— ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠠᠬᠤᠢᠯᠠᠯ ᠤ᠋ᠨ ᠠᠷᠪᠠᠨ ᠬᠦᠴᠦᠷᠬᠡᠭ ᠤ᠋ᠨ ᠨᠢᠭᠡ ᠪᠤᠯᠬᠤ
ᠡᠷᠭᠦᠨ᠎ᠡ ᠬᠣᠲᠠ ᠵᠢᠨ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠵᠢ ᠲᠡᠮᠳᠡᠭᠯᠡᠪᠡ
ᠬᠥᠯᠥᠨ ᠪᠣᠢᠷ ᠬᠣᠲᠠ ᠵᠢᠨ ᠡᠷᠭᠦᠨ᠎ᠡ ᠬᠣᠲᠠ ᠵᠢᠨ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ 《ᠰᠣᠶᠣᠯ ᠢ᠋ ᠤᠯᠠᠮᠵᠢᠯᠠᠨ ᠵᠠᠯᠭᠠᠮᠵᠢᠯᠠᠵᠤ᠂ ᠵᠢᠭᠤᠯᠴᠢᠯᠠᠯᠤᠨ ᠱᠢᠨ᠎ᠡ ᠵᠢ ᠡᠭᠦᠳᠬᠦ᠌》 ᠤᠢᠯᠠᠭᠠᠬᠳᠠᠬᠤᠨ ᠢ᠋ ᠪᠠᠷᠢᠮᠲᠠᠯᠠᠵᠤ᠂ ᠪᠥᠬᠥ᠌ ᠣᠷᠣᠨ ᠪᠦᠰᠡ ᠪᠦᠬᠦ ᠤᠯᠠᠷᠢᠯ ᠪᠥᠬᠥ᠌ ᠦᠶ᠋ᠯᠡᠰ ᠤ᠋ᠨ ᠵᠢᠭᠤᠯᠴᠢᠯᠠᠯ ᠤ᠋ᠨ ᠬᠥᠭ᠌ᠵᠢᠯᠲᠡ ᠵᠢᠨ ᠬᠠᠷᠠᠯᠲᠠᠳᠤ ᠠᠩᠬᠠᠷᠤᠯ ᠵᠢᠠᠨ ᠲᠥᠪᠯᠡᠷᠡᠭᠦᠯᠵᠦ᠍᠂ ᠰᠠᠭᠤᠷᠢ ᠲᠦᠬᠦᠬᠡᠷᠦᠮᠵᠢ ᠵᠢᠨ ᠪᠥᠲᠥᠭᠡᠨ ᠪᠠᠢᠭᠤᠯᠤᠯᠲᠠ ᠵᠢ ᠶᠡᠬᠡ ᠪᠡᠷ ᠠᠬᠢᠭᠤᠯᠵᠤ᠂ ᠰᠣᠶᠣᠯᠢᠶᠠᠷ ᠵᠢᠭᠤᠯᠴᠢᠯᠠᠯ ᠢ᠋ ᠱᠤᠭᠤᠵᠤ᠂ ᠵᠢᠭᠤᠯᠴᠢᠯᠠᠯᠢᠶᠠᠷ ᠰᠣᠶᠣᠯ ᠢ᠋ ᠢᠯᠡᠷᠡᠭᠦᠯᠵᠦ᠍᠂ ᠰᠣᠶᠣᠯ ᠪᠠ ᠵᠢᠭᠤᠯᠴᠢᠯᠠᠯ ᠤ᠋ᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠨ ᠬᠥᠭ᠌ᠵᠢᠬᠦ᠌ ᠵᠢ ᠢᠳᠡᠪᠬᠢᠲᠡᠶ ᠠᠬᠢᠭᠤᠯᠪᠠ᠃
ᠮᠧᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠵᠢᠨ ᠦᠵᠡᠮᠵᠢ ᠵᠢᠨ ᠣᠷᠣᠨᠳᠤ ᠡᠷᠭᠦᠨ᠎ᠡ ᠵᠢᠨ ᠨᠤᠭᠤ ᠭᠠᠵᠠᠷ ᠤ᠋ᠨ ᠦᠵᠡᠮᠵᠢ ᠵᠢᠨ ᠣᠷᠣᠨ᠂ ᠡᠷᠭᠦᠨ᠎ᠡ ᠵᠢᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠪᠠ ᠬᠠᠪᠤᠯ ᠭᠤᠤᠯ ᠤ᠋ᠨ ᠦᠵᠡᠮᠵᠢ ᠵᠢᠨ ᠣᠷᠣᠨ ᠪᠠᠭ᠍ᠲᠠᠨᠠ᠃ ᠡᠨᠡ ᠵᠢᠯ ᠲᠣᠰ ᠺᠣᠮᠫᠠᠨᠢ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢᠭᠤᠯᠤᠯᠲᠠ ᠵᠢ ᠴᠢᠩᠭᠠᠳᠭᠠᠵᠤ᠂ ᠲᠥᠷᠥᠯ ᠵᠦᠶ᠋ᠯ ᠤ᠋ᠨ ᠬᠠᠮᠲᠤᠷᠠᠯᠴᠠᠭ᠎ᠠ ᠵᠢ ᠠᠬᠢᠭᠤᠯᠵᠤ᠂ ᠲᠦᠷᠢᠶᠡᠰᠦᠯᠡᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠨᠤᠭᠤ ᠭᠠᠵᠠᠷ ᠤ᠋ᠨ ᠦᠵᠡᠮᠵᠢ ᠵᠢᠨ ᠣᠷᠣᠨ ᠤ᠋ ᠪᠢᠩ ᠴᠢᠤᠸᠠᠨ ᠵᠣᠴᠢᠳ ᠤ᠋ᠨ ᠪᠠᠭᠤᠳᠠᠯ ᠪᠣᠯᠤᠨ ᠵᠦᠴᠦᠭᠡ ᠵᠢᠨ ᠬᠦᠷᠢᠶᠡᠯᠡᠩ ᠵᠡᠷᠭᠡ ᠲᠠᠯᠠᠪᠤᠷ ᠭᠠᠵᠠᠷ ᠢ᠋ ᠪᠥᠬᠥ᠌ ᠲᠠᠯᠠᠪᠠᠷ ᠳᠡᠰ ᠳᠡᠪᠰᠢᠭᠦᠯᠦᠨ ᠥᠭᠡᠷᠡᠴᠢᠯᠡᠵᠦ᠍᠂ ᠡᠯ᠎ᠡ ᠦᠵᠡᠮᠵᠢ ᠵᠢᠨ ᠣᠷᠣᠨ ᠤ᠋ ᠬᠥᠭᠥᠷᠭᠡᠨ ᠵᠠᠮ᠂ ᠢᠯᠡᠷᠬᠡᠢᠯᠡᠯ ᠲᠡᠮᠳᠡᠭ ᠫᠠᠢᠰᠠ ᠵᠡᠷᠭᠡ ᠰᠠᠭᠤᠷᠢ ᠲᠥᠬᠥᠭᠡᠷᠦᠮᠵᠢ ᠵᠢ ᠪᠥᠬᠥ᠌ ᠲᠠᠯᠠᠪᠠᠷ ᠰᠡᠯᠪᠢᠨ ᠵᠠᠰᠠᠵᠤ ᠬᠠᠮᠠᠭᠠᠯᠠᠪᠠ᠃
ᠦᠵᠡᠮᠵᠢ ᠵᠢᠨ ᠣᠷᠣᠨ ᠤ᠋ ᠱᠢᠨ᠎ᠡ ᠡᠵᠡᠩᠨᠡᠯᠲᠡ ᠵᠢᠨ ᠬᠡᠯᠪᠡᠷᠢ ᠵᠢ ᠨᠡᠮᠡᠭ᠌ᠳᠡᠭᠦᠯᠬᠦ᠌ ᠵᠢᠨ ᠲᠥᠯᠥᠭᠡ ᠮᠧᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢᠨᠢ ᠤᠤᠯ ᠤ᠋ᠨ ᠬᠤᠳᠠᠯᠳᠤᠭᠠᠨ ᠤ᠋ ᠵᠡᠭᠡᠯᠢ ᠲᠣᠭᠣᠷᠢᠭ ᠢ᠋ ᠶᠡᠬᠡ ᠪᠡᠷ ᠲᠠᠰ ᠳᠡᠪᠱᠢᠭᠦᠯᠦᠨ ᠥᠭᠡᠷᠡᠴᠢᠯᠡᠵᠦ᠍᠂ ᠡᠷᠭᠦᠨ᠎ᠡ ᠬᠣᠲᠠ ᠵᠢᠨ ᠠᠷᠠᠳ ᠤ᠋ᠨ ᠵᠠᠩ ᠦᠶ᠋ᠯᠡ ᠰᠣᠶᠣᠯ ᠤ᠋ᠨ ᠰᠡᠯᠡᠭᠦᠴᠡᠯ ᠤ᠋ᠨ ᠵᠡᠭᠡᠯᠢ ᠪᠣᠯᠭᠠᠪᠠ᠃ ᠲᠤᠰ ᠺᠣᠮᠫᠠᠨᠢ ᠵᠠᠩ ᠦᠢᠯᠡ ᠵᠢᠨ ᠰᠣᠶᠣᠯ ᠤ᠋ᠨ ᠦᠪᠯᠡᠨ ᠤᠯᠠᠮᠵᠢᠯᠠᠬᠴᠢ ᠵᠢ ᠬᠤᠳᠠᠯᠳᠤᠭᠠᠨ ᠤ᠋ ᠵᠡᠭᠡᠯᠢ ᠲᠣᠭᠣᠷᠢᠭᠲᠤ ᠤᠷᠢᠨ ᠰᠠᠭᠤᠯᠭᠠᠵᠤ᠂ ᠵᠡᠭᠡᠯᠢ ᠲᠣᠭᠣᠷᠢᠭᠲᠤ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠡᠭᠦᠨᠦ ᠬᠠᠮᠲᠤ ᠬᠤᠳᠠᠯᠳᠤᠭᠠᠨ ᠤ᠋ ᠵᠡᠭᠡᠯᠢ ᠳ᠋ᠦ ᠲᠦᠷᠭᠡᠨ ᠬᠦᠷᠭᠡᠯᠲᠡ᠂ ᠦᠨᠳᠦᠰᠦᠲᠡᠨᠦ ᠬᠤᠪᠴᠠᠰᠤ ᠵᠠᠰᠠᠯ ᠤᠶᠤᠬᠤ ᠵᠡᠷᠭᠡ ᠳᠣᠲᠣᠨᠣ ᠦᠶ᠋ᠯᠡᠴᠢᠯᠡᠭᠡ ᠨᠡᠮᠡᠵᠦ᠍᠂ ᠵᠢᠭᠤᠯᠴᠢᠯᠠᠭᠰᠠᠳ ᠤ᠋ᠨ ᠣᠯᠠᠨ ᠶᠠᠩᠵᠤᠲᠤ᠂ ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ ᠵᠢ ᠲᠤᠢᠯ ᠤ᠋ᠨ ᠶᠡᠬᠡ ᠪᠡᠷ ᠬᠠᠩᠭᠠᠪᠠ᠃
ᠵᠢᠭᠤᠯᠴᠢᠯᠠᠭᠰᠠᠳ ᠤ᠋ᠨ ᠬᠡᠷᠡᠯ ᠵᠢᠷᠤᠭ ᠳᠠᠳᠠᠵᠦ ᠳᠤᠷᠠᠰᠬᠠᠯ ᠦᠯᠡᠳᠡᠭᠡᠬᠦ ᠳ᠋ᠦ ᠲᠥᠬᠥᠮ ᠦᠵᠡᠭᠦᠯᠬᠦ᠌ ᠵᠢᠨ ᠲᠥᠯᠥᠭᠡ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠨᠤᠭᠤ ᠭᠠᠵᠠᠷ ᠤ᠋ᠨ ᠦᠵᠡᠮᠵᠢ ᠵᠢᠨ ᠣᠷᠣᠨ ᠤ᠋ ᠰᠦᠯᠵᠢᠶᠡᠨ ᠤᠳᠤᠨ ᠤ᠋ ᠳᠤᠷᠠᠰᠬᠠᠯ ᠦᠯᠡᠳᠡᠭᠡᠬᠦ ᠭᠠᠵᠠᠷ ᠢ᠋ ᠨᠠᠷᠢᠨ ᠨᠢᠮᠪᠠᠶ ᠥᠭᠡᠷᠡᠴᠢᠯᠡᠨ ᠵᠠᠰᠠᠵᠤ᠂ ᠪᠠᠶᠠᠯᠢᠭ ᠰᠠᠢᠬᠠᠨ ᠬᠠᠷᠢᠯᠴᠠᠨ ᠬᠦᠳᠡᠯᠦᠯᠴᠡᠬᠦ ᠲᠥᠷᠥᠯ ᠵᠦᠶ᠋ᠯ ᠪᠠ ᠥᠪᠡᠷᠮᠢᠴᠡ ᠣᠨᠴᠠᠯᠢᠭ ᠲᠠᠢ ᠦᠵᠡᠮᠵᠢ ᠵᠢᠨ ᠱᠣᠭ ᠵᠦᠴᠦᠭᠡ ᠨᠡᠮᠡᠵᠦ᠍᠂ ᠵᠢᠭᠤᠯᠴᠢᠯᠠᠭᠰᠠᠳ ᠢ᠋ ᠭᠦᠨᠵᠡᠭᠡᠶ ᠣᠷᠣᠯᠴᠠᠭᠤᠯᠵᠤ᠂ ᠠᠳᠠᠯᠢ ᠪᠤᠰᠤ ᠵᠢᠨ ᠵᠢᠭᠤᠯᠴᠢᠯᠠᠯ ᠤ᠋ᠨ ᠬᠠᠪᠤ ᠴᠡᠩᠭᠡᠯ ᠢ᠋ ᠮᠡᠳᠡᠷᠡᠭᠦᠯᠪᠡ; ᠪᠠᠰᠠ ᠵᠤᠭ᠎ᠠ ᠴᠡᠩᠭᠡᠯ ᠤ᠋ᠨ ᠲᠣᠭᠣᠷᠢᠭ ᠪᠣᠯᠤᠨ ᠰᠦᠯᠵᠢᠶᠡᠨ ᠤᠳᠤᠨ ᠲᠠᠢ ᠳᠤᠷᠠᠰᠬᠠᠯ ᠦᠯᠡᠳᠡᠭᠡᠬᠦ ᠭᠠᠵᠠᠷ ᠨᠡᠮᠡᠵᠦ᠍᠂ ᠵᠢᠭᠤᠯᠴᠢᠯᠠᠭ᠍ᠰᠠᠳᠲᠤ ᠨᠡᠩ ᠤᠯᠠᠨ ᠰᠡᠯᠡᠬᠦᠴᠡᠬᠦ ᠪᠠ ᠳᠤᠷᠠᠰᠭᠠᠯ ᠦᠯᠡᠳᠡᠭᠡᠬᠦ᠌ ᠰᠠᠢ᠌ᠨ ᠭᠠᠵᠠᠷ ᠬᠠᠩᠭᠠᠪᠠ᠃
ᠵᠢᠭᠤᠯᠴᠢᠯᠠᠭ᠍ᠰᠠᠳ ᠢ᠋ ᠬᠠᠨᠲᠠᠯ᠎ᠠ ᠨᠠᠭᠠᠳᠤᠭᠤᠯᠵᠤ᠂ ᠲᠠᠭᠠᠳᠠᠢ ᠵᠢᠭᠤᠯᠴᠢᠯᠠᠭᠤᠯᠬᠤ ᠵᠢᠨ ᠲᠥᠯᠥᠭᠡ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠲᠤᠬᠠᠢ ᠵᠢᠨ ᠭᠠᠵᠠᠷ ᠤ᠋ᠨ ᠦᠵᠡᠰᠭᠦᠯᠡᠩᠲᠦ ᠰᠠᠢᠬᠠᠨ ᠪᠠᠢᠭᠠᠯᠢ ᠵᠢᠨ ᠦᠵᠡᠮᠵᠢ ᠪᠣᠯᠤᠨ ᠥᠪᠡᠷᠮᠢᠴᠡ ᠣᠷᠣᠨ ᠨᠤᠲᠤᠭ ᠤ᠋ᠨ ᠰᠣᠶᠣᠯ᠂ ᠱᠢᠨ᠎ᠡ ᠵᠢ ᠡᠭᠦᠳᠬᠦ᠌ ᠰᠡᠳᠭᠢᠬᠦᠢ ᠳ᠋ᠦ᠍ ᠲᠦᠱᠢᠭ᠌ᠯᠡᠨ ᠬᠣᠪᠣᠷ ᠨᠠᠨᠳᠢᠨ ᠪᠠᠢᠭᠠᠯᠢ᠂ ᠰᠣᠶᠣᠯ ᠤ᠋ᠨ ᠡᠬᠢ ᠪᠠᠶᠠᠯᠢᠭ ᠪᠣᠯᠤᠨ ᠤᠳᠤ ᠦᠶ᠎ᠡ ᠵᠢᠨ ᠵᠢᠭᠤᠯᠴᠢᠯᠠᠯ ᠤ᠋ᠨ ᠡᠯᠧᠮᠧᠨ᠋ᠲ ᠢ᠋ ᠨᠢᠭ᠍ᠲᠠ ᠤᠶᠠᠯᠳᠤᠭᠤᠯᠵᠤ᠂ ᠠᠯᠢ ᠤᠯᠠᠨ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤ᠋ᠨ ᠦᠢᠯᠡᠳᠬᠦᠨ ᠪᠣᠯᠤᠨ ᠪᠡᠶᠡᠴᠢᠯᠡᠨ ᠣᠢᠯᠠᠭᠠᠬᠤ ᠲᠦᠷᠦᠯ ᠵᠦᠢᠯ ᠢ᠋ ᠴᠣᠭ᠍ᠴᠠᠯᠠᠵᠠᠢ᠃
ᠡᠲᠡᠭᠡᠷ ᠦᠶ᠋ᠯᠡᠳᠬᠦᠨ ᠪᠠ ᠲᠥᠷᠥᠯ ᠵᠦᠶ᠋ᠯᠨᠢ ᠡᠬᠡ ᠪᠠᠢᠭᠠᠯᠢ ᠵᠢᠨ ᠰᠦᠷᠯᠢᠭ ᠰᠠᠢᠬᠠᠨ ᠪᠠ ᠡᠴᠢᠨ᠎ᠡ ᠭᠠᠢᠬᠠᠮᠱᠢᠭ ᠢ᠋ ᠢᠯᠡᠷᠡᠭᠦᠯᠦᠭ᠌ᠰᠡᠨᠢᠶᠡᠷ ᠪᠠᠷᠠᠬᠤ ᠥᠬᠡᠶ ᠪᠠᠰᠠ ᠣᠷᠣᠨ ᠨᠤᠲᠤᠭ ᠤ᠋ᠨ ᠰᠣᠶᠣᠯ ᠤ᠋ᠨ ᠭᠦᠨ ᠵᠤᠵᠠᠭᠠᠨ ᠠᠭᠤᠯᠤᠭ᠍ᠳᠠᠬᠤᠨ ᠵᠢᠴᠢ ᠥᠪᠡᠷᠮᠢᠴᠡ ᠷᠢᠳᠢ ᠱᠢᠳᠢ ᠵᠢ ᠢᠯᠡᠷᠡᠭᠦᠯᠵᠦ᠍᠂ ᠵᠢᠭᠤᠯᠴᠢᠯᠠᠭ᠍ᠰᠠᠳᠲᠤ ᠱᠢᠨ᠎ᠡ ᠵᠢᠭᠤᠯᠴᠢᠯᠠᠯ ᠤ᠋ᠨ ᠲᠥᠷᠥᠭ᠌ᠳᠡᠯ ᠪᠠ ᠮᠠᠷᠲᠠᠭ᠍ᠳᠠᠰᠢ ᠥᠬᠡᠶ ᠵᠢᠭᠤᠯᠴᠢᠯᠠᠯ ᠤ᠋ᠨ ᠳᠤᠷᠠᠳᠬᠠᠯ ᠣᠯᠭᠣᠭ᠍ᠰᠠᠨ ᠪᠠᠢᠨ᠎ᠠ᠃
ᠵᠢᠯ ᠪᠦᠷᠢ ᠵᠢᠨ ᠵᠢᠭᠤᠯᠴᠢᠯᠠᠯ ᠤ᠋ᠨ ᠤᠯᠠᠷᠢᠯᠳᠤ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠴᠥᠮ ᠵᠢᠭᠤᠯᠴᠢᠯᠠᠯ ᠤ᠋ᠨ ᠪᠡᠶᠡᠴᠢᠯᠡᠨ ᠣᠢᠯᠠᠭᠠᠬᠤ ᠠᠯᠢ ᠣᠯᠠᠨ ᠠᠵᠢᠯᠯᠠᠭ᠎ᠠ ᠵᠢ ᠨᠠᠷᠢᠨ ᠨᠢᠮᠪᠠᠶ ᠲᠥᠰᠦᠪᠯᠡᠨ ᠵᠣᠬᠢᠶᠠᠨ ᠪᠠᠢᠭᠤᠯᠵᠤ ᠥᠷᠨᠢᠭᠦᠯᠳᠡᠭ᠃ ᠡᠭᠦᠨᠦ ᠬᠠᠮᠲᠤ ᠰᠣᠨᠢᠷᠬᠠᠯᠲᠠᠶ ᠬᠡᠦᠬᠡᠳ ᠤ᠋ᠨ ᠵᠤᠭ᠎ᠠ ᠴᠡᠩᠭᠡᠯ ᠤ᠋ᠨ ᠲᠥᠷᠥᠯ ᠵᠦᠶ᠋ᠯ ᠪᠠ ᠬᠠᠷᠢᠯᠴᠠᠨ ᠬᠥᠳᠡᠯᠦᠯᠴᠡᠬᠦ᠌ ᠴᠢᠨᠠᠷ ᠵᠢᠡᠷ ᠴᠢᠩᠭ᠎ᠠ ᠪᠡᠶᠡᠴᠢᠯᠡᠨ ᠣᠢᠯᠠᠭᠠᠬᠤ ᠲᠥᠷᠥᠯ ᠵᠦᠶ᠋ᠯ ᠢ᠋ ᠰᠦᠪᠡᠭ᠌ᠴᠢᠯᠡᠨ ᠨᠡᠮᠡᠭ᠌ᠳᠡᠭᠦᠯᠵᠦ᠍᠂ ᠠᠳᠠᠯᠢ ᠪᠤᠰᠤ ᠵᠢᠭᠤᠯᠴᠢᠯᠠᠬᠰᠠᠳ ᠤ᠋ᠨ ᠬᠡᠷᠡᠭ᠌ᠴᠡᠭᠡ ᠵᠢ ᠬᠠᠩᠭᠠᠪᠠ᠃
ᠣᠳᠣᠬᠠᠨ ᠤ᠋ ᠥᠷᠨᠢᠩᠭᠦᠶ ᠬᠥᠭ᠌ᠵᠢᠵᠦ᠍ ᠪᠠᠢᠭ᠎ᠠ ᠰᠣᠶᠣᠯ ᠤ᠋ᠨ ᠪᠦᠲᠦᠭᠡᠯᠴᠢ ᠠᠵᠤ ᠦᠶ᠋ᠯᠡᠰᠲᠡᠶ ᠤᠶᠠᠯᠳᠤᠭᠤᠯᠤᠨ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠱᠢᠨ᠎ᠡ ᠡᠵᠡᠩᠨᠡᠯᠲᠡ ᠵᠢᠨ ᠬᠡᠯᠪᠡᠷᠢ ᠪᠠᠢᠳᠠᠯ᠂ ᠱᠢᠨ᠎ᠡ ᠵᠠᠭ᠍ᠪᠤᠷ᠂ ᠱᠢᠨ᠎ᠡ ᠬᠡᠷᠡᠭ᠌ᠴᠡᠭᠡ ᠵᠢ ᠬᠤᠷᠴᠠ ᠰᠡᠷᠭᠡᠭᠢᠶᠡᠷ ᠡᠵᠡᠮᠳᠡᠵᠦ᠍᠂ ᠠᠵᠢᠯ ᠲᠥᠷᠥᠯ ᠠᠯᠤᠰᠯᠠᠨ ᠠᠭᠤᠰᠤᠯᠴᠠᠬᠤ ᠵᠢ ᠠᠬᠢᠭᠤᠯᠤᠨ᠂ ᠰᠣᠶᠣᠯ ᠤ᠋ᠨ ᠠᠵᠤ ᠦᠶ᠋ᠯᠡᠰ ᠬᠢᠭᠡᠳ ᠵᠢᠭᠤᠯᠴᠢᠯᠠᠯ ᠤ᠋ᠨ ᠦᠶ᠋ᠯᠡᠳᠬᠦᠨ ᠢ᠋ ᠬᠠᠷᠢᠯᠴᠠᠨ ᠤᠶᠠᠯᠳᠤᠭᠤᠯᠵᠤ᠂ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠬᠠᠪᠠ᠃
ᠵᠢᠭᠤᠯᠴᠢᠯᠠᠯ ᠤ᠋ᠨ ᠪᠡᠶᠡᠴᠢᠯᠡᠨ ᠣᠢᠯᠠᠭᠠᠬᠤ ᠲᠥᠷᠥᠯ ᠵᠦᠶ᠋ᠯ ᠢ᠋ ᠢᠳᠡᠪᠬᠢᠲᠡᠶ ᠨᠡᠭᠡᠭᠡᠨ ᠬᠥᠭ᠌ᠵᠢᠭᠦᠯᠬᠦ᠌ ᠵᠢᠨ ᠬᠠᠮᠲᠤ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠨᠢ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠵᠢᠨ ᠬᠤᠪᠢᠷᠠᠯᠲᠠ ᠪᠠ ᠬᠡᠷᠡᠭ᠌ᠯᠡᠭᠡᠨᠦ ᠣᠢᠯᠠᠭᠠᠭ᠍ᠳᠠᠬᠤᠨ ᠤ᠋ ᠬᠤᠪᠢᠷᠠᠯᠲᠠᠳᠤ ᠵᠣᠬᠢᠴᠠᠭᠤᠯᠤᠨ᠂ ᠮᠸᠩ ᠶᠤᠸᠠᠨ ᠤ᠋ ᠰᠣᠶᠣᠯ ᠤ᠋ᠨ ᠡᠭᠦᠳᠦᠯᠲᠡ ᠵᠢᠨ ᠲᠦᠷᠦᠯ ᠲᠡᠮᠳᠡᠭ᠌ᠲᠦ᠍ ᠵᠢ ᠡᠭᠦᠳᠴᠦ᠍᠂ ᠡᠯ᠎ᠡ ᠦᠵᠡᠮᠵᠢ ᠵᠢᠨ ᠣᠷᠣᠨᠳᠤ ᠮᠸᠩ ᠶᠤᠸᠠᠨ ᠤ᠋ ᠪᠡᠯᠡᠭ ᠰᠣᠶᠣᠯ ᠤ᠋ᠨ ᠡᠭᠦᠳᠦᠯᠲᠡ ᠵᠢᠨ ᠳᠡᠯᠭᠡᠭᠦᠷ ᠢ᠋ ᠨᠡᠭᠡᠭᠡᠪᠡ᠃
ᠮᠧᠩ ᠶᠤᠸᠠᠨ ᠤ᠋ ᠰᠣᠶᠣᠯ ᠤ᠋ᠨ ᠡᠭᠦᠳᠦᠯᠲᠡ ᠵᠢᠨ ᠳᠡᠯᠭᠡᠭᠦᠷ ᠲᠦ᠍ ᠪᠣᠷᠣᠯᠠᠭᠤᠯᠵᠤ ᠪᠠᠢᠭ᠎ᠠ ᠪᠦᠲᠦᠭᠡᠭ᠌ᠳᠡᠬᠦᠨ ᠳ᠋ᠦ᠍ ᠭᠠᠷ ᠤᠷᠠᠯᠠᠯ ᠤ᠋ᠨ ᠪᠦᠲᠦᠭᠡᠭ᠌ᠳᠡᠬᠦᠨ᠂ ᠵᠠᠰᠠᠯ ᠵᠢᠮᠰᠡᠭ᠂ ᠡᠳᠦᠷ ᠲᠤᠲᠤᠮ ᠤ᠋ᠨ ᠬᠡᠷᠡᠭ᠌ᠰᠡᠯ᠂ ᠪᠢᠴᠢᠭ ᠤ᠋ᠨ ᠬᠡᠷᠡᠭ᠌ᠰᠡᠯ ᠤ᠋ᠨ ᠲᠥᠷᠥᠯ ᠵᠡᠷᠭᠡ ᠣᠯᠠᠨ ᠵᠦᠶ᠋ᠯ ᠤ᠋ᠨ ᠲᠠᠸᠠᠷ ᠤ᠋ᠨ ᠲᠥᠷᠥᠯ ᠵᠦᠶ᠋ᠯ ᠪᠠᠭ᠍ᠲᠠᠵᠤ᠂ ᠣᠳᠣᠬᠠᠨᠳᠤ ᠨᠢᠭᠡᠨᠲᠡ 6 ᠶᠡᠬᠡ ᠲᠥᠷᠥᠯ ᠂ 200 ᠭᠠᠷᠤᠶ ᠵᠦᠶ᠋ᠯ ᠤ᠋ᠨ ᠰᠣᠶᠣᠯ ᠤ᠋ᠨ ᠡᠭᠦᠳᠦᠯᠲᠡ ᠵᠢᠨ ᠲᠠᠸᠠᠷ ᠲᠠᠢ ᠪᠤᠯᠪᠠ᠃
《ᠡᠨᠡ ᠳᠡᠯᠭᠡᠭᠦᠷ ᠤ᠋ᠨ ᠰᠣᠶᠣᠯ ᠤ᠋ᠨ ᠪᠦᠲᠦᠭᠡᠯᠴᠢ ᠪᠦᠲᠦᠭᠡᠭ᠌ᠳᠡᠬᠦᠨ ᠮᠠᠰᠢ ᠤᠯᠠᠨ ᠪᠠᠢᠨ᠎ᠠ᠂ ᠪᠢ ᠣᠯᠠᠨᠢ ᠬᠤᠳᠠᠯᠳᠤᠨ ᠠᠪᠤᠬᠰᠠᠨ᠂ ᠬᠠᠷᠢᠭᠠᠳ ᠨᠠᠢᠵᠢ ᠨᠠᠷ ᠲᠠᠭᠠᠨ ᠬᠦᠷᠭᠡᠨ᠎ᠡ᠂ ᠵᠠᠪᠱᠢᠶᠠᠨ ᠲᠠᠢ ᠪᠣᠯ ᠳᠠᠬᠢᠨ ᠢᠷᠡᠬᠦ᠌ ᠵᠢ ᠬᠦᠰᠡᠵᠦ᠍ ᠪᠠᠢᠨ᠎ᠠ》 ᠭᠡᠵᠦ᠍ ᠵᠢᠭᠤᠯᠴᠢᠯᠠᠭ᠍ᠴᠢ ᠱᠢᠤᠢ ᠵᠢᠶᠠ ᠨᠠᠨ ᠰᠤᠷᠪᠤᠯᠵᠢᠯᠠᠭ᠍ᠴᠢᠳᠤ ᠬᠡᠯᠡᠪᠠ᠃ ᠲᠡᠷᠡ ᠪᠠᠰᠠ ᠳᠡᠭᠡᠷ᠎ᠡ ᠤᠳᠠᠭ᠎ᠠ ᠵᠢᠭᠤᠯᠴᠢᠯᠠᠬᠤᠪᠠᠷ ᠢᠷᠡᠭᠡᠳ ᠨᠠᠢᠵᠢᠨᠠᠷᠲᠠᠭᠠᠨ ᠮᠠᠰᠢ ᠣᠯᠠᠨ ᠮᠸᠩ ᠶᠤᠸᠠᠨ ᠤ᠋ ᠰᠣᠶᠣᠯ ᠤ᠋ᠨ ᠡᠭᠦᠳᠦᠯᠲᠡ ᠵᠢᠨ ᠳᠤᠷᠠᠰᠭᠠᠯ ᠤ᠋ᠨ ᠪᠣᠳᠠᠰ ᠢ᠋ ᠬᠦᠷᠭᠡᠭᠰᠡᠨ᠂ ᠣᠯᠠᠨᠢᠶᠠᠷ ᠵᠢᠠᠨ ᠮᠠᠰᠢ ᠪᠠᠬᠠᠷᠬᠠᠵᠤ ᠪᠠᠢᠯ᠎ᠠ᠂ ᠡᠨᠡ ᠤᠳᠠᠭ᠎ᠠ ᠲᠡᠷᠡ ᠪᠠᠰᠠ ᠮᠠᠰᠢ ᠣᠯᠠᠨ ᠱᠢᠨ᠎ᠡ ᠪᠦᠲᠦᠭᠡᠭ᠌ᠳᠡᠬᠦᠨ ᠢ᠋ ᠠᠪᠤᠯ᠎ᠠ ᠭᠡᠪᠡ᠃
ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠵᠢᠨ ᠦᠶ᠋ᠯᠡᠳᠬᠦᠨᠦ ᠵᠢᠷᠤᠭ ᠲᠥᠯᠥᠪᠯᠡᠭᠡᠨᠦ ᠬᠡᠯᠲᠡᠰ ᠤ᠋ᠨ ᠳᠠᠷᠤᠭ᠎ᠠ ᠱ᠌ᠢ ᠵᠢᠶᠤᠤ᠄ 《ᠮᠸᠩ ᠶᠤᠸᠠᠨ ᠤ᠋ ᠱᠢᠷᠢᠰ ᠰᠣᠶᠣᠯ ᠤ᠋ᠨ ᠡᠭᠦᠳᠦᠯᠲᠡ ᠵᠢᠨ ᠦᠶ᠋ᠯᠡᠳᠬᠦᠨ ᠢ᠋ ᠭᠠᠷᠭᠠᠬᠰᠠᠨ ᠡᠴᠡ ᠨᠠᠭᠠᠰᠢ ᠥᠷᠭᠡᠨ ᠣᠯᠠᠨ ᠵᠢᠭᠤᠯᠴᠢᠯᠠᠬᠰᠠᠳ ᠤ᠋ᠨ ᠬᠠᠯᠠᠭᠤᠨ ᠬᠦᠷᠢᠶᠡᠯᠡᠯ ᠢ᠋ ᠣᠯᠵᠠᠶ᠃ ᠪᠦᠲᠦᠭᠡᠭ᠌ᠳᠡᠬᠦᠨ ᠪᠦᠬᠦᠨ ᠴᠥᠮ ᠵᠢᠭᠤᠯᠴᠢᠯᠠᠬᠰᠠᠳ ᠤ᠋ᠨ ᠬᠤᠷᠢᠶᠠᠨ ᠠᠪᠤᠬᠰᠠᠨ ᠳᠤᠷᠠᠳᠭᠠᠯ ᠪᠤᠯᠵᠤ᠂ ᠵᠢᠭᠤᠯᠴᠢᠯᠠᠬᠰᠠᠳ ᠨᠢᠭᠡᠪᠦᠷᠢ ᠵᠢ ᠡᠷᠭᠦᠨ᠎ᠡ ᠡᠴᠡ ᠪᠤᠴᠠᠬᠤ ᠳᠤᠷ᠎ᠠ ᠦᠭᠡᠢ ᠪᠤᠯᠭᠠᠳᠠᠭ ᠶᠤᠮ》 ᠭᠡᠵᠤ ᠢᠯᠡᠷᠬᠡᠢᠯᠡᠪᠡ᠃
ᠪᠤᠳᠠᠳᠤ ᠠᠬᠤᠢ ᠵᠢᠨ ᠪᠣᠷᠣᠯᠠᠭᠤᠯᠭ᠎ᠠ ᠵᠢᠨ ᠠᠷᠭ᠎ᠠ ᠵᠠᠮ ᠢ᠋ ᠶᠡᠬᠡ ᠪᠡᠷ ᠬᠥᠭ᠌ᠵᠢᠭᠦᠯᠬᠦ᠌ ᠵᠢᠨ ᠬᠠᠮᠲᠤ ᠲᠣᠰ ᠺᠣᠮᠫᠠᠨᠢ ᠮᠸᠩ ᠶᠤᠸᠠᠨ ᠰᠦᠯᠵᠢᠶᠡᠨ ᠳᠡᠭᠡᠷᠡᠬᠢ ᠬᠤᠳᠠᠯᠳᠤᠭᠠᠨ ᠤ᠋ ᠬᠣᠲᠠ ᠵᠢ ᠢᠳᠡᠪᠬᠢᠲᠡᠶ ᠪᠠᠢᠭᠤᠯᠪᠠ᠃ ᠰᠦᠯᠵᠢᠶᠡᠨᠦ ᠮᠡᠷᠭᠡᠵᠢᠯ ᠤ᠋ᠨ ᠲᠠᠪᠴᠠᠩ ᠢ᠋ ᠠᠱᠢᠭ᠍ᠯᠠᠠ ᠠᠵᠤ ᠠᠬᠤᠢᠯᠠᠯ ᠤ᠋ᠨ ᠥᠪᠡᠷᠮᠢᠴᠡ ᠣᠨᠴᠠᠯᠢᠭ ᠲᠠᠢ ᠪᠦᠲᠦᠭᠡᠭ᠌ᠳᠡᠬᠦᠨ ᠢ᠋ ᠪᠦᠬᠦ᠌ ᠲᠠᠯᠠᠪᠠᠷ᠂ ᠣᠯᠠᠨ ᠲᠠᠯ᠎ᠠ᠎ᠠᠴᠠ ᠳᠡᠯᠭᠡᠨ ᠦᠵᠡᠭᠦᠯᠪᠡ᠃
ᠮᠧᠩ ᠶᠤᠸᠠᠨ ᠤ᠋ ᠰᠦᠯᠵᠢᠶᠡᠨ ᠳᠡᠭᠡᠷᠡᠬᠢ ᠬᠤᠳᠠᠯᠳᠤᠭᠠᠨ ᠤ᠋ ᠬᠣᠲᠠᠳᠤ ᠡᠯ᠎ᠡ ᠲᠥᠷᠥᠯ ᠤ᠋ᠨ ᠲᠠᠸᠠᠷ ᠠᠮᠢᠳᠤᠯᠢᠭ ᠳᠡᠯᠭᠡᠭᠳᠡᠵᠤ᠂ ᠠᠵᠤ ᠠᠬᠤᠢᠯᠠᠯ ᠤ᠋ᠨ ᠳᠦᠷᠢ ᠲᠥᠷᠬᠦ᠌ ᠥᠷᠭᠡᠨᠢᠶᠡᠷ ᠤᠯᠠᠮᠵᠢᠯᠠᠭ᠍ᠳᠠᠵᠤ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠲᠤᠩ ᠬᠦᠭᠵᠢᠶᠡᠨᠳᠡᠢ᠃ ᠰᠦᠯᠵᠢᠶᠡᠨ ᠳᠡᠭᠡᠷᠡᠬᠢ ᠬᠤᠳᠠᠯᠳᠤᠭᠠᠨ ᠤ᠋ ᠬᠣᠲᠠ ᠨᠢ ᠪᠣᠷᠣᠯᠠᠭᠤᠯᠭ᠎ᠠ ᠵᠢᠨ ᠲᠠᠪᠴᠠᠩ ᠪᠣᠯᠬᠤᠪᠠᠷ ᠪᠠᠷᠠᠬᠤ ᠥᠬᠡᠶ ᠨᠠᠩ ᠴᠤ᠌ ᠲᠠᠸᠠᠷ ᠤ᠋ᠨ ᠳᠡᠯᠭᠡᠨ ᠦᠵᠡᠭᠦᠯᠭᠡ᠂ ᠳᠦᠷᠢ ᠲᠥᠷᠬᠦ᠌ ᠵᠢᠨ ᠤᠬᠠᠭᠤᠯᠭ᠎ᠠ᠂ ᠪᠣᠷᠣᠯᠠᠭᠤᠯᠭ᠎ᠠ ᠵᠡᠷᠭᠡ ᠵᠢ ᠨᠢᠭᠡ ᠴᠣᠭ᠍ᠴᠠᠵᠢᠭᠤᠯᠤᠭ᠍ᠰᠠᠨ ᠣᠲᠣ ᠦᠶ᠎ᠡ ᠵᠢᠨ ᠪᠣᠷᠣᠯᠠᠭᠤᠯᠭ᠎ᠠ ᠵᠢᠨ ᠦᠵᠦᠬᠦᠷᠯᠢᠭ ᠪᠣᠯᠤᠨ᠎ᠠ᠃
ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ 《 ᠰᠣᠶᠣᠯ + ᠵᠢᠭᠤᠯᠴᠢᠯᠠᠯ 》 ᠤ᠋ᠨ ᠵᠠᠭ᠍ᠪᠤᠷ ᠢ᠋ ᠢᠳᠡᠪᠬᠢᠲᠡᠶ ᠠᠬᠢᠭᠤᠯᠪᠠ᠃ ᠰᠣᠶᠣᠯ ᠤ᠋ᠨ ᠪᠦᠲᠦᠭᠡᠯᠴᠢ ᠪᠦᠲᠦᠭᠡᠭ᠌ᠳᠡᠬᠦᠨ ᠢ᠋ ᠶᠡᠬᠡ ᠪᠡᠷ ᠪᠠᠶᠠᠯᠢᠭ᠍ᠵᠢᠭᠤᠯᠬᠤ ᠵᠢᠨ ᠬᠠᠮᠲᠤ ᠲᠣᠰ ᠺᠣᠮᠫᠠᠨᠢ ᠠᠷᠠᠳ ᠤ᠋ᠨ ᠵᠠᠩ ᠦᠶ᠋ᠯᠡ ᠰᠣᠶᠣᠯ ᠤ᠋ᠨ ᠵᠠᠬ᠎ᠠ ᠳᠡᠯᠭᠡᠭᠦᠷ ᠢ᠋ ᠭᠦᠨᠵᠡᠭᠡᠶ ᠠᠭᠤᠳᠠᠯᠵᠤ᠂ ᠥᠪᠡᠷᠮᠢᠴᠡ ᠣᠨᠴᠠᠯᠢᠭ ᠪᠥᠬᠥᠶ ᠠᠷᠠᠳ ᠤ᠋ᠨ ᠵᠠᠩ ᠦᠶ᠋ᠯᠡ ᠵᠢᠨ ᠦᠵᠡᠭᠦᠯᠭᠡ ᠵᠢᠨ ᠲᠣᠭᠣᠷᠢᠭ ᠢ᠋ ᠪᠠᠢᠭᠤᠯᠪᠠ᠃ ᠲᠣᠰ ᠺᠣᠮᠫᠠᠨᠢ ᠰᠠᠨᠠᠭᠠᠴᠢᠯᠠᠭᠠᠠᠴᠠᠪᠠᠨ ᠦᠨᠳᠦᠰᠦᠲᠡᠨᠦ ᠰᠣᠶᠣᠯ ᠤ᠋ᠨ ᠤᠯᠠᠮᠵᠢᠯᠠᠭ᠍ᠴᠢ ᠲᠠᠢ ᠵᠣᠯᠭᠠᠯᠴᠠᠵᠤ᠂ ᠤᠯᠠᠮᠵᠢᠯᠠᠯᠲᠤ ᠤᠷᠠᠨ ᠳᠠᠷᠬᠠᠳ ᠢ᠋ ᠣᠷᠣᠭᠤᠯᠤᠨ ᠠᠪᠴᠢᠷᠠᠵᠤ ᠵᠡᠭᠡᠯᠢ ᠲᠣᠭᠣᠷᠢᠭᠲᠤ ᠰᠠᠭᠤᠯᠭᠠᠭ᠍ᠰᠠᠨ ᠪᠥᠭᠡᠳ ᠲᠤᠬᠠᠶ ᠵᠢᠨ ᠲᠠᠯᠠᠪᠠᠶᠳᠤ ᠭᠠᠷ ᠤᠷᠠᠯᠠᠯ ᠤ᠋ᠨ ᠲᠠᠸᠠᠷ ᠦᠶ᠋ᠯᠡᠳᠬᠦ᠌ ᠪᠠ ᠳᠡᠯᠭᠡᠨ ᠪᠤᠷᠤᠯᠠᠭᠤᠯᠪᠠ᠃
ᠤᠯᠠᠮᠵᠢᠯᠠᠯᠲᠤ ᠭᠠᠷ ᠤᠷᠠᠯᠠᠯ ᠢ᠋ ᠮᠠᠰᠢ ᠠᠮᠢᠳᠤᠯᠢᠭ᠂ ᠳᠦᠷᠰᠦᠯᠢᠭ ᠬᠡᠯᠪᠡᠷᠢ ᠪᠡᠷ ᠳᠥᠷᠪᠡᠨ ᠵᠦᠭ ᠨᠠᠶ᠋ᠮᠠᠨ ᠵᠣᠪᠬᠢᠰ ᠤ᠋ᠨ ᠵᠢᠭᠤᠯᠴᠢᠯᠠᠬᠰᠠᠳᠲᠤ ᠪᠦᠬᠦ᠌ ᠲᠠᠯᠠᠪᠠᠷ ᠳᠡᠯᠭᠡᠨ ᠦᠵᠡᠭᠦᠯᠵᠦ᠂ ᠵᠢᠭᠤᠯᠴᠢᠯᠠᠬᠰᠠᠳ ᠰᠣᠨᠢᠷᠬᠠᠬᠤ ᠶᠠᠪᠤᠴᠠᠳᠠᠭᠠᠨ ᠤᠯᠠᠮᠵᠢᠯᠠᠯᠲᠤ ᠭᠠᠷ ᠤᠷᠠᠯᠠᠯ ᠤ᠋ᠨ ᠥᠪᠡᠷᠮᠢᠴᠡ ᠷᠢᠳᠢ ᠱᠢᠳᠢ ᠵᠢ ᠭᠦᠨᠵᠡᠭᠡᠶ ᠣᠢᠯᠠᠭᠠᠵᠤ᠂ ᠤᠯᠠᠮᠵᠢᠯᠠᠯᠲᠤ ᠰᠣᠶᠣᠯ ᠢ᠋ ᠱᠢᠨ᠎ᠡ ᠠᠮᠢᠵᠢᠷᠠᠯ ᠤ᠋ᠨ ᠬᠦᠴᠦᠨᠲᠡᠶ ᠪᠣᠯᠭᠠᠵᠠᠶ᠃ 《ᠰᠣᠶᠣᠯ + ᠵᠢᠭᠤᠯᠴᠢᠯᠠᠯ》 ᠤ᠋ᠨ ᠵᠠᠭ᠍ᠪᠤᠷ ᠨᠢ ᠡᠷᠭᠦᠨ᠎ᠡ ᠬᠣᠲᠠ ᠵᠢᠨ ᠥᠪᠡᠷᠮᠢᠴᠡ ᠷᠢᠳᠢ ᠱᠢᠳᠢᠲᠡᠶ ᠵᠢᠭᠤᠯᠴᠢᠯᠠᠯ ᠰᠣᠶᠣᠯ ᠤ᠋ᠨ ᠲᠦᠷᠦᠯ ᠲᠡᠮᠳᠡᠭ᠌ᠲᠦ᠍ IP ᠵᠢ ᠴᠤᠬᠴᠠᠯᠠᠪᠠ᠃
8 ᠰᠠᠷ᠎ᠠ ᠵᠢᠨ ᠰᠡᠭᠦᠯᠴᠢ ᠪᠣᠯᠲᠠᠯ᠎ᠠ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠨᠡᠢ᠌ᠳᠡ 84 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠬᠰᠠᠳ ᠢ᠋ ᠬᠦᠯᠢᠶᠡᠨ ᠠᠪᠴᠠᠢ᠃ ᠮᠸᠩ ᠶᠤᠸᠠᠨ ᠵᠢᠭᠤᠯᠴᠢᠯᠠᠯ ᠰᠣᠶᠣᠯ ᠤ᠋ᠨ ᠺᠣᠮᠫᠠᠨᠢ ᠵᠢᠨ ᠳᠡᠳ᠋ ᠶᠡᠷᠦᠩᠬᠡᠶ ᠳᠠᠭᠠᠭᠠᠮᠠᠯ ᠯᠢᠦ ᠵᠧᠨ᠄ 《ᠣᠢᠷ᠎ᠠ ᠵᠢᠨ ᠵᠢᠯᠡᠴᠡ ᠨᠠᠭᠠᠰᠢ ᠪᠢᠳᠡ ᠵᠢᠭᠤᠯᠴᠢᠯᠠᠭ᠍ᠰᠠᠳ ᠤ᠋ᠨ ᠵᠢᠭᠤᠯᠴᠢᠯᠠᠨ ᠲᠣᠭᠣᠷᠢᠬᠤ᠂ ᠪᠠᠷᠠᠭ᠎ᠠ ᠬᠤᠳᠠᠯᠳᠤᠨ ᠠᠪᠬᠤ ᠵᠢᠴᠢ ᠪᠡᠶᠡᠴᠢᠯᠡᠨ ᠣᠢᠯᠠᠭᠠᠬᠤ ᠵᠡᠷᠭᠡ ᠲᠠᠯ᠎ᠠ ᠵᠢᠨ ᠬᠡᠷᠡᠭ᠌ᠴᠡᠭᠡ ᠳ᠋ᠦ᠍ ᠴᠢᠭ᠌ᠯᠡᠭᠦᠯᠦᠨ ᠰᠣᠶᠣᠯ ᠬᠢᠭᠡᠳ ᠵᠢᠭᠤᠯᠴᠢᠯᠠᠯ ᠤ᠋ᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠨ ᠬᠦᠭᠵᠢᠬᠦ ᠵᠢ ᠠᠭᠢᠭᠤᠯᠤᠨ᠂ ᠳᠠᠩ ᠴᠤᠯᠭᠤᠢ ᠵᠢᠭᠤᠯᠴᠢᠯᠠᠨ ᠲᠤᠭᠤᠷᠢᠬᠤ ᠡᠴᠡ ᠨᠡᠩ ᠳᠤᠳᠤᠭᠠᠳᠤ ᠠᠭᠤᠯᠬᠤᠨ ᠪᠦᠬᠦᠢ ᠰᠤᠶᠤᠯ ᠤ᠋ᠨ ᠪᠡᠶᠡᠴᠢᠯᠡᠨ ᠤᠢᠯᠠᠭᠠᠯᠳᠠ ᠵᠦᠭ ᠬᠤᠪᠢᠷᠠᠬᠤ ᠵᠢ ᠪᠡᠶᠡᠯᠡᠭᠦᠯᠵᠠᠢ᠃ ᠪᠢᠳᠡ ᠡᠯᠪᠡᠭ ᠪᠠᠶᠠᠯᠢᠭ ᠰᠤᠶᠤᠯ ᠤ᠋ᠨ ᠡᠯᠸᠮᠸᠨ᠋ᠲ ᠢ᠋ ᠡᠯ᠎ᠡ ᠵᠢᠭᠤᠯᠴᠢᠯᠠᠯ ᠤ᠋ᠨ ᠲᠦᠷᠦᠯ ᠵᠦᠢᠯ ᠳ᠋ᠦ ᠠᠭᠤᠰᠬᠠᠨ ᠤᠷᠤᠭᠤᠯᠵᠤ᠂ ᠵᠢᠭᠤᠯᠴᠢᠯᠠᠯ ᠤ᠋ᠨ ᠲᠦᠷᠦᠯ ᠵᠦᠢᠯ ᠳ᠋ᠦ ᠨᠡᠩ ᠵᠤᠵᠠᠭᠠᠨ ᠰᠤᠶᠤᠯ ᠤ᠋ᠨ ᠰᠠᠭᠤᠷᠢ ᠪᠠ ᠦᠪᠡᠷᠮᠢᠴᠡ ᠳᠠᠳᠠᠬᠤ ᠬᠦᠴᠦᠨ ᠤᠯᠭᠤᠵᠤ᠂ ᠵᠢᠭᠤᠯᠴᠢᠯᠠᠬᠰᠠᠳ ᠲᠦ᠍ ᠴᠤ ᠰᠢᠨ᠎ᠡ ᠬᠡᠷᠡᠭᠯᠡᠭᠡᠨ ᠤ᠋ ᠮᠡᠳᠡᠷᠡᠮᠵᠢ ᠤᠯᠭᠤᠨ᠎ᠠ》 ᠭᠡᠵᠤ ᠳᠠᠨᠢᠯᠴᠠᠭᠤᠯᠪᠠ᠃