ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠱᠢᠨ᠎ᠡ ᠢ᠋ᠢ ᠡᠭᠦᠳᠤᠨ ᠬᠥᠭ᠌ᠵᠢᠬᠦ ᠳ᠋ᠤ ᠬᠦᠴᠦᠨ ᠤᠯᠭᠤᠵᠤ ᠬᠥᠬᠡᠬᠣᠲᠠ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠱᠢᠨ᠎ᠡ ᠥᠨᠳᠥᠷᠯᠢᠭ ᠢ᠋ ᠪᠥᠬᠥ᠌ ᠬᠦᠴᠦᠨ ᠵᠢᠡᠷ ᠵᠢᠡᠨ ᠴᠣᠭ᠍ᠴᠠᠯᠠᠨ᠎ᠠ
2024-11-26 09:42:07
ᠵᠣᠬᠢᠶᠠᠭ᠍ᠴᠢ᠄
​ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠠᠮᠢᠳᠤ ᠪᠣᠳᠠᠰ ᠤ᠋ᠨ ᠡᠮ ᠡᠮᠨᠡᠯᠭᠡ ᠢ᠋ᠢᠨ 60 ᠠᠵᠤ ᠠᠬᠤᠢᠯᠠᠯ ᠲᠠᠢ᠂ ᠡᠭᠦᠨ ᠳ᠋ᠤ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠢ᠋ᠢᠨ ᠠᠵᠤ ᠠᠬᠤᠢᠯᠠᠯ 28᠂ ᠥᠪᠡᠷᠲᠡᠭᠡᠨ ᠵᠠᠰᠠᠬᠤ ᠣᠷᠣᠨ ᠤ᠋ ᠱᠠᠳᠤᠨ ᠤ᠋ ᠠᠵᠤ ᠦᠢᠯᠡᠰ ᠤ᠋ᠨ ᠬᠡᠯᠬᠢᠶ᠎ᠡ ᠢ᠋ᠢᠨ ᠭᠤᠤᠯᠯᠠᠭᠴᠢ ᠠᠵᠤ ᠠᠬᠤᠢᠯᠠᠯ 2᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠳᠠᠭᠠᠭᠤᠯᠤᠭ᠍ᠴᠢ ᠠᠵᠤ ᠠᠬᠤᠢᠯᠠᠯ 7 ᠪᠣᠶ; 143 ᠱᠢᠨ᠎ᠡ ᠢ᠋ᠢ ᠡᠭᠦᠳᠬᠦ᠌ ᠲᠠᠪᠴᠠᠩ ᠤ᠋ᠨ ᠠᠴᠢᠶᠠᠯᠠᠪᠤᠷᠢ ᠪᠠ 117 ᠰᠤᠳᠤᠯᠤᠨ ᠨᠡᠭᠡᠭᠡᠬᠦ᠌ ᠪᠠᠢᠭᠤᠯᠤᠮᠵᠢ ᠲᠠᠢ; ᠡᠯ᠎ᠡ ᠲᠥᠷᠥᠯ ᠤ᠋ᠨ ᠡᠮ ᠤ᠋ᠨ ᠵᠦᠶ᠋ᠯ ᠤ᠋ᠨ ᠳᠠᠩᠰᠠᠯᠠᠭᠤᠯᠤᠭ᠍ᠰᠠᠨ ᠵᠦᠪᠰᠢᠶᠠᠷᠡᠯ ᠤ᠋ᠨ ᠵᠦᠢᠯᠡᠰ 602᠂ ᠬᠦᠴᠦᠨ ᠪᠦᠬᠦᠢ ᠡᠭᠦᠳᠦᠯᠲᠡ ᠢ᠋ᠢᠨ ᠲᠤᠰᠭᠠᠶ ᠠᠱᠢᠭ 1123 ᠪᠠᠢᠵᠤ᠂ ᠨᠢᠳᠤᠨᠤᠨ ᠤ᠋ ᠦᠶ᠋ᠯᠡᠳᠬᠦᠨ ᠤ᠋ ᠥᠷᠲᠡᠭ 184 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠦᠬᠦ ᠬᠤᠳᠠ ᠢ᠋ᠢᠨ ᠠᠵᠤ ᠦᠶ᠋ᠯᠡᠳᠪᠦᠷᠢ ᠳ᠋ᠡᠬᠢ ᠬᠤᠪᠢ ᠵᠢᠨ ᠵᠢᠩ ᠨᠢ 7% ᠳ᠋ᠤ ᠬᠦᠷᠴᠠᠢ ᠁

ᠡᠨᠡ ᠪᠣᠯ ᠬᠥᠬᠡᠬᠣᠲᠠ ᠢ᠋ᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠢᠯᠡᠰ ᠤ᠋ᠨ ᠬᠥᠭ᠌ᠵᠢᠯᠲᠡ ᠢ᠋ᠢᠨ ᠱᠢᠨ᠎ᠡ ᠥᠨᠳᠥᠷᠯᠢᠭ᠎ᠢ ᠪᠦᠬᠦ ᠬᠦᠴᠦᠨ ᠵᠢᠡᠷ ᠢ᠋ᠢᠡᠨ ᠴᠤᠭᠴᠠᠯᠠᠵᠤ ᠪᠠᠢᠭ᠎ᠠ ᠠᠮᠵᠢᠯᠲᠠ ᠪᠦᠲᠦᠮᠵᠢ ᠢ᠋ᠢᠨ ᠬᠠᠭᠤᠳᠠᠰᠤ ᠪᠤᠯᠬᠤ ᠶᠤᠮ᠃ ᠡᠳᠡᠭᠡᠷ ᠲᠣᠭ᠎ᠠ ᠪᠠᠷᠢᠮᠲᠠ ᠨᠢ ᠥᠷᠨᠢᠭᠦᠨ ᠬᠥᠭ᠌ᠵᠢᠩᠭᠦᠢ ᠠᠵᠤ ᠦᠢᠯᠡᠰ ᠤ᠋ᠨ ᠵᠠᠮ ᠢ᠋ ᠲᠤᠳᠤᠷᠠᠭᠤᠯᠪᠠ ᠃

《ᠣᠯᠠᠨ ᠵᠦᠶ᠋ᠯ ᠤ᠋ᠨ ᠲᠤᠷᠱᠢᠯᠲᠠ ᠢ᠋ᠢᠨ ᠦᠷ᠎ᠡ ᠳ᠋ᠦᠩ ᠡᠴᠡ ᠦᠵᠡᠪᠡᠯ᠂ ᠠᠹᠷᠢᠺᠠ ᠲᠢᠪ ᠤ᠋ᠨ ᠭᠠᠬᠠᠶ ᠢ᠋ᠢᠨ ᠬᠢᠵᠢᠭ ᠤ᠋ᠨ mRNA ᠸᠠᠺᠼᠢᠨ ᠵᠢᠡᠷ ᠵᠢᠱ᠌ᠢᠭ᠌ᠳᠡᠭ᠌ᠰᠡᠨ ᠠᠨᠲ᠋ᠢᠭᠧᠨ ᠨᠢ ᠡᠭᠡᠯᠢᠯᠡᠭᠡ ᠢ᠋ᠢᠨ ᠬᠠᠮᠠᠭᠠᠯᠠᠯᠲᠠ ᠢ᠋ᠢᠨ ᠦᠶ᠋ᠯᠡᠳᠦᠯ ᠲᠡᠶ᠂ ᠲᠠᠷᠠᠭᠠᠴᠢ ᠪᠡᠷ ᠪᠢᠳᠡ ᠠᠨᠲ᠋ᠢᠭᠧᠨ ᠤ᠋ ᠪᠦᠲᠦᠴᠡ᠂ ᠳᠠᠮᠵᠢᠭᠤᠯᠤᠨ ᠬᠦᠷᠭᠡᠬᠦ᠌ ᠱᠢᠰᠲ᠋ᠧᠮ ᠪᠠ ᠲᠤᠰᠠᠯᠠᠬᠤ ᠡᠮ ᠵᠡᠷᠭᠡ ᠲᠠᠯ᠎ᠠ ᠪᠡᠷ ᠦᠷᠭᠦᠯᠵᠢᠯᠡᠨ ᠱᠢᠯᠢᠳᠡᠭ᠌ᠵᠢᠭᠦᠯᠦᠨ᠎ᠡ》 ᠭᠡᠵᠦ᠍ ᠢ᠋ᠢᠨ ᠢᠦᠶ ᠠᠮᠢᠳᠤ ᠪᠣᠳᠠᠰ ᠤ᠋ᠨ ᠲᠸᠭᠨᠢᠭ ᠮᠡᠷᠭᠡᠵᠢᠯ ᠤ᠋ᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠢ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠵᠠᠩ ᠢᠦᠶ ᠬᠡᠯᠡᠨ᠎ᠠ᠃ ᠲᠤᠰ ᠺᠣᠮᠫᠠᠨᠢ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠳ᠋ᠤ ᠢᠳᠡᠪᠬᠢᠲᠡᠢ ᠣᠷᠣᠯᠴᠠᠵᠤ᠂ ᠬᠡᠮ ᠬᠢᠵᠢᠭ ᠢ᠋ ᠰᠡᠷᠭᠡᠢᠯᠡᠨ ᠡᠵᠡᠮᠳᠡᠬᠦ᠌ ᠲᠤᠮᠤ ᠳ᠋ᠠᠢᠲ᠋ᠠ ᠢ᠋ᠢᠨ ᠲᠠᠪᠴᠠᠩ ᠢ᠋ ᠪᠠᠢᠭᠤᠯᠬᠤ ᠪᠡᠷ ᠳᠠᠮᠵᠢᠨ ᠢᠳᠡᠪᠬᠢᠲᠡᠢ ᠰᠡᠷᠭᠡᠢᠯᠡᠨ ᠡᠵᠡᠮᠳᠡᠬᠦ᠌᠂ ᠣᠨᠣᠴᠠᠲᠠᠢ ᠰᠡᠷᠭᠡᠢᠯᠡᠨ ᠡᠵᠡᠮᠳᠡᠬᠦ᠌ ᠢ᠋ᠢ ᠬᠡᠷᠡᠭ᠌ᠵᠢᠭᠦᠯᠵᠦ᠍ ᠂ ᠠᠮᠢᠲᠠᠨ ᠤ᠋ ᠬᠡᠮ ᠡᠭᠦᠰᠭᠦ ᠨᠤᠷᠮ᠎ᠠ᠂ ᠭᠡᠭᠡᠯ ᠬᠠᠶᠠᠬᠤ ᠨᠤᠷᠮ᠎ᠠ ᠪᠣᠯᠤᠨ ᠬᠤᠬᠢᠷᠠᠵᠤ ᠰᠤᠢᠳᠬᠦ ᠨᠤᠷᠮ᠎ᠠ ᠢ᠋ᠢ ᠪᠦᠲᠦᠮᠵᠢᠲᠡᠢ ᠪᠠᠭᠤᠷᠠᠭᠤᠯᠵᠤ᠂ ᠲᠡᠵᠢᠭᠡᠪᠦᠷᠢ ᠢ᠋ᠢᠨ ᠦᠢᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠪᠡ; ᠲᠸᠭᠨᠢᠭ ᠮᠡᠷᠭᠡᠵᠢᠯ ᠤ᠋ᠨ ᠥᠭᠡᠷᠡᠴᠢᠯᠡᠯᠲᠡ ᠪᠣᠯᠤᠨ ᠰᠤᠳᠤᠯᠤᠨ ᠨᠡᠭᠡᠭᠡᠬᠦ᠌ ᠲᠠᠯ᠎ᠠ ᠪᠡᠷ ᠣᠷᠣᠭᠤᠯᠤᠯᠲᠠ ᠪᠡᠨ ᠲᠠᠰᠤᠷᠠᠯᠲᠠ ᠤᠢ᠍ᠭᠡᠢ ᠨᠡᠮᠡᠭ᠌ᠳᠡᠭᠦᠯᠵᠦ᠍ ᠂ ᠮᠠᠯ ᠤᠨᠤᠭ᠎ᠠ ᠳ᠋ᠤ ᠬᠡᠷᠡᠭ᠌ᠯᠡᠬᠦ᠌ ᠸᠠᠺᠼᠢᠨ ᠤ᠋ ᠤᠯᠤᠰ ᠤ᠋ᠨ ᠢᠨᠵᠧᠨᠧᠷᠢᠩ ᠤ᠋ᠨ ᠲᠤᠷᠱᠢᠯᠲᠠ ᠢ᠋ᠢᠨ ᠲᠠᠰᠤᠭ ᠪᠣᠯᠤᠨ ᠬᠦᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠤ᠋ ᠬᠡᠪᠢᠭ᠌ᠴᠢ ᠠᠮᠢᠲᠠᠨ ᠤ᠋ ᠠᠮᠢᠳᠤ ᠪᠣᠳᠠᠰ ᠤ᠋ᠨ ᠦᠢᠯᠡᠳᠭᠦᠨ ᠤ᠋ ᠭᠣᠣᠯᠳᠠᠯᠭ᠎ᠠ ᠲᠠᠢ ᠲᠤᠷᠱᠢᠯᠲᠠ ᠢ᠋ᠢᠨ ᠲᠠᠰᠤᠭ ᠢ᠋ ᠪᠠᠢᠭᠤᠯᠵᠤ ᠂ ᠤᠷᠢᠳ ᠬᠣᠵᠢᠳ ᠤᠯᠤᠰ ᠤ᠋ᠨ ᠳᠣᠲᠣᠭᠠᠳᠤ ᠢ᠋ᠢᠨ ᠬᠢᠵᠢᠭ ᠢ᠋ ᠰᠡᠷᠭᠡᠢᠯᠡᠬᠦ᠌ ᠬᠣᠭᠣᠰᠣᠨ ᠢ᠋ ᠨᠥᠬᠥᠪᠥᠷᠢᠯᠡᠭᠰᠡᠨ ᠣᠯᠠᠨ ᠵᠦᠢᠯ ᠤ᠋ᠨ ᠴᠢᠬᠤᠯᠠ ᠦᠢᠯᠡᠳᠬᠦᠨ ᠢ᠋ ᠰᠤᠳᠤᠯᠤᠨ ᠨᠡᠭᠡᠭᠡᠪᠡ ᠃

ᠵᠢᠨ ᠢᠦᠢ ᠺᠤᠮᠫᠠᠨᠢ ᠪᠣᠯ ᠬᠥᠬᠡᠬᠣᠲᠠ ᠢ᠋ᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠢᠯᠡᠰ ᠤ᠋ᠨ ᠬᠥᠭ᠌ᠵᠢᠯᠲᠡ ᠢ᠋ᠢᠨ ᠬᠤᠷᠢᠶᠠᠩᠭᠤᠢ ᠳᠦᠷᠰᠦ ᠪᠤᠯᠤᠨ᠎ᠠ᠃ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠢᠯᠡᠰ ᠪᠣᠯ ᠬᠥᠬᠡᠬᠣᠲᠠ ᠢ᠋ᠢᠨ ᠬᠦᠴᠦᠯᠡᠨ ᠪᠣᠢᠵᠢᠭᠤᠯᠵᠤ ᠪᠠᠢᠭ᠎ᠠ《ᠵᠢᠷᠭᠤᠭᠠᠨ ᠶᠡᠬᠡ ᠠᠵᠤ ᠦᠢᠯᠡᠰ ᠤ᠋ᠨ ᠪᠦᠯᠦᠭ᠌ᠵᠢᠯ》 ᠤ᠋ᠨ ᠨᠢᠭᠡ ᠶᠤᠮ᠃ ᠤᠢ᠍ᠢᠷ᠎ᠠ ᠢ᠋ᠢᠨ ᠵᠢᠯ ᠳ᠋ᠤ ᠬᠥᠬᠡᠬᠣᠲᠠ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠬᠦᠷᠢᠶᠡᠨ ᠤ᠋ ᠴᠢᠨᠠᠷ ᠰᠠᠢᠲᠠᠢ ᠬᠥᠭ᠌ᠵᠢᠯᠲᠡ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠬᠦᠴᠦᠨ ᠣᠯᠭᠣᠵᠤ᠂ ᠱᠢᠨ᠎ᠡ ᠢ᠋ᠢ ᠡᠭᠦᠳᠦᠨ ᠬᠥᠭ᠌ᠵᠢᠭᠦᠯᠬᠦ ᠢ᠋ᠢ ᠴᠢᠬᠤᠯᠠᠴᠢᠯᠠᠨ᠂ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠢᠯᠡᠰ ᠤ᠋ᠨ ᠬᠡᠯᠬᠢᠶ᠎ᠡ ᠢ᠋ᠢ ᠤᠷᠲᠤᠳᠭᠠᠬᠤ᠂ ᠨᠥᠬᠥᠪᠥᠷᠢᠯᠡᠬᠦ᠌ ᠪᠠ ᠴᠢᠩᠭᠠᠳᠭᠠᠬᠤ ᠢ᠋ᠢ ᠬᠦᠴᠦ᠍ ᠪᠡᠨ ᠲᠥᠪᠯᠡᠷᠡᠭᠦᠯᠦᠨ ᠠᠬᠢᠭᠤᠯᠵᠤ᠂ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠢᠯᠡᠰ ᠤ᠋ᠨ ᠪᠦᠯᠦᠭ᠌ᠵᠢᠯ ᠤ᠋ᠨ ᠴᠢᠨᠠᠷ ᠰᠠᠢᠲᠠᠢ ᠬᠥᠭ᠌ᠵᠢᠯᠲᠡ ᠢ᠋ᠢ ᠬᠦᠴᠦᠯᠡᠨ ᠠᠬᠢᠭᠤᠯᠪᠠ᠃

ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ ᠤ᠋ᠨ ᠬᠥᠭ᠌ᠵᠢᠯᠲᠡ ᠳ᠋ᠤ ᠬᠦᠴᠦᠲᠡᠶ ᠳᠡᠮᠵᠢᠯᠭᠡ ᠬᠠᠩᠭᠠᠬᠤ ᠢ᠋ᠢᠨ ᠲᠥᠯᠥᠭᠡ ᠂ 2023 ᠣᠨ ᠤ᠋ 11 ᠰᠠᠷ᠎ᠠ ᠳ᠋ᠤ 《ᠬᠥᠬᠡᠬᠣᠲᠠ ᠢ᠋ᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠳᠡᠮᠵᠢᠬᠦ᠌ ᠠᠷᠪᠠᠨ ᠠᠷᠭ᠎ᠠ ᠬᠡᠮᠵᠢᠶ᠎ᠡ》 ᠢ᠋ᠢ ᠨᠡᠢᠲᠡᠯᠡᠵᠦ᠍᠂ ᠠᠮᠢᠳᠤ ᠪᠣᠳᠠᠰ ᠤ᠋ᠨ ᠢᠰᠭᠡᠯᠲᠡ ᠬᠢᠭᠡᠳ ᠡᠮ ᠦᠶ᠋ᠯᠡᠳᠬᠦ᠌ ᠠᠵᠤ ᠦᠶ᠋ᠯᠡᠰ ᠤ᠋ᠨ ᠬᠡᠯᠬᠢᠶ᠎ᠡ ᠢ᠋ᠢ ᠤᠷᠲᠤᠳᠭᠠᠨ ᠬᠥᠭ᠌ᠵᠢᠭᠦᠯᠬᠦ᠌ ᠢ᠋ᠢ ᠳᠡᠮᠵᠢᠬᠦ᠌᠂ ᠠᠮᠢᠳᠤ ᠪᠣᠳᠠᠰ ᠤ᠋ᠨ ᠸᠠᠺᠼᠢᠨ ᠤ᠋ ᠠᠵᠤ ᠦᠶ᠋ᠯᠡᠰ ᠤ᠋ᠨ ᠱᠢᠨ᠎ᠡ ᠢ᠋ᠢ ᠡᠭᠦᠳᠦᠨ ᠬᠥᠭ᠌ᠵᠢᠬᠦ᠌ ᠢ᠋ᠢ ᠳᠡᠮᠵᠢᠬᠦ᠌᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠢ᠋ᠢᠨ ᠠᠵᠤ ᠦᠶ᠋ᠯᠡᠰ ᠤ᠋ᠨ ᠣᠨᠴᠠᠯᠢᠭ᠍ᠲᠤ ᠬᠥᠭ᠌ᠵᠢᠯᠲᠡ ᠢ᠋ᠢ ᠳᠡᠮᠵᠢᠬᠦ᠌᠂ ᠠᠵᠤ ᠦᠶ᠋ᠯᠡᠰ ᠢ᠋ ᠬᠡᠪᠴᠢᠶᠡᠵᠢᠭᠦᠯᠵᠤ ᠪᠦᠯᠦᠭ᠌ᠵᠢᠭᠦᠯᠦᠨ ᠬᠥᠭ᠌ᠵᠢᠭᠦᠯᠬᠦ᠌ ᠢ᠋ᠢ ᠳᠡᠮᠵᠢᠬᠦ᠌᠂ ᠠᠵᠤ ᠦᠶ᠋ᠯᠡᠰ ᠤ᠋ᠨ ᠬᠦᠴᠦᠨ ᠵᠦᠢᠯ ᠢ᠋ᠢᠡᠷ ᠬᠥᠭ᠌ᠵᠢᠯᠲᠡ ᠢ᠋ᠢ ᠳᠠᠢᠴᠢᠯᠠᠬᠤ ᠵᠡᠷᠭᠡ 5 ᠲᠠᠯ᠎ᠠ ᠡᠴᠡ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ᠂ ᠠᠵᠤ ᠦᠶ᠋ᠯᠡᠰ ᠤ᠋ᠨ ᠪᠦᠯᠦᠭ᠌ᠵᠢᠯ ᠤ᠋ᠨ ᠶᠡᠷᠦᠩᠬᠡᠢᠯᠡᠭ᠌ᠰᠡᠨ ᠱᠢᠨ᠎ᠡ ᠢ᠋ᠢ ᠡᠭᠦᠳᠬᠦ᠌ ᠴᠢᠳᠠᠪᠤᠷᠢ ᠢ᠋ᠢ ᠶᠡᠬᠡ᠎ᠪᠡᠷ ᠳᠡᠭᠡᠭ᠌ᠰᠢᠯᠡᠭᠦᠯᠪᠡ ᠃

ᠠᠮᠢᠳᠤ ᠪᠣᠳᠠᠰ ᠤ᠋ᠨ ᠢᠰᠭᠡᠯᠲᠡ ᠬᠢᠭᠡᠳ ᠡᠮ ᠦᠶ᠋ᠯᠡᠳᠬᠦ᠌ ᠠᠵᠤ ᠦᠶ᠋ᠯᠡᠰ ᠤ᠋ᠨ ᠬᠡᠯᠬᠢᠶ᠎ᠠ ᠵᠢ ᠤᠷᠳᠤᠳᠬᠠᠬᠤ ᠵᠢ ᠲᠠᠮᠵᠢᠵᠤ᠂ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠬᠦᠴᠤᠯᠡᠨ ᠪᠠᠭᠤᠷᠠᠭᠤᠯᠪᠠ ᠃ ᠡᠮ ᠤ᠋ᠨ ᠨᠠᠢᠷᠠᠯᠭ᠎ᠠ ᠵᠢᠨ ᠠᠵᠤ ᠦᠢᠯᠡᠰ ᠤ᠋ᠨ ᠬᠡᠯᠬᠢᠶ᠎ᠡ ᠢ᠋ᠢ ᠤᠷᠲᠤᠳᠭᠠᠬᠤ᠂ ᠪᠡᠯᠡᠨ ᠡᠮ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠲᠥᠷᠥᠯ ᠵᠦᠶ᠋ᠯ ᠳ᠋ᠤ ᠶᠡᠷᠦᠩᠬᠡᠢᠯᠡᠭ᠌ᠰᠡᠨ ᠱᠠᠩᠨᠠᠯ ᠨᠥᠬᠥᠪᠥᠷᠢ ᠥᠭ᠌ᠬᠦ᠎ᠪᠡᠷ ᠳᠠᠮᠵᠢᠨ ᠠᠵᠤ ᠠᠬᠤᠢᠯᠠᠯ ᠤ᠋ᠨ ᠪᠣᠳᠠᠲᠠᠶ ᠴᠠᠬᠢᠯᠭᠠᠨ ᠬᠡᠷᠡᠭ᠌ᠯᠡᠬᠦ᠌ ᠥᠪᠡᠷ ᠤ᠋ᠨ ᠥᠷᠲᠡᠭ ᠢ᠋ ᠺᠢᠯᠦᠸᠠᠲ ᠴᠠᠭ ᠪᠦᠷᠢ ᠳ᠋ᠤ 0.39 ᠲᠥᠭᠥᠷᠢᠭ ᠡᠴᠡ ᠲᠠᠪᠠᠬᠤ ᠥᠬᠡᠶ ᠪᠤᠯᠭᠠᠪᠠ; ᠠᠭᠤᠷ ᠤ᠋ᠨ ᠬᠠᠩᠭᠠᠯᠭ᠎ᠠ ᠢ᠋ᠢ ᠪᠠᠲᠤᠯᠠᠬᠤ ᠵᠢᠨ ᠬᠠᠮᠳᠤ᠂ ᠬᠠᠶᠠᠭ᠍ᠳᠠᠮᠠᠯ ᠤᠰᠤ 《ᠦᠯᠤ ᠭᠠᠳᠠᠭ᠍ᠰᠢᠯᠠᠭᠤᠯᠬᠤ》ᠠᠵᠤ ᠠᠬᠤᠢᠯᠠᠯ ᠳ᠋ᠤ ᠲᠣᠨ ᠪᠦᠷᠢ ᠳ᠋ᠤ 5 ᠲᠥᠭᠥᠷᠢᠭ ᠤ᠋ᠨ ᠬᠠᠶᠠᠭᠳᠠᠮᠠᠯ ᠤᠰᠤ ᠱᠢᠶ᠋ᠳᠪᠦᠷᠢᠯᠡᠬᠦ᠌ ᠵᠠᠷᠤᠳᠠᠯ᠎ᠤᠨ ᠨᠥᠬᠥᠪᠥᠷᠢ ᠤᠯᠭᠤᠪᠠ᠃ ᠪᠠᠰᠠ ᠭᠤᠤᠯᠳᠠᠯᠭ᠎ᠠ ᠲᠠᠢ ᠬᠦᠷᠢᠶᠠᠨ ᠳ᠋ᠠᠬᠢ ᠲᠥᠷᠥᠯ ᠵᠦᠶ᠋ᠯ ᠳ᠋ᠤ ᠬᠡᠷᠡᠭ᠌ᠰᠡᠬᠦ᠌ ᠭᠠᠷᠳᠠᠮ ᠢ᠋ ᠪᠦᠬᠦᠨ ᠢ᠋ ᠬᠠᠮᠲᠤᠷᠠᠨ ᠬᠢᠨᠠᠵᠤ ᠬᠠᠮᠲᠤᠷᠠᠨ ᠭᠦᠶ᠋ᠴᠡᠳᠭᠡᠵᠦ᠍᠂ ᠲᠥᠷᠥᠯ ᠵᠦᠶ᠋ᠯ ᠤ᠋ᠨ ᠪᠠᠷᠢᠯᠭ᠎ᠠ ᠵᠢᠨ ᠭᠠᠵᠠᠷ ᠢ᠋ ᠤᠯᠤᠮᠠᠭᠴᠠ ᠪᠠᠷᠢᠯᠭ᠎ᠠ ᠵᠢᠨ ᠠᠵᠢᠯ ᠵᠢᠡᠨ ᠡᠬᠢᠯᠡᠭᠦᠯᠬᠦ᠌ ᠢ᠋ᠢ ᠪᠡᠶᠡᠯᠡᠭᠦᠯᠪᠠ᠃

ᠠᠮᠢᠳᠤ ᠪᠣᠳᠠᠰ ᠤ᠋ᠨ ᠸᠠᠺᠼᠢᠨ ᠤ᠋ ᠠᠵᠤ ᠦᠶ᠋ᠯᠡᠰ ᠤ᠋ᠨ ᠱᠢᠨ᠎ᠡ ᠢ᠋ᠢ ᠡᠭᠦᠳᠦᠨ ᠬᠥᠭ᠌ᠵᠢᠬᠦ᠌ ᠢ᠋ᠢ ᠳᠡᠮᠵᠢᠵᠤ ᠂ ᠵᠥᠪᠱᠢᠶᠡᠷᠡᠭᠦᠯᠵᠤ ᠪᠠᠢᠭᠤᠯᠤᠭ᠍ᠰᠠᠨ ᠤᠯᠤᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠱᠠᠲᠤᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠠᠪᠴᠠᠩ ᠳ᠋ᠤ 1᠄ 1 ᠪᠡᠷ ᠢᠵᠢ ᠪᠦᠷᠢᠳᠦᠬᠦᠯᠬᠦ ᠳᠡᠮᠵᠢᠯᠭᠡ ᠢ᠋ᠢᠨ ᠮᠦᠡᠭᠭᠦ ᠣᠯᠭᠣᠵᠤ ᠪᠤᠢ᠃  ᠮᠠᠯ ᠤ᠋ᠨ ᠰᠢᠨ᠎ᠠ ᠡᠮ ᠤ᠋ᠨ ᠳᠠᠩᠰᠠᠯᠠᠭᠤᠯᠤᠭ᠍ᠰᠠᠨ ᠦᠨᠡᠮᠯᠡᠯ ᠢ᠋ ᠣᠯᠤᠭ᠍ᠰᠠᠨ ᠪᠥᠭᠡᠳ ᠬᠥᠬᠡᠬᠣᠲᠠ ᠳ᠋ᠤ ᠨᠠᠢᠳᠠᠪᠤᠷᠢᠵᠢᠭᠤᠯᠤᠨ ᠬᠤᠪᠢᠷᠠᠭᠤᠯᠤᠭ᠍ᠰᠠᠨ ᠸᠠᠺᠼᠢᠨ ᠤ᠋ ᠲᠥᠷᠥᠯ ᠵᠦᠶ᠋ᠯ ᠳ᠋ᠤ ᠬᠠᠮᠤᠭ ᠤ᠋ᠨ ᠥᠨᠳᠥᠷ ᠲᠡᠬᠡᠨ 1000 ᠲᠦᠮᠡᠨ ᠲᠥᠭᠥᠷᠢᠭ ᠤ᠋ᠨ ᠱᠠᠩᠨᠠᠯ ᠤ᠋ᠨ ᠳᠡᠮᠵᠢᠯᠭᠡ ᠦᠵᠡᠭᠦᠯᠵᠤ ᠪᠠᠢᠨ᠎ᠠ᠃ ᠠᠵᠤ ᠠᠬᠤᠢᠯᠠᠯ ᠤ᠋ᠨ ᠣᠯᠠᠨ ᠬᠣᠯᠪᠣᠭᠠᠲᠤ ᠣᠯᠠᠨ ᠦᠨ᠎ᠠ ᠢ᠋ᠢᠨ ᠬᠠᠮᠲᠤᠷᠠᠭ᠍ᠰᠠᠨ ᠸᠠᠺᠼᠢᠨ᠂ ᠠᠹᠷᠢᠺᠠ ᠲᠢᠪ ᠤ᠋ᠨ ᠭᠠᠬᠠᠶ ᠢ᠋ᠢᠨ ᠬᠢᠵᠢᠭ ᠤ᠋ᠨ ᠸᠠᠺᠼᠢᠨ ᠵᠡᠷᠭᠡ ᠬᠦᠷᠢᠶᠡᠨ ᠳ᠋ᠤ 《ᠲᠤᠩᠬᠠᠭ ᠨᠡᠢᠲᠡᠯᠡᠨ ᠮᠠᠩᠯᠠᠢᠯᠠᠭᠴᠢ ᠡᠯᠰᠡᠬᠦ》 ᠴᠢᠬᠤᠯᠠ ᠶᠡᠬᠡ ᠮᠡᠷᠭᠡᠵᠢᠯ ᠤ᠋ᠨ ᠪᠦᠰᠡᠯᠡᠯᠳᠡ ᠱᠢᠪᠲᠤᠯᠤᠯᠲᠠ ᠬᠢᠬᠦ᠌ ᠢ᠋ᠢ ᠳᠡᠮᠵᠢᠪᠠ᠃ ᠨᠢᠭᠡ ᠪᠦᠯᠦᠭ ᠡᠰ ᠤ᠋ᠨ ᠰᠠᠭᠤᠷᠢ ᠲᠡᠵᠢᠭᠡᠯ᠂ ᠲᠤᠰᠠᠯᠠᠬᠤ ᠡᠳ᠋ ᠂ ᠡᠮ ᠤ᠋ᠨ ᠪᠤᠭᠤᠳᠠᠯ ᠪᠠᠭᠯᠠᠭ᠎ᠠ ᠳ᠋ᠤ ᠬᠡᠷᠡᠭ᠌ᠯᠡᠬᠦ᠌ ᠱᠢᠯ (ᠰᠦᠯᠢᠶᠣᠣ) ᠵᠡᠷᠭᠡ ᠠᠵᠤ ᠦᠢᠯᠡᠰ ᠤ᠋ᠨ ᠢᠵᠢ ᠪᠦᠷᠢᠳᠦᠬᠦᠯᠦᠭᠰᠡᠨ ᠠᠵᠤ ᠠᠬᠤᠢᠯᠠᠯ ᠪᠣᠯᠤᠨ ᠲᠥᠷᠥᠯ ᠵᠦᠢᠯ ᠢ᠋ ᠪᠣᠢᠵᠢᠭᠤᠯᠬᠤ ᠪᠠ ᠣᠷᠣᠭᠤᠯᠤᠨ ᠠᠪᠴᠢᠷᠠᠵᠤ᠂ ᠵᠢᠯ ᠤ᠋ᠨ ᠦᠢᠯᠡᠳᠬᠦᠨ ᠤ᠋ ᠥᠷᠲᠡᠭ ᠨᠢ 5 ᠳ᠋ᠦᠩᠱᠢᠭᠤᠷ ᠲᠥᠭᠥᠷᠢᠭ ᠡᠴᠡ ᠳᠡᠭᠡᠭ᠌ᠰᠢᠬᠢ ᠢᠵᠢ ᠪᠦᠷᠢᠳᠦᠬᠦᠯᠬᠦ ᠲᠥᠷᠥᠯ ᠵᠦᠢᠯ ᠳ᠋ᠤ ᠦᠢᠯᠡᠳᠪᠦᠷᠢ ᠢ᠋ᠢᠨ ᠭᠡᠷ ᠪᠠᠢᠱᠢᠩ ᠢ᠋ 5 ᠵᠢᠯ ᠦᠨ᠎ᠠ ᠲᠦᠯᠦᠪᠦᠷᠢ ᠦᠭᠡᠢ ᠬᠡᠷᠡᠭᠯᠡᠬᠦᠯᠵᠤ ᠪᠤᠢ᠃

ᠬᠥᠬᠡᠬᠣᠲᠠ ᠢ᠋ᠢᠨ ᠠᠵᠤ ᠦᠶ᠋ᠯᠡᠳᠪᠦᠷᠢ ᠢ᠋ᠢᠨ ᠠᠵᠤ ᠠᠬᠤᠶ ᠢ᠋ᠢᠨ ᠭᠤᠤᠯ ᠲᠠᠯᠠᠪᠤᠷ ᠪᠣᠯᠤᠭ᠍ᠰᠠᠨ ᠤ᠋ ᠬᠤᠪᠢ ᠳ᠋ᠤ᠂ ᠬᠥᠬᠡᠬᠣᠲᠠ ᠢ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠢ᠋ᠢᠨ ᠲᠣᠭᠣᠷᠢᠭ《ᠵᠢᠷᠭᠤᠭᠠᠨ ᠶᠡᠬᠡ ᠠᠵᠤ ᠦᠶ᠋ᠯᠡᠰ ᠤ᠋ᠨ ᠪᠦᠯᠦᠭᠵᠢᠯ》ᠢ᠋ ᠪᠣᠢᠵᠢᠭᠤᠯᠬᠤ ᠳ᠋ᠤ ᠰᠠᠭᠤᠷᠢᠯᠠᠨ ᠠᠵᠤ ᠦᠶ᠋ᠯᠡᠰ ᠤ᠋ᠨ ᠪᠠᠢᠷᠢᠱᠢᠯ ᠢ᠋ ᠱᠢᠨᠵᠢᠯᠡᠬᠦ᠌ ᠤᠬᠠᠭᠠᠨᠴᠢ ᠪᠡᠷ ᠲᠥᠯᠥᠪᠵᠢᠭᠦᠯᠵᠦ᠍᠂ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ᠎ᠢ᠋ ᠨᠢᠭᠡᠨᠲᠡ ᠬᠥᠬᠡᠬᠣᠲᠠ ᠢ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠢ᠋ᠢᠨ ᠲᠣᠭᠣᠷᠢᠭ ᠤ᠋ᠨ ᠳᠠᠪᠠᠭᠤᠯᠢᠭ ᠠᠵᠤ ᠦᠶ᠋ᠯᠡᠰ ᠪᠤᠯᠭᠠᠪᠠ᠃ ᠲᠣᠰ ᠨᠡᠭᠡᠭᠡᠯᠲᠡ ᠢ᠋ᠢᠨ ᠲᠣᠭᠣᠷᠢᠭ ᠤ᠋ᠨ 2023 ᠣᠨ ᠳ᠋ᠡᠬᠢ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠢ᠋ᠢᠨ ᠶᠡᠷᠦᠩᠬᠡᠶ ᠦᠶ᠋ᠯᠡᠳᠬᠦᠨ ᠤ᠋ ᠥᠷᠲᠡᠭ ᠨᠢ 108.8 ᠳ᠋ᠦᠩᠱᠢᠭᠤᠷ ᠲᠥᠭᠥᠷᠢᠭ ᠲᠦ᠍ ᠬᠦᠷᠴᠦ ᠂ ᠪᠥᠬᠥ᠌ ᠬᠣᠲᠠ ᠢ᠋ᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠢ᠋ᠢᠨ ᠶᠡᠷᠦᠩᠬᠡᠶ ᠦᠶ᠋ᠯᠡᠳᠬᠦᠨ ᠤ᠋ ᠥᠷᠲᠡᠭ ᠤ᠋ᠨ 60% ᠢ᠋ᠢ ᠡᠵᠡᠯᠡᠪᠡ᠂ ᠡᠭᠦᠨ ᠳ᠋ᠤ ᠠᠮᠢᠳᠤ ᠪᠣᠳᠠᠰ ᠤ᠋ᠨ ᠸᠠᠺᠼᠢᠨ ᠤ᠋ ᠦᠶ᠋ᠯᠡᠳᠬᠦᠨ ᠤ᠋ ᠥᠷᠲᠡᠭ 9.93 ᠳ᠋ᠦᠩᠱᠢᠭᠤᠷ ᠲᠥᠭᠥᠷᠢᠭ ᠲᠦ᠍ ᠬᠦᠷᠴᠡᠶ᠃ ᠡᠨᠡ ᠵᠢᠯ ᠤ᠋ᠨ ᠲᠦᠷᠦᠬᠦᠤ 7 ᠰᠠᠷ᠎ᠠ ᠳ᠋ᠤ ᠬᠦᠬᠡᠬᠤᠳᠠ ᠵᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠢ᠋ᠢᠨ ᠦᠶ᠋ᠯᠡᠳᠬᠦᠨ ᠤ᠋ ᠪᠥᠬᠥ᠌ ᠥᠷᠲᠡᠭ 62.63 ᠳ᠋ᠦᠩᠱᠢᠭᠤᠷ ᠲᠥᠭᠥᠷᠢᠭ ᠲᠦ᠍ ᠬᠦᠷᠴᠦ᠂ ᠡᠭᠦᠨ ᠳ᠋ᠤ ᠠᠮᠢᠳᠤ ᠪᠣᠳᠠᠰ ᠤ᠋ᠨ ᠸᠠᠺᠼᠢᠨ ᠤ᠋ ᠦᠶ᠋ᠯᠡᠳᠬᠦᠨ ᠤ᠋ ᠥᠷᠲᠡᠭ ᠨᠢ 4 ᠳ᠋ᠦᠩᠱᠢᠭᠤᠷ ᠲᠥᠭᠥᠷᠢᠭ ᠱᠢᠬᠠᠮ ᠪᠠᠢᠵᠤ᠂ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ ᠤ᠋ᠨ ᠪᠦᠯᠦᠭᠵᠢᠯ ᠤ᠋ᠨ ᠣᠨᠴᠠᠯᠢᠭ ᠨᠡᠩ ᠲᠣᠪᠣᠢᠮ᠎ᠠ ᠪᠤᠯᠪᠠ᠃

ᠠᠮᠢᠳᠤ ᠪᠣᠳᠠᠰ ᠤ᠋ᠨ ᠸᠠᠺᠼᠢᠨ ᠤ᠋ ᠠᠵᠤ ᠦᠶ᠋ᠯᠡᠰ ᠪᠣᠯ ᠬᠥᠬᠡᠬᠣᠲᠠ ᠢ᠋ᠢᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠠᠵᠤ ᠦᠶ᠋ᠯᠡᠰ ᠤ᠋ᠨ ᠪᠦᠯᠦᠭᠵᠢᠯ ᠤ᠋ᠨ ᠭᠤᠷᠪᠠᠨ ᠶᠡᠬᠡ ᠬᠦᠷᠢᠶᠡᠨ ᠤ᠋ ᠨᠢᠭᠡ ᠪᠣᠯᠤᠨ᠎ᠠ᠂ ᠬᠥᠬᠡᠬᠣᠲᠠ ᠳ᠋ᠤ ᠢ᠋ᠢᠨ ᠢᠦᠶ ᠂ ᠪᠢ ᠸᠧᠶ ᠠᠨ ᠲᠠᠢ ᠂ ᠵᠢᠨ ᠾᠧ ᠶᠢᠦ ᠪᠧᠨ᠂ ᠬᠤᠸᠠ ᠰᠢ ᠵᠡᠷᠭᠡ ᠠᠮᠢᠲᠠᠨ ᠤ᠋ ᠸᠠᠺᠼᠢᠨ ᠦᠶ᠋ᠯᠡᠳᠪᠦᠷᠢᠯᠡᠬᠦ᠌ 4 ᠶᠡᠬᠡ ᠠᠵᠤ ᠠᠬᠤᠢᠯᠠᠯ ᠲᠠᠢ ᠪᠠᠢᠵᠤ᠂ ᠨᠢᠭᠡᠨᠲᠡ ᠪᠥᠬᠥ᠌ ᠤᠯᠤᠰ ᠤ᠋ᠨ ᠠᠮᠢᠲᠠᠨ ᠤ᠋ ᠸᠠᠺᠼᠢᠨ ᠤ᠋ ᠴᠢᠬᠤᠯᠠ ᠦᠶ᠋ᠯᠡᠳᠪᠦᠷᠢᠯᠡᠯ ᠤ᠋ᠨ ᠰᠠᠭᠤᠷᠢᠨ ᠪᠣᠯᠵᠣ᠂ ᠤᠯᠤᠰ ᠤ᠋ᠨ ᠳᠣᠲᠣᠭᠠᠳᠤ ᠢ᠋ᠢᠨ ᠲᠡᠷᠢᠭᠦᠨ ᠤ᠋ ᠠᠮᠢᠳᠤ ᠪᠣᠳᠠᠰ ᠤ᠋ᠨ ᠸᠠᠺᠼᠢᠨ ᠢ᠋ ᠰᠤᠳᠤᠯᠤᠨ ᠦᠶ᠋ᠯᠡᠳᠬᠦ᠌ ᠰᠠᠭᠤᠷᠢᠨ ᠢ᠋ ᠪᠠᠢᠭᠤᠯᠵᠤ ᠪᠠᠢᠨ᠎ᠠ᠃

ᠬᠥᠬᠡᠬᠣᠲᠠ ᠢᠷᠡᠭᠡᠳᠦᠶ ᠢ᠋ᠢᠨ ᠠᠵᠤ ᠦᠶ᠋ᠯᠡᠰ ᠤ᠋ᠨ ᠬᠦᠭᠵᠢᠯᠲᠡ ᠢ᠋ᠢ ᠬᠠᠷᠠᠭᠠᠯᠠᠨ᠂ ᠡᠩᠬᠦᠷᠡᠶ ᠠᠮᠢᠲᠠᠨ ᠤ᠋ ᠸᠠᠺᠼᠢᠨ᠂ ᠠᠹᠷᠢᠺᠠ ᠲᠢᠪ ᠤ᠋ᠨ ᠭᠠᠬᠠᠶ ᠢ᠋ᠢᠨ ᠬᠢᠵᠢᠭ ᠤ᠋ᠨ ᠸᠠᠺᠼᠢᠨ᠂ ᠬᠡᠪᠢᠭ᠌ᠴᠢ ᠠᠮᠢᠲᠠᠨ ᠤ᠋ ᠸᠠᠺᠼᠢᠨ ᠵᠡᠷᠭᠡ ᠱᠢᠨ᠎ᠡ ᠬᠡᠯᠪᠡᠷᠢ ᠢ᠋ᠢᠨ ᠦᠶ᠋ᠯᠡᠳᠬᠦᠨ ᠢ᠋ ᠶᠡᠬᠡ ᠪᠡᠷ ᠨᠡᠭᠡᠭᠡᠨ ᠬᠥᠭ᠌ᠵᠢᠭᠦᠯᠵᠦ᠍ ᠪᠤᠢ᠃《ᠬᠥᠬᠡᠬᠣᠲᠠ ᠢ᠋ᠢᠨ ᠠᠷᠪᠠᠨ ᠭᠤᠷᠪᠠᠳᠤᠭᠠᠷ ᠤᠳᠠᠭ᠎ᠠ ᠢ᠋ᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠡᠴᠡ ᠨᠠᠭᠠᠰᠢ ᠪᠢᠳᠡ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠢ᠋ᠢ ᠵᠣᠷᠢᠭ᠍ᠵᠢᠭᠤᠯᠬᠤ᠂ ᠳᠠᠪᠠᠭᠤᠯᠢᠭ ᠦᠢᠯᠡᠳᠬᠦᠨ ᠢ᠋ ᠨᠡᠮᠡᠭ᠌ᠳᠡᠭᠦᠯᠬᠦ᠌᠂ ᠠᠵᠤ ᠦᠢᠯᠡᠰ ᠤ᠋ᠨ ᠳᠤᠲᠠᠭᠤᠳᠠᠯ ᠢ᠋ ᠨᠥᠬᠥᠪᠥᠷᠢᠯᠡᠬᠦ᠌᠂ ᠠᠵᠤ ᠦᠢᠯᠡᠰ ᠤ᠋ᠨ ᠪᠠᠢᠷᠢᠱᠢᠭᠤᠯᠤᠯᠲᠠ ᠢ᠋ᠢ ᠱᠢᠯᠢᠳᠡᠭ᠌ᠵᠢᠭᠦᠯᠬᠦ ᠪᠡᠷ ᠭᠠᠷᠳᠠᠴᠠ ᠪᠣᠯᠭᠠᠵᠤ᠂ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠠᠪᠴᠠᠩ ᠪᠠᠢᠭᠤᠯᠬᠤ ᠢ᠋ᠢ ᠳᠡᠮᠵᠢᠵᠦ᠍᠂ 〈ᠪᠣᠭᠣᠮᠢ〉 ᠵᠢᠨ ᠮᠡᠷᠭᠡᠵᠢᠯ ᠳ᠋ᠤ ᠪᠦᠰᠡᠯᠡᠯᠳᠡ ᠱᠢᠪᠲᠤᠯᠬᠤ ᠢ᠋ᠢ ᠴᠢᠩᠭᠠᠳᠭᠠᠨ᠂ ᠭᠧᠨ ᠤ᠋ ᠢᠨᠵᠧᠨᠧᠷᠢᠩ ᠤ᠋ᠨ ᠤᠯᠠᠨ ᠬᠣᠯᠪᠣᠭᠠᠲᠤ ᠸᠠᠺᠼᠢᠨ ᠵᠡᠷᠭᠡ ᠱᠢᠨ᠎ᠡ ᠢ᠋ᠢ ᠡᠭᠦᠳᠦᠭ᠌ᠰᠡᠨ ᠦᠢᠯᠡᠳᠬᠦᠨ ᠢ᠋ ᠪᠣᠳᠠᠲᠠᠢ ᠳ᠋ᠤ ᠨᠠᠢᠳᠠᠪᠤᠷᠢᠵᠢᠭᠤᠯᠬᠤ ᠢ᠋ᠢ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠦᠬᠦ᠌ ᠬᠦᠴᠦᠨ ᠵᠢᠡᠷ ᠵᠢᠡᠨ ᠪᠦᠷᠢᠯᠳᠦᠭᠦᠯᠵᠤ ᠪᠠᠢᠨ᠎ᠠ》 ᠭᠡᠵᠦ᠍ ᠬᠥᠬᠡᠬᠣᠲᠠ ᠢ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠣᠪᠴᠢᠶᠠᠨ ᠤ᠋ ᠳᠡᠳ᠋ ᠳᠠᠷᠤᠭ᠎ᠠ ᠵᠢᠶᠠ ᠵᠢᠶᠠᠨ ᠢᠦᠶ ᠲᠠᠨᠢᠯᠴᠠᠭᠤᠯᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号