ᠴᠢᠩᠭ᠎ᠠ ᠡᠷᠴᠢᠮᠲᠠᠢ ᠳᠡᠮᠵᠢᠯᠭᠡ ᠪᠠ ᠨᠠᠷᠢᠯᠢᠭ ᠤᠨᠤᠴᠠᠳᠠᠢ ᠦᠢᠯᠡᠴᠢᠯᠡᠭᠡ ᠪᠡᠷ ᠬᠦᠭᠵᠢᠯᠳᠡ ᠶ᠋ᠢᠨ ᠤᠷᠴᠢᠨ ᠨᠦᠬᠦᠴᠡᠯ ᠢ᠋ ᠰᠠᠢᠵᠢᠷᠠᠭᠤᠯᠤᠭᠰᠠᠨ ᠶ᠋ᠢᠡᠷ ᠮᠠᠨ ᠤ᠋ ᠤᠷᠤᠨ ᠰᠢᠨ᠎ᠠ ᠶ᠋ᠢ ᠡᠭᠦᠳᠬᠦ ᠬᠡᠯᠪᠡᠷᠢ ᠶ᠋ᠢᠨ 1137 ᠳᠤᠮᠳᠠ ᠪᠠᠭ᠎ᠠ ᠠᠵᠤ ᠠᠬᠤᠢᠯᠠᠯ ᠲᠠᠢ ᠪᠤᠯᠪᠠ
2024-10-07 11:41:27
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠪᠡ ᠮᠡᠳᠡᠭᠡ ᠵᠠᠩᠬᠢᠴᠢᠯᠠᠯᠳᠠ ᠶ᠋ᠢᠨ ᠲᠢᠩᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠴᠢᠩᠭ᠎ᠠ ᠡᠷᠴᠢᠮᠲᠠᠢ ᠳᠡᠮᠵᠢᠯᠭᠡ ᠪᠠ ᠨᠠᠷᠢᠯᠢᠭ ᠤᠨᠤᠴᠠᠳᠠᠢ ᠦᠢᠯᠡᠴᠢᠯᠡᠭᠡ ᠪᠡᠷ ᠳᠤᠮᠳᠠ ᠪᠠᠭ᠎ᠠ ᠠᠵᠤ ᠠᠬᠤᠢᠯᠠᠯ ᠤ᠋ᠨ ᠬᠦᠭᠵᠢᠯᠳᠡ ᠶ᠋ᠢᠨ ᠤᠷᠴᠢᠨ ᠨᠦᠬᠦᠴᠡᠯ ᠢ᠋ ᠲᠠᠰᠤᠷᠠᠯᠳᠠ ᠦᠭᠡᠢ ᠰᠠᠢᠵᠢᠷᠠᠭᠤᠯᠤᠭᠰᠠᠨ ᠶ᠋ᠢᠡᠷ ᠳᠤᠮᠳᠠ ᠪᠠᠭ᠎ᠠ ᠠᠵᠤ ᠠᠬᠤᠢᠯᠠᠯ ᠤ᠋ᠨ ᠮᠡᠷᠭᠡᠵᠢᠯ ᠤ᠋ᠨ ᠰᠢᠨ᠎ᠠ ᠶ᠋ᠢ ᠡᠭᠦᠳᠬᠦ ᠪᠠ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠠᠬᠢᠴᠠ ᠤᠷᠢᠳ ᠭᠠᠷᠤᠭ᠎ᠠ ᠦᠬᠡᠢ ᠳᠦᠷᠭᠡᠳᠴᠤ᠂ ᠤᠳᠤ ᠪᠦᠬᠦ ᠤᠷᠤᠨ ᠳ᠋ᠤ ᠰᠢᠨ᠎ᠠ ᠶ᠋ᠢ ᠡᠭᠦᠳᠬᠦ ᠬᠡᠯᠪᠡᠷᠢ ᠶ᠋ᠢᠨ 1137 ᠳᠤᠮᠳᠠ ᠪᠠᠭ᠎ᠠ ᠠᠵᠤ ᠠᠬᠤᠢᠯᠠᠯ᠂ 460 《ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ》 ᠳᠤᠮᠳᠠ ᠪᠠᠭ᠎ᠠ ᠠᠵᠤ ᠠᠬᠤᠢᠯᠠᠯ᠂ 27 ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ 《ᠪᠢᠴᠢᠬᠠᠨ ᠠᠪᠤᠷᠭᠤ》 ᠠᠵᠤ ᠠᠬᠤᠢᠯᠠᠯ ᠲᠠᠢ ᠪᠤᠯᠪᠠ ᠃

ᠮᠠᠨ ᠤ᠋ ᠤᠷᠤᠨ ᠳᠤᠮᠳᠠ ᠪᠠᠭ᠎ᠠ ᠠᠵᠤ ᠠᠬᠤᠢᠯᠠᠯ ᠤ᠋ᠨ ᠬᠦᠭᠵᠢᠯᠳᠡ ᠶ᠋ᠢ ᠳᠡᠮᠵᠢᠬᠦ ᠲᠤᠬᠠᠢ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠴᠤᠬᠤᠯᠠᠪᠤᠷᠢ ᠶ᠋ᠢᠨ ᠵᠤᠷᠢᠭ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠵᠤ᠂ 《ᠲᠦᠷᠦ ᠶ᠋ᠢᠨ ᠪᠤᠳᠤᠯᠭ᠎ᠠ ᠶ᠋ᠢᠨ ᠰᠢᠰᠲᠧᠮ᠂ ᠦᠢᠯᠡᠴᠢᠯᠡᠭᠡᠨ ᠤ᠋ ᠰᠢᠰᠲ᠋ᠧᠮ᠂ ᠬᠦᠭᠵᠢᠯᠳᠡ ᠶ᠋ᠢᠨ ᠤᠷᠴᠢᠨ ᠨᠦᠬᠦᠴᠡᠯ》 ᠵᠡᠷᠭᠡ ᠭᠤᠷᠪᠠᠨ ᠬᠦᠷᠢᠶ᠎ᠠ ᠪᠡᠷ ᠭᠤᠤᠯᠳᠠᠭᠤᠯᠤᠨ᠂ 《ᠳᠤᠮᠳᠠ ᠪᠠᠭ᠎ᠠ ᠠᠵᠤ ᠠᠬᠤᠢᠯᠠᠯ ᠤ᠋ᠨ ᠪᠡᠯᠡ ᠬᠤᠷᠠᠮᠳᠤᠭᠤᠯᠬᠤ ᠳ᠋ᠤ ᠬᠦᠴᠢᠷ ᠪᠡᠯᠡ ᠬᠤᠷᠠᠮᠳᠤᠭᠤᠯᠬᠤ ᠳ᠋ᠤ ᠦᠨᠡᠳᠠᠢ ᠪᠠᠢᠳᠠᠯ ᠢ᠋ ᠨᠠᠮᠳᠠᠭᠤᠯᠬᠤ᠂ ᠳᠤᠮᠳᠠ ᠪᠠᠭ᠎ᠠ ᠠᠵᠤ ᠠᠬᠤᠢᠯᠠᠯ ᠤ᠋ᠨ ᠬᠠᠤᠯᠢ ᠶᠤᠰᠤᠨ ᠤ᠋ ᠡᠷᠬᠡ ᠠᠰᠢᠭ ᠢ᠋ ᠬᠠᠮᠠᠭᠠᠯᠠᠬᠤ ᠶ᠋ᠢ ᠴᠢᠩᠭᠠᠳᠬᠠᠬᠤ》ᠵᠡᠷᠭᠡ ᠬᠤᠶᠠᠷ ᠭᠤᠤᠯᠳᠠᠯᠭ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ 《ᠳᠤᠮᠳᠠ ᠪᠠᠭ᠎ᠠ ᠠᠵᠤ ᠠᠬᠤᠢᠯᠠᠯ ᠤ᠋ᠨ ᠰᠢᠨ᠎ᠠ ᠶ᠋ᠢ ᠡᠭᠦᠳᠬᠦ ᠴᠢᠳᠠᠪᠤᠷᠢ ᠪᠠ ᠲᠤᠰᠬᠠᠢᠵᠢᠭᠰᠠᠨ ᠲᠦᠪᠰᠢᠨ ᠢ᠋ ᠳᠡᠭᠡᠭᠰᠢᠯᠡᠭᠦᠯᠬᠦ》ᠬᠠᠷᠠᠯᠳᠠ ᠶ᠋ᠢ ᠨᠢᠭᠳᠠ ᠡᠵᠡᠮᠳᠡᠨ᠂ ᠳᠤᠮᠳᠠ ᠪᠠᠭ᠎ᠠ ᠠᠵᠤ ᠠᠬᠤᠢᠯᠠᠯ ᠤ᠋ᠨ ᠬᠦᠭᠵᠢᠯᠳᠡ ᠳ᠋ᠤ ᠰᠠᠢᠨ ᠰᠠᠢᠬᠠᠨ ᠤᠷᠴᠢᠨ ᠨᠦᠬᠦᠴᠡᠯ ᠡᠭᠦᠳᠴᠤ ᠦᠭᠬᠦ ᠪᠡᠷ ᠬᠦᠴᠦᠯᠡᠨ ᠴᠢᠷᠮᠠᠢᠵᠤ᠂  ᠪᠦᠬᠦ ᠤᠷᠤᠨ ᠤ᠋ ᠳᠤᠮᠳᠠ ᠪᠠᠭ᠎ᠠ ᠠᠵᠤ ᠠᠬᠤᠢᠯᠠᠯ ᠤ᠋ᠨ ᠳᠤᠭᠳᠠᠭᠤᠨ ᠪᠦᠭᠡᠳ ᠡᠷᠡᠭᠦᠯ ᠵᠢᠡᠷ ᠬᠦᠭᠵᠢᠬᠦ ᠶ᠋ᠢ ᠠᠬᠢᠭᠤᠯᠵᠠᠢ ᠃

ᠤᠯᠤᠰ ᠤ᠋ᠨ ᠲᠦᠷᠦ ᠶ᠋ᠢᠨ ᠪᠤᠳᠤᠯᠭ᠎ᠠ ᠶ᠋ᠢᠨ ᠬᠠᠨᠳᠤᠰᠢ ᠵᠢᠴᠢ ᠮᠠᠨ ᠤ᠋ ᠤᠷᠤᠨ ᠤ᠋ ᠪᠤᠳᠠᠳᠤ ᠪᠠᠢᠳᠠᠯ ᠲᠠᠢ ᠤᠶᠠᠯᠳᠤᠭᠤᠯᠤᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠢᠯᠢᠳᠡᠭ ᠳᠤᠮᠳᠠ ᠪᠠᠭ᠎ᠠ ᠠᠵᠤ ᠠᠬᠤᠢᠯᠠᠯ ᠢ᠋ ᠱᠠᠳᠤᠯᠢᠭ ᠬᠡᠯᠪᠡᠷᠢ ᠪᠡᠷ ᠪᠤᠢᠵᠢᠭᠤᠯᠬᠤ ᠠᠵᠢᠯᠯᠠᠭᠠᠨ ᠤ᠋ ᠲᠦᠰᠦᠯ》᠂ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 〈ᠨᠢᠭᠡ ᠬᠡᠯᠬᠢᠶ᠎ᠠ ᠨᠢᠭᠡ ᠲᠦᠷᠦ ᠶ᠋ᠢᠨ ᠪᠤᠳᠤᠯᠭ᠎ᠠ ᠨᠢᠭᠡ ᠪᠦᠯᠦᠭ〉 ᠳᠤᠮᠳᠠ ᠪᠠᠭ᠎ᠠ ᠠᠵᠤ ᠠᠬᠤᠢᠯᠠᠯ ᠤ᠋ᠨ ᠪᠡᠯᠡ ᠬᠤᠷᠠᠮᠳᠤᠭᠤᠯᠭ᠎ᠠ ᠶ᠋ᠢ ᠠᠬᠢᠭᠤᠯᠬᠤ ᠠᠵᠢᠯᠯᠠᠭ᠎ᠠ ᠶ᠋ᠢᠨ ᠬᠡᠷᠡᠭᠵᠢᠭᠦᠯᠬᠦ ᠳᠦᠰᠦᠯ》 ᠵᠡᠷᠭᠡ ᠳᠤᠮᠳᠠ ᠪᠠᠭ᠎ᠠ ᠠᠵᠤ ᠠᠬᠤᠢᠯᠠᠯ ᠤ᠋ᠨ ᠬᠦᠭᠵᠢᠯᠳᠡ ᠶ᠋ᠢ ᠳᠡᠳᠬᠦᠨ ᠳᠡᠮᠵᠢᠬᠦ ᠠᠯᠢ ᠤᠯᠠᠨ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠠ ᠶ᠋ᠢ ᠳᠤᠭᠳᠠᠭᠠᠨ ᠨᠡᠢᠳᠡᠯᠡᠵᠤ᠂ ᠡᠳ᠋ ᠤ᠋ᠨ ᠵᠠᠰᠠᠭ ᠤ᠋ᠨ ᠨᠦᠬᠦᠪᠤᠷᠢ᠂ ᠭᠠᠢᠯᠢ ᠳᠠᠳᠠᠪᠤᠷᠢ ᠶ᠋ᠢᠨ ᠬᠠᠷᠠᠭᠠᠯᠵᠠᠯ ᠡᠴᠡ ᠪᠡᠯᠡ ᠬᠤᠷᠠᠮᠳᠤᠭᠤᠯᠬᠤ ᠳᠡᠮᠵᠢᠯᠭᠡ ᠬᠦᠷᠳᠡᠯ᠎ᠠ ᠪᠦᠬᠦ ᠲᠠᠯ᠎ᠠ ᠶ᠋ᠢᠨ ᠲᠦᠷᠦ ᠶ᠋ᠢᠨ ᠪᠤᠳᠤᠯᠭ᠎ᠠ ᠶ᠋ᠢᠨ ᠪᠠᠳᠤᠯᠠᠭ᠎ᠠ ᠬᠠᠩᠭᠠᠭᠰᠠᠨ ᠪᠦᠭᠡᠳ ᠰᠦᠯᠵᠢᠶᠠᠨ ᠳᠡᠭᠡᠷ᠎ᠠ ᠪᠠ ᠲᠤᠬᠠᠢ ᠵᠢᠨ ᠭᠠᠵᠠᠷ ᠲᠦ᠍ ᠤᠯᠠᠨ ᠬᠡᠯᠪᠡᠷᠢ ᠶ᠋ᠢᠨ ᠤᠬᠠᠭᠤᠯᠭ᠎ᠠ ᠲᠠᠢᠯᠤᠮᠵᠢ ᠬᠢᠪᠡ᠃

ᠮᠠᠨ ᠤ᠋ ᠤᠷᠤᠨ ᠢᠳᠡᠭᠡᠮᠵᠢ ᠪᠡᠷ ᠪᠡᠯᠡ ᠬᠤᠷᠠᠮᠳᠤᠭᠤᠯᠬᠤ ᠦᠢᠯᠡᠴᠢᠯᠡᠭᠡ ᠶ᠋ᠢ ᠢᠳᠡᠪᠬᠢᠳᠠᠢ ᠠᠬᠢᠭᠤᠯᠵᠤ᠂ ᠢᠳᠡᠭᠡᠮᠵᠢ ᠶ᠋ᠢᠨ ᠮᠡᠳᠡᠭᠡ ᠵᠠᠩᠬᠢ ᠶ᠋ᠢ ᠬᠠᠮᠳᠤ ᠪᠡᠷ ᠡᠳ᠋ᠯᠡᠵᠦ ᠬᠠᠮᠳᠤ ᠪᠡᠷ ᠬᠡᠷᠡᠭᠯᠡᠬᠦ ᠶ᠋ᠢ ᠴᠢᠩᠭᠠᠳᠬᠠᠬᠤ ᠪᠡᠷ ᠳᠠᠮᠵᠢᠨ ᠳᠤᠮᠳᠠ ᠪᠠᠭ᠎ᠠ ᠠᠵᠤ ᠠᠬᠤᠢᠯᠠᠯ ᠳ᠋ᠤ 《ᠢᠳᠡᠭᠡᠮᠵᠢ》 ᠪᠡᠷ 《ᠵᠢᠭᠡᠯᠡᠯᠭᠡ》 ᠤᠯᠭᠤᠬᠤ ᠵᠢ ᠠᠬᠢᠭᠤᠯᠪᠠ᠃ ᠡᠭᠦᠨ ᠳ᠋ᠤ ᠰᠢᠯᠢᠳᠡᠭᠵᠢᠭᠦᠯᠦᠨ ᠨᠡᠢᠳᠭᠡᠭᠰᠡᠨ ᠦᠪᠡᠷᠳᠡᠭᠡᠨ ᠵᠠᠰᠠᠬᠤ ᠤᠷᠤᠨ ᠤ᠋ ᠢᠳᠡᠭᠡᠮᠵᠢ ᠪᠡᠷ ᠪᠡᠯᠡ ᠬᠤᠷᠠᠮᠳᠤᠭᠤᠯᠬᠤ ᠦᠢᠯᠡᠴᠢᠯᠡᠭᠡᠨ ᠤ᠋ ᠳᠠᠪᠴᠠᠩ ᠢ᠋ ᠤᠯᠤᠰ ᠤ᠋ᠨ ᠢᠳᠡᠭᠡᠮᠵᠢ ᠶ᠋ᠢᠨ ᠮᠡᠳᠡᠭᠡ ᠵᠠᠩᠬᠢ ᠶ᠋ᠢᠨ ᠲᠦᠪ ᠵᠢᠴᠢ ᠦᠪᠡᠷᠳᠡᠭᠡᠨ ᠵᠠᠰᠠᠬᠤ ᠤᠷᠤᠨ ᠤ᠋ ᠨᠡᠢᠭᠡᠮ ᠤ᠋ᠨ ᠢᠳᠡᠭᠡᠮᠵᠢ ᠶ᠋ᠢᠨ ᠮᠡᠳᠡᠭᠡ ᠵᠠᠩᠬᠢ ᠶ᠋ᠢᠨ ᠳᠠᠪᠴᠠᠩ ᠤ᠋ᠨ ᠲᠤᠭ᠎ᠠ ᠪᠠᠷᠢᠮᠳᠠ ᠶ᠋ᠢᠨ ᠬᠦᠮᠦᠷᠭᠡ ᠲᠠᠢ ᠬᠤᠯᠪᠤᠨ 562 ᠮᠦᠩᠭᠦᠨ ᠭᠦᠢᠯᠭᠡᠭᠡᠨ ᠤ᠋ ᠪᠠᠢᠭᠤᠯᠤᠮᠵᠢ ᠶ᠋ᠢ ᠳᠠᠪᠴᠠᠩ ᠳ᠋ᠤ ᠰᠠᠭᠤᠷᠢᠰᠢᠭᠤᠯᠵᠤ᠂  847 ᠵᠦᠢᠯ ᠤ᠋ᠨ ᠮᠦᠩᠭᠦᠨ ᠭᠦᠢᠯᠭᠡᠭᠡᠨ ᠤ᠋ ᠪᠦᠲᠦᠭᠡᠭᠳᠡᠭᠦᠨ ᠨᠡᠢᠳᠡᠯᠡᠨ᠂  ᠳᠠᠪᠴᠠᠩ ᠳ᠋ᠤ ᠳᠠᠩᠰᠠᠯᠠᠭᠰᠠᠨ ᠠᠵᠤ ᠠᠬᠤᠢᠯᠠᠯ ᠳ᠋ᠤ ᠤᠷᠢᠳ ᠬᠤᠵᠢᠳ ᠨᠡᠢᠳᠡ 151.25 ᠳ᠋ᠦᠩᠰᠢᠭᠤᠷ ᠲᠦᠭᠦᠷᠢᠭ ᠤ᠋ᠨ ᠵᠢᠭᠡᠯᠡᠯᠭᠡ ᠲᠠᠯᠪᠢᠭᠰᠠᠨ ᠪᠠᠢᠨ᠎ᠠ᠃  ᠪᠠᠰᠠ ᠰᠢᠨ᠎ᠠ ᠶ᠋ᠢ ᠡᠭᠦᠳᠬᠦ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ 《ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ》 ᠳᠤᠮᠳᠠ ᠪᠠᠭ᠎ᠠ ᠠᠵᠤ ᠠᠬᠤᠢᠯᠠᠯ ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ 《ᠪᠢᠴᠢᠬᠠᠨ ᠠᠪᠤᠷᠭᠤ》 ᠠᠵᠤ ᠠᠬᠤᠢᠯᠠᠯ ᠤ᠋ᠨ ᠦᠰᠦᠨ ᠪᠤᠢᠵᠢᠯᠳᠠ ᠶ᠋ᠢᠨ ᠵᠠᠮ ᠮᠦᠷ ᠶ᠋ᠢᠡᠷ ᠰᠢᠯᠢᠳᠡᠭ ᠳᠤᠮᠳᠠ ᠪᠠᠭ᠎ᠠ ᠠᠵᠤ ᠠᠬᠤᠢᠯᠠᠯ ᠢ᠋ ᠪᠤᠢᠵᠢᠭᠤᠯᠬᠤ ᠬᠦᠮᠦᠷᠭᠡ ᠪᠠᠢᠭᠤᠯᠤᠭᠰᠠᠨ ᠪᠦᠭᠡᠳ ᠲᠤᠭᠳᠠᠭᠰᠠᠨ ᠬᠤᠭᠤᠴᠠᠭ᠎ᠠ ᠳ᠋ᠤ ᠬᠢᠨᠠᠨ ᠰᠢᠯᠭᠠᠬᠤ ᠠᠵᠢᠯ ᠦᠷᠨᠢᠭᠦᠯᠵᠦ᠂ ᠨᠦᠬᠦᠴᠡᠯ ᠳ᠋ᠤ ᠨᠡᠢᠴᠡᠬᠦ ᠦᠭᠡᠢ ᠶ᠋ᠢ ᠨᠢ ᠬᠦᠮᠦᠷᠭᠡ ᠡᠴᠡ ᠭᠠᠷᠭᠠᠬᠤ ᠬᠦᠳᠡᠯᠦᠩᠭᠦᠢ ᠬᠠᠮᠢᠶᠠᠷᠤᠯᠳᠠ ᠶ᠋ᠢᠨ ᠳᠤᠭᠳᠠᠴᠠ ᠶ᠋ᠢ ᠪᠠᠢᠭᠤᠯᠤᠨ ᠬᠡᠷᠡᠭᠵᠢᠭᠦᠯᠪᠡ᠃ ᠡᠭᠦᠨ ᠤ᠋ ᠬᠠᠮᠳᠤ ᠰᠢᠯᠢᠳᠡᠭ ᠳᠤᠮᠳᠠ ᠪᠠᠭ᠎ᠠ ᠠᠵᠤ ᠠᠬᠤᠢᠯᠠᠯ ᠳ᠋ᠤ ᠨᠢᠭᠡ ᠨᠢᠭᠡ ᠪᠡᠷ ᠬᠠᠷᠠᠭᠠᠯᠵᠠᠭᠰᠠᠨ ᠲᠤᠰᠬᠠᠢ ᠦᠢᠯᠡᠴᠢᠯᠡᠭᠡᠨ ᠤ᠋ ᠬᠦᠮᠦᠨ᠂ ᠲᠤᠰᠬᠠᠢ ᠦᠢᠯᠡᠴᠢᠯᠡᠭᠡᠨ ᠤ᠋ ᠲᠦᠷᠦ ᠶ᠋ᠢᠨ ᠪᠤᠳᠤᠯᠭ᠎ᠠ ᠳᠤᠬᠢᠷᠠᠭᠤᠯᠵᠤ᠂ ᠦᠪᠡᠷᠳᠡᠭᠡᠨ ᠵᠠᠰᠠᠬᠤ ᠤᠷᠤᠨ ᠡᠴᠡ ᠤᠯᠤᠰ ᠤ᠋ᠨ ᠳᠡᠰ ᠤ᠋ᠨ ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ 《ᠪᠢᠴᠢᠬᠠᠨ ᠠᠪᠤᠷᠭᠤ》 ᠠᠵᠤ ᠠᠬᠤᠢᠯᠠᠯ ᠳ᠋ᠤ ᠦᠢᠯᠡᠴᠢᠯᠡᠬᠦ᠂ ᠠᠢᠮᠠᠭ ᠬᠤᠳᠠ ᠡᠴᠡ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ ᠳᠤᠮᠳᠠ ᠪᠠᠭ᠎ᠠ ᠠᠵᠤ ᠠᠬᠤᠢᠯᠠᠯ ᠳ᠋ᠤ ᠦᠢᠯᠡᠴᠢᠯᠡᠬᠦ᠂ ᠬᠤᠰᠢᠭᠤ ᠰᠢᠶᠠᠨ ᠡᠴᠡ ᠰᠢᠨ᠎ᠠ ᠶ᠋ᠢ ᠡᠭᠦᠳᠬᠦ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ ᠳ᠋ᠤ ᠦᠢᠯᠡᠴᠢᠯᠡᠬᠦ ᠱᠠᠳᠤᠯᠢᠭ ᠬᠡᠯᠪᠡᠷᠢ ᠵᠢᠨ ᠦᠢᠯᠡᠴᠢᠯᠡᠭᠡᠨ ᠤ᠋ ᠵᠠᠭᠪᠤᠷ ᠢ᠋ ᠪᠦᠷᠢᠯᠳᠦᠭᠦᠯᠵᠠᠢ᠃

ᠮᠠᠨ ᠤ᠋ ᠤᠷᠤᠨ ᠡᠯ᠎ᠠ ᠲᠦᠷᠦᠯ ᠤ᠋ᠨ ᠦᠢᠯᠡᠴᠢᠯᠡᠭᠡᠨ ᠤ᠋ ᠡᠬᠢ ᠪᠠᠶᠠᠯᠢᠭ ᠢ᠋ ᠨᠡᠢᠳᠭᠡᠨ ᠳᠤᠮᠳᠠ ᠪᠠᠭ᠎ᠠ ᠠᠵᠤ ᠠᠬᠤᠢᠯᠠᠯ ᠳ᠋ᠤ ᠦᠢᠯᠡᠴᠢᠯᠡᠬᠦ ᠰᠢᠰᠲ᠋ᠧᠮ ᠢ᠋ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠪᠦᠬᠦ ᠲᠠᠯ᠎ᠠ ᠶ᠋ᠢᠨ ᠨᠢᠭᠡ ᠦᠷᠳᠡᠭᠡᠴᠢᠯᠡᠭᠰᠡᠨ ᠬᠡᠯᠪᠡᠷᠢ ᠶ᠋ᠢᠨ ᠦᠢᠯᠡᠴᠢᠯᠡᠭᠡ ᠬᠦᠷᠳᠡᠭᠡᠨ᠂  ᠠᠵᠤ ᠠᠬᠤᠢᠯᠠᠯ ᠤ᠋ᠨ ᠬᠦᠭᠵᠢᠯᠳᠡ ᠶ᠋ᠢᠨ ᠬᠦᠳᠡᠯᠭᠡᠬᠦ ᠡᠨᠧᠷᠬᠢ ᠶ᠋ᠢ ᠲᠠᠰᠤᠷᠠᠯᠳᠠ ᠦᠭᠡᠢ ᠴᠢᠩᠭᠠᠷᠠᠭᠤᠯᠤᠭᠰᠠᠨ ᠪᠠᠢᠨ᠎ᠠ᠃ ᠡᠭᠦᠨ ᠳ᠋ᠤ ᠳᠡᠰ ᠳᠡᠪᠰᠢᠭᠰᠡᠨ ᠬᠡᠪ ᠤ᠋ᠨ ᠦᠪᠡᠷᠳᠡᠭᠡᠨ ᠵᠠᠰᠠᠬᠤ ᠤᠷᠤᠨ ᠤ᠋ ᠳᠤᠮᠳᠠ ᠪᠠᠭ᠎ᠠ ᠠᠵᠤ ᠠᠬᠤᠢᠯᠠᠯ ᠤ᠋ᠨ ᠤᠯᠠᠨ ᠨᠡᠢᠳᠡ ᠶ᠋ᠢᠨ ᠦᠢᠯᠡᠴᠢᠯᠡᠭᠡᠨ ᠤ᠋ ᠳᠠᠪᠴᠠᠩ ᠳ᠋ᠤ ᠲᠦᠷᠦ ᠶ᠋ᠢᠨ ᠪᠤᠳᠤᠯᠭ᠎ᠠ ᠬᠠᠢᠬᠤ᠂ ᠵᠢᠭᠡᠯᠡᠯᠭᠡ ᠬᠠᠢᠬᠤ᠂ ᠦᠢᠯᠡᠴᠢᠯᠡᠭᠡ ᠬᠠᠢᠬᠤ᠂ ᠴᠢᠳᠠᠪᠤᠷᠢᠳᠠᠨ ᠬᠠᠢᠬᠤ᠂ ᠵᠠᠬ᠎ᠠ ᠳᠡᠯᠭᠡᠭᠦᠷ ᠬᠠᠢᠬᠤ᠂ ᠬᠢᠴᠢᠶᠡᠯ ᠬᠠᠢᠬᠤ᠂ ᠬᠡᠷᠡᠭ ᠶᠠᠪᠤᠳᠠᠯ ᠢ᠋ ᠶᠡᠷᠦᠩᠬᠡᠢᠯᠡᠨ ᠭᠦᠢᠴᠡᠳᠭᠡᠬᠦ᠂ ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠤ ᠰᠢᠨ᠎ᠠ ᠠᠵᠤ ᠠᠬᠤᠢᠯᠠᠯ ᠤ᠋ᠨ ᠲᠤᠰᠬᠠᠢ ᠪᠤᠯᠤᠩ᠂ ᠰᠤᠨᠢᠨ ᠮᠡᠳᠡᠭᠡᠨ ᠤ᠋ ᠲᠤᠰᠬᠠᠢ ᠪᠤᠯᠤᠩ᠂ ᠰᠢᠯᠢᠳᠡᠭ ᠳᠤᠮᠳᠠ ᠪᠠᠭ᠎ᠠ ᠠᠵᠤ ᠠᠬᠤᠢᠯᠠᠯ ᠢ᠋ ᠱᠠᠳᠤᠯᠢᠭ ᠬᠡᠯᠪᠡᠷᠢ ᠪᠡᠷ ᠪᠤᠢᠵᠢᠭᠤᠯᠬᠤ ᠪᠤᠯᠪᠠᠰᠤᠷᠠᠯ ᠬᠦᠷᠳᠡᠭᠡᠬᠦ ᠪᠤᠯᠤᠩ᠂ ᠡᠳ᠋ ᠤ᠋ᠨ ᠵᠠᠰᠠᠭ ᠭᠠᠢᠯᠢ ᠶ᠋ᠢᠨ ᠲᠦᠷᠦ ᠶ᠋ᠢᠨ ᠪᠤᠳᠤᠯᠭ᠎ᠠ ᠶ᠋ᠢᠨ ᠲᠤᠰᠬᠠᠢ ᠪᠤᠯᠤᠩ ᠵᠡᠷᠭᠡ ᠦᠢᠯᠡᠴᠢᠯᠡᠭᠡᠨ ᠤ᠋ ᠪᠤᠯᠤᠩ ᠨᠡᠭᠡᠭᠡᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ᠋ ᠳᠤᠮᠳᠠ ᠪᠠᠭ᠎ᠠ ᠠᠵᠤ ᠠᠬᠤᠢᠯᠠᠯ ᠳ᠋ᠤ ᠬᠤᠯᠪᠤᠭᠳᠠᠬᠤ 66497 ᠬᠤᠪᠢ ᠲᠦᠷᠦ ᠶ᠋ᠢᠨ ᠪᠤᠳᠤᠯᠭ᠎ᠠ ᠶ᠋ᠢ ᠴᠤᠭᠯᠠᠭᠤᠯᠤᠨ ᠨᠡᠢᠳᠡᠯᠡᠵᠦ᠂ ᠵᠢᠷᠬᠢᠶ᠎ᠠ ᠶ᠋ᠢᠨ ᠨᠡᠢᠳᠡ ᠶ᠋ᠢᠨ ᠳᠠᠪᠴᠠᠩ ᠶ᠋ᠢᠡᠷ 8860 ᠬᠤᠪᠢ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠨᠡᠢᠳᠡᠯᠡᠬᠦ ᠶ᠋ᠢᠨ ᠬᠠᠮᠳᠤ ᠬᠠᠢᠬᠤ ᠴᠢᠳᠠᠮᠵᠢ ᠭᠠᠷᠭᠠᠪᠠ ᠃ ᠪᠠᠰᠠ ᠲᠦᠷᠦ ᠶ᠋ᠢᠨ ᠪᠤᠳᠤᠯᠭ᠎ᠠ ᠶ᠋ᠢᠨ ᠴᠠᠬᠢᠮ ᠮᠡᠳᠡᠭᠡ ᠶ᠋ᠢᠨ ᠬᠡᠯᠪᠡᠷᠢ ᠪᠡᠷ ᠦᠪᠡᠷᠳᠡᠭᠡᠨ ᠵᠠᠰᠠᠬᠤ ᠤᠷᠤᠨ ᠤ᠋ ᠬᠠᠯᠠᠮᠰᠢᠯ ᠲᠦᠷᠦ ᠶ᠋ᠢᠨ ᠪᠤᠳᠤᠯᠭ᠎ᠠ᠂ ᠲᠦᠷᠦᠯ ᠵᠦᠢᠯ ᠡᠷᠡᠮᠡᠯᠵᠡᠬᠦ ᠪᠢᠴᠢᠭ ᠮᠠᠲᠧᠷᠢᠶᠠᠯ ᠵᠡᠷᠭᠡ ᠶ᠋ᠢ ᠵᠠᠩᠭᠢᠯᠠᠭ᠎ᠠ ᠶ᠋ᠢᠨ ᠦᠭᠡ ᠪᠠ ᠨᠠᠷᠢᠨ ᠲᠠᠢᠯᠤᠮᠵᠢ ᠲᠠᠢ ᠪᠡᠷ ᠠᠵᠤ ᠠᠬᠤᠢᠯᠠᠯ ᠳ᠋ᠤ ᠲᠦᠷᠦᠯ ᠬᠤᠪᠢᠶᠠᠨ ᠲᠠᠨᠢᠯᠴᠠᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号