ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ ᠠᠵᠢᠯ ᠮᠡᠷᠬᠡᠵᠢᠯ᠎ᠤᠨ ᠰᠤᠷᠭᠠᠨ ᠬᠦᠮᠦᠵᠢᠯ᠎ᠤᠨ ᠬᠦᠭᠵᠢᠯᠳᠡ ᠳ᠋ᠤ ᠨᠡᠩ ᠦᠷᠬᠡᠨ ᠪᠤᠯᠤᠮᠵᠢ ᠬᠠᠩᠭᠠᠨ᠎ᠠ
2024-11-02 11:04:54
ᠵᠣᠬᠢᠶᠠᠭ᠍ᠴᠢ᠄
ᠯᠢᠦ ᡁᠢ ᠰᠢᠶᠠᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠶᠠᠪᠤᠭᠳᠠᠭᠰᠠᠨ ᠠᠩᠬᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠤᠨ ᠤᠯᠠᠮᠵᠢᠯᠠᠯ᠎ᠤᠨ ᠦᠵᠡᠭᠦᠯᠭᠡ ᠳᠡᠭᠡᠷ᠎ᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶᠢᠨ ᠲᠣᠭᠯᠠᠯᠲᠠ  ᠬᠤᠷᠠᠭᠰᠠᠨ ᠤᠯᠠᠨ ᠎ᠤ ᠨᠢᠳᠦ᠎ᠶᠢ ᠬᠤᠵᠢᠷᠯᠠᠪᠠ᠃ ᠡᠭᠦᠨ ᠤ᠋ ᠳᠤᠮᠳᠠ᠂ ᠥᠪᠥᠷ ᠮᠣᠩᠭᠣᠯ᠎ᠤᠨ ᠦᠨᠳᠦᠰᠦᠲᠡᠨ᠎ᠦ ᠴᠡᠴᠡᠷᠯᠢᠭ᠎ᠤᠨ ᠪᠠᠭᠰᠢ ᠵᠢᠨ ᠲᠤᠰᠬᠠᠢ ᠮᠡᠷᠭᠡᠵᠢᠯ᠎ᠦᠨ ᠳᠡᠬᠡᠳᠤ ᠰᠤᠷᠭᠠᠭᠤᠯᠢ ᠵᠢᠨ ᠭᠦᠷᠦ ᠳᠠᠭᠤᠤ᠎ᠶᠢᠨ ᠦᠵᠡᠭᠦᠯᠭᠡ᠎ᠶᠢᠨ ᠲᠣᠭᠯᠠᠯᠲᠠ ᠡᠨᠡ᠎ᠬᠦ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠨᠡᠩ ᠤᠯᠠᠨ ᠬᠥᠮᠥᠰ᠎ᠲᠦ ᠲᠠᠨᠢᠭᠤᠯᠪᠠ᠃

ᠥᠪᠥᠷ ᠮᠣᠩᠭᠣᠯ᠎ᠤᠨ ᠦᠨᠳᠦᠰᠦᠲᠡᠨ᠎ᠦ ᠴᠡᠴᠡᠷᠯᠢᠭ᠎ᠤᠨ ᠪᠠᠭᠰᠢ ᠵᠢᠨ ᠲᠤᠰᠬᠠᠢ ᠮᠡᠷᠭᠡᠵᠢᠯ᠎ᠦᠨ ᠳᠡᠬᠡᠳᠤ ᠰᠤᠷᠭᠠᠭᠤᠯᠢ᠎ᠶᠢᠨ ᠳᠠᠭᠤᠤ ᠬᠥᠭᠵᠢᠮ ᠪᠥᠵᠢᠭ᠎ᠦᠨ ᠰᠠᠯᠪᠤᠷᠢ᠎ᠶᠢᠨ ᠫᠷᠤᠹᠧᠰᠰᠤᠷ ᠰ·ᠰᠤᠶᠤᠯᠳᠤ ᠭᠦᠷᠦ ᠳᠠᠭᠤᠤ᠎ᠶᠢ ᠤᠯᠠᠮᠵᠢᠯᠠᠨ ᠬᠠᠮᠠᠭᠠᠯᠠᠬᠤ᠎ᠪᠠᠷ ᠴᠢᠷᠮᠠᠢᠭᠰᠠᠭᠠᠷ ᠢᠷᠡᠵᠡᠢ᠃ 《ᠭᠦᠷᠦ ᠳᠠᠭᠤᠤ ᠪᠣᠯ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠮᠥᠨ᠂ ᠮᠣᠩᠭᠣᠯ ᠦᠨᠳᠦᠰᠦᠲᠡᠨ᠎ᠦ ᠰᠣᠩᠭᠣᠳᠠᠭ ᠳᠠᠭᠤᠤ ᠬᠥᠭᠵᠢᠮ᠎ᠦᠨ 〈ᠠᠮᠢᠳᠤ ᠴᠢᠯᠠᠭᠤᠵᠢᠮᠠᠯ〉 ᠪᠠᠢᠵᠤ᠂ ᠲᠡᠦᠬᠡ ᠶ᠋ᠢᠨ ᠳᠤᠷᠠᠰᠤᠮᠵᠢ ᠪᠠ ᠰᠣᠶᠣᠯ᠎ᠤᠨ ᠣᠬᠢ ᠱᠦᠯᠳᠦ ᠶ᠋ᠢ ᠠᠴᠢᠶᠠᠯᠠᠵᠤ ᠪᠠᠢᠳᠠᠭ》 ᠬᠡᠵᠦ ᠰ·ᠰᠤᠶᠤᠯᠳᠤ ᠳᠠᠨᠢᠯᠴᠠᠭᠤᠯᠤᠨ᠎ᠠ᠃  ᠳᠡᠷᠡ᠄ 《ᠣᠷᠳᠣᠰ ᠬᠤᠳᠠ᠎ᠶᠢᠨ ᠬᠠᠩᠭᠢᠨ ᠬᠣᠰᠢᠭᠤ ᠪᠣᠯ ᠬᠦᠷᠦ ᠳᠠᠭᠤᠤ᠎ᠶᠢᠨ ᠡᠭᠦᠰᠦᠯ᠎ᠦᠨ ᠭᠠᠵᠠᠷ ᠪᠠ ᠤᠯᠠᠮᠵᠢᠯᠠᠯ᠎ᠤᠨ ᠭᠠᠵᠠᠷ ᠪᠣᠯᠣᠨ᠎ᠠ᠂ ᠣᠢᠷ᠎ᠠ᠎ᠶᠢᠨ ᠵᠢᠯ᠎ᠳᠦ᠂ ᠪᠢᠳᠡ ᠰᠤᠷᠭᠠᠭᠤᠯᠢ᠎ᠳ᠋ᠤ ᠰᠣᠩᠭᠣᠨ ᠰᠤᠷᠬᠤ ᠬᠢᠴᠢᠶᠡᠯ ᠨᠡᠭᠡᠭᠡᠵᠦ᠂ ᠰᠤᠷᠭᠠᠭᠤᠯᠢ᠎ᠶᠢᠨ ᠭᠠᠳᠠᠨ᠎ᠠ ᠬᠡᠭᠡᠷ᠎ᠡ᠎ᠶᠢᠨ ᠪᠠᠢᠴᠠᠭᠠᠯᠲᠠ᠂ ᠨᠡᠢᠭᠡᠮ᠎ᠦᠨ ᠪᠣᠯᠪᠠᠰᠤᠷᠠᠯ ᠵᠡᠷᠭᠡ᠎ᠶᠢ ᠥᠷᠨᠢᠭᠦᠯᠬᠦ ᠪᠡᠷ ᠳᠠᠮᠵᠢᠭᠤᠯᠵᠤ᠂ ᠬᠦᠷᠦ ᠳᠠᠭᠤᠤ᠎ᠶᠢ ᠢᠳᠡᠪᠬᠢᠲᠡᠢ ᠤᠯᠠᠮᠵᠢᠯᠠᠨ ᠬᠠᠮᠠᠭᠠᠯᠠᠵᠤ᠂ ᠨᠡᠩ ᠤᠯᠠᠨ ᠬᠥᠮᠥᠰ᠎ᠲᠦ ᠬᠦᠷᠦ ᠳᠠᠭᠤᠤ᠎ᠶᠢ ᠣᠢᠯᠠᠭᠠᠭᠤᠯᠵᠤ᠂ ᠲᠡᠭᠦᠨ᠎ᠦ ᠷᠢᠳᠢ ᠰᠢᠳᠢ᠎ᠶᠢ ᠮᠡᠳᠡᠷᠡᠭᠦᠯᠵᠦ᠂ ᠡᠨᠡ᠎ᠬᠦ ᠡᠷᠲᠡᠨ᠎ᠦ ᠤᠷᠠᠯᠢᠭ᠋᠎ᠢ ᠰᠢᠨ᠎ᠡ ᠴᠠᠭ ᠦᠶ᠎ᠡ᠎ᠳᠦ ᠰᠢᠨ᠎ᠡ ᠠᠮᠢᠵᠢᠷᠠᠯ᠎ᠤᠨ ᠬᠦᠴᠦᠨ᠎ᠲᠠᠢ ᠪᠤᠯᠭᠠᠵᠤ ᠪᠠᠢᠨ᠎ᠠ》 ᠬᠡᠯ᠎ᠡ᠃

ᠰᠤᠷᠭᠠᠭᠤᠯᠢ᠎ᠶᠢᠨ ᠵᠢᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠎ᠤ ᠲᠥᠪ᠎ᠦᠨ ᠬᠠᠷᠢᠭᠤᠴᠠᠯᠭᠠᠲᠠᠨ ᠪᠣᠯᠤᠭᠰᠠᠨ ᠰ ·ᠰᠤᠶᠤᠯᠳᠤ ᠪᠤᠯ ᠮᠣᠩᠭᠣᠯ ᠦᠨᠳᠦᠰᠦᠲᠡᠨ᠎ᠦ ᠳᠥᠷᠪᠡᠨ ᠤᠲᠠᠰᠤᠲᠤ ᠬᠤᠭᠤᠷ᠎ᠤᠨ ᠣᠷᠳᠣᠰ ᠬᠥᠭᠵᠢᠮᠳᠡᠬᠦ ᠠᠷᠭ᠎ᠠ᠎ᠶᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠯᠠᠮᠵᠢᠯᠠᠭ᠍ᠴᠢ ᠮᠥᠨ᠃ ᠲᠡᠷᠡ ᠪᠠᠰᠠ ᠰᠤᠷᠭᠠᠭᠤᠯᠢ ᠶ᠋ᠢᠨ ᠵᠠᠯᠠᠭᠤ ᠪᠠᠭ᠍ᠰᠢ ᠰᠠᠷᠵᠢ ᠶ᠋ᠢ ᠳᠠᠭᠠᠭᠤᠯᠤᠨ ᠣᠷᠳᠣᠰ᠎ᠤᠨ ᠮᠣᠩᠭᠣᠯ ᠶᠠᠲᠤᠭ᠎ᠠ ᠶ᠋ᠢᠨ ᠤᠷ᠎ᠠ ᠮᠡᠷᠭᠡᠵᠢᠯ ᠢ᠋ ᠠᠪᠤᠷᠠᠬᠤ ᠠᠵᠢᠯ ᠢ᠋ ᠢᠳᠡᠪᠬᠢᠲᠡᠢ ᠦᠷᠨᠢᠬᠦᠯᠵᠦ ᠪᠠᠢᠭ᠎ᠠ ᠶᠤᠮ᠃

《ᠬᠡᠭᠡᠷ᠎ᠡ᠎ᠶ᠋ᠢᠨ ᠪᠠᠢᠴᠠᠭᠠᠯᠲᠠ ᠬᠢᠬᠦ ᠪᠠᠷ ᠳᠠᠮᠵᠢᠨ ᠰᠣᠶᠣᠯᠲᠤ ᠪᠠᠭ᠍ᠰᠢ ᠣᠷᠳᠣᠰ ᠮᠤᠩᠭᠤᠯ ᠶᠠᠲᠤᠭ᠎ᠠ ᠪᠠᠢᠬᠤ᠎ᠶ᠋ᠢ ᠣᠯᠵᠤ ᠮᠡᠳᠡᠵᠡᠶ᠂ ᠭᠡᠪᠡᠴᠦ᠍ ᠡᠨᠡ ᠬᠦ᠌ ᠮᠡᠷᠭᠡᠵᠢᠯ ᠴᠢᠨᠠᠭ᠍ᠰᠢᠯᠠᠪᠠᠯ ᠡᠨᠡ ᠬᠦ᠌ ᠬᠦᠭ᠌ᠵᠢᠮᠳᠡᠬᠦᠷ ᠨᠢ ᠣᠲᠣ ᠪᠠᠷᠤᠭ ᠠᠯᠠᠭ᠎ᠠ ᠪᠣᠯᠵᠣ᠂ ᠦᠯᠡᠳᠡᠵᠦ᠍ ᠪᠠᠢᠭ᠎ᠠ ᠴᠣᠷ᠎ᠤᠨ ᠭᠠᠭ᠍ᠴᠠ ᠣᠷᠳᠣᠰ ᠮᠤᠩᠭᠤᠯ ᠶᠠᠲᠤᠭ᠎ᠠ᠎ᠶ᠋ᠢ ᠣᠷᠳᠣᠰ ᠮᠦᠽᠧᠶ᠎ᠳᠦ ᠬᠠᠲᠠᠭᠠᠯᠠᠵᠤ ᠪᠠᠢᠭ᠎ᠠ ᠠᠵᠢ᠃ ᠪᠢ ᠶᠠᠲᠤᠭ᠎ᠠ᠎ᠶ᠋ᠢᠨ ᠮᠡᠷᠭᠡᠵᠢᠯ ᠰᠤᠷᠤᠭ᠍ᠰᠠᠨ ᠪᠣᠯᠬᠣᠷ᠂ ᠪᠠᠭ᠍ᠰᠢ ᠨᠠᠮᠠᠶ᠋ᠢ ᠤᠷᠳᠤᠰ ᠮᠣᠩᠭᠣᠯ ᠶᠠᠲᠤᠭ᠎ᠠ᠎ᠶ᠋ᠢᠨ ᠰᠤᠳᠤᠯᠭᠠᠨ᠎ᠤ ᠠᠵᠢᠯ ᠥᠷᠨᠢᠭᠦᠯᠬᠦ᠌᠎ᠶ᠋ᠢ ᠵᠣᠷᠢᠭ᠍ᠵᠢᠭᠤᠯᠤᠨ ᠵᠢᠯᠣᠭᠣᠳᠪᠠ》 ᠭᠡᠵᠦ᠍ ᠰᠡᠷᠵᠢ ᠬᠡᠯᠡᠪᠡ᠃ ᠣᠳᠣᠬᠠᠨ᠎ᠳᠤ᠂ ᠶᠡᠬᠡ ᠬᠡᠮᠵᠢᠶᠡᠨ᠎ᠦ ᠬᠡᠭᠡᠷ᠎ᠡ᠎ᠶ᠋ᠢᠨ ᠪᠠᠢᠴᠠᠭᠠᠯᠲᠠ᠎ᠶ᠋ᠢᠨ ᠮᠠᠲ᠋ᠧᠷᠢᠶᠠᠯ᠎ᠢ ᠡᠮᠬᠢᠯᠡᠬᠦ᠌᠎ᠪᠡᠷ ᠳᠠᠮᠵᠢᠨ ᠰᠡᠷᠵᠢ ᠨᠢᠭᠡᠨᠲᠡ ᠤᠷᠳᠤᠰ ᠮᠣᠩᠭᠣᠯ ᠶᠠᠲᠤᠭ᠎ᠠ᠎ᠶ᠋ᠢᠨ ᠤᠷ᠎ᠠ ᠮᠡᠷᠭᠡᠵᠢᠯ᠂ ᠴᠢᠪᠬᠠᠳᠠᠰᠤ ᠲᠣᠭ᠍ᠲᠠᠭᠠᠬᠤ ᠠᠷᠭ᠎ᠠ᠎ᠶ᠋ᠢ ᠦᠨᠳᠦᠰᠦᠨ᠎ᠳᠡᠭᠡᠨ ᠡᠵᠡᠮᠱᠢᠵᠦ᠍᠂ ᠲᠡᠷᠡ ᠪᠠᠰᠠ ᠡᠨᠡ ᠵᠢᠯ᠎ᠦᠨ ᠰᠡᠭᠦᠯᠴᠢ᠎ᠡᠴᠡ ᠡᠮᠦᠨ᠎ᠡ 30 ᠠᠷᠠᠳ᠎ᠤᠨ ᠳᠠᠭᠤᠤ᠎ᠶ᠋ᠢᠨ ᠴᠢᠪᠬᠠᠳᠠᠬᠤ ᠠᠷᠭ᠎ᠠ᠎ᠶ᠋ᠢ ᠡᠮᠬᠢᠳᠭᠡᠵᠦ᠍᠂ ᠵᠢᠭᠠᠬᠤ ᠮᠠᠲ᠋ᠧᠷᠢᠶᠠᠯ ᠪᠣᠯᠭᠠᠬᠤ᠎ᠪᠠᠷ ᠲᠥᠯᠥᠪᠯᠡᠵᠦ᠍ ᠪᠠᠢᠨ᠎ᠠ᠃

《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠵᠦ ᠠᠮᠢᠵᠢᠷᠠᠯ᠎ᠤᠨ ᠬᠦᠴᠦᠨ᠎ᠢ ᠨᠢ ᠪᠠᠳᠠᠷᠠᠭᠤᠯᠬᠤ᠎ᠳᠤ ᠤᠯᠠᠮᠵᠢᠯᠠᠬᠴᠢ᠎ᠶ᠋ᠢᠨ ᠴᠢᠷᠮᠠᠢᠯᠭ᠎ᠠ ᠪᠠᠢᠬᠤ ᠪᠠᠷ ᠪᠠᠷᠠᠬᠤ ᠦᠭᠡᠢ ᠨᠡᠩ ᠴᠤ᠌ ᠵᠠᠯᠠᠭᠤᠴᠤᠳ᠎ᠤᠨ ᠣᠷᠣᠯᠴᠠᠭ᠎ᠠ᠎ᠶ᠋ᠢ ᠱᠠᠭᠠᠷᠳᠠᠨ᠎ᠠ᠃ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠴᠢᠬᠤᠯᠠ ᠠᠷᠭ᠎ᠠ ᠵᠠᠮ ᠪᠣᠯᠤᠭ᠍ᠰᠠᠨ᠎ᠤ ᠬᠤᠪᠢ᠎ᠳᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠨᠢ ᠪᠣᠳᠠᠰ᠎ᠤᠨ ᠪᠤᠰᠤ ᠰᠣᠶᠣᠯ᠎ᠤᠨ ᠥᠪ ᠯᠤᠭᠡ ᠢᠳᠡᠪᠬᠢᠳᠡᠢ ᠠᠭᠤᠰᠤᠯᠴᠠᠨ ᠬᠥᠭ᠌ᠵᠢᠬᠦ᠌᠎ᠶ᠋ᠢᠨ ᠬᠠᠮᠲᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠱᠢᠨ᠎ᠡ᠎ᠶ᠋ᠢ ᠡᠭᠦᠳᠬᠦ᠌ ᠱᠢᠨ᠎ᠡ ᠬᠦᠭᠵᠢᠯᠳᠡ ᠵᠢᠨ ᠠᠷᠭ᠎ᠠ ᠵᠠᠮ᠎ᠢ ᠬᠠᠢᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠪᠠᠯ ᠵᠤᠬᠢᠨ᠎ᠠ》 ᠭᠡᠵᠦ᠍ ᠰᠤᠶᠤᠯᠳᠤ ᠬᠡᠯᠡᠨ᠎ᠠ᠃

《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠣᠳᠠᠰ᠎ᠤᠨ ᠪᠤᠰᠤ ᠰᠣᠶᠣᠯ᠎ᠤᠨ ᠦᠪ ᠤ᠋ᠨ ᠦᠵᠡᠭᠦᠯᠭᠡ ᠳᠡᠭᠡᠷ᠎ᠡ ᠪᠢᠳᠡ ᠥᠵᠡᠬᠥᠯᠬᠡ ᠵᠢᠨ ᠲᠤᠬᠯᠠᠯᠲᠠ ᠭᠠᠷᠭᠠᠬᠤ ᠪᠠ ᠲᠠᠨᠢᠯᠴᠠᠭᠤᠯᠬᠤ ᠠᠵᠢᠯᠯᠠᠭ᠎ᠠ ᠡᠷᠬᠢᠯᠡᠬᠥ ᠵᠢᠴᠢ ᠸᠢᠳᠢᠣ᠋ ᠵᠡᠷᠭᠡ ᠬᠡᠯᠪᠡᠷᠢ᠎ᠪᠡᠷ ᠪᠥᠬᠥ᠌ ᠣᠷᠣᠨ᠎ᠤ 23 ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ 500 ᠭᠠᠷᠤᠶ ᠪᠦᠲᠦᠭᠡᠯ᠎ᠢ ᠳᠡᠯᠭᠡᠨ ᠦᠵᠡᠭᠦᠯᠵᠡᠢ᠃ ᠡᠨᠡ ᠨᠢ 6 ᠶᠡᠬᠡ ᠲᠥᠷᠥᠯ᠎ᠦᠨ 20 ᠭᠠᠷᠤᠶ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠳᠦ ᠬᠣᠯᠪᠣᠭ᠍ᠳᠠᠵᠠᠶ》 ᠭᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠨᠠᠰᠤᠨ᠎ᠳᠤ ᠬᠦᠷᠦᠭ᠌ᠰᠡᠳ᠎ᠦᠨ ᠰᠤᠷᠭᠠᠨ ᠬᠥᠮᠦᠵᠢᠯ᠎ᠦᠨ ᠭᠠᠵᠠᠷ᠎ᠤᠨ ᠬᠠᠷᠢᠭᠤᠴᠠᠯᠭᠠᠲᠠᠨ ᠲᠠᠨᠢᠯᠴᠠᠭᠤᠯᠪᠠ᠃ ᠲᠡᠷᠡ᠄ 《ᠣᠢᠷ᠎ᠠ᠎ᠶ᠋ᠢᠨ ᠵᠢᠯ᠎ᠳᠦ᠂ ᠮᠠᠨ᠎ᠤ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠣᠢᠵᠢᠭᠤᠯᠬᠤ ᠪᠠ ᠦᠶ᠋ᠯᠡᠳᠪᠦᠷᠢᠯᠡᠯ ᠵᠢᠭᠠᠨ ᠰᠤᠷᠭᠠᠯᠲᠠ᠎ᠶ᠋ᠢ ᠭᠦᠨᠵᠡᠭᠡᠶ ᠠᠭᠤᠰᠤᠯᠴᠠᠭᠤᠯᠤᠭ᠍ᠰᠠᠨ ᠤᠷ᠎ᠠ ᠮᠡᠷᠭᠡᠵᠢᠯ ᠤ᠋ᠨ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ ᠪᠡᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠵᠢᠴᠢ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠵᠢ ᠤᠷᠭᠠᠨᠢᠭ ᠵᠢᠡᠷ ᠤᠶᠠᠯᠳᠤᠭᠤᠯᠬᠤ᠎ᠶ᠋ᠢ ᠴᠢᠬᠤᠯᠠᠴᠢᠯᠠᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠵᠢ ᠲᠠᠰᠤᠷᠠᠯᠲᠠ ᠥᠬᠡᠶ ᠠᠭᠤᠰᠤᠯᠴᠠᠭᠤᠯᠤᠨ ᠢᠳᠡᠪᠬᠢᠲᠡᠶ ᠦᠷ᠎ᠡ ᠪᠦᠲᠦᠮᠵᠢ ᠤᠯᠪᠠ》 ᠭᠡᠪᠡ᠃

ᠪᠥᠬᠥ᠌ ᠣᠷᠣᠨ᠎ᠤ ᠡᠯ᠎ᠡ ᠭᠠᠵᠠᠷ ᠡᠯ᠎ᠡ ᠰᠤᠷᠭᠠᠭᠤᠯᠢ ᠴᠥᠮ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠲᠠᠪᠴᠠᠩ᠎ᠢ ᠪᠠᠢᠭᠤᠯᠪᠠ — ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 《ᠥᠪᠥᠷ ᠮᠣᠩᠭᠣᠯ᠎ᠤᠨ ᠢᠳᠡᠭᠡᠨ ᠤᠮᠳᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠰᠠᠭᠤᠷᠢᠨ》 ᠢ᠋ ᠪᠠᠢᠭᠤᠯᠪᠠ; ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 《ᠪᠣᠳᠠᠰ᠎ᠤᠨ ᠪᠤᠰᠤ ᠰᠣᠶᠣᠯ᠎ᠤᠨ ᠥᠪ᠎ᠦᠨ ᠶᠡᠬᠡ ᠪᠠᠭ᠍ᠰᠢᠳᠠᠨ᠎ᠤ ᠠᠵᠢᠯᠯᠠᠬᠤ ᠦᠷᠦᠭᠡ》 ᠵᠢ ᠪᠠᠢᠭᠤᠯᠪᠠ;ᠤᠯᠠᠭᠠᠨᠴᠠᠪ ᠬᠣᠲᠠ᠎ᠶ᠋ᠢᠨ ᠤᠷᠠᠯᠢᠭ᠎ᠤᠨ ᠰᠤᠷᠭᠠᠭᠤᠯᠢ 《ᠡᠸ᠋ ᠯᠢ ᠫᠢᠩ ᠎ᠤᠨ ᠡᠯ ᠷᠸᠨ ᠲᠠᠢ ᠵᠦᠴᠦᠭᠡ ᠵᠢᠨ ᠶᠡᠬᠡ ᠪᠠᠭ᠍ᠰᠢᠳᠠᠨ᠎ᠤ ᠠᠵᠢᠯᠯᠠᠬᠤ ᠦᠷᠦᠭᠡ》 ᠵᠢ  ᠪᠠᠢᠭᠤᠯᠪᠠ᠃

ᠡᠯ᠎ᠡ ᠭᠠᠵᠠᠷ ᠡᠯ᠎ᠡ ᠰᠤᠷᠭᠠᠭᠤᠯᠢ᠎ᠵᠢᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠰᠢᠨᠵᠢᠯᠡᠬᠦ᠌ ᠤᠬᠠᠭᠠᠨᠴᠢ ᠵᠢᠭᠠᠨ ᠰᠤᠷᠭᠠᠯᠲᠠ᠎ᠶᠢᠨ ᠰᠢᠰᠲ᠋ᠧᠮ᠎ᠢ ᠴᠢᠷᠮᠠᠶ᠋ᠢᠨ ᠪᠠᠶ᠋ᠢᠭᠤᠯᠪᠠ — ᠰᠢᠯᠢ᠎ᠶᠢᠨ ᠭᠤᠤᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠤᠰᠬᠠᠶ ᠮᠡᠷᠭᠡᠵᠢᠯ᠎ᠦᠨ ᠬᠢᠴᠢᠶᠡᠯ᠎ᠳᠡᠭᠡᠨ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ》 ᠬᠢᠴᠢᠶᠡᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠭᠤᠤᠯ ᠰᠢᠵᠢᠮ᠎ᠢ ᠠᠭᠤᠰᠬᠠᠭᠰᠠᠨ ᠪᠥᠭᠡᠳ ᠮᠣᠩᠭᠣᠯ ᠦᠨᠳᠦᠰᠦᠲᠡᠨ᠎ᠦ ᠬᠥᠭᠡᠮᠡᠶ ᠤᠷᠠᠯᠢᠭ᠂ ᠣᠷᠳᠣ᠎ᠶᠢᠨ ᠳᠠᠭᠤᠤ᠂ ᠮᠣᠷᠢᠨ ᠬᠤᠭᠤᠷ᠎ᠤᠨ ᠤᠷᠠᠯᠢᠭ ᠵᠢᠴᠢ ᠤᠯᠠᠮᠵᠢᠯᠠᠯᠲᠤ᠌ ᠭᠠᠷ ᠤᠷᠠᠯᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ᠎ᠢᠶᠡᠷ ᠭᠤᠤᠯ ᠪᠣᠯᠭᠠᠭᠰᠠᠨ ᠰᠦᠯᠵᠢᠶᠡᠨ ᠬᠢᠴᠢᠶᠡᠯ 《ᠮᠣᠩᠭᠣᠯ ᠦᠨᠳᠦᠰᠦᠲᠡᠨ᠎ᠦ ᠤᠯᠠᠮᠵᠢᠯᠠᠯᠲᠤ᠌ ᠤᠷᠠᠯᠢᠭ᠎ᠤᠨ ᠰᠣᠨᠢᠷᠬᠠᠯ》 ᠬᠡᠬᠦ ᠤᠯᠤᠰ᠎ᠤᠨ ᠲᠡᠰ᠎ᠤᠨ ᠰᠤᠩᠭᠤᠳᠠᠭ ᠬᠢᠴᠢᠶᠡᠯ᠎ᠢ ᠨᠡᠭᠡᠭᠡᠨ ᠬᠥᠭᠵᠢᠭᠦᠯᠦᠭᠰᠡᠨ ᠪᠠᠶ᠋ᠢᠨ᠎ᠠ; ᠬᠢᠩᠭᠠᠨ ᠠᠶ᠋ᠢᠮᠠᠭ᠎ᠤᠨ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ ᠪᠠᠷᠢᠯᠭ᠎ᠠ᠎ᠶᠢᠨ ᠵᠠᠰᠠᠯ ᠴᠢᠮᠡᠭᠯᠡᠯ᠎ᠦᠨ ᠵᠢᠷᠤᠭ ᠲᠥᠯᠥᠪᠯᠡᠭᠡ᠎ᠶᠢᠨ ᠬᠢᠴᠢᠶᠡᠯ᠎ᠳᠦ ᠪᠡᠨ ᠮᠣᠳᠣᠨ ᠬᠠᠯᠢᠰᠤᠨ᠎ᠤ ᠰᠡᠢᠯᠦᠮᠡᠯ ᠤᠷᠠᠯᠠᠯ᠎ᠤᠨ ᠣᠨᠣᠯ᠎ᠤᠨ ᠮᠡᠳᠡᠯᠭᠡ ᠪᠠ ᠤᠷ᠎ᠠ ᠮᠡᠷᠭᠡᠵᠢᠯ᠎ᠢ ᠣᠷᠣᠭᠤᠯᠵᠠᠢ; ᠤᠯᠠᠭᠠᠨᠬᠠᠳᠠ᠎ᠶᠢᠨ ᠬᠡᠷᠡᠭᠯᠡᠭᠡᠨ᠎ᠦ ᠮᠡᠷᠭᠡᠵᠢᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠢ ᠵᠠᠷ ᠮᠡᠳᠡᠭᠡᠨ᠎ᠦ ᠤᠷᠠᠯᠢᠭ᠎ᠤᠨ ᠵᠢᠷᠤᠭ ᠲᠥᠯᠥᠪᠯᠡᠭᠡ᠂ ᠳᠦᠷᠢ ᠲᠥᠷᠬᠦ᠌᠎ᠶᠢᠨ ᠵᠢᠷᠤᠭ ᠲᠥᠯᠥᠪᠯᠡᠭᠡ ᠵᠡᠷᠭᠡ ᠲᠤᠰᠬᠠᠶ ᠮᠡᠷᠭᠡᠵᠢᠯ᠎ᠦᠨ ᠬᠢᠴᠢᠶᠡᠯ ᠎ᠳ᠋ᠡᠬᠡᠨ ᠠᠭᠤᠰᠬᠠᠨ ᠣᠷᠣᠭᠤᠯᠵᠤ᠂ ᠬᠢᠮᠤᠰᠤ ᠭᠣᠶᠣᠯᠠᠬᠤ ᠲᠤᠰᠬᠠᠶ ᠮᠡᠷᠭᠡᠵᠢᠯ᠎ᠦᠨ ᠬᠢᠴᠢᠶᠡᠯ᠎ᠢ ᠨᠡᠭᠡᠭᠡᠪᠡ ᠁

ᠬᠡᠷᠬᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠢᠰᠲ᠋ᠧᠮ᠎ᠳᠦ ᠦᠨᠡᠨ ᠬᠦ᠌ ᠭᠦᠨᠵᠡᠭᠡᠶ ᠠᠭᠤᠰᠤᠯᠴᠠᠭᠤᠯᠬᠤ ᠪᠣᠶ? ᠦᠢᠯᠡᠳᠪᠦᠷᠢᠯᠡᠯ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠪᠣᠯ ᠵᠠᠩᠭᠢᠯᠠᠭ᠎ᠠ ᠪᠣᠯᠤᠨ᠎ᠠ᠃ ᠣᠳᠣᠬᠠᠨ᠎ᠳᠤ᠂ ᠮᠠᠨ᠎ᠤ ᠣᠷᠣᠨ᠎ᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠶᠠᠭ ᠰᠣᠶᠣᠯ ᠵᠢᠭᠤᠯᠴᠢᠯᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠡᠶ ᠢᠳᠡᠪᠬᠢᠲᠡᠶ ᠬᠣᠯᠪᠣᠭᠠᠯᠠᠨ᠂ ᠡᠯ᠎ᠡ ᠲᠠᠯ᠎ᠠ᠎ᠶᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠣᠷᠣᠨ ᠪᠦᠰᠡ᠎ᠶᠢᠨ ᠬᠠᠮᠲᠤᠷᠠᠯᠴᠠᠭ᠎ᠠ᠂ ᠰᠤᠷᠭᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠰᠤᠷᠭᠠᠭᠤᠯᠢ᠎ᠶᠢᠨ ᠬᠣᠭᠣᠷᠣᠨᠳᠣᠬᠢ ᠬᠠᠮᠲᠤᠷᠠᠯᠴᠠᠭ᠎ᠠ᠂ ᠬᠠᠮᠲᠤᠷᠠᠭᠰᠠᠨ ᠠᠵᠢᠯ ᠲᠥᠷᠥᠯ ᠵᠢᠴᠢ ᠠᠷᠠᠳ᠎ᠤᠨ ᠳᠤᠮᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ᠂ ᠰᠤᠷᠭᠠᠭᠤᠯᠢ᠎ᠶᠢᠨ ᠪᠠᠭᠰᠢ᠎ᠲᠠᠶ ᠬᠠᠮᠲᠤ ᠪᠠᠷ ᠲᠤᠰᠬᠠᠶ ᠪᠠ ᠲᠤᠰᠢᠶᠠᠯ ᠬᠠᠪᠰᠤᠷᠭᠠᠬᠤ᠎ᠶᠢ ᠤᠶᠠᠯᠳᠤᠭᠤᠯᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠨ ᠵᠠᠯᠭᠠᠮᠵᠢᠯᠠᠭᠴᠢ᠎ᠶᠢᠨ ᠡᠩᠨᠡᠭᠡ᠎ᠶᠢ ᠪᠠᠶ᠋ᠢᠭᠤᠯᠵᠤ ᠪᠠᠶ᠋ᠢᠨ᠎ᠠ᠃ ᠡᠭᠦᠨ᠎ᠡᠴᠡ ᠭᠠᠳᠠᠨ᠎ᠠ᠂ ᠰᠤᠷᠭᠠᠨ ᠬᠥᠮᠦᠵᠢᠯ᠎ᠦᠨ ᠲᠢᠩᠬᠢᠮ ᠡᠴᠡ ᠡᠯ᠎ᠡ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠤᠰᠬᠠᠶ ᠮᠡᠷᠭᠡᠵᠢᠯ᠎ᠦᠨ ᠳᠠᠪᠠᠭᠤᠯᠢᠭ᠎ᠲᠸ᠋ ᠪᠡᠨ ᠲᠦᠰᠢᠭᠯᠡᠨ ᠣᠲᠣ᠎ᠶᠢᠨ ᠪᠠᠶ᠋ᠢᠭ᠎ᠠ ᠲᠤᠰᠬᠠᠶ ᠮᠡᠷᠭᠡᠵᠢᠯ᠎ᠯᠦᠭᠡ ᠬᠣᠯᠪᠣᠭᠳᠠᠬᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠤᠰᠬᠠᠶ ᠮᠡᠷᠭᠡᠵᠢᠯ᠎ᠢ ᠨᠡᠢᠳᠭᠡᠨ᠂ 《ᠤᠷ᠎ᠠ ᠴᠢᠳᠠᠪᠤᠷᠢ᠎ᠶᠢᠨ ᠲᠤᠰᠬᠠᠶ ᠮᠡᠷᠭᠡᠵᠢᠯ + ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ》 ᠬᠤᠤᠰ ᠴᠢᠭᠯᠡᠯ᠎ᠢᠶᠡᠷ ᠴᠢᠳᠠᠪᠤᠷᠢᠳᠠᠨ ᠬᠦᠮᠦᠵᠢᠬᠦᠯᠬᠦ ᠵᠢ ᠲᠡᠮᠵᠢᠵᠦ ᠪᠠᠢᠨ᠎ᠠ; ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠤᠨ ᠬᠣᠯᠪᠣᠭ᠎ᠠ᠎ᠶᠢ ᠠᠬᠢᠭᠤᠯᠤᠨ ᠪᠦᠷᠢᠯᠳᠦᠭᠦᠯᠵᠦ᠍᠂ ᠪᠥᠬᠥ᠌ ᠣᠷᠣᠨ᠎ᠤ ᠤᠯᠠᠮᠵᠢᠯᠠᠯᠲᠤ᠌ ᠤᠨᠴᠠᠯᠢᠬᠳᠤ ᠠᠵᠤ ᠦᠢᠯᠡᠰ᠎ᠦᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ᠌᠎ᠳᠦ ᠲᠠᠪᠴᠠᠩ ᠬᠠᠩᠭᠠᠵᠤ᠂ ᠵᠠᠰᠠᠭ ᠵᠠᠬᠢᠷᠭ᠎ᠠ ᠰᠤᠷᠭᠠᠭᠤᠯᠢ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠎ᠶᠢᠨ ᠭᠦᠨᠵᠡᠭᠡᠶ ᠠᠭᠤᠰᠤᠯᠴᠠᠯ᠂ ᠭᠦᠨᠵᠡᠭᠡᠶ ᠬᠥᠭᠵᠢᠯᠲᠡ᠎ᠶᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠯ᠎ᠳᠤ ᠬᠦᠴᠦᠨ ᠨᠡᠮᠡᠷᠢᠯᠡᠵᠦ᠍᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠨᠠᠩ ᠣᠯᠠᠨ ᠪᠣᠯᠤᠯᠴᠠᠭ᠎ᠠ᠎ᠶᠢ ᠬᠠᠶ᠋ᠢᠨ ᠰᠦᠪᠡᠭᠴᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号