《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠦᠢᠯᠡᠳᠪᠦᠷᠢ᠎ᠶ᠋ᠢ ᠪᠥᠲᠥᠭᠡᠨ ᠪᠠᠢᠭᠤᠯᠤᠭ᠍ᠰᠠᠨ》 ᠥᠯᠢᠭᠡᠷ᠎ᠢ ᠰᠠᠢᠲᠤᠷ ᠶᠠᠷᠢᠵᠤ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠲᠦᠷᠦᠯ ᠲᠡᠮᠳᠡᠭ᠎ᠢ ᠬᠦᠭᠵᠢᠬᠦᠯᠦᠨ ᠪᠤᠵᠠᠭᠠᠢᠷᠠᠭᠤᠯᠤᠨ᠎ᠠ — ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ ᠠᠷᠪᠠᠨ ᠬᠦᠴᠦᠷᠬᠡᠭ ᠎ᠤᠨ ᠨᠢᠭᠡ ᠪᠤᠯᠬᠤ ᠥᠪᠥᠷ ᠮᠣᠩᠭᠣᠯ ᠎ᠤᠨ ᠲᠢᠶᠸ ᠬᠤᠸᠠ ᠰᠣᠶᠣᠯ ᠎ᠤᠨ ᠠᠵᠤ ᠦᠶ᠋ᠯᠡᠰ᠎ᠦᠨ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ
2024-10-05 12:37:03
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

ᠬᠣᠪᠣᠷ ᠱᠢᠷᠣᠶ᠎ᠶ᠋ᠢᠨ ᠨᠢᠳᠦ ᠬᠠᠮᠠᠭᠠᠯᠠᠬᠤ ᠳ᠋ᠧᠩ᠂ ᠬᠣᠪᠣᠷ ᠱᠢᠷᠣᠶ᠎ᠶ᠋ᠢᠨ ᠡᠯᠧᠺᠲ᠋ᠷᠣᠨ ᠬᠦᠰᠢᠭᠡ ᠵᠡᠷᠭᠡ ᠰᠣᠶᠣᠯ᠎ᠤᠨ ᠪᠦᠳᠦᠭᠡᠯᠴᠢ ᠦᠢᠯᠡᠳᠬᠦᠨ᠎ᠤ ᠦᠪᠡᠷᠮᠢᠴᠡ ᠤᠨᠴᠠᠯᠢᠬᠳᠤ ᠵᠢᠷᠤᠭ ᠲᠦᠯᠦᠪᠯᠡᠭᠡ ᠨᠢ ᠬᠤᠷᠠᠯ᠎ᠳᠤ ᠣᠷᠣᠯᠴᠠᠭ᠍ᠰᠠᠳ᠎ᠤᠨ ᠠᠩᠬᠠᠷᠤᠯ᠎ᠢ ᠲᠠᠲᠠᠵᠤ᠂ ᠬᠠᠷᠠᠭ᠎ᠠ᠎ᠵᠢ ᠪᠠᠶᠠᠰᠬᠠᠨ᠎ᠠ᠃ 8 ᠰᠠᠷ᠎ᠠ᠎ᠶ᠋ᠢᠨ 29 ᠤ᠋ ᠡᠳᠦᠷ ᠶᠠᠪᠤᠭ᠍ᠳᠠᠭ᠍ᠰᠠᠨ ᠨᠠᠶ᠋ᠮᠠᠳᠤᠭᠠᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠶ᠋ᠯᠡᠰ᠎ᠦᠨ ᠦᠵᠡᠰᠭᠦᠯᠡᠩ ᠪᠠ ᠠᠷᠠᠯᠵᠢᠶᠠᠨ᠎ᠤ ᠴᠤᠭ᠍ᠯᠠᠭᠠᠨ ᠳᠡᠭᠡᠷ᠎ᠡ᠂ ᠥᠪᠥᠷ ᠮᠣᠩᠭᠣᠯ᠎ᠤᠨ ᠲᠢᠶᠸ ᠬᠤᠸᠠ ᠰᠣᠶᠣᠯ᠎ᠤᠨ ᠠᠵᠤ ᠦᠶ᠋ᠯᠡᠰ᠎ᠦᠨ ᠪᠠᠯᠠ ᠣᠷᠣᠭᠤᠯᠤᠯᠲᠠ᠎ᠶ᠋ᠢᠨ ᠬᠢᠵᠠᠭᠠᠷᠲᠤ  ᠺᠣᠮᠫᠠᠨᠢ᠎ᠶ᠋ᠢᠨ 100 ᠭᠠᠷᠤᠶ ᠵᠦᠶ᠋ᠯ᠎ᠦᠨ ᠰᠣᠶᠣᠯ᠎ᠤᠨ ᠪᠦᠲᠦᠭᠡᠯᠴᠢ ᠦᠢᠯᠡᠳᠬᠦᠨ᠎ᠨᠢ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠦᠨ ᠰᠣᠶᠣᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠣᠨᠴᠠᠯᠢᠭ ᠳᠠᠪᠠᠭᠤᠯᠢᠭ᠎ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠦ᠍᠂ ᠣᠯᠠᠨ᠎ᠤ ᠠᠩᠬᠠᠷᠤᠯ᠎ᠢ ᠶᠡᠬᠡᠳᠡ ᠲᠠᠲᠠᠵᠡᠢ᠃

《ᠲᠤᠰ ᠬᠤᠭᠤᠴᠠᠭᠠᠨ᠎ᠤ ᠰᠣᠶᠣᠯ᠎ᠤᠨ ᠠᠵᠤ ᠦᠢᠯᠡᠰ᠎ᠦᠨ ᠦᠵᠡᠰᠭᠦᠯᠡᠩ ᠪᠠ ᠠᠷᠠᠯᠵᠢᠶᠠᠨ᠎ᠤ ᠴᠤᠭ᠍ᠯᠠᠭᠠᠨ᠎ᠲᠡᠭᠡᠷ᠎ᠡ᠂ ᠺᠣᠮᠫᠠᠨᠢ ᠵᠢᠨ ᠬᠢᠨ ᠮᠠᠰᠢ ᠤᠯᠠᠨ ᠤᠤᠭᠠᠯ ᠡᠭᠦᠳᠦᠯᠲᠡ᠎ᠶ᠋ᠢᠨ IP ᠪᠣᠯᠤᠨ ᠬᠣᠪᠣᠷ ᠱᠢᠷᠣᠢ᠎ᠶ᠋ᠢᠨ ᠱᠢᠨ᠎ᠡ ᠦᠢᠯᠡᠳᠪᠦᠷᠢᠯᠡᠯ᠎ᠦᠨ ᠬᠦᠴᠦᠨ᠎ᠢ ᠲᠥᠯᠥᠭᠡᠯᠡᠭ᠌ᠰᠡᠨ ᠰᠣᠶᠣᠯ᠎ᠤᠨ ᠪᠦᠳᠦᠭᠡᠯᠴᠢ ᠦᠢᠯᠡᠳᠬᠦᠨ᠎ᠢ ᠠᠪᠴᠢᠷᠠᠵᠠᠢ᠂ ᠪᠢᠳᠡ ᠦᠵᠡᠰᠭᠦᠯᠡᠩ᠎ᠢᠶᠡᠷ ᠠᠵᠠ ᠲᠣᠬᠢᠶᠠᠯ ᠪᠣᠯᠭᠠᠵᠤ᠂ ᠪᠤᠭᠤᠲᠤ᠎ᠶ᠋ᠢᠨ ᠪᠤᠯᠤᠳ ᠲᠡᠮᠦᠷ ᠎ᠦᠨ ᠪᠦᠯᠦᠭ᠌ᠯᠡᠯ᠎ᠦᠨ ᠨᠡᠩ ᠤᠯᠠᠨ ᠨᠡᠩ ᠰᠠᠢ᠌ᠨ ᠨᠡᠩ ᠴᠢᠨᠠᠷ ᠰᠠᠢᠳᠠᠢ  ᠰᠣᠶᠣᠯ ᠵᠢᠭᠤᠯᠴᠢᠯᠠᠯ ᠎ᠤᠨ ᠡᠬᠢ ᠪᠠᠶᠠᠯᠢᠭ᠎ᠢ ᠪᠦᠬᠦ᠌ ᠤᠯᠤᠰ᠎ᠲᠤ ᠳᠡᠯᠭᠡᠷᠡᠭᠦᠯᠵᠦ᠍᠂ ᠬᠤᠳᠠᠯᠳᠤᠭᠠᠨ᠎ᠤ ᠠᠵᠠ ᠲᠣᠬᠢᠶᠠᠯ᠎ᠢ ᠡᠷᠢᠯᠬᠢᠯᠡᠬᠦ᠌᠎ᠶ᠋ᠢᠨ ᠬᠠᠮᠲᠤ ᠨᠡᠩ ᠤᠯᠠᠨ ᠬᠥᠮᠦᠨ᠎ᠳᠦ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠢ ᠲᠠᠨᠢᠭᠤᠯᠵᠤ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ ᠵᠢᠡᠨ ᠤᠢ᠍ᠢᠯᠠᠭᠠᠭᠤᠯᠬᠤ ᠪᠡᠷ ᠴᠢᠷᠮᠠᠢᠵᠤ  ᠪᠠᠢᠨ᠎ᠠ》 ᠭᠡᠵᠦ᠍ ᠲᠢᠶᠧ ᠬᠤᠸᠠ ᠰᠣᠶᠣᠯ᠎ᠤᠨ ᠺᠣᠮᠫᠠᠨᠢ᠎ᠶ᠋ᠢᠨ ᠰᠣᠶᠣᠯ  ᠪᠣᠯᠪᠠᠰᠤᠷᠠᠯ᠎ᠤᠨ ᠺᠤᠮᠫᠠᠨᠢ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠠᠩ ᠼᠠᠢ ᠹᠧᠩ ᠬᠡᠯᠡᠪᠡ᠃

ᠡᠭᠦᠨ᠎ᠦ ᠬᠠᠮᠲᠤ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭᠯᠡᠯ᠎ᠤᠨ ᠵᠠᠮ ᠲᠡᠮᠦᠷ᠎ᠦᠨ ᠦᠢᠯᠡᠳᠪᠦᠷᠢ᠎ᠶ᠋ᠢᠨ ᠪᠤᠯᠤᠳ ᠬᠡᠪᠱᠢᠭᠦᠯᠬᠦ᠌ ᠬᠣᠶᠠᠳᠤᠭᠠᠷ ᠬᠡᠯᠳᠡᠰ᠎ᠦᠨ ᠪᠤᠯᠤᠳ ᠬᠡᠪᠱᠢᠭᠦᠯᠬᠦ᠌ ᠲᠣᠭᠣᠷᠢᠭ᠎ᠤᠨ ᠬᠥᠭᠥᠷᠭᠡ ᠳᠡᠭᠡᠷ᠎ᠡ ᠪᠠᠰᠠ ᠨᠢᠭᠡ ᠪᠦᠯᠦᠭ ᠲᠣᠭᠣᠷᠢᠨ ᠦᠵᠡᠭ᠌ᠴᠢᠳ ᠬᠦᠷᠦᠯᠴᠡᠨ ᠢᠷᠡᠯ᠎ᠡ᠃  40 ᠮᠧᠲ᠋ᠷ ᠤᠷᠲᠤ᠂ 1300 ᠭᠠᠷᠤᠶ ᠭᠷᠠᠳᠦ᠋ᠰ ᠎ᠦᠨ ᠠᠩᠬ᠎ᠠ ᠬᠡᠪᠰᠢᠭᠦᠯᠦᠭᠰᠡᠨ ᠪᠤᠯᠤᠳ ᠲᠡᠮᠦᠷ ᠬᠣᠶᠠᠷ ᠭᠤᠷᠪᠠᠬᠠᠨ ᠮᠢᠨᠦ᠋ᠲ ᠪᠤᠯᠬᠤ ᠪᠦᠷᠢ᠎ᠨᠢᠳᠦᠨ ᠡᠮᠦᠨᠡᠬᠦᠷ ᠦᠩᠭᠡᠷᠡᠨ ᠭᠠᠷᠴᠤ ᠨᠠᠷᠢᠯᠢᠭ ᠬᠡᠪᠰᠢᠬᠦᠯᠬᠦ ᠱᠠᠳᠤᠨ ᠳ᠋ᠤ ᠤᠷᠤᠨ᠎ᠠ  ᠁ 《ᠡᠨᠡ ᠪᠣᠯ ᠪᠤᠭᠤᠲᠤ᠎ᠶ᠋ᠢᠨ ᠪᠤᠯᠤᠳ ᠲᠡᠮᠤᠷ᠎ᠦᠨ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠤᠨ ᠨᠢᠭᠡᠨ ᠬᠠᠯᠠᠮᠰᠢᠯ  ᠭᠠᠵᠠᠷ ᠪᠤᠯᠤᠨ᠎ᠠ᠂ ᠡᠳᠦᠷ ᠪᠦᠷᠢ ᠵᠢᠨ ᠵᠢᠭᠤᠯᠴᠢᠯᠠᠭᠰᠠᠳ ᠬᠠᠮᠤᠭ᠎ᠤᠨ ᠤᠯᠠᠨ᠎ᠳᠠᠭᠠᠨ  600 ᠭᠠᠷᠤᠢ ᠬᠥᠮᠦᠨ ᠤᠳᠠᠭ᠎ᠠ᠎ᠳᠤ ᠬᠦᠷᠴᠦ᠍᠂ ᠪᠤᠯᠤᠳ ᠬᠡᠪᠱᠢᠭᠦᠯᠬᠦ᠌ ᠶᠠᠪᠤᠴᠠ᠎ᠵᠢ ᠰᠤᠨᠢᠷᠬᠠᠳᠠᠭ》 ᠭᠡᠵᠦ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭᠯᠡᠯ᠎ᠤᠨ ᠪᠤᠯᠤᠳ ᠬᠡᠪᠱᠢᠭᠦᠯᠬᠦ᠌ ᠬᠣᠶᠠᠳᠤᠭᠠᠷ ᠬᠡᠯᠲᠡᠰ᠎ᠦᠨ ᠪᠠᠷᠢᠯᠭ᠎ᠠ᠎ᠶ᠋ᠢᠨ ᠬᠡᠰᠡᠭ᠎ᠦᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠳᠤ ᠶᠠᠷᠢᠪᠠ᠃ ᠲᠡᠷᠡ᠄《ᠲᠣᠭᠣᠷᠢᠨ ᠦᠵᠡᠬᠦ᠌᠎ᠪᠡᠷ ᠳᠠᠮᠵᠢᠨ ᠨᠡᠩ ᠤᠯᠠᠨ ᠵᠢᠭᠤᠯᠴᠢᠯᠠᠭᠰᠠᠳ ᠪᠤᠯᠤᠳ ᠲᠡᠮᠦᠷ᠎ᠦᠨ ᠠᠵᠤ ᠠᠬᠤᠢᠯᠠᠯ᠂ ᠪᠤᠯᠤᠳ ᠲᠡᠮᠦᠷ᠎ᠦᠨ ᠠᠵᠢᠯᠴᠢᠨ᠎ᠤ ᠲᠤᠬᠠᠢ ᠨᠡᠩ ᠭᠦᠨᠵᠡᠭᠡᠢ ᠣᠢᠯᠠᠭᠠᠯᠲᠠ ᠲᠠᠢ ᠪᠤᠯᠬᠤ᠎ᠶ᠋ᠢ ᠬᠦᠰᠡᠵᠦ᠍ ᠪᠠᠢᠨ᠎ᠠ》 ᠭᠡᠪᠡ᠃

《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠦᠢᠯᠡᠳᠪᠦᠷᠢ᠎ᠶ᠋ᠢ ᠪᠦᠳᠤᠬᠡᠨ ᠪᠠᠢᠭᠤᠯᠤᠭ᠍ᠰᠠᠨ》 ᠲᠡᠦᠬᠡ᠎ᠶ᠋ᠢᠨ ᠰᠠᠢᠬᠠᠨ ᠳᠠᠭᠤᠷᠢᠰᠭᠠᠯ ᠤᠳᠤ ᠪᠣᠯᠲᠠᠯ᠎ᠠ ᠤᠯᠠᠮᠵᠢᠯᠠᠭ᠍ᠳᠠᠵᠤ᠂ ᠤᠯᠤᠰ ᠎ᠤᠨ 《ᠠᠩᠬᠠᠳᠤᠭᠠᠷ ᠲᠠᠪᠤᠨ ᠵᠢᠯ》᠎ᠦ᠋ᠨ ᠬᠤᠭᠤᠴᠠᠭᠠᠨ ᠳ᠋ᠤ ᠪᠦᠳᠤᠬᠡᠨ ᠪᠠᠢᠭᠤᠯᠤᠭ᠍ᠰᠠᠨ ᠭᠣᠣᠯᠳᠠᠯᠭ᠎ᠠ᠎ᠲᠠᠶ ᠲᠦᠷᠤᠯ ᠵᠦᠢᠯ᠎ᠦᠨ ᠨᠢᠭᠡ ᠪᠣᠯᠤᠭ᠍ᠰᠠᠨ᠎ᠤ ᠬᠤᠪᠢ᠎ᠳᠤ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ ᠥᠪᠡᠷᠮᠢᠴᠡ ᠬᠤᠪᠢᠰᠭᠠᠯ᠎ᠤᠨ ᠭᠸᠨ ᠪᠣᠯᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠡᠯᠧᠮᠧᠨ᠋ᠲ᠎ᠢ ᠠᠭᠤᠯᠵᠤ ᠪᠠᠢᠳᠠᠭ᠃ 2006 ᠣᠨ᠎ᠳᠤ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ 《ᠪᠦᠬᠦ᠌ ᠤᠯᠤᠰ᠎ᠤᠨ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠤᠨ ᠵᠢᠱ᠌ᠢᠢ᠎ᠡ ᠦᠵᠡᠭᠦᠯᠬᠦ᠌ ᠴᠡᠭ》 ᠎ᠤ᠋ᠨ ᠫᠠᠢᠰᠠ ᠢᠯᠡᠷᠬᠡᠢᠯᠡᠯ᠎ᠢ ᠤᠯᠵᠤ᠂ 2016 ᠣᠨ᠎ᠳᠤ ᠥᠪᠥᠷ ᠮᠣᠩᠭᠣᠯ᠎ᠤᠨ ᠲᠢᠶ᠍ᠸ ᠬᠤᠸᠠ ᠰᠣᠶᠣᠯ᠎ᠤᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢ ᠪᠠᠢᠭᠤᠯᠵᠤ᠂ ᠪᠤᠭᠤᠲᠤ᠎ᠶ᠋ᠢᠨ ᠪᠤᠯᠤᠳ ᠲᠡᠮᠤᠷ᠎ᠦᠨ ᠦᠵᠡᠰᠭᠦᠯᠡᠩ᠎ᠦᠨ ᠲᠥᠪ᠂ ᠪᠤᠯᠤᠳ ᠲᠡᠮᠤᠷ᠎ᠦᠨ ᠦᠵᠡᠭᠦᠯᠭᠡ᠎ᠶ᠋ᠢᠨ ᠲᠢᠩᠬᠢᠮ᠂ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ ᠱᠤᠭᠤᠮ᠂ ᠠᠭᠤᠷ᠎ᠤᠨ  ᠮᠠᠰᠢᠨ᠎ᠦ ᠦᠵᠡᠭᠦᠯᠭᠡ᠎ᠶ᠋ᠢᠨ ᠲᠣᠭᠣᠷᠢᠭ ᠪᠣᠯᠤᠨ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠤᠨ ᠰᠢᠷᠡᠮᠦ ᠬᠠᠢᠯᠤᠭᠤᠯᠬᠤ ᠨᠢᠭᠡᠳᠦᠭᠡᠷ ᠵᠤᠤᠬ᠎ᠠ᠎ᠶ᠋ᠢᠨ ᠭᠣᠣᠯ ᠰᠡᠳᠦᠪᠲᠦ ᠠᠭᠤᠳᠠᠮ ᠲᠠᠯᠠᠪᠠᠢ ᠵᠡᠷᠭᠡ᠎ᠶ᠋ᠢ ᠪᠠᠢᠭᠤᠯᠵᠤ᠂ ᠬᠡᠳᠦᠨ ᠦᠶ᠎ᠡ ᠎ᠶ᠋ᠢᠨ ᠪᠤᠭᠤᠲᠤ᠎ᠶ᠋ᠢᠨ ᠪᠤᠯᠤᠳ ᠲᠡᠮᠤᠷ᠎ᠦᠨ ᠬᠥᠮᠦᠰ᠎ᠦᠨ ᠱᠢᠷᠭᠠᠭᠤ ᠬᠠᠲᠠᠭᠤᠵᠢᠯᠲᠠᠢ ᠲᠡᠮᠡᠴᠡᠭ᠌ᠰᠡᠨ ᠰᠡᠳᠭᠢᠯ ᠬᠥᠳᠡᠯᠭᠡᠮ᠎ᠡ ᠦᠯᠢᠭᠡᠷ᠎ᠢ ᠬᠦᠤᠷᠨᠢᠨ᠂ ᠨᠡᠩ ᠤᠯᠠᠨ ᠬᠥᠮᠦᠰ᠎ᠲᠦ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠲᠠᠨᠢᠭᠤᠯᠵᠤ ᠬᠤᠪᠢᠰᠭᠠᠯᠳᠤ ᠤᠳᠤᠮᠰᠢᠯ᠎ᠢ ᠤᠯᠠᠮᠵᠢᠯᠠᠬᠰᠠᠨ ᠪᠠᠢᠨ᠎ᠠ᠃

ᠲᠢᠶᠧ ᠬᠤᠸᠠ ᠰᠣᠶᠣᠯ᠎ᠤᠨ ᠺᠣᠮᠫᠠᠨᠢ᠎ᠶ᠋ᠢᠨ ᠬᠥᠭ᠌ᠵᠢᠯᠲᠡ ᠵᠢᠨ ᠶᠠᠪᠤᠴᠠ ᠵᠢ ᠬᠠᠢᠨ ᠰᠦᠪᠡᠭ᠌ᠴᠢᠯᠡᠯᠳᠠ ᠪᠠ ᠱᠢᠨ᠎ᠡ ᠡᠭᠦᠳᠦᠯᠲᠡ ᠵᠢᠨ ᠶᠠᠪᠤᠴᠠ ᠭᠡᠵᠦ ᠬᠡᠯᠡᠵᠦ ᠪᠤᠯᠤᠨ᠎ᠠ᠃  ᠺᠣᠮᠫᠠᠨᠢ ᠪᠠᠢᠭᠤᠯᠤᠭ᠍ᠳᠠᠭ᠍ᠰᠠᠨ᠎ᠠᠴᠠ ᠨᠠᠭᠠᠰᠢ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠰᠣᠶᠣᠯ᠎ᠤᠨ ᠦᠢᠯᠡᠰ ᠪᠣᠯᠤᠨ ᠰᠣᠶᠣᠯ᠎ᠤᠨ ᠠᠵᠤ ᠦᠢᠯᠡᠰ᠎ᠦᠨ ᠬᠥᠭ᠌ᠵᠢᠯ ᠴᠡᠴᠡᠭ᠌ᠯᠡᠯ᠎ᠢ ᠠᠬᠢᠭᠤᠯᠬᠤ ᠡᠭᠦᠷᠭᠡ᠎ᠶ᠋ᠢ ᠭᠤᠢᠪᠢᠰᠢ ᠦᠭᠡᠢ ᠡᠭᠦᠷᠭᠡᠯᠡᠨ ᠪᠠᠷᠢᠮᠲᠠᠯᠠᠵᠤ ᠴᠤᠴᠠᠯᠳᠠ ᠦᠭᠡᠢ ᠴᠢᠷᠮᠠᠢᠨ᠂ ᠰᠣᠶᠣᠯ᠎ᠤᠨ ᠪᠦᠲᠦᠭᠡᠯᠴᠢ ᠠᠵᠤ ᠦᠢᠯᠡᠰ᠎ᠦᠨ ᠦᠷᠢᠰᠦᠯᠳᠦᠬᠦ᠌ ᠬᠦᠴᠦᠨ ᠡᠳᠦᠷ ᠢᠷᠡᠬᠦᠶ᠎ᠡ ᠢᠯᠡᠷᠬᠡᠢ ᠪᠤᠯᠵᠤ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠤᠨ ᠬᠢᠯᠠᠰ ᠴᠡᠭ ᠲᠠᠰᠤᠷᠠᠯᠲᠠ ᠦᠭᠡᠢ ᠴᠣᠯᠭᠣᠷᠠᠨ ᠭᠠᠷᠴᠤ᠌  ᠠᠮᠢᠵᠢᠷᠠᠯ᠎ᠤᠨ ᠬᠦᠴᠦᠨ ᠵᠢᠡᠷ ᠪᠢᠯᠬᠠᠮ᠎ᠠ ᠪᠤᠯᠵᠤ᠂ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ ᠪᠣᠯᠤᠨ ᠴᠢᠨᠠᠷ ᠰᠠᠢᠲᠠᠢ ᠦᠢᠯᠡᠴᠢᠯᠡᠭᠡ ᠪᠡᠷ ᠥᠪᠡᠷᠮᠢᠴᠡ ᠣᠨᠴᠠᠯᠢᠭ᠎ᠲᠠᠶ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠠᠵᠤ ᠦᠢᠯᠡᠳᠪᠦᠷᠢ᠎ᠶ᠋ᠢᠨ ᠰᠣᠶᠣᠯ᠎ᠢ ᠠᠮᠵᠢᠯᠲᠠ᠎ᠲᠠᠶ ᠭᠠᠳᠠᠭᠰᠢ ᠤᠬᠠᠭᠤᠯᠵᠠᠢ᠃

ᠲᠢᠶᠧ ᠬᠤᠸᠠ ᠰᠣᠶᠣᠯ᠎ᠤᠨ ᠺᠣᠮᠫᠠᠨᠢ᠎ᠶ᠋ᠢᠨ᠎ᠬᠢᠨ ᠮᠠᠰᠢ ᠤᠯᠠᠨ ᠰᠣᠶᠣᠯ᠎ᠤᠨ ᠲᠦᠷᠦᠯ ᠲᠡᠮᠳᠡᠭ ᠪᠣᠯᠤᠨ ᠪᠣᠳᠠᠲᠤ ᠴᠣᠭ᠍ᠴᠠ᠎ᠶ᠋ᠢᠨ ᠲᠡᠯᠭᠡᠬᠦᠷ ᠲᠠᠢ ᠪᠤᠯᠪᠠ᠃ ᠵᠠᠭᠤᠴᠢᠯᠠᠭᠤᠷ᠂ ᠪᠣᠯᠪᠠᠰᠤᠷᠠᠯ ᠡᠴᠡ ᠪᠡᠶ᠎ᠡ᠎ᠶ᠋ᠢᠨ ᠲᠠᠮᠢᠷ᠂ ᠵᠢᠭᠤᠯᠴᠢᠯᠠᠯ᠂ ᠦᠢᠯᠡᠴᠢᠯᠡᠭᠡ ᠬᠦᠷᠲᠡᠯ᠎ᠡ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠨᠢ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠢ ᠪᠦᠲᠦᠮᠵᠢᠲᠡᠢ ᠨᠡᠢᠳᠭᠡᠵᠦ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠤᠨ ᠠᠵᠤ ᠦᠢᠯᠡᠳᠪᠦᠷᠢ᠎ᠶ᠋ᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠤᠨ ᠲᠦᠷᠤᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠴᠦ᠍ ᠶᠡᠬᠡ᠎ᠪᠡᠷ ᠨᠡᠮᠡᠭ᠌ᠳᠡᠭᠦᠯᠪᠡ᠃ ᠡᠭᠦᠨ᠎ᠳᠦ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠤᠯᠠᠭᠠᠨᠮᠥ᠋ᠴᠢᠷ ᠤᠯᠤᠰ᠎ᠤᠨ ᠥᠮᠴᠢᠯᠡᠯ᠎ᠦᠨ ᠰᠣᠶᠣᠯ᠎ᠤᠨ ᠠᠵᠤ ᠠᠬᠤᠢᠯᠠᠯ᠎ᠤᠨ ᠡᠬᠦᠷᠭᠡ ᠬᠠᠷᠢᠭᠤᠴᠠᠯᠭ᠎ᠠ ᠵᠢ  ᠢᠳᠡᠪᠬᠢᠲᠡᠢ ᠭᠦᠢᠴᠡᠳᠭᠡᠵᠦ᠍᠂ ᠠᠭᠤᠷᠬᠠᠢ᠎ᠶ᠋ᠢᠨ ᠣᠷᠣᠨ ᠪᠣᠯᠤᠨ ᠡᠮᠦᠨ᠎ᠡ ᠹᠷᠣᠨᠲ᠎ᠤᠨ ᠦᠢᠯᠡᠳᠪᠦᠷᠢ᠎ᠶ᠋ᠢᠨ ᠲᠣᠭᠣᠷᠢᠭ᠎ᠲᠤ ᠭᠦᠨᠵᠡᠭᠡᠢᠷᠡᠵᠦ᠍᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠤᠯᠠᠨ ᠲᠦᠮᠡᠨ᠎ᠳᠦ ᠬᠡᠳᠦᠨ ᠵᠠᠭᠤᠨ ᠤᠳᠠᠭ᠎ᠠ᠎ᠶ᠋ᠢᠨ ᠭᠣᠢᠳᠠ ᠰᠠᠢᠬᠠᠨ ᠲᠣᠬᠣᠨᠢᠭᠤᠯᠬᠤ ᠲᠣᠭ᠍ᠯᠠᠯᠲᠠ ᠬᠦᠷᠭᠡᠵᠤ᠂ ᠬᠦᠯᠢᠶᠡᠨ ᠠᠪᠴᠤ ᠰᠤᠨᠢᠷᠬᠠᠭᠰᠠᠳ ᠬᠡᠳᠦᠨ ᠠᠷᠪᠠᠨ ᠲᠦᠮᠡᠨ ᠬᠥᠮᠦᠨ ᠤᠳᠠᠭ᠎ᠠ᠎ᠳᠤ ᠬᠦᠷᠴᠡᠢ᠃ ᠲᠡᠳᠡ ᠤᠳᠬ᠎ᠠ ᠤᠷᠠᠯᠢᠭ᠎ᠢᠶᠠᠷ ᠨᠠᠮ᠎ᠤᠨ ᠬᠠᠢᠷ᠎ᠠ ᠬᠠᠯᠠᠮᠵᠢ ᠵᠢ ᠳᠠᠮᠵᠢᠭᠤᠯᠵᠤ᠂ 《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ 》᠎ᠦ᠋ᠨ ᠵᠣᠷᠢᠭ ᠰᠠᠨᠠᠭ᠎ᠠ᠎ᠶ᠋ᠢ  ᠪᠠᠳᠠᠷᠠᠭᠤᠯᠤᠭᠰᠠᠨ ᠪᠠᠢᠨ᠎ᠠ᠃

ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠲᠠᠯ᠎ᠠ᠎ᠪᠠᠷ ᠲᠢᠶᠧ ᠬᠤᠸᠠ ᠰᠣᠶᠣᠯ᠎ᠤᠨ ᠺᠣᠮᠫᠠᠨᠢ᠎ᠶ᠋ᠢᠨ ᠠᠮᠵᠢᠯᠲᠠ ᠪᠦᠲᠦᠮᠵᠢ ᠴᠦ᠍ ᠬᠥᠮᠦᠰ᠎ᠦᠨ ᠠᠩᠬᠠᠷᠤᠯ᠎ᠢ ᠲᠠᠲᠠᠵᠤ ᠪᠤᠢ᠃ 《ᠤᠯᠤᠰ᠎ᠤᠨ ᠥᠮᠴᠢᠯᠡᠯ᠎ᠦᠨ ᠠᠵᠤ ᠠᠬᠤᠢᠯᠠᠯ·ᠲᠤᠮᠤ ᠱᠠᠮᠰᠢᠬᠴᠢ》 ᠴᠢᠬᠡᠴᠢ ᠵᠠᠰᠠᠭ᠎ᠤᠨ ᠤᠬᠠᠭᠤᠯᠭ᠎ᠠ ᠵᠢᠨ ᠹᠢᠯᠢᠮ ᠨᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠰᠠᠢᠨ ᠦᠨᠡᠯᠡᠯᠲᠡ᠎ᠶ᠋ᠢ ᠤᠯᠵᠤ᠂ ᠪᠤᠭᠤᠲᠤ᠎ᠶ᠋ᠢᠨ ᠪᠣᠯᠣᠳ ᠲᠡᠮᠦᠷ᠎ᠦᠨ ᠪᠠᠭᠠᠴᠤᠳ᠎ᠤᠨ ᠣᠷᠳᠣᠨ  ᠨᠢ ᠪᠤᠭᠤᠲᠤ ᠬᠣᠲᠠ᠎ᠶ᠋ᠢᠨ 《ᠱᠢᠯᠢᠳᠡᠭ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ》ᠶ᠋ᠢᠨ ᠴᠣᠯᠠ᠎ᠶ᠋ᠢ ᠭᠥᠷᠳᠡᠪᠡ; ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠦᠨ ᠨᠠᠰᠤᠲᠠᠢᠴᠤᠳ᠎ᠤᠨ ᠶᠡᠬᠡ ᠰᠤᠷᠭᠠᠭᠤᠯᠢ ᠪᠣᠯ 《ᠪᠥᠬᠥ᠌ ᠤᠯᠤᠰ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠎ᠶ᠋ᠢᠨ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠬᠦ᠌ ᠰᠤᠷᠭᠠᠭᠤᠯᠢ》ᠪᠣᠯᠤᠨ᠎ᠠ; ᠪᠤᠭᠤᠲᠤ᠎ᠶ᠋ᠢᠨ ᠪᠣᠯᠣᠳ ᠲᠡᠮᠦᠷ᠎ᠦᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠨᠢ ᠤᠯᠤᠰ᠎ᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠂ ᠤᠯᠤᠰ᠎ᠤᠨ AAA ᠲᠠᠰ᠎ᠤᠨ ᠦᠵᠡᠮᠵᠢ᠎ᠶ᠋ᠢᠨ ᠣᠷᠣᠨ᠂ ᠳᠤᠮᠳᠠᠳᠤ ᠤᠯᠤᠰ᠎ᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ ᠎ᠤᠨ ᠬᠥᠭ᠌ᠵᠢᠯᠲᠡ᠎ᠶ᠋ᠢᠨ ᠬᠣᠯᠪᠣᠭᠠᠲᠤ ᠴᠣᠭ᠍ᠴᠠ᠎ᠶ᠋ᠢᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠎ᠦᠨ ᠱᠠᠩᠨᠠᠯ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠳᠤᠯᠤᠨ ᠰᠤᠷᠤᠯᠴᠠᠬᠤ ᠦᠶ᠋ᠯᠡᠳᠦᠯᠭᠡ᠎ᠶ᠋ᠢᠨ ᠰᠠᠭᠤᠷᠢᠨ᠂ ᠪᠤᠭᠤᠲᠤ ᠬᠣᠲᠠ ᠎ᠶ᠋ᠢᠨ ᠠᠩᠬᠠᠳᠠᠭ᠍ᠴᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ ᠵᠡᠷᠭᠡ ᠢᠷᠠᠭᠤ ᠠᠯᠳᠠᠷ᠎ᠢ ᠭᠥᠷᠳᠡᠪᠡ; ᠪᠤᠭᠤᠲᠤ᠎ᠶ᠋ᠢᠨ ᠪᠣᠯᠣᠳ ᠲᠡᠮᠦᠷ᠎ᠦᠨ ᠶᠡᠷᠦᠩᠬᠡᠢᠯᠡᠭ᠌ᠰᠡᠨ ᠪᠡᠶ᠎ᠡ᠎ᠶ᠋ᠢᠨ ᠲᠠᠮᠢᠷ᠎ᠤᠨ ᠣᠷᠳᠣᠨ ᠨᠢ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠱᠢᠯᠢᠳᠡᠭ ᠵᠣᠬᠢᠶᠠᠨ ᠪᠠᠢᠭᠤᠯᠬᠤ ᠨᠢᠭᠡᠴᠢ》 ᠶ᠋ᠢᠨ ᠱᠠᠩᠨᠠᠯ᠎ᠢ ᠭᠥᠷᠳᠡᠪᠡ᠂ ᠮᠦᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠥᠳᠥᠨ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠂ ᠳᠤᠮᠳᠠᠳᠤ ᠤᠯᠤᠰ ᠎ᠤᠨ ᠥᠳᠥᠨ ᠪᠥᠮᠪᠥᠭᠡ᠎ᠶ᠋ᠢᠨ ᠨᠡᠢᠭᠡᠮᠯᠢᠭ ᠎ᠦᠨ 2023 ᠣᠨ᠎ᠤ ᠠᠩᠬᠠᠳᠠᠭ᠍ᠴᠢ ᠪᠦᠯᠦᠭ ᠎ᠤᠨ ᠵᠠᠯᠠᠭᠤᠴᠤᠳ ᠪᠠᠭᠠᠴᠤᠳ᠎ᠤᠨ ᠥᠳᠥᠨ ᠪᠥᠮᠪᠥᠭᠡ᠎ᠶ᠋ᠢᠨ ᠲᠠᠰ᠎ᠢ ᠦᠨᠡᠯᠡᠨ ᠲᠣᠭ᠍ᠲᠠᠭᠠᠬᠤ ᠪᠠᠢᠭᠤᠯᠤᠮᠵᠢ ᠪᠤᠯᠤᠭᠰᠠᠨ ᠪᠠᠢᠨ᠎ᠠ; ᠪᠤᠭᠤᠲᠤ᠎ᠶ᠋ᠢᠨ ᠪᠣᠯᠣᠳ ᠲᠡᠮᠦᠷ᠎ᠦᠨ ᠵᠣᠴᠢᠳ᠎ᠤᠨ ᠪᠠᠭᠤᠳᠠᠯ  ᠨᠢ ᠤᠷᠢᠳ ᠬᠣᠵᠢᠳ ᠪᠤᠭᠤᠲᠤ ᠬᠣᠲᠠ᠎ᠶ᠋ᠢᠨ ᠬᠠᠮᠤᠭ᠎ᠤᠨ ᠰᠠᠢᠨ ᠵᠢᠭᠤᠯᠴᠢᠯᠠᠯ᠎ᠤᠨ ᠣᠳᠣᠨ ᠲᠠᠰ᠎ᠤᠨ ᠵᠤᠴᠢᠳ᠎ᠦᠨ ᠪᠠᠭᠤᠳᠠᠯ᠂ ᠥᠪᠥᠷ ᠮᠣᠩᠭᠣᠯ᠎ᠤᠨ ᠪᠣᠬᠢᠷᠲᠤᠯ ᠥᠬᠡᠶ ᠢᠳᠡᠭᠡᠨ ᠤᠮᠳᠠᠭᠠᠨ ᠎ᠤ ᠠᠵᠤ ᠠᠬᠤᠢᠯᠠᠯ᠂ ᠳᠤᠮᠳᠠᠳᠤ ᠤᠯᠤᠰ᠎ᠤᠨ ᠰᠢᠯᠢᠳᠡᠭ ᠵᠣᠴᠢᠳ᠎ᠤᠨ ᠪᠠᠭᠤᠳᠠᠯ ᠵᠡᠷᠭᠡ ᠢᠷᠠᠭᠤ ᠠᠯᠳᠠᠷ᠎ᠢ ᠭᠥᠷᠳᠡᠪᠡ᠃

ᠡᠮᠦᠨᠡᠬᠡᠨ ᠲᠢᠶᠧ ᠬᠤᠸᠠ ᠰᠣᠶᠣᠯ᠎ᠤᠨ ᠺᠣᠮᠫᠠᠨᠢ ᠨᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠠᠬᠤᠢᠯᠠᠯ᠎ᠤᠨ 10 ᠬᠦᠴᠦᠷᠬᠡᠭ》 ᠎ᠦ᠋ᠨ ᠨᠡᠷᠡᠰ᠎ᠦᠨ ᠵᠢᠭ᠍ᠰᠠᠭᠠᠯᠲᠠ ᠎ᠳᠤ ᠳᠠᠬᠢᠨᠲᠠ ᠲᠣᠳᠣᠷᠠᠵᠤ᠂ ᠬᠣᠶᠠᠷ ᠬᠤᠭᠤᠴᠠᠭ᠎ᠠ ᠳᠠᠷᠠᠭᠠᠯᠠᠨ ᠲᠣᠰ ᠢᠷᠠᠭᠤ ᠠᠯᠳᠠᠷ᠎ᠢ ᠭᠥᠷᠳᠡᠪᠡ᠃ ᠬᠤᠢᠰᠢᠳᠠ ᠺᠣᠮᠫᠠᠨᠢ ᠵᠢᠨ ᠬᠢᠨ ᠥᠪᠥᠷ ᠮᠣᠩᠭᠣᠯ᠎ᠤᠨ《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠣᠯᠣᠳ ᠲᠡᠮᠦᠷ᠎ᠦᠨ ᠦᠢᠯᠡᠳᠪᠦᠷᠢ᠎ᠶ᠋ᠢ ᠪᠥᠲᠥᠭᠡᠨ ᠪᠠᠢᠭᠤᠯᠤᠭᠰᠠᠨ》 ᠲᠡᠦᠬᠡ᠎ᠶ᠋ᠢᠨ ᠢᠷᠠᠭᠤ ᠳᠠᠭᠤᠷᠢᠰᠭᠠᠯ᠎ᠢ ᠰᠠᠢᠲᠤᠷ ᠶᠠᠷᠢᠬᠤ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠬᠠᠮᠤᠭ᠎ᠤᠨ ᠲᠣᠮᠣ ᠠᠵᠤ ᠠᠬᠤᠢᠯᠠᠯ᠎ᠤᠨ ᠪᠣᠢᠵᠢᠭᠤᠯᠤᠭ᠍ᠰᠠᠨ ᠰᠣᠶᠣᠯ᠎ᠤᠨ ᠠᠵᠤ ᠦᠶ᠋ᠯᠡᠰ ᠎ᠦᠨ ᠺᠣᠮᠫᠠᠨᠢ ᠪᠣᠯᠤᠭ᠍ᠰᠠᠨ᠎ᠤ ᠬᠤᠪᠢ ᠎ᠳᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠰᠣᠶᠣᠯ ᠎ᠤᠨ ᠱᠢᠨ᠎ᠡ᠎ᠶ᠋ᠢ ᠡᠭᠦᠳᠬᠦ᠌ ᠪᠠ ᠤᠯᠠᠮᠵᠢᠯᠠᠨ ᠵᠠᠯᠭᠠᠮᠵᠢᠯᠠᠬᠤ ᠵᠠᠮ᠎ᠢᠶᠡᠷ ᠭᠤᠢᠪᠢᠰᠢ ᠦᠭᠡᠢ ᠤᠷᠤᠭ᠍ᠰᠢᠯᠠᠨ᠎ᠠ ᠭᠡᠵᠦ ᠲᠢᠶᠧ ᠬᠤᠸᠠ ᠰᠣᠶᠣᠯ᠎ᠤᠨ ᠺᠣᠮᠫᠠᠨᠢ᠎ᠶ᠋ᠢᠨ ᠬᠠᠷᠢᠭᠤᠴᠠᠯᠭᠠᠲᠠᠨ ᠶᠠᠷᠢᠪᠠ᠃ 

ᠱᠢᠨ᠎ᠡ ᠬᠥᠭ᠌ᠵᠢᠯᠲᠡ᠎ᠶ᠋ᠢᠨ ᠠᠷᠭ᠎ᠠ ᠵᠠᠮ᠎ᠢ ᠲᠠᠰᠤᠷᠠᠯᠲᠠ ᠦᠭᠡᠢ ᠰᠦᠪᠡᠭ᠌ᠴᠢᠯᠡᠬᠦ᠌᠎ᠪᠡᠷ ᠳᠠᠮᠵᠢᠨ ᠲᠢᠶᠧ ᠬᠤᠸᠠ ᠰᠣᠶᠣᠯ᠎ᠤᠨ ᠺᠣᠮᠫᠠᠨᠢ ᠵᠢᠨ ᠬᠢᠨ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ ᠴᠢᠨᠠᠭ᠍ᠰᠢᠯᠠᠪᠠᠯ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠢᠯᠡᠰ ᠪᠣᠯᠤᠨ ᠰᠣᠶᠣᠯ᠎ᠤᠨ ᠠᠵᠤ ᠦᠢᠯᠡᠰ᠎ᠦᠨ ᠬᠥᠭ᠌ᠵᠢᠯᠲᠡ᠎ᠳᠦ ᠲᠠᠰᠤᠷᠠᠯᠲᠠ ᠦᠭᠡᠢ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠡᠩ ᠭᠡᠷᠡᠯ ᠰᠠᠴᠤᠷᠠᠩᠭᠤᠢ ᠢᠷᠡᠭᠡᠳᠦᠢ᠎ᠶ᠋ᠢ ᠴᠣᠭ᠍ᠴᠠᠯᠠᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号