠦᠷ᠎ᠲᠦ ᠣᠷᠣᠭᠤᠯᠬᠤ ᠵᠢ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠠᠵᠢᠯᠲᠠᠳ᠎ᠤᠨ ᠠᠵᠢᠯ᠎ᠳᠤ ᠭᠠᠷᠴᠤ ᠠᠵᠢᠯ᠎ᠡᠴᠡ ᠪᠠᠭᠤᠵᠤ ᠱᠢᠶᠠᠨ᠎ᠤ ᠬᠤᠳᠠ᠎ᠳᠤ ᠪᠤᠴᠠᠬᠤ ᠴᠠᠭ ᠴᠤ᠌ ᠶᠡᠬᠡ ᠪᠡᠷ ᠪᠣᠭᠣᠨᠢᠰᠴᠤ᠌᠂ ᠵᠠᠮ᠎ᠤᠨ ᠬᠣᠶᠠᠷ ᠬᠠᠵᠠᠭᠤ᠎ᠶ᠋ᠢᠨ ᠨᠣᠭᠣᠭᠠᠷᠠᠭᠤᠯᠤᠯᠲᠠ ᠨᠢ ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠵᠤ ᠠᠮᠢ ᠠᠬᠤᠢ᠎ᠶ᠋ᠢ ᠰᠠᠢᠵᠢᠷᠠᠭᠤᠯᠬᠤ᠎ᠶ᠋ᠢᠨ ᠬᠠᠮᠲᠤ ᠪᠠᠰᠠ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ ᠪᠣᠯᠵᠠᠢ》 ᠭᠡᠵᠦ᠍ ᠳ᠋ᠠ ᠲᠠᠩ ᠮᠸᠩ ᠰᠢ ᠱᠢᠨ᠎ᠡ ᠡᠨᠧᠷᠭᠢ᠎ᠶ᠋ᠢᠨ ᠠᠵᠢᠯ ᠦᠢᠯᠡᠰ᠎ᠦᠨ ᠬᠡᠯᠲᠡᠰ᠎ᠦᠨ ᠱᠧᠩ ᠶᠤᠸᠠᠨ ᠭᠡᠷᠡᠯ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠳᠠᠭᠠᠭᠠᠮᠠᠯ ᠳ᠋ᠢᠶᠤᠤ ᠷᠦᠢ ᠱᠢᠤᠸᠠᠨ ᠬᠡᠯᠡᠪᠡ᠃

ᠵᠠᠮ᠎ᠢ ᠬᠠᠮᠢᠭ᠎ᠠ ᠬᠦᠷᠲᠡᠯ᠎ᠡ ᠵᠠᠰᠠᠪᠠᠯ ᠨᠣᠭᠣᠭᠠᠨ ᠥᠩᠭᠡ ᠲᠡᠨᠳᠡ ᠬᠦᠷᠲᠡᠯ᠎ᠡ ᠦᠷᠬᠦᠯᠵᠢᠯᠡᠨ᠎ᠡ᠃ 《ᠵᠠᠮ᠎ᠢᠶᠠᠷ ᠲᠣᠭᠣᠷᠢᠭ ᠬᠤᠪᠢᠶᠠᠬᠤ᠂ ᠬᠡᠰᠡᠭ ᠬᠤᠪᠢᠶᠠᠨ ᠵᠠᠰᠠᠬᠤ᠂ ᠡᠷᠬᠢᠨ ᠲᠣᠭᠣᠷᠢᠨ᠎ᠢᠶᠠᠨ ᠲᠤᠭᠳᠠᠪᠦᠷᠢᠵᠢᠭᠤᠯᠬᠤ᠂ ᠳᠣᠲᠣᠷ᠎ᠠ ᠭᠠᠵᠠᠷ᠎ᠲᠤ ᠨᠡᠪᠴᠢᠬᠦ᠌》 ᠵᠠᠮ᠎ᠢᠶᠠᠷ ᠡᠯᠡᠰᠦ᠎ᠶ᠋ᠢ ᠵᠠᠰᠠᠬᠤ ᠵᠠᠭ᠍ᠪᠤᠷ᠎ᠢ ᠨᠢᠭᠡᠨᠲᠡ ᠥᠪᠥᠷ ᠮᠣᠩᠭᠣᠯ᠎ᠤᠨ ᠣᠯᠠᠨ ᠠᠢᠮᠠᠭ ᠬᠣᠲᠠ᠎ᠳᠤ ᠥᠷᠭᠡᠨ᠎ᠢᠶᠡᠷ ᠬᠡᠷᠡᠭ᠌ᠯᠡᠪᠡ᠃ ᠣᠳᠣᠬᠠᠨ᠎ᠳᠤ᠂ ᠥᠪᠥᠷ ᠮᠣᠩᠭᠣᠯ ᠨᠢᠭᠡᠨᠲᠡ ᠤᠯᠤᠰ ᠮᠤᠵᠢ᠎ᠶ᠋ᠢᠨ ᠭᠤᠤᠯ ᠱᠤᠭᠤᠮ᠎ᠢᠶᠠᠷ ᠭᠤᠤᠯ ᠪᠦᠷᠢᠯᠳᠦᠴᠡ ᠪᠣᠯᠭᠠᠭ᠍ᠰᠠᠨ᠂ ᠬᠥᠳᠡᠭᠡ ᠲᠣᠰᠭᠣᠨ᠎ᠤ ᠵᠠᠰᠠᠮᠠᠯ ᠵᠠᠮ᠎ᠢᠶᠠᠷ ᠰᠤᠳᠠᠰᠤ ᠪᠣᠯᠭᠠᠭ᠍ᠰᠠᠨ ᠡᠯᠡᠰᠦ ᠵᠢ ᠳᠤᠭᠤᠯᠤᠭ᠍ᠰᠠᠨ ᠵᠠᠰᠠᠮᠠᠯ ᠵᠠᠮ᠎ᠤᠨ ᠲᠤᠤᠷ ᠰᠦᠯᠵᠢᠶ᠎ᠡ ᠪᠠᠢᠭᠤᠯᠵᠤ᠂ ᠬᠣᠷᠴᠢᠨ᠎ᠤ ᠡᠯᠡᠰᠦᠷᠬᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠵᠠᠰᠠᠮᠠᠯ ᠵᠠᠮ᠎ᠤᠨ ᠪᠥᠬᠥ᠌ ᠣᠷᠳᠣ᠎ᠨᠢ ᠪᠠᠷᠤᠭ 2.5 ᠲᠦᠮᠡᠨ ᠺᠢᠯᠣᠮᠧᠲ᠋ᠷ ᠪᠠᠢᠵᠤ᠂ ᠪᠣᠬᠢᠷᠲᠤᠯ ᠥᠬᠡᠶ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠬᠡᠯᠬᠢᠨ ᠬᠣᠯᠪᠣᠵᠤ᠂ ᠪᠠᠰᠠ ᠡᠯᠡᠰᠦᠷᠬᠡᠭ ᠣᠷᠣᠨ᠎ᠤ ᠣᠯᠠᠨ ᠲᠦᠮᠡᠨ᠎ᠦ ᠭᠠᠳᠠᠨᠠᠬᠢ ᠲᠠᠶ ᠬᠠᠷᠢᠯᠴᠠᠬᠤ ᠵᠠᠮ᠎ᠢ ᠨᠡᠪᠲᠡᠷᠡᠭᠦᠯᠵᠦ᠍᠂ ᠡᠯᠡᠰᠦᠷᠬᠡᠭ ᠣᠷᠣᠨ᠎ᠤ ᠬᠥᠭ᠌ᠵᠢᠯᠲᠡ᠎ᠳᠦ ᠬᠢᠵᠠᠭᠠᠯᠠᠰᠢ ᠥᠬᠡᠶ ᠪᠣᠯᠤᠮᠵᠢ ᠡᠭᠦᠳᠴᠦ᠍ ᠥᠭ᠌ᠴᠡᠶ᠃

ᠬᠠᠮᠤᠭ᠎ᠤᠨ ᠱᠢᠨ᠎ᠡ ᠲᠣᠭ᠎ᠠ ᠪᠦᠷᠢᠳᠭᠡᠯ᠎ᠢ ᠦᠨᠳᠦᠰᠦᠯᠡᠪᠡᠯ᠂ ᠥᠪᠥᠷ ᠮᠣᠩᠭᠣᠯ᠎ᠤᠨ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠵᠠᠯᠭᠠᠭ᠎ᠠ᠎ᠪᠠᠷ 4 ᠬᠢᠨᠠᠨ ᠬᠡᠮᠵᠢᠬᠦ᠌ ᠬᠤᠭᠤᠴᠠᠭᠠᠨ᠎ᠳᠤ 《ᠬᠤᠤᠰ᠎ᠪᠠᠭᠤᠷᠠᠯᠲᠠ》᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ ᠬᠡᠮᠵᠢᠶ᠎ᠡ 《ᠬᠤᠤᠰ ᠳᠡᠭᠡᠭ᠌ᠰᠢᠯᠡᠯᠲᠡ》 ᠶ᠋ᠢ ᠪᠡᠶᠡᠯᠡᠭᠦᠯᠵᠦ᠍᠂ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠴᠢᠬᠤᠯᠠ ᠶᠡᠬᠡ ᠲᠡᠦᠬᠡᠨ ᠬᠤᠪᠢᠷᠠᠯᠲᠠ᠎ᠶ᠋ᠢ ᠪᠡᠶᠡᠯᠡᠭᠦᠯᠪᠡ᠃ 《ᠨᠢᠭᠡᠨᠲᠡ ᠪᠠᠢᠭᠤᠯᠤᠭ᠍ᠰᠠᠨ ᠳᠡᠭᠡᠳᠦ ᠲᠠᠰ᠎ᠤᠨ ᠪᠠ ᠡᠳᠦᠶ ᠲᠡᠳᠦᠶ ᠬᠥᠳᠡᠭᠡ ᠲᠣᠰᠭᠣᠨ᠎ᠤ ᠡᠯᠡᠰᠦ ᠳᠤᠭᠤᠯᠤᠭ᠍ᠰᠠᠨ ᠵᠠᠰᠠᠮᠠᠯ ᠵᠠᠮ᠎ᠤᠨ ᠰᠠᠭᠤᠷᠢᠨ ᠳᠡᠭᠡᠷ᠎ᠡ᠂ ᠪᠢᠳᠡ ᠪᠠᠰᠠ 1019 ᠺᠢᠯᠣᠮᠧᠲ᠋ᠷ᠎ᠦᠨ ᠭᠤᠤᠯ ᠱᠤᠭᠤᠮ᠎ᠤᠨ ᠵᠠᠰᠠᠮᠠᠯ ᠵᠠᠮ᠎ᠤᠨ ᠲᠥᠷᠥᠯ ᠵᠦᠶ᠋ᠯ ᠪᠠ 1300 ᠺᠢᠯᠣᠮᠧᠲ᠋ᠷ᠎ᠦᠨ ᠱᠢᠨ᠎ᠡ᠎ᠪᠡᠷ ᠥᠭᠡᠷᠡᠴᠢᠯᠡᠨ ᠪᠠᠢᠭᠤᠯᠬᠤ ᠮᠠᠯᠵᠢᠬᠤ ᠲᠠᠷᠢᠶᠠᠯᠠᠬᠤ ᠣᠷᠣᠨ᠎ᠤ ᠡᠯᠡᠰᠦ ᠳᠤᠭᠤᠯᠤᠭ᠍ᠰᠠᠨ ᠵᠠᠰᠠᠮᠠᠯ ᠵᠠᠮ᠎ᠤᠨ ᠲᠥᠷᠥᠯ ᠵᠦᠶ᠋ᠯ᠎ᠢ ᠲᠥᠯᠥᠪᠵᠢᠭᠦᠯᠦᠨ ᠬᠡᠷᠡᠭ᠌ᠵᠢᠭᠦᠯᠪᠡ᠂ ᠡᠨᠡ ᠵᠢᠯ ᠪᠢᠳᠡ ᠵᠠᠰᠠᠮᠠᠯ ᠵᠠᠮ ᠳᠠᠭᠠᠤ᠎ᠶ᠋ᠢᠨ ᠡᠯᠡᠰᠦᠷᠬᠡᠭᠵᠢᠯ᠎ᠢ ᠰᠡᠷᠭᠡᠢᠯᠡᠵᠦ᠍ ᠨᠣᠭᠣᠭᠠᠷᠠᠭᠤᠯᠬᠤ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠡᠯᠡᠰᠦ ᠳᠤᠭᠤᠯᠤᠭ᠍ᠰᠠᠨ ᠵᠠᠰᠠᠮᠠᠯ ᠵᠠᠮ᠎ᠢ ᠡᠯᠡᠰᠦ ᠵᠠᠰᠠᠬᠤ ᠪᠣᠬᠢᠷᠲᠤᠯ ᠥᠬᠡᠶ ᠬᠠᠯᠬᠠᠪᠴᠢ ᠪᠣᠯᠭᠠᠨ ᠪᠠᠢᠭᠤᠯᠬᠤ᠎ᠪᠠᠷ ᠴᠢᠷᠮᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠭᠤᠤ ᠱ᠌ᠢ ᠴᠢᠨ ᠲᠠᠨᠢᠯᠴᠠᠭᠤᠯᠪᠠ᠃

ᠵᠠᠮ᠎ᠢᠶᠠᠷ ᠦᠢᠯᠡᠰ᠎ᠢᠶᠡᠨ ᠮᠠᠨᠳᠤᠭᠤᠯᠵᠤ ᠮᠠᠯᠴᠢᠨ ᠲᠠᠷᠢᠶᠠᠴᠢᠨ᠎ᠢ ᠪᠠᠶᠠᠵᠢᠯ᠎ᠤᠨ ᠵᠠᠮ᠎ᠳᠤ ᠤᠷᠤᠭᠤᠯᠪᠠ 

ᠵᠠᠩ ᠭᠦᠸᠧ ᠯᠢ᠎ᠶ᠋ᠢᠨ ᠬᠢ᠎ᠡᠴᠡ 10 ᠮᠢᠨᠦ᠋ᠲ ᠯᠡ ᠶᠠᠪᠤᠬᠤ ᠵᠠᠢᠲᠠᠶ ᠪᠠᠢᠭ᠎ᠠ ᠮᠸᠩ ᠶᠧ ᠠᠷᠢᠬᠢᠨ᠎ᠤ ᠦᠶ᠋ᠯᠡᠳᠪᠦᠷᠢ᠎ᠨᠢ ᠬᠠᠭᠤᠷᠠᠶ ᠬᠡᠯᠪᠡᠷᠢ᠎ᠶ᠋ᠢᠨ᠂ ᠱᠢᠬᠢᠷᠯᠢᠭ ᠬᠡᠯᠪᠡᠷᠢ᠎ᠶ᠋ᠢᠨ ᠬᠣᠶᠠᠷ ᠲᠣᠮᠣ ᠱᠢᠷᠢᠰ᠎ᠦᠨ 30 ᠭᠠᠷᠤᠶ ᠲᠥᠷᠥᠯ ᠵᠦᠶ᠋ᠯ᠎ᠦᠨ ᠦᠵᠦᠮ᠎ᠦᠨ ᠠᠷᠢᠬᠢ᠎ᠶ᠋ᠢ ᠪᠥᠬᠥ᠌ ᠤᠯᠤᠰ᠎ᠤᠨ ᠡᠯ᠎ᠡ ᠭᠠᠵᠠᠷ᠎ᠲᠤ ᠲᠠᠰᠤᠷᠠᠯᠲᠠ ᠥᠬᠡᠶ ᠪᠤᠷᠤᠯᠠᠭᠤᠯᠤᠨ ᠲᠠᠷᠬᠠᠭᠠᠵᠤ ᠪᠣᠶ᠃

《ᠡᠮᠡᠭᠡᠯ ᠠᠭᠤᠯᠠᠨ᠎ᠤ ᠦᠵᠦᠮ᠎ᠦᠨ ᠥᠩᠭᠡ ᠨᠢ ᠰᠠᠢᠨ᠂ ᠠᠷᠢᠬᠢ ᠨᠡᠷᠡᠬᠦ᠌᠎ᠳᠦ ᠮᠠᠰᠢ ᠲᠣᠬᠢᠷᠠᠮᠵᠢᠲᠠᠶ᠂ ᠥᠩᠭᠡᠷᠡᠭ᠌ᠰᠡᠨ᠎ᠳᠦ ᠵᠠᠮ ᠬᠠᠷᠢᠯᠴᠠᠭ᠎ᠠ ᠳᠥᠭᠥᠮ ᠦᠭᠡᠢ᠎ᠡᠴᠡ ᠪᠣᠯᠵᠤ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠵᠠᠶ᠃ ᠣᠢᠷ᠎ᠠ᠎ᠶ᠋ᠢᠨ ᠵᠢᠯ᠎ᠦᠳ᠎ᠲᠦ ᠡᠮᠡᠭᠡᠯ ᠠᠭᠤᠯᠠ ᠲᠣᠰᠭᠣᠨ᠎ᠤ ᠵᠠᠮ ᠳᠠᠭᠠᠤ ᠲᠩᠷᠢ ᠭᠠᠵᠠᠷ᠎ᠢ ᠳᠣᠩᠰᠣᠯᠭᠠᠮ᠎ᠠ ᠯᠤᠳᠤ ᠶᠡᠬᠡ ᠬᠤᠪᠢᠷᠠᠯᠲᠠ ᠭᠠᠷᠴᠠᠶ᠂ ᠪᠢᠳᠡ ᠡᠮᠡᠭᠡᠯ ᠠᠭᠤᠯᠠ ᠲᠣᠰᠭᠣᠨ ᠪᠣᠯᠤᠨ ᠡᠮᠡᠭᠡᠯ ᠠᠭᠤᠯᠠ᠎ᠶᠢᠨ ᠬᠤᠨᠢᠨ᠎ᠤ ᠲᠠᠯᠠᠪᠠᠶ ᠲᠠᠶ ᠬᠠᠮᠲᠤ ᠦᠵᠦᠮ᠎ᠦᠨ ᠲᠠᠷᠢᠶᠠᠯᠠᠩ᠎ᠤᠨ ᠬᠣᠷᠱᠢᠶ᠎ᠠ ᠪᠠᠢᠭᠤᠯᠤᠭ᠍ᠰᠠᠨ ᠪᠥᠭᠡᠳ ᠣᠷᠳᠣ ᠬᠤᠭᠤᠴᠠᠭ᠎ᠠ᠎ᠪᠠᠷ ᠬᠤᠳᠠᠯᠳᠤᠨ ᠠᠪᠬᠤ ᠭᠡᠷ᠎ᠡ ᠲᠣᠭ᠍ᠲᠠᠵᠤ᠂ ᠵᠢᠩ ᠪᠦᠷᠢ᠎ᠶ᠋ᠢ ᠵᠠᠬ᠎ᠠ ᠳᠡᠯᠭᠡᠭᠦᠷ᠎ᠦᠨ ᠦᠨ᠎ᠡ᠎ᠡᠴᠡ 0.5 ᠲᠥᠭᠥᠷᠢᠭ ᠥᠨᠳᠥᠷ ᠦᠨ᠎ᠡ᠎ᠪᠡᠷ ᠬᠤᠳᠠᠯᠳᠤᠨ ᠠᠪᠴᠤ᠌᠂ ᠡᠮᠡᠭᠡᠯ ᠠᠭᠤᠯᠠ᠎ᠳᠠᠬᠢ ᠦᠵᠦᠮ ᠳᠠᠷᠢᠵᠤ ᠪᠠᠢᠭ᠎ᠠ ᠡᠷᠦᠬᠡ᠎ᠳᠦ ᠮᠥ᠍ ᠪᠦᠷᠢ᠎ᠡᠴᠡ 1000 ᠲᠥᠭᠥᠷᠢᠭ᠎ᠦᠨ ᠣᠷᠣᠯᠭ᠎ᠠ᠎ᠶ᠋ᠢ ᠱᠢᠭᠤᠳ ᠨᠡᠮᠡᠭ᠌ᠳᠡᠭᠦᠯᠵᠦ᠍ ᠥᠭ᠌ᠴᠡᠶ》 ᠭᠡᠵᠦ᠍ ᠥᠪᠥᠷ ᠮᠣᠩᠭᠣᠯ᠎ᠤᠨ ᠬᠣᠩ ᠺᠦᠨ ᠮᠸᠩ ᠶᠧ ᠠᠷᠢᠬᠢᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠱᠢᠤᠢ ᠱᠢᠨ ᠶᠠᠩ ᠬᠡᠯᠡᠪᠡ᠃

ᠬᠠᠷᠠᠴᠢᠨ ᠬᠣᠱᠢᠭᠤ ᠥᠪᠥᠷ ᠮᠣᠩᠭᠣᠯ᠎ᠤᠨ ᠵᠡᠭᠦᠨ ᠡᠮᠦᠨᠡᠲᠦ ᠬᠡᠰᠡᠭ᠂ ᠥᠪᠥᠷ ᠮᠣᠩᠭᠣᠯ ᠾᠧᠪᠧᠢ ᠯᠢᠶᠣᠤᠨᠢᠩ 3 ᠮᠤᠵᠢ ᠣᠷᠣᠨ᠎ᠤ ᠠᠭᠤᠯᠵᠠᠷ᠎ᠲᠤ ᠪᠠᠢᠷᠢᠯᠠᠵᠤ᠂ ᠪᠦᠬᠦ᠌ ᠬᠣᠱᠢᠭᠤᠨ᠎ᠤ ᠶᠡᠷᠦᠩᠬᠡᠢ ᠲᠠᠯᠠᠪᠠᠢ 3050 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠠᠭᠤᠯᠠᠷᠬᠠᠭ ᠭᠠᠵᠠᠷ᠎ᠤᠨ ᠲᠠᠯᠠᠪᠠᠢ 49.6% ᠎ᠶ᠋ᠢ ᠡᠵᠡᠯᠡᠳᠡᠭ᠃ 《ᠠᠭᠤᠯᠠ ᠣᠯᠠᠨ ᠲᠠᠯ᠎ᠠ ᠴᠥᠭᠡᠨ᠂ ᠭᠠᠵᠠᠷ᠎ᠤᠨ ᠪᠠᠢᠴᠠ ᠪᠤᠳᠤᠯᠢᠶᠠᠨᠲᠠᠶ᠎ᠡᠴᠡ ᠪᠣᠯᠵᠣ᠂ ᠪᠥᠬᠥ᠌ ᠬᠣᠱᠢᠭᠤᠨ᠎ᠤ ᠠᠷᠠᠳ ᠲᠦᠮᠡᠨ ᠵᠠᠮ ᠥᠬᠡᠶ ᠵᠣᠪᠠᠯᠠᠩ᠎ᠢ ᠬᠠᠮᠤᠭ᠎ᠡᠴᠡ ᠢᠯᠡᠭᠦᠦ ᠣᠢᠯᠠᠭᠠᠵᠤ᠂ ᠵᠠᠮ ᠵᠠᠰᠠᠬᠤ ᠠᠵᠠ ᠵᠢᠷᠭᠠᠯ᠎ᠢ ᠬᠠᠮᠤᠭ᠎ᠡᠴᠡ ᠢᠯᠡᠭᠦᠦ ᠮᠡᠳᠡᠷᠡᠵᠦ᠍᠂ ᠵᠠᠮ ᠵᠠᠰᠠᠬᠤ᠎ᠶ᠋ᠢ ᠬᠠᠮᠤᠭ᠎ᠡᠴᠡ ᠢᠯᠡᠭᠦᠦ ᠴᠢᠬᠤᠯᠠᠴᠢᠯᠠᠳᠠᠭ》᠃ ᠬᠠᠷᠠᠴᠢᠨ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ᠂ ᠵᠠᠰᠠᠭ᠎ᠤᠨ ᠣᠷᠳᠣᠨ᠎ᠤ ᠬᠣᠱᠢᠭᠤᠨ ᠳᠠᠷᠤᠭ᠎ᠠ ᠵᠣᠣ ᠶᠠᠨ ᠬᠣᠩ ᠰᠤᠷᠪᠤᠯᠵᠢᠯᠠᠭ᠍ᠴᠢ᠎ᠳᠤ᠂ ᠣᠳᠣᠬᠠᠨ᠎ᠳᠤ ᠪᠥᠬᠥ᠌ ᠬᠣᠱᠢᠭᠤᠨ᠎ᠤ ᠵᠠᠰᠠᠮᠠᠯ ᠵᠠᠮ᠎ᠤᠨ ᠪᠥᠬᠥ᠌ ᠣᠷᠳᠣ 1704 ᠺᠢᠯᠣᠮᠧᠲ᠋ᠷ᠎ᠲᠦ ᠬᠦᠷᠴᠦ᠍᠂ ᠵᠠᠮ᠎ᠤᠨ ᠲᠤᠤᠷ᠎ᠤᠨ ᠨᠢᠭ᠍ᠲᠡᠴᠡ 56%᠎ᠳ᠋ᠤ ᠬᠦᠷᠴᠡᠶ᠂ ᠡᠭᠦᠨ᠎ᠳᠦ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠪᠥᠬᠥ᠌ ᠣᠷᠳᠣ 1360 ᠺᠢᠯᠣᠮᠧᠲ᠋ᠷ ᠪᠠᠢᠵᠤ᠂ 80%᠎ᠶ᠋ᠢ ᠡᠵᠡᠯᠡᠵᠦ᠍ ᠪᠠᠢᠬᠤ ᠪᠥᠭᠡᠳ ᠪᠠᠰᠠ ᠠᠩᠬᠠᠳᠠᠭ᠍ᠴᠢ ᠪᠦᠯᠦᠭ 《ᠳᠥᠷᠪᠡᠨ ᠰᠠᠢᠨᠲᠠᠶ ᠬᠥᠳᠡᠭᠡ ᠲᠣᠰᠭᠣᠨ᠎ᠤ ᠵᠠᠮ》 ᠤ᠋ᠨ ᠪᠥᠬᠥ᠌ ᠤᠯᠤᠰ᠎ᠤᠨ ᠵᠢᠱ᠌ᠢᠶ᠎ᠡ ᠦᠵᠡᠭᠦᠯᠬᠦ᠌ ᠱᠢᠶᠠᠨ᠎ᠤ ᠢᠷᠠᠭᠤ ᠠᠯᠳᠠᠷ᠎ᠢ ᠭᠥᠷᠳᠡᠭ᠌ᠰᠡᠨ ᠪᠠᠢᠨ᠎ᠠ ᠭᠡᠵᠤ ᠬᠡᠯᠡᠵᠦ ᠥᠭᠪᠡ᠃

7 ᠰᠠᠷ᠎ᠠ ᠪᠣᠯ ᠲᠠᠯ᠎ᠠ ᠨᠤᠲᠤᠭ᠎ᠤᠨ ᠬᠠᠮᠤᠭ᠎ᠤᠨ ᠰᠠᠢᠬᠠᠨ ᠤᠯᠠᠷᠢᠯ ᠪᠣᠯᠤᠨ᠎ᠠ᠂ ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤᠨ᠎ᠤ ᠨᠠᠩᠰᠤ᠎ᠡᠴᠡ ᠪᠤᠷᠤ ᠪᠠᠯᠭᠠᠰᠤ ᠬᠥᠷᠬᠥ᠌ ᠬᠤᠪᠢᠰᠭᠠᠯᠲᠤ ᠵᠢᠭᠤᠯᠴᠢᠯᠠᠯ᠎ᠤᠨ ᠵᠠᠰᠠᠮᠠᠯ ᠵᠠᠮ ᠳᠡᠭᠡᠷ᠎ᠡ ᠲᠡᠷᠭᠡ ᠬᠥᠰᠭᠡ ᠲᠠᠰᠤᠷᠠᠰᠢ ᠥᠬᠡᠶ ᠴᠤᠪᠤᠷᠠᠨ᠎ᠠ᠃ ᠡᠨᠡ ᠬᠦ᠌ ᠵᠠᠰᠠᠮᠠᠯ ᠵᠠᠮ᠎ᠨᠢ 4 ᠵᠤᠷᠪᠤᠰ ᠱᠢᠶᠠᠩ᠎ᠤᠨ ᠵᠠᠮ᠂ 19 ᠵᠤᠷᠪᠤᠰ ᠲᠣᠰᠭᠣᠨ᠎ᠤ ᠵᠠᠮ᠎ᠢ ᠬᠣᠯᠪᠣᠵᠤ᠂ ᠵᠠᠮ ᠳᠠᠭᠠᠤ᠎ᠶ᠋ᠢᠨ 10 ᠬᠤᠪᠢᠰᠭᠠᠯᠲᠤ ᠰᠤᠳᠤᠯᠤᠨ ᠰᠤᠷᠤᠯᠴᠠᠬᠤ ᠴᠡᠭ᠂ 16 ᠮᠠᠯ ᠠᠵᠤ ᠠᠬᠤᠶ ᠲᠠᠷᠢᠶᠠᠯᠠᠩ᠎ᠤᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠦᠲᠦᠮᠵᠢᠲᠡᠶ ᠵᠣᠯᠭᠠᠭᠤᠯᠵᠤ᠂ ᠲᠤᠬᠠᠶ᠎ᠶ᠋ᠢᠨ ᠭᠠᠵᠠᠷ᠎ᠤᠨ ᠬᠤᠪᠢᠰᠭᠠᠯᠲᠤ ᠵᠢᠭᠤᠯᠴᠢᠯᠠᠯ᠂ ᠬᠥᠳᠡᠭᠡ ᠲᠣᠰᠭᠣᠨ᠎ᠤ ᠵᠢᠭᠤᠯᠴᠢᠯᠠᠯ᠎ᠢ ᠳᠠᠢᠴᠢᠯᠠᠪᠠ᠃

ᠱᠠᠨᠰᠢ᠎ᠡᠴᠡ ᠲᠡᠷᠭᠡ᠎ᠪᠡᠷ ᠡᠨᠳᠡ ᠢᠷᠡᠵᠦ᠍ ᠵᠤᠰᠠᠭ᠍ᠰᠠᠨ ᠵᠠᠩ ᠠᠪᠠᠬᠠᠢ ᠰᠤᠷᠪᠤᠯᠵᠢᠯᠠᠭ᠍ᠴᠢ᠎ᠳᠤ᠄《ᠡᠨᠳᠡᠬᠢ ᠦᠵᠡᠮᠵᠢ ᠰᠠᠢᠬᠠᠨ᠂ ᠬᠥᠮᠦᠨ ᠨᠢ ᠴᠠᠢᠯᠭᠠᠨ᠂ ᠬᠣᠭᠣᠯᠠ ᠨᠢ ᠠᠮᠳᠠᠳᠠᠢ᠂ ᠠᠭᠤᠷ ᠠᠮᠢᠰᠭᠤᠯ ᠰᠠᠢᠬᠠᠨ᠂ ᠠᠭᠤᠷ ᠠᠮᠢᠰᠭᠤᠯ ᠬᠠᠯᠠᠭᠤᠨ ᠦᠶ᠎ᠡ᠎ᠳᠦ ᠲᠡᠷᠭᠡ ᠵᠢᠯᠣᠭᠣᠳᠤᠨ ᠢᠷᠡᠵᠦ ᠨᠢᠭᠡ ᠭᠠᠷᠠᠭ ᠰᠠᠭᠤᠪᠠᠯ ᠮᠠᠰᠢ ᠲᠠᠭᠠᠯᠠᠮᠵᠢᠲᠠᠢ᠂ ᠪᠢᠳᠡ ᠵᠢᠯ ᠪᠦᠷᠢ ᠢᠷᠡᠳᠡᠭ》 ᠭᠡᠵᠦ ᠬᠡᠯᠡᠵᠦ ᠥᠭᠪᠡ᠃

ᠬᠡᠷ᠎ᠦᠨ᠎ᠢᠶᠡᠨ ᠡᠭᠦᠳᠡᠨ᠎ᠳᠦ ᠠᠵᠢᠯ ᠣᠯᠵᠤ᠂ ᠥᠪᠡᠷ᠎ᠦᠨ ᠬᠦᠷᠢᠶᠡᠨ᠎ᠳᠡᠭᠡᠨ ᠠᠷᠠᠯᠵᠢᠶ᠎ᠠ ᠬᠢᠵᠦ᠍ ᠪᠠᠢᠨ᠎ᠠ᠂ ᠥᠩᠭᠡᠷᠡᠭ᠌ᠰᠡᠨ᠎ᠳᠦ ᠲᠠᠯ᠎ᠠ ᠨᠤᠲᠤᠭ᠎ᠤᠨ ᠭᠦᠨ᠎ᠳᠦ ᠪᠠᠢᠭ᠍ᠰᠠᠨ ᠡᠲᠡᠭᠡᠷ ᠮᠠᠯᠴᠢᠳ᠎ᠤᠨ ᠪᠤᠳᠤᠵᠤ ᠴᠤ᠌ ᠤᠯᠬᠤ ᠥᠬᠡᠶ ᠪᠠᠢᠭ᠍ᠰᠠᠨ ᠶᠠᠪᠤᠳᠠᠯ ᠨᠢ ᠣᠲᠣ ᠬᠥᠳᠡᠭᠡ ᠲᠣᠰᠭᠣᠨ᠎ᠤ ᠵᠠᠰᠠᠮᠠᠯ ᠵᠠᠮ᠎ᠢ ᠳᠡᠪᠢᠰᠴᠦ᠍ ᠲᠡᠷᠭᠡ ᠨᠡᠪᠲᠡᠷᠡᠬᠦ᠌᠎ᠶ᠋ᠢ ᠳᠠᠭᠠᠯᠳᠤᠨ ᠴᠥᠮ ᠪᠣᠳᠠᠲᠤ ᠠᠬᠤᠶ ᠪᠣᠯᠤᠭ᠍ᠰᠠᠨ ᠪᠠᠢᠨ᠎ᠠ᠃

《ᠮᠠᠨ᠎ᠤ ᠭᠡᠷ᠎ᠦᠨ ᠡᠭᠦᠳᠡᠨ᠎ᠳᠡᠬᠢ ᠬᠥᠳᠡᠭᠡ ᠲᠣᠰᠭᠣᠨ᠎ᠤ ᠵᠠᠰᠠᠮᠠᠯ ᠵᠠᠮ ᠲᠡᠷᠭᠡ ᠨᠡᠪᠲᠡᠷᠡᠭ᠌ᠰᠡᠨ᠎ᠡᠴᠡ ᠨᠠᠭᠠᠰᠢ᠂ ᠲᠠᠯ᠎ᠠ ᠨᠤᠲᠤᠭ᠎ᠲᠤ ᠥᠪᠡᠷ᠎ᠢᠶᠡᠨ ᠲᠡᠷᠭᠡ ᠵᠢᠯᠣᠭᠣᠳᠴᠤ᠌ ᠵᠢᠭᠤᠯᠴᠢᠯᠠᠬᠤ ᠵᠢᠭᠤᠯᠴᠢᠯᠠᠭᠰᠡᠳ ᠶᠠᠪᠤᠬᠤ ᠲᠤᠳᠤᠮ ᠣᠯᠠᠱᠢᠷᠠᠵᠤ᠂ ᠪᠢ ᠡᠨᠡ᠎ᠬᠦ ᠪᠠᠢᠳᠠᠯ᠎ᠤᠨ ᠠᠶ᠎ᠠ᠎ᠶ᠋ᠢ ᠨᠢ ᠳᠠᠭᠠᠭᠤᠯᠤᠨ ᠮᠠᠯᠴᠢᠳ᠎ᠤᠨ ᠬᠠᠮ ᠳᠡᠯᠭᠡᠭᠦᠷ ᠪᠣᠯᠤᠨ ᠮᠠᠯᠴᠢᠨ ᠠᠢᠯ᠎ᠤᠨ ᠵᠢᠭᠤᠯᠴᠢᠯᠠᠯ᠎ᠤᠨ ᠦᠢᠯᠡᠰ᠎ᠢ ᠡᠷᠬᠢᠯᠡᠵᠥ᠍᠂ ᠪᠠᠰᠠ ᠡᠯᠸᠺᠲᠷᠤᠨ ᠬᠤᠳᠠᠯᠳᠤᠭᠠᠨ᠎ᠤ ᠲᠦᠷᠭᠡᠨ ᠬᠦᠷᠭᠡᠯᠲᠡ᠎ᠪᠡᠷ ᠳᠠᠮᠵᠢᠨ ᠦᠢᠯᠡᠳᠪᠦᠷᠢᠯᠡᠭ᠌ᠰᠡᠨ ᠴᠠᠭᠠᠨ ᠢᠳᠡᠭᠡᠨ᠎ᠢᠶᠡᠨ ᠪᠦᠬᠦ᠌ ᠤᠯᠤᠰ᠎ᠲᠤ ᠪᠣᠷᠣᠯᠠᠭᠤᠯᠵᠤ  ᠪᠠᠢᠨ᠎ᠠ᠃ ᠠᠱᠢᠭ ᠬᠦᠷᠳᠡᠭ᠌ᠰᠡᠨ ᠨᠢ ᠭᠠᠭ᠍ᠴᠠ ᠮᠠᠨ᠎ᠤ ᠬᠢ ᠪᠢᠰᠢ᠂ ᠪᠢᠳᠡ ᠪᠦᠷ ᠡᠨᠡ ᠬᠦ᠌ ᠭᠠᠴᠡᠭᠠᠨ᠎ᠤ ᠵᠠᠮ᠎ᠳᠤ ᠲᠠᠯᠠᠷᠬᠠᠵᠤ ᠪᠠᠢᠨ᠎ᠠ!》 ᠭᠡᠵᠦ᠍ ᠣᠲᠣᠭ᠎ᠤᠨ ᠡᠮᠦᠨᠡᠲᠦ ᠬᠣᠱᠢᠭᠤᠨ᠎ᠤ ᠨᠠᠩᠰᠤ ᠪᠠᠯᠭᠠᠰᠤᠨ᠎ᠤ ᠨᠠᠩᠰᠤ ᠭᠠᠴᠡᠭᠠᠨ᠎ᠤ ᠮᠠᠯᠴᠢᠨ ᠮᠥᠩᠬᠡᠪᠠᠶᠠᠷ ᠪᠠᠶᠠᠷᠲᠠᠶ ᠬᠡᠯᠡᠨ᠎ᠡ᠃

ᠵᠠᠮ ᠳᠡᠪᠢᠰᠴᠦ᠂ ᠰᠡᠳᠭᠢᠯ᠎ᠢ ᠬᠤᠯᠪᠤᠨ᠂ ᠪᠠᠶᠠᠵᠢᠯ᠎ᠤᠨ ᠵᠠᠮ᠎ᠢ ᠨᠡᠬᠡᠭᠡᠪᠡ᠃ 《ᠳᠥᠷᠪᠡᠨ ᠰᠠᠢᠨᠲᠠᠶ ᠬᠥᠳᠡᠭᠡ ᠲᠣᠰᠭᠣᠨ᠎ᠤ ᠵᠠᠮ》 ᠳ᠋ᠥ᠍ ᠲᠦᠱᠢᠭ᠌ᠯᠡᠨ᠂ ᠣᠲᠣᠭ᠎ᠤᠨ ᠡᠮᠦᠨᠡᠲᠦ ᠬᠣᠱᠢᠭᠤᠨ᠎ᠤ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢᠨ ᠪᠠᠢᠳᠠᠯ ᠰᠠᠢᠨ ᠪᠠᠢᠵᠤ᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠳᠠᠪᠠᠭᠤᠯᠢᠭ ᠲᠣᠪᠣᠢᠮ᠎ᠠ ᠪᠠᠢᠵᠤ᠂ 《ᠣᠲᠣᠭ᠎ᠤᠨ ᠡᠮᠦᠨᠡᠲᠦ ᠬᠣᠱᠢᠭᠤᠨ᠎ᠤ ᠭᠠᠵᠠᠷ ᠵᠦᠶ᠎ᠶ᠋ᠢᠨ ᠢᠯᠡᠷᠭᠡᠢᠯᠡᠯ ᠲᠡᠮᠳᠡᠭ》 ᠲᠠᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠨᠢ ᠪᠥᠬᠥ᠌ ᠤᠯᠤᠰ᠎ᠤᠨ ᠡᠯ᠎ᠡ ᠭᠠᠵᠠᠷ᠎ᠤᠨ ᠬᠤᠳᠠᠯᠳᠤᠭᠠᠴᠢᠳ᠎ᠲᠤ ᠲᠠᠭᠠᠰᠢᠶᠠᠭᠳᠠᠵᠤ ᠪᠠᠢᠨ᠎ᠠ᠃ 2023 ᠣᠨ᠎ᠳᠤ᠂ ᠪᠦᠬᠦ᠌ ᠬᠣᠱᠢᠭᠤᠨ᠎ᠤ 68 ᠭᠠᠴᠡᠭ᠎ᠠ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠴᠡᠪᠡᠷ ᠣᠷᠣᠯᠭ᠎ᠠ 20 ᠲᠦᠮᠡᠨ ᠲᠥᠭᠥᠷᠢᠭ᠎ᠢ ᠳᠠᠪᠠᠪᠠ᠃ ᠪᠥᠬᠥ᠌ ᠬᠣᠱᠢᠭᠤᠨ᠎ᠤ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 28136 ᠲᠥᠭᠥᠷᠢᠭ᠎ᠲᠦ ᠬᠦᠷᠴᠦ᠍᠂ ᠣᠷᠳᠣᠰ ᠬᠣᠲᠠ᠎ᠳᠤ ᠲᠡᠷᠢᠭᠦᠯᠡᠪᠡ᠃

ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠬᠣᠩ ᠵᠢᠶ ᠯᠡ ᠢᠳᠡᠭᠡᠨ᠎ᠦ ᠬᠢᠵᠠᠭᠠᠷᠲᠤ ᠺᠣᠮᠫᠠᠨᠢ᠎ᠳᠤ ᠮᠠᠯᠴᠢᠨ ᠪᠠᠶᠠᠷ ᠰᠠᠶᠢᠬᠠᠨ 20 ᠬᠣᠨᠢ ᠬᠤᠳᠠᠯᠳᠤᠬᠤ ᠭᠠᠷ ᠭᠦᠶ᠋ᠴᠡᠳᠭᠡᠯ᠎ᠢ ᠭᠦᠶ᠋ᠴᠡᠳᠭᠡᠪᠡ᠃ 《ᠥᠩᠭᠡᠷᠡᠭ᠌ᠰᠡᠨ᠎ᠳᠦ ᠵᠠᠮ ᠮᠠᠭᠤ ᠪᠠᠢᠵᠤ᠂ ᠬᠤᠳᠠᠯᠳᠤᠭᠠᠴᠢᠨ ᠶᠡᠷᠦ ᠨᠢ ᠬᠡᠷ᠎ᠲᠦ ᠢᠷᠡᠵᠤ ᠳᠤᠤᠷ᠎ᠠ ᠦᠨ᠎ᠡ ᠪᠡᠷ ᠬᠤᠨᠢ᠎ᠵᠢ᠎ᠬᠤᠳᠠᠯᠳᠤᠨ ᠠᠪᠳᠠᠭ᠂ ᠤᠳᠤ ᠵᠠᠮ ᠰᠠᠢᠵᠢᠷᠠᠵᠠᠢ᠂ ᠪᠢ ᠲᠡᠷᠭᠡ ᠵᠢᠯᠣᠭᠣᠳᠴᠤ᠌ ᠱᠢᠭᠤᠳ ᠺᠣᠮᠫᠠᠨᠢ᠎ᠳᠠᠭᠠᠨ ᠠᠪᠠᠴᠢᠵᠤ ᠬᠤᠳᠠᠯᠳᠤᠵᠤ ᠪᠣᠯᠤᠨ᠎ᠠ᠂ ᠡᠨᠡ ᠨᠢ ᠴᠠᠭ ᠪᠠ ᠬᠦᠴᠦᠨ᠎ᠳᠤ ᠪᠦᠷ ᠠᠷᠪᠢᠲᠠᠢ᠂ ᠦᠨ᠎ᠡ ᠬᠠᠩᠰᠢ ᠨᠢ ᠴᠦ᠍ ᠵᠣᠬᠢᠰᠲᠠᠢ ᠶᠤᠮ》 ᠭᠡᠵᠦ᠍ ᠪᠠᠶᠠᠷ ᠬᠡᠯᠡᠪᠡ᠃

ᠬᠤᠩᠬᠢᠷᠠᠳ ᠪᠣᠯ ᠮᠠᠯ᠎ᠤᠨ ᠠᠱᠢᠭ ᠱᠢᠮ᠎ᠡ ᠵᠢᠨ  ᠪᠦᠲᠦᠭᠡᠭᠳᠡᠭᠦᠨ᠎ᠢ ᠡᠳ᠋ᠱᠢᠭᠦᠯᠬᠦ᠌᠂ ᠰᠣᠶᠣᠯ ᠵᠢᠭᠤᠯᠴᠢᠯᠠᠯ᠎ᠢ ᠪᠡᠶᠡᠴᠢᠯᠡᠨ ᠣᠢᠯᠠᠭᠠᠬᠤ᠎ᠶ᠋ᠢ ᠨᠢᠭᠡ ᠴᠤᠬ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠢ ᠺᠣᠮᠫᠠᠨᠢ ᠪᠣᠯᠤᠨ᠎ᠠ᠂ ᠡᠨᠡ ᠬᠦ᠌ ᠺᠣᠮᠫᠠᠨᠢ ᠨᠢ ᠶᠠᠭ ᠰᠠᠢᠬᠠᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠠᠯᠳᠠᠨ ᠡᠮᠡᠭᠡᠯ ᠪᠠᠯᠭᠠᠰᠤ᠎ᠡᠴᠡ ᠵᠡᠭᠦᠨ ᠰᠦᠮ᠎ᠡ ᠬᠦᠷᠬᠦ᠌ ᠵᠠᠰᠠᠮᠠᠯ ᠵᠠᠮ ᠳᠡᠭᠡᠷ᠎ᠡ ᠪᠠᠢᠷᠢᠯᠠᠵᠤ᠂ ᠵᠠᠰᠠᠮᠠᠯ ᠵᠠᠮ᠎ᠤᠨ ᠪᠦᠳᠦᠭᠡᠨ ᠪᠠᠢᠭᠤᠯᠤᠯᠲᠠ ᠨᠢ ᠲᠦᠭᠦᠬᠡᠢ ᠮᠠᠲ᠋ᠧᠷᠢᠶᠠᠯ ᠪᠠ ᠪᠦᠲᠦᠭᠡᠭ᠌ᠳᠡᠬᠦᠨ᠎ᠦ ᠲᠡᠭᠡᠭᠡᠪᠦᠷᠢ᠎ᠳᠦ ᠲᠦᠬᠦᠮ ᠦᠵᠡᠭᠦᠯᠵᠦ᠍᠂ ᠵᠠᠮ ᠳᠠᠭᠠᠤ᠎ᠶ᠋ᠢᠨ ᠮᠠᠯ ᠠᠵᠤ ᠠᠬᠤᠢ᠎ᠶ᠋ᠢᠨ ᠠᠵᠤ ᠦᠢᠯᠡᠰ᠎ᠦᠨ ᠲᠦᠷᠭᠡᠨ ᠬᠥᠭ᠌ᠵᠢᠯᠲᠡ᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠵᠢᠩᠬᠢᠨᠢ 《ᠪᠠᠷᠠᠭᠤᠨ ᠬᠣᠱᠢᠭᠤᠨ᠎ᠤ ᠬᠤᠨᠢᠨ ᠮᠢᠬ᠎ᠠ》 ᠪᠠ ᠴᠠᠭᠠᠨ ᠢᠳᠡᠭᠡ᠎ᠶ᠋ᠢ ᠮᠠᠯᠵᠢᠬᠤ ᠣᠷᠣᠨ᠎ᠡᠴᠡ ᠭᠠᠷᠭᠠᠵᠤ᠂ 《ᠵᠠᠮ ᠬᠠᠷᠢᠯᠴᠠᠭ᠎ᠠ + ᠠᠵᠤ ᠦᠢᠯᠡᠰ》 ᠤ᠋ᠨ ᠬᠡᠪᠴᠢᠶᠡᠲᠦ ᠦᠢᠯᠡᠳᠦᠯ᠂ ᠬᠣᠯᠪᠣᠭᠠᠯᠠᠨ ᠬᠥᠳᠡᠯᠦᠯᠴᠡᠬᠦ᠌ ᠦᠢᠯᠡᠳᠦᠯ᠎ᠢ ᠪᠡᠶᠡᠯᠡᠭᠦᠯᠦᠭ᠌ᠰᠡᠨ ᠪᠠᠢᠨ᠎ᠠ᠃

ᠬᠥᠳᠡᠭᠡ ᠲᠣᠰᠭᠣᠨ᠎ᠤ ᠵᠤᠷᠪᠤᠰ ᠵᠤᠷᠪᠤᠰ ᠮᠤᠷᠤᠶ ᠰᠠᠷᠤᠶ ᠵᠠᠰᠠᠮᠠᠯ ᠵᠠᠮ ᠨᠢ ᠬᠥᠳᠡᠭᠡ ᠲᠣᠰᠭᠣᠨ ᠭᠠᠴᠡᠭ᠎ᠠ᠎ᠶ᠋ᠢ ᠬᠣᠯᠪᠣᠵᠤ᠂ ᠥᠷᠭᠡᠨ ᠠᠭᠤᠳᠠᠮ ᠬᠣᠲᠠ ᠬᠥᠳᠡᠭᠡ᠎ᠶ᠋ᠢ ᠨᠡᠪᠲᠡᠷᠡᠭᠦᠯᠵᠦ᠍᠂ ᠨᠠᠩ ᠴᠤ᠌ ᠠᠵᠠ ᠲᠣᠬᠢᠶᠠᠯ ᠪᠠ ᠬᠦᠰᠡᠯ ᠡᠷᠡᠮᠡᠯᠵᠡᠯ᠎ᠢ ᠬᠣᠯᠪᠣᠵᠤ ᠪᠠᠢᠨ᠎ᠠ᠃ ᠲᠠᠰᠤᠷᠠᠯᠲᠠ ᠥᠬᠡᠶ ᠦᠷᠭᠦᠯᠵᠢᠯᠡᠭ᠌ᠰᠡᠨ ᠬᠥᠳᠡᠭᠡ ᠲᠣᠰᠭᠣᠨ᠎ᠤ ᠵᠠᠰᠠᠮᠠᠯ ᠵᠠᠮ᠎ᠨᠢ ᠠᠷᠠᠳ ᠣᠯᠠᠨ᠎ᠤ ᠪᠠᠶᠠᠵᠢᠯ᠎ᠤᠨ ᠵᠠᠮ᠂ ᠵᠣᠯ ᠵᠢᠷᠭᠠᠯ᠎ᠤᠨ ᠵᠠᠮ᠂ ᠰᠡᠳᠭᠢᠯ ᠵᠢᠷᠦᠬᠡ᠎ᠪᠡᠨ ᠬᠣᠯᠪᠣᠬᠤ ᠵᠠᠮ᠂ ᠬᠥᠭ᠌ᠵᠢᠯ ᠮᠠᠨᠳᠤᠯ᠎ᠤᠨ ᠵᠠᠮ ᠪᠣᠯᠤᠭ᠍ᠰᠠᠨ ᠪᠠᠢᠨ᠎ᠠ᠃

《ᠳᠥᠷᠪᠡᠨ ᠰᠠᠢᠨᠲᠠᠶ ᠬᠥᠳᠡᠭᠡ ᠲᠣᠰᠭᠣᠨ᠎ᠤ ᠵᠠᠮ》 ᠨᠢ ᠵᠠᠮ᠎ᠢ ᠵᠠᠰᠠᠵᠤ᠂ ᠬᠥᠳᠡᠭᠡ ᠲᠣᠰᠭᠣᠨ ᠮᠠᠯᠵᠢᠬᠤ ᠣᠷᠣᠨ᠎ᠤ ᠳᠦᠷᠰᠦ ᠪᠠᠢᠳᠠᠯ᠎ᠢ ᠬᠤᠪᠢᠷᠠᠭᠤᠯᠵᠤ᠂ ᠨᠠᠮ᠎ᠪᠠ ᠠᠷᠠᠳ᠎ᠤᠨ ᠰᠡᠳᠭᠢᠯ᠎ᠢ ᠬᠣᠯᠪᠣᠵᠤ᠂ ᠨᠠᠮ᠎ᠤᠨ ᠬᠥᠳᠡᠭᠡ ᠲᠣᠰᠭᠣᠨ᠎ᠳᠠᠬᠢ ᠲᠦᠷᠦ᠍ ᠪᠠᠷᠢᠬᠤ ᠰᠠᠭᠤᠷᠢ᠎ᠶ᠋ᠢ ᠪᠡᠬᠢᠵᠢᠭᠦᠯᠵᠡᠢ᠃ 2014 ᠣᠨ᠎ᠳᠤ 《ᠳᠥᠷᠪᠡᠨ ᠰᠠᠢᠨᠲᠠᠶ ᠬᠥᠳᠡᠭᠡ ᠲᠣᠰᠭᠣᠨ᠎ᠤ ᠵᠠᠮ》 ᠢ᠋ ᠬᠡᠷᠡᠭ᠌ᠵᠢᠭᠦᠯᠦᠭ᠌ᠰᠡᠨ᠎ᠡᠴᠡ ᠨᠠᠭᠠᠰᠢ ᠥᠪᠥᠷ ᠮᠣᠩᠭᠣᠯ ᠬᠥᠳᠡᠭᠡ ᠲᠣᠰᠭᠣᠨ᠎ᠤ ᠵᠠᠰᠠᠮᠠᠯ ᠵᠠᠮ ᠬᠢᠭᠡᠳ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠲᠥᠯᠥᠪᠵᠢᠭᠦᠯᠭᠡ᠎ᠶ᠋ᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ᠂ ᠠᠵᠤ ᠦᠶ᠋ᠯᠡᠰ᠎ᠦᠨ ᠲᠥᠯᠥᠪᠵᠢᠭᠦᠯᠭᠡ ᠲᠡᠶ ᠬᠠᠷᠢᠯᠴᠠᠨ ᠵᠣᠯᠭᠠᠯᠳᠤᠭᠤᠯᠵᠤ᠂ 10 ᠵᠢᠯ᠎ᠦᠨ ᠲᠤᠷᠰᠢ᠂ ᠡᠬᠢ ᠪᠠᠶᠠᠯᠢᠭ᠎ᠤᠨ ᠵᠠᠮ᠂ ᠵᠢᠭᠤᠯᠴᠢᠯᠠᠯ᠎ᠤᠨ ᠵᠠᠮ᠂ ᠠᠵᠤ ᠦᠶ᠋ᠯᠡᠰ᠎ᠦᠨ ᠵᠠᠮ᠎ᠢ 5500 ᠺᠢᠯᠣᠮᠧᠲ᠋ᠷ ᠪᠥᠲᠥᠭᠡᠨ ᠪᠠᠢᠭᠤᠯᠬᠤ᠎ᠶ᠋ᠢᠨ ᠬᠠᠮᠲᠤ ᠬᠥᠳᠡᠭᠡ ᠲᠣᠰᠭᠣᠨ᠎ᠤ ᠵᠠᠰᠠᠮᠠᠯ ᠵᠠᠮ ᠬᠢᠭᠡᠳ ᠵᠠᠮ ᠳᠠᠭᠠᠤ᠎ᠶ᠋ᠢᠨ ᠢᠵᠢ ᠪᠦᠷᠢᠳᠦᠭᠰᠡᠨ ᠲᠦᠬᠦᠭᠡᠷᠦᠮᠵᠢ᠂ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠂ ᠤᠯᠠᠮᠵᠢᠯᠠᠯᠲᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠤᠤᠯᠳᠠᠯᠭ᠎ᠠ ᠲᠠᠶ ᠠᠢᠯ ᠲᠣᠰᠭᠣᠨ᠎ᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠬᠤᠷᠠᠮᠠᠯ ᠬᠥᠭ᠌ᠵᠢᠯᠲᠡ᠎ᠶ᠋ᠢ ᠨᠥᠯᠥᠭᠡᠯᠡᠨ ᠳᠠᠢᠴᠢᠯᠠᠵᠤ᠂ ᠨᠢᠭᠡ ᠪᠦᠯᠦᠭ ᠣᠨᠴᠠᠯᠢᠭ᠍ᠲᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ᠎ᠦ ᠣᠷᠣᠯᠭ᠎ᠠ᠎ᠪᠠᠨ ᠨᠡᠮᠡᠭ᠌ᠳᠡᠭᠦᠯᠦᠨ ᠠᠵᠢᠯ ᠤᠯᠬᠤ᠎ᠶ᠋ᠢ ᠳᠠᠢᠴᠢᠯᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠴᠣᠯᠭᠣᠷᠠᠨ ᠭᠠᠷᠪᠠ᠃

ᠬᠥᠳᠡᠭᠡ ᠲᠣᠰᠭᠣᠨ᠎ᠤ ᠵᠠᠰᠠᠮᠠᠯ ᠵᠠᠮ᠎ᠢ ᠭᠤᠷᠪᠠᠨ ᠬᠤᠪᠢ ᠨᠢ ᠪᠠᠢᠭᠤᠯᠬᠤ᠎ᠳᠤ ᠲᠦᠱᠢᠭ᠌ᠯᠡᠵᠦ᠍᠂ ᠲᠤᠯᠤᠭᠠᠨ ᠬᠤᠪᠢ ᠨᠢ ᠠᠷᠠᠴᠢᠯᠠᠬᠤ᠎ᠳᠤ ᠲᠦᠱᠢᠭ᠌ᠯᠡᠨ᠎ᠡ᠃ 10 ᠵᠢᠯ᠎ᠦᠨ ᠲᠤᠷᠰᠢ᠂ ᠥᠪᠥᠷ ᠮᠣᠩᠭᠣᠯ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠠᠶᠤᠯᠲᠤ ᠬᠥᠭᠥᠷᠭᠡ᠎ᠶ᠋ᠢ 2076 ᠰᠠᠭᠤᠷᠢ ᠥᠭᠡᠷᠡᠴᠢᠯᠡᠨ ᠵᠠᠰᠠᠵᠤ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠢᠨᠵᠧᠨᠧᠷᠢᠩ᠎ᠢ 2.3 ᠲᠦᠮᠡᠨ ᠺᠢᠯᠣᠮᠧᠲ᠋ᠷ᠂ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ 3.6 ᠲᠦᠮᠡᠨ ᠺᠢᠯᠣᠮᠧᠲ᠋ᠷ ᠬᠡᠷᠡᠭ᠌ᠵᠢᠭᠦᠯᠵᠦ᠍᠂ ᠪᠥᠬᠥ᠌ ᠣᠷᠣᠨ᠎ᠤ ᠬᠥᠳᠡᠭᠡ ᠲᠣᠰᠭᠣᠨ᠎ᠤ ᠵᠠᠰᠠᠮᠠᠯ ᠵᠠᠮ᠎ᠢ ᠵᠢᠭ᠍ᠰᠠᠭᠠᠨ ᠠᠷᠠᠴᠢᠯᠠᠬᠤ ᠨᠣᠷᠮ᠎ᠠ 100%᠎ᠳ᠋ᠤ ᠬᠦᠷᠴᠦ᠍᠂ ᠵᠠᠮ᠎ᠤᠨ ᠳᠠᠷᠤᠭ᠎ᠠ᠎ᠶ᠋ᠢᠨ ᠲᠦᠷᠢᠮ᠎ᠢ ᠨᠡᠢᠳᠡᠮ ᠬᠡᠷᠡᠭ᠌ᠵᠢᠭᠦᠯᠪᠡ᠃

《10 ᠵᠢᠯ᠎ᠦᠨ ᠲᠤᠷᠰᠢ᠂ ᠪᠢᠳᠡ 〈ᠪᠠᠶᠠᠵᠢᠯ᠎ᠦᠨ ᠵᠠᠮ ᠳᠡᠭᠡᠷ᠎ᠡ ᠶᠠᠮᠠᠷᠪᠠ ᠨᠢᠭᠡᠨ ᠭᠠᠵᠠᠷ᠎ᠢ ᠵᠠᠮ ᠬᠠᠷᠢᠯᠴᠠᠭ᠎ᠠ᠎ᠡᠴᠡ ᠪᠤᠯᠵᠤ ᠬᠣᠴᠣᠷᠤᠭᠤᠯᠬᠤ ᠦᠬᠡᠢ〉 ᠭᠡᠬᠦ᠌ ᠲᠥᠪ ᠴᠢᠩᠭ᠎ᠠ ᠠᠮᠠᠯᠠᠯᠲᠠ᠎ᠪᠠᠨ ᠦᠢᠯᠡᠳᠦᠯᠭᠡᠵᠢᠭᠦᠯᠪᠡ᠃ ᠥᠪᠥᠷ ᠮᠣᠩᠭᠣᠯ ᠬᠥᠳᠡᠭᠡ ᠲᠣᠰᠭᠣᠨ᠎ᠤ ᠵᠠᠮ᠎ᠢ ᠦᠷᠭᠦᠯᠵᠢᠯᠡᠨ ᠰᠠᠢᠲᠤᠷ ᠪᠠᠢᠭᠤᠯᠵᠤ᠂ ᠰᠠᠢᠲᠤᠷ ᠬᠠᠮᠢᠶᠠᠷᠴᠤ᠌᠂ ᠰᠠᠢᠲᠤᠷ ᠬᠠᠮᠠᠭᠠᠯᠠᠵᠤ᠂ ᠰᠠᠢᠲᠤᠷ ᠡᠵᠡᠩᠨᠡᠵᠦ᠍᠂ ᠨᠢᠭᠡ ᠪᠦᠯᠦᠭ ᠡᠯᠡᠰᠦ ᠳᠤᠭᠤᠯᠤᠭ᠍ᠰᠠᠨ ᠵᠠᠰᠠᠮᠠᠯ ᠵᠠᠮ᠂ ᠱᠢᠭᠤᠢᠲᠤ ᠣᠷᠣᠨ᠎ᠤ ᠵᠠᠰᠠᠮᠠᠯ ᠵᠠᠮ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠪᠠᠷᠠᠭᠠᠨ᠎ᠤ ᠭᠦᠶ᠋ᠯᠭᠡᠭᠡᠨ᠎ᠦ ᠳᠣᠭᠢᠷᠠᠭᠤᠯᠤᠨ ᠬᠦᠷᠭᠡᠬᠦ᠌ ᠲᠤᠤᠷ ᠰᠦᠯᠵᠢᠶ᠎ᠡ᠎ᠶ᠋ᠢ ᠲᠡᠭᠦᠯᠳᠡᠷᠵᠢᠭᠦᠯᠵᠦ᠍᠂ 〈ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠣᠲᠠ᠎ᠳᠤ ᠣᠷᠣᠭᠤᠯᠬᠤ᠂ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠢ ᠬᠥᠳᠡᠭᠡ ᠪᠠᠭᠤᠯᠭᠠᠬᠤ〉 ᠬᠤᠤᠰ ᠴᠢᠭ᠌ᠯᠡᠯᠲᠦ ᠨᠡᠪᠲᠡᠷᠡᠬᠦ᠌ ᠵᠠᠮ᠎ᠢ ᠰᠠᠭᠠᠳ ᠥᠬᠡᠶ ᠨᠡᠪᠲᠡᠷᠡᠭᠦᠯᠬᠦ᠌᠎ᠪᠡᠷ ᠪᠠᠢᠨ᠎ᠠ᠃ ᠵᠠᠮ᠎ᠢ ᠰᠠᠭᠠᠳ ᠦᠭᠡᠢ ᠨᠡᠪᠲᠡᠷᠡᠭᠦᠯᠬᠦ᠎ᠡᠴᠡ ᠨᠡᠩ ᠰᠠᠢᠨ ᠨᠡᠪᠲᠡᠷᠡᠭᠦᠯᠬᠦ᠌᠎ᠲᠠᠢᠰᠢ ᠰᠠᠢᠵᠢᠷᠠᠭᠤᠯᠵᠤ᠂ ᠮᠠᠯᠴᠢᠨ ᠲᠠᠷᠢᠶᠠᠴᠢᠨ᠎ᠤ ᠤᠷᠤᠯᠭ᠎ᠠ᠎ᠵᠢ ᠤᠯᠠᠮ ᠨᠡᠮᠡᠭ᠌ᠳᠡᠭᠦᠯᠵᠦ᠍᠂ ᠬᠥᠳᠡᠭᠡ ᠲᠣᠰᠭᠣᠨ ᠮᠠᠯᠵᠢᠬᠤ ᠣᠷᠣᠨ᠎ᠢ ᠤᠯᠠᠮ ᠰᠠᠢᠵᠢᠷᠠᠭᠤᠯᠤᠨ ᠪᠠᠶᠠᠵᠢᠭᠤᠯᠤᠨ᠎ᠠ!》 ᠭᠡᠵᠦ᠍ ᠭᠤᠤ ᠱ᠌ᠢ ᠴᠢᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号