ᠲᠦᠩᠯᠢᠶᠣᠤ ᠬᠣᠲᠠ ᠳᠤᠮᠳᠠᠳᠤ ᠢ᠋ᠢᠨ ᠪᠣᠯᠪᠠᠰᠤᠨ ᠤ᠋ ᠭᠤᠷᠪᠠᠨ ᠶᠡᠬᠡ ᠡᠬᠢ ᠡᠭᠦᠰᠦᠯ ᠤ᠋ᠨ ᠨᠢᠭᠡ ᠪᠣᠯᠬᠤ 《ᠪᠠᠷᠠᠭᠤᠨ ᠯᠢᠶᠣᠤᠾᠧ ᠭᠤᠤᠯ ᠤ᠋ᠨ ᠪᠣᠯᠪᠠᠰᠤᠨ》 ᠤ᠋ ᠭᠤᠤᠯ ᠣᠷᠣᠨ ᠪᠦᠰᠡ ᠳ᠋ᠤ ᠪᠠᠢᠷᠢᠯᠡᠵᠤ᠂ ᠠᠭᠤᠯᠠᠷᠬᠠᠭ ᠭᠠᠵᠠᠷ ᠂ ᠲᠠᠯ᠎ᠠ ᠨᠤᠲᠤᠭ᠂ ᠡᠯᠡᠰᠦ ᠮᠠᠩᠬ᠎ᠠ᠂ ᠣᠶ ᠱᠢᠭᠤᠶ᠂ ᠨᠤᠭᠤ ᠭᠠᠵᠠᠷ᠂ ᠨᠠᠭᠤᠷ ᠴᠥᠭᠥᠷᠥᠮ ᠵᠡᠷᠭᠡ ᠪᠠᠢᠭᠠᠯᠢ ᠢ᠋ᠢᠨ ᠳᠦᠷᠬᠦ ᠪᠠᠢᠳᠠᠯ ᠲᠠᠢ ᠪᠠᠢᠵᠤ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠥᠭ᠌ᠵᠢᠯᠲᠡ ᠳ᠋ᠤ ᠦᠪᠡᠷᠮᠢᠴᠡ ᠤᠨᠴᠠᠯᠢᠭᠳᠤ ᠪᠠᠢᠭᠠᠯᠢ ᠢ᠋ᠢᠨ ᠨᠥᠬᠥᠴᠡᠯ ᠬᠠᠩᠭᠠᠭᠰᠠᠨ ᠪᠠᠢᠨ᠎ᠠ᠃
ᠬᠤᠷᠢᠳᠤᠭᠠᠷ ᠵᠠᠭᠤᠨ ᠤ᠋ ᠲᠠᠪᠢᠭᠠᠳ ᠣᠨ ᠡᠴᠡ ᠡᠬᠢᠯᠡᠨ᠂ ᠲᠦᠩᠯᠢᠶᠣᠤ ᠬᠣᠲᠠ ᠮᠢᠬᠠᠨ ᠤ᠋ ᠦᠬᠡᠷ ᠤ᠋ᠨ ᠡᠭᠦᠯᠳᠡᠷ ᠢ᠋ ᠰᠠᠢᠵᠢᠷᠠᠭᠤᠯᠵᠤ ᠰᠣᠩᠭᠣᠨ ᠪᠣᠢᠵᠢᠭᠤᠯᠬᠤ ᠠᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ 70 ᠭᠠᠷᠤᠶ ᠵᠢᠯ ᠤᠯᠠᠮᠵᠢᠯᠠᠯ ᠬᠥᠭ᠌ᠵᠢᠯᠳᠠᠪᠡᠷ ᠳᠡᠮᠵᠢᠨ ᠪᠥᠬᠥ᠌ ᠬᠣᠲᠠ ᠢ᠋ᠢᠨ ᠮᠢᠬᠠᠨ ᠤ᠋ ᠦᠬᠡᠷ ᠤ᠋ᠨ ᠬᠡᠪᠴᠢᠶ᠎ᠠ ᠪᠠᠨ ᠲᠠᠰᠤᠷᠠᠯᠲᠠ ᠥᠬᠡᠶ ᠥᠷᠭᠡᠳᠭᠡᠵᠤ᠂ ᠡᠭᠦᠯᠳᠡᠷ ᠤ᠋ᠨ ᠶᠠᠰᠤ ᠴᠢᠨᠠᠷ ᠢ᠋ ᠲᠣᠭ᠍ᠲᠠᠭᠤᠨ ᠢ᠋ᠢᠡᠷ ᠳᠡᠭᠡᠭ᠌ᠰᠢᠯᠡᠭᠦᠯᠦᠨ᠂ ᠶᠡᠷᠦᠩᠬᠡᠢᠯᠡᠭ᠌ᠰᠡᠨ ᠦᠷ᠎ᠡ ᠠᠱᠢᠭ ᠢ᠋ ᠦᠷᠭᠦᠯᠵᠢᠯᠡᠨ ᠰᠠᠢᠵᠢᠷᠠᠭᠤᠯᠵᠤ᠂ ᠨᠢᠭᠡᠨᠲᠡ ᠰᠠᠢᠨ ᠡᠭᠦᠯᠳᠡᠷ ᠢ᠋ ᠦᠷᠡᠵᠢᠭᠦᠯᠦᠨ ᠪᠣᠢᠵᠢᠭᠤᠯᠬᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌᠂ ᠲᠡᠵᠢᠭᠡᠯ ᠪᠣᠷᠳᠣᠭ᠎ᠠ ᠢ᠋ᠢ ᠪᠠᠲᠤᠯᠠᠬᠤ᠂ ᠨᠢᠲᠤᠯᠵᠤ ᠡᠳ᠋ᠱᠢᠭᠦᠯᠬᠦ᠌᠂ ᠠᠷᠠᠯᠵᠢᠶᠠᠨ ᠤ᠋ ᠭᠦᠶ᠋ᠯᠭᠡᠭᠡ᠂ ᠶᠠᠰᠤ ᠴᠢᠨᠠᠷ ᠤ᠋ᠨ ᠠᠮᠤᠷ ᠲᠦᠪᠱᠢᠨ᠂ ᠲᠦᠷᠦᠯ ᠲᠡᠮᠳᠡᠭ ᠤ᠋ᠨ ᠪᠠᠢᠭᠤᠯᠤᠯᠲᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠶ᠋ᠯᠡᠴᠢᠯᠡᠭᠡ ᠵᠡᠷᠭᠡ ᠨᠠᠶ᠋ᠮᠠᠨ ᠶᠡᠬᠡ ᠱᠢᠰᠲ᠋ᠧᠮ ᠢ᠋ ᠪᠦᠷᠢᠯᠳᠦᠭᠦᠯᠪᠠ᠃ ᠦᠷ᠎ᠡ ᠡᠳ᠋ ᠤ᠋ᠨ ᠡᠬᠢ ᠪᠠᠶᠠᠯᠢᠭ᠂ ᠲᠡᠵᠢᠭᠡᠨ ᠦᠷᠡᠵᠢᠭᠦᠯᠦᠭᠰᠡᠨ ᠬᠡᠪᠴᠢᠶ᠎ᠡ᠂ ᠠᠷᠠᠯᠵᠢᠶᠠᠯᠠᠬᠰᠠᠨ ᠲᠣᠭ᠎ᠠ ᠬᠡᠮᠵᠢᠶ᠎ᠡ᠂ ᠲᠥᠷᠥᠯ ᠲᠡᠮᠳᠡᠭ᠌ ᠤ᠋ᠨ ᠥᠷᠲᠡᠭ᠂ ᠦᠶ᠋ᠯᠡᠴᠢᠯᠡᠭᠡᠨᠦ ᠱᠢᠰᠲ᠋ᠧᠮ᠂ ᠨᠢᠲᠤᠯᠵᠤ ᠡᠳ᠋ᠱᠢᠭᠦᠯᠬᠦ᠌ ᠵᠡᠷᠭᠡ ᠵᠢᠷᠭᠤᠭᠠᠨ ᠵᠦᠶ᠋ᠯ ᠤ᠋ᠨ ᠭᠦᠶ᠋ᠴᠡᠳᠭᠡᠯ ᠲᠣᠭ᠎ᠠ ᠴᠥᠮ ᠪᠥᠬᠥ᠌ ᠤᠯᠤᠰ ᠤ᠋ᠨ ᠲᠤᠰᠭᠠᠶ ᠣᠷᠣᠨ ᠤ᠋ ᠲᠠᠰ ᠤ᠋ᠨ ᠬᠣᠲᠠ ᠢ᠋ᠢᠨ ᠲᠡᠷᠢᠭᠦᠨ ᠳ᠋ᠤ ᠵᠢᠭᠰᠠᠪᠠ᠃
ᠣᠢᠷ᠎ᠠ ᠢ᠋ᠢᠨ ᠵᠢᠯ ᠡᠴᠡ ᠨᠠᠭᠠᠰᠢ᠂ ᠲᠦᠩᠯᠢᠶᠣᠤ ᠬᠣᠲᠠᠵᠢᠨ ᠬᠢᠨ ᠥᠪᠡᠷᠲᠡᠭᠡᠨ ᠵᠠᠰᠠᠬᠤ ᠣᠷᠣᠨ ᠤ᠋ 《 ᠲᠦᠩᠯᠢᠶᠣᠤ ᠬᠣᠲᠠ ᠢ᠋ᠢᠨ ᠪᠥᠬᠥ᠌ ᠤᠯᠤᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠲᠡᠷᠢᠬᠥᠨ ᠪᠠᠯᠭᠠᠰᠤ ᠶᠢ ᠪᠠᠢᠭᠤᠯᠬᠤ ᠢ᠋ᠢ ᠳᠡᠮᠵᠢᠬᠦ᠌ 》 ᠠᠵᠠ ᠲᠣᠬᠢᠶᠠᠯ ᠢ᠋ ᠴᠢᠩᠭ᠎ᠠ ᠠᠳᠭᠤᠵᠤ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠰᠠᠭᠤᠷᠢ ᠢ᠋ᠢ ᠦᠷᠭᠦᠯᠵᠢᠯᠡᠨ ᠪᠡᠬᠢᠵᠢᠭᠦᠯᠵᠦ᠍᠂ ᠮᠢᠬᠠᠨ ᠤ᠋ ᠦᠬᠡᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢ ᠪᠣᠢᠵᠢᠭᠤᠯᠤᠨ ᠪᠤᠵᠠᠭᠠᠢᠷᠠᠭᠤᠯᠵᠤ᠂ 《 ᠮᠢᠬᠠᠨ ᠤ᠋ ᠦᠬᠡᠷ ᠬᠤᠳᠠᠯᠳᠤᠬᠤ 》 ᠡᠴᠡ 《 ᠦᠬᠡᠷ ᠤ᠋ᠨ ᠮᠢᠬ᠎ᠠ ᠬᠤᠳᠠᠯᠳᠤᠬᠤ 》 ᠲᠡᠢᠰᠢ ᠱᠢᠪᠲᠤᠯᠤᠯᠲᠠ ᠭᠠᠷᠭᠠᠬᠤ ᠪᠡᠷ ᠴᠢᠷᠮᠠᠢᠵᠤ᠂ ᠲᠦᠩᠯᠢᠶᠣᠤ ᠬᠣᠲᠠ ᠢ᠋ᠢᠨ ᠮᠢᠬᠠᠨ ᠤ᠋ ᠦᠬᠡᠷ ᠤ᠋ᠨ ᠶᠡᠷᠦᠩᠬᠡᠢᠯᠡᠭ᠌ᠰᠡᠨ ᠦᠷ᠎ᠡ ᠠᠱᠢᠭ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠤᠯᠤᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠲᠡᠷᠢᠬᠥᠨ ᠪᠠᠯᠭᠠᠰᠤ ᠳᠠᠢᠰᠢ ᠤᠷᠤᠭ᠍ᠰᠢᠯᠠᠬᠤ ᠢ᠋ᠢ ᠪᠠᠷᠢᠮᠲᠠᠯᠠᠪᠠ᠃
ᠪᠥᠬᠥ᠌ ᠤᠯᠤᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ《ᠵᠠᠢᠯᠠᠰᠢ ᠦᠭᠡᠢ ᠰᠣᠩᠭᠣᠯᠲᠠ ᠢ᠋ᠢᠨ ᠣᠷᠣᠨ》
ᠲᠦᠩᠯᠢᠶᠣᠤ ᠬᠣᠲᠠ ᠤᠮᠠᠷᠠᠲᠤ ᠥᠷᠭᠡᠷᠢᠭ ᠤ᠋ᠨ 42 ᠭᠷᠠᠳᠦ᠋ᠰ ᠡᠴᠡ 45 ᠭᠷᠠᠳᠦ᠋ᠰ ᠤ᠋ᠨ ᠬᠣᠭᠣᠷᠣᠨᠳᠣ ᠪᠠᠢᠷᠢᠯᠡᠵᠤ᠂ ᠳᠡᠯᠡᠬᠡᠶ ᠨᠡᠢᠲᠡ ᠳ᠋ᠤ ᠮᠡᠳᠡᠷᠡᠭ᠌ᠳᠡᠭ᠌ᠰᠡᠨ ᠱᠢᠵᠢᠷ ᠠᠯᠲᠠᠨ ᠮᠠᠯ ᠤ᠋ᠨ ᠪᠦᠰᠡ ᠪᠠᠢᠵᠤ᠂ ᠪᠤᠷᠤ ᠴᠠᠷᠭᠠᠰᠤ᠂ ᠨᠣᠬᠠᠶ ᠢ᠋ᠢᠨ ᠬᠣᠱᠢᠭᠤ ᠵᠡᠷᠭᠡ ᠴᠢᠨᠠᠷ ᠰᠠᠢᠲᠠᠶ ᠡᠪᠡᠰᠦ ᠪᠣᠷᠳᠣᠭ᠎ᠠ ᠳᠠᠷᠢᠬᠤ ᠳ᠋ᠤ ᠳᠣᠭᠢᠷᠠᠮᠵᠢᠲᠠᠢ ᠪᠠᠢᠳᠠᠭ᠂ ᠡᠨᠡ ᠨᠢ ᠲᠤᠬᠠᠶ ᠢ᠋ᠢᠨ ᠭᠠᠵᠠᠷ ᠤ᠋ᠨ ᠦᠬᠡᠷ ᠤ᠋ᠨ ᠠᠵᠤ ᠦᠶ᠋ᠯᠡᠰ ᠲᠦ ᠨᠠᠩ ᠴᠢᠨᠠᠷᠯᠢᠭ《ᠢᠳᠡᠰᠢ》ᠬᠠᠡᠭᠭᠠᠵᠠᠢ᠃
2023 ᠣᠨ ᠳ᠋ᠤ᠂ ᠲᠦᠩᠯᠢᠶᠣᠤ ᠬᠣᠲᠠ ᠢ᠋ᠢᠨ ᠮᠢᠬᠠᠨ ᠤ᠋ ᠦᠬᠡᠷ ᠤ᠋ᠨ ᠲᠤᠭ᠎ᠠ᠂ ᠪᠣᠷᠳᠣᠨ ᠲᠠᠷᠭᠤᠯᠠᠭᠤᠯᠤᠭᠰᠠᠨ ᠲᠣᠭ᠎ᠠ ᠲᠣᠰ ᠲᠣᠰ 385.8 ᠲᠦᠮᠡ ᠪᠠ 31.5 ᠲᠦᠮᠡ ᠳ᠋ᠤ ᠬᠥᠷᠪᠡ ᠃ ᠡᠷᠳᠡᠨᠢ ᠱᠢᠰᠢ ᠢ᠋ᠢᠨ ᠤᠨᠠᠯᠲᠠ 181.9 ᠳ᠋ᠦᠩᠱᠢᠭᠤᠷ ᠵᠢᠩ ᠳ᠋ᠤ ᠬᠦᠷᠴᠦ᠍᠂ ᠪᠥᠬᠥ᠌ ᠣᠷᠣᠨ ᠤ᠋ 28.6% ᠢ᠋ᠢ ᠡᠵᠡᠯᠡᠵᠦ᠍᠂ ᠪᠥᠬᠥ᠌ ᠤᠯᠤᠰ ᠤ᠋ᠨ ᠶᠡᠷᠦᠩᠬᠡᠶ ᠤᠨᠠᠯᠲᠠ ᠢ᠋ᠢᠨ 3.1% ᠢ᠋ᠢ ᠡᠵᠡᠯᠡᠪᠡ᠃ ᠬᠦᠭᠡ ᠳᠠᠷᠤᠰᠢ ᠢ᠋ᠢᠨ ᠲᠠᠷᠢᠮᠠᠯ ᠤ᠋ᠨ ᠲᠠᠯᠠᠪᠠᠶ 500 ᠲᠦᠮᠡᠨ ᠮᠦ᠍ ᠢ᠋ᠢ ᠳᠠᠪᠠᠵᠤ ᠂ ᠴᠠᠷᠭᠠᠰᠤ᠂ ᠨᠣᠬᠠᠶ ᠢ᠋ᠢᠨ ᠬᠣᠱᠢᠭᠤ ᠵᠡᠷᠭᠡ ᠴᠢᠨᠠᠷ ᠰᠠᠢᠲᠠᠶ ᠲᠡᠵᠢᠭᠡᠯ ᠡᠪᠡᠰᠦ ᠲᠠᠷᠢᠬᠤ ᠲᠠᠯᠠᠪᠠᠶ 50 ᠲᠦᠮᠡᠨ ᠮᠦ᠍ ᠬᠦᠷᠴᠤ᠂ ᠲᠡᠵᠢᠭᠡᠯ ᠡᠪᠡᠰᠦ ᠢ᠋ᠢᠨ ᠶᠡᠷᠦᠩᠬᠡᠶ ᠨᠥᠭᠡᠴᠡ ᠢ᠋ᠢᠨ ᠬᠡᠮᠵᠢᠶ᠎ᠡ 2400 ᠲᠦᠮᠡᠨ ᠲᠣᠨ ᠢ᠋ ᠳᠠᠪᠠᠵᠤ᠂ ᠲᠡᠵᠢᠭᠡᠯ ᠡᠪᠡᠰᠦ ᠲᠠᠷᠢᠬᠤ᠂ ᠬᠠᠳᠤᠵᠤ ᠬᠤᠷᠢᠶᠠᠵᠤ ᠪᠣᠭᠣᠵᠢᠯᠠᠬᠤ ᠡᠴᠡ ᠰᠠᠪᠠᠯᠠᠵᠤ ᠪᠠᠭᠤᠯᠭᠠᠵᠤ ᠬᠥᠮᠥᠷᠭᠡ ᠳ᠋ᠤ ᠣᠷᠣᠭᠤᠯᠬᠤ᠂ ᠲᠠᠯᠠᠪᠠᠶ ᠳ᠋ᠤ ᠣᠷᠣᠭᠤᠯᠤᠨ ᠲᠡᠵᠢᠭᠡᠬᠦ᠌ ᠬᠦᠷᠲᠡᠯᠡᠬᠢ ᠪᠦᠬᠦ᠌ ᠶᠠᠪᠤᠴᠠ ᠢ᠋ᠢᠨ ᠮᠠᠱᠢᠨᠴᠢᠯᠠᠯᠲᠠ ᠢ᠋ᠢ ᠦᠷᠭᠦᠯᠵᠢᠯᠡᠨ ᠠᠬᠢᠭᠤᠯᠵᠤ᠂ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠪᠠᠲᠤ ᠪᠡᠬᠢ ᠰᠠᠭᠤᠷᠢ ᠲᠠᠢ ᠪᠤᠯᠪᠠ᠃
ᠲᠦᠩᠯᠢᠶᠣᠤ ᠬᠣᠲᠠ《ᠲᠠᠷᠢᠬᠤ ᠪᠡᠷ ᠲᠡᠵᠢᠭᠡᠬᠦ᠌ ᠢ᠋ᠢ ᠠᠬᠢᠭᠤᠯᠵᠤ ᠂ ᠲᠠᠷᠢᠬᠤ ᠲᠡᠵᠢᠭᠡᠬᠦ᠌ ᠢ᠋ᠢ ᠤᠶᠠᠯᠳᠤᠭᠤᠯᠬᠤ》ᠬᠥᠭ᠌ᠵᠢᠯᠲᠡ ᠢ᠋ᠢᠨ ᠰᠡᠳᠭᠢᠴᠡ ᠢ᠋ᠢ ᠲᠣᠳᠣᠷᠬᠠᠢ ᠳᠡᠯᠭᠡᠷᠡᠭᠦᠯᠪᠡ᠃ ᠣᠳᠣᠬᠠᠨ ᠳ᠋ᠤ᠂ ᠪᠦᠬᠦ᠌ ᠬᠣᠲᠠ ᠢ᠋ᠢᠨ 76 ᠲᠦᠮᠡᠨ ᠮᠠᠯᠵᠢᠬᠤ ᠲᠠᠷᠢᠶᠠᠯᠠᠬᠤ ᠡᠷᠦᠬᠡ ᠢ᠋ᠢᠨ 18 ᠲᠦᠮᠡᠨ ᠡᠷᠦᠬᠡ ᠡᠴᠡ ᠳᠡᠭᠡᠭ᠌ᠰᠢᠬᠢ ᠨᠢ ᠮᠢᠬᠠᠨ ᠤ᠋ ᠦᠬᠡᠷ ᠲᠡᠵᠢᠭᠡᠨ ᠦᠷᠡᠵᠢᠭᠦᠯᠵᠤ᠂ 106 ᠲᠦᠮᠡᠨ ᠮᠠᠯᠴᠢᠨ ᠲᠠᠷᠢᠶᠠᠴᠢᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠬᠡᠯᠬᠢᠶ᠎ᠡ ᠡᠴᠡ ᠠᠱᠢᠭ ᠬᠦᠷᠲᠡᠨ ᠣᠷᠣᠯᠭ᠎ᠠ ᠪᠡᠨ ᠨᠡᠮᠡᠭ᠌ᠳᠡᠭᠦᠯᠵᠦ᠍᠂ ᠮᠢᠬᠠᠨ ᠤ᠋ ᠦᠬᠡᠷ ᠤ᠋ᠨ ᠠᠵᠤ ᠦᠢᠯᠡᠰ ᠨᠢᠭᠡᠨᠲᠡ ᠪᠦᠬᠦ᠌ ᠬᠣᠲᠠ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠠᠵᠤ ᠠᠬᠤᠢ ᠢ᠋ᠢᠨ ᠡᠷᠡᠭᠦᠯ ᠢ᠋ᠢᠡᠷ ᠦᠷᠭᠦᠯᠵᠢᠯᠡᠨ ᠬᠥᠭ᠌ᠵᠢᠬᠦ᠌᠂ ᠮᠠᠯᠴᠢᠨ ᠲᠠᠷᠢᠶᠠᠴᠢᠨ ᠤ᠋ ᠪᠠᠶᠠᠵᠢᠨ ᠴᠢᠨᠡᠭᠡᠯᠢᠭ᠌ᠵᠢᠵᠤ ᠣᠷᠣᠯᠭᠠᠪᠡᠨ ᠨᠡᠮᠡᠭ᠌ᠳᠡᠭᠦᠯᠬᠦ᠌《ᠱᠢᠨ᠎ᠡ ᠬᠥᠳᠡᠯᠭᠡᠭᠦᠷ》 ᠪᠣᠯᠪᠠ᠃ ᠲᠤᠬᠠᠶ ᠢ᠋ᠢᠨ ᠭᠠᠵᠠᠷ ᠲᠤ᠌ ᠦᠬᠡᠷ ᠤ᠋ᠨ ᠡᠭᠦᠯᠳᠡᠷ ᠰᠠᠢᠵᠢᠷᠠᠭᠤᠯᠬᠤ ᠨᠢ ᠨᠢᠭᠡᠨᠲᠡ ᠰᠤᠨᠢᠨ ᠰᠡᠪᠡᠬᠦᠨ ᠶᠠᠪᠤᠳᠠᠯ ᠪᠢᠰᠢ ᠪᠣᠯᠵᠤ᠂ ᠴᠢᠨᠠᠷ ᠰᠠᠢᠲᠠᠶ ᠡᠭᠦᠯᠳᠡᠷ ᠤ᠋ᠨ ᠦᠬᠡᠷ ᠤ᠋ᠨ ᠦᠨ᠎ᠡ ᠬᠠᠩᠰᠢ ᠨᠠᠩ ᠲᠤᠭᠲᠠᠪᠤᠷᠢᠲᠠᠢ ᠪᠠᠢᠳᠠᠭ ᠭᠡᠳᠡᠭ ᠨᠢ ᠴᠤ᠌ ᠣᠯᠠᠩᠬᠢ ᠲᠣᠭᠠᠨ ᠤ᠋ ᠦᠬᠡᠷ ᠲᠡᠵᠢᠭᠡᠭ᠌ᠰᠡᠳ ᠤ᠋ᠨ ᠬᠠᠮᠲᠤ ᠢ᠋ᠢᠨ ᠲᠠᠨᠢᠯᠲᠠ ᠪᠣᠯᠵᠠᠶ᠃
ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠭᠠᠨᠵᠤᠭ᠎ᠠ ᠪᠠᠯᠭᠠᠰᠤᠨ ᠤ᠋ ᠱᠢᠷᠠᠯᠳᠠᠢ ᠭᠠᠴᠠᠭᠠᠨ ᠤ᠋ ᠪᠦᠬᠡᠪᠠᠶᠠᠷ ᠡᠬᠦᠯᠳᠡᠷ ᠰᠠᠢᠵᠢᠷᠠᠭᠤᠯᠵᠤ᠂ ᠮᠢᠬᠠᠨᠤ ᠦᠭᠡᠷ ᠤᠨ ᠠᠵᠤ ᠦᠢᠯᠡᠰᠤᠨ ᠭᠡᠯᠬᠢᠶ᠎ᠠ ᠡᠴᠡ ᠠᠰᠢᠭ ᠬᠦᠷᠳᠡᠵᠤ ᠪᠠᠢᠭ᠎ᠠ ᠠᠵᠢ᠃ ᠱᠢᠨᠵᠢᠯᠡᠬᠦ᠌ ᠤᠬᠠᠭᠠᠨᠴᠢ ᠪᠡᠷ ᠰᠣᠩᠭᠣᠨ ᠪᠣᠢᠵᠢᠭᠤᠯᠤᠭᠰᠠᠨ ᠡᠴᠡ ᠲᠡᠭᠦᠨᠦ ᠲᠡᠵᠢᠭᠡᠵᠦ᠍ ᠪᠠᠢᠭ᠎ᠠ ᠣᠨᠴᠠ ᠵᠠᠷᠢᠮ ᠦᠬᠡᠷ ᠤ᠋ᠨ ᠦᠨ᠎ᠡ ᠨᠢ 20 ᠲᠦᠮᠡᠨ ᠲᠥᠭᠥᠷᠢᠭ ᠢ᠋ ᠳᠠᠪᠠᠪᠠ᠃《ᠦᠬᠡᠷ ᠲᠡᠵᠢᠭᠡᠬᠦ᠌ ᠳ᠋ᠤ ᠶᠠᠰᠤ ᠴᠢᠨᠠᠷ ᠢ᠋ ᠴᠢᠬᠤᠯᠠᠴᠢᠯᠠᠬᠤ ᠡᠴᠡ ᠪᠢᠰᠢ ᠲᠣᠭ᠎ᠠ ᠬᠡᠮᠵᠢᠶ᠎ᠡ ᠢ᠋ᠢ ᠴᠢᠬᠤᠯᠠᠴᠢᠯᠠᠵᠤ ᠪᠤᠯᠬᠤ ᠦᠭᠡᠢ᠃ ᠮᠢᠨᠦ᠍ ᠲᠡᠵᠢᠭᠡᠭ᠌ᠰᠡᠨ 50 ᠭᠠᠷᠤᠶ ᠦᠬᠡᠷ ᠡᠴᠡ 11 ᠨᠢ ᠡᠯ᠎ᠡ ᠵᠦᠢᠯ ᠤ᠋ᠨ ᠤᠷᠤᠯᠳᠤᠭᠠᠨ ᠳ᠋ᠤ ᠱᠠᠩᠨᠠᠯ ᠣᠯᠵᠤ ᠥᠩᠭᠡᠷᠡᠵᠡᠶ》 ᠭᠡᠵᠤ ᠪᠦᠭᠡᠪᠠᠶᠠᠷ ᠤ᠋ᠨ ᠲᠠᠨᠢᠯᠴᠠᠭᠤᠯᠤᠯ᠎ᠠ᠃ ᠦᠷ᠎ᠡ ᠢ᠋ᠢᠨ ᠰᠣᠯᠪᠢᠴᠠᠯ ᠮᠠᠭᠤᠳᠠᠬᠤ ᠪᠠᠢᠳᠠᠯ ᠭᠠᠷᠬᠤ ᠡᠴᠡ ᠵᠠᠢᠯᠠᠰᠭᠢᠬᠦ᠌ ᠢ᠋ᠢᠨ ᠲᠥᠯᠥᠭᠡ ᠂ ᠲᠡᠷᠡ ᠦᠬᠡᠷ ᠬᠤᠳᠠᠯᠳᠤᠨ ᠠᠪᠬᠤ ᠦᠶ᠎ᠡ ᠳ᠋ᠤ ᠡᠭᠦᠯᠳᠡᠷ ᠰᠠᠢᠵᠢᠷᠠᠭᠤᠯᠤᠭ᠍ᠰᠠᠨ ᠬᠡᠮᠵᠢᠶ᠎ᠡᠪᠡᠷ ᠥᠨᠳᠥᠷ ᠡᠬᠡ ᠮᠠᠯ ᠢ᠋ ᠰᠣᠩᠭᠣᠳᠠᠭ᠂ ᠬᠡᠭᠡᠯᠲᠦᠭᠦᠯᠬᠦ᠌ ᠦᠶ᠎ᠡ ᠳ᠋ᠤ ᠪᠠᠰᠠ ᠬᠣᠯᠠ ᠲᠥᠷᠥᠯ ᠤ᠋ᠨ ᠢᠴᠡᠭᠡᠯ ᠦᠷ᠎ᠡ ᠢ᠋ᠢ ᠰᠣᠩᠭᠣᠳᠠᠭ᠃
ᠣᠲᠣᠬᠠᠨ ᠳ᠋ᠤ᠂ ᠲᠣᠰ ᠬᠣᠲᠠ ᠶᠠᠭ《ᠨᠠᠷᠢᠯᠢᠭ ᠲᠡᠵᠢᠭᠡᠵᠦ᠍ ᠨᠠᠷᠢᠯᠢᠭ ᠪᠣᠢᠵᠢᠭᠤᠯᠬᠤ》ᠲᠡᠵᠢᠭᠡᠨ ᠦᠷᠡᠵᠢᠭᠦᠯᠬᠦ᠌ ᠵᠠᠭ᠍ᠪᠤᠷ ᠢ᠋ ᠶᠡᠬᠡᠪᠡᠷ ᠳᠡᠯᠭᠡᠷᠡᠭᠦᠯᠵᠦ᠍ ᠪᠠᠢᠨ᠎ᠠ᠂ 2023 ᠣᠨ ᠳ᠋ᠤ 96 ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠲᠠᠯᠠᠪᠠᠶ ᠡᠷᠦᠬᠡ ᠢ᠋ᠢ ᠠᠮᠵᠢᠯᠲᠠᠲᠠᠶ ᠪᠠᠢᠭᠤᠯᠵᠤ᠂ 20 ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠲᠣᠰᠭᠣᠨ ᠪᠠᠯᠭᠠᠰᠤ ᠢ᠋ᠢ ᠳᠠᠢᠴᠢᠯᠠᠨ ᠪᠠᠢᠭᠤᠯᠵᠤ ᠂ 30 ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ᠌ ᠲᠠᠯᠠᠪᠠᠶ ᠢ᠋ᠢ ᠪᠠᠢᠭᠤᠯᠤᠨ ᠥᠭᠡᠷᠡᠴᠢᠯᠡᠵᠦ᠍᠂ 10 ᠰᠤᠯᠠ ᠲᠠᠯᠪᠢᠵᠤ ᠪᠠᠢᠭ᠎ᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠲᠠᠯᠠᠪᠠᠶ ᠢ᠋ᠢ ᠠᠮᠢᠯᠠᠭᠤᠯᠵᠤ᠂ ᠨᠠᠷᠢᠯᠢᠭ ᠲᠡᠵᠢᠭᠡᠵᠦ᠍ ᠦᠷᠡᠵᠢᠭᠦᠯᠦᠭ᠌ᠰᠡᠨ ᠡᠷᠦᠬᠡ 1200 ᠪᠣᠯᠵᠠᠶ᠃
ᠥᠷᠨᠢᠨ ᠬᠥᠭ᠌ᠵᠢᠭᠰᠡᠨ ᠲᠦᠩᠯᠢᠶᠣᠤ ᠢ᠋ᠢᠨ ᠮᠢᠬᠠᠨ ᠤ᠋ ᠦᠬᠡᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ
ᠤᠯᠤᠰ ᠤ᠋ᠨ ᠲᠠᠰ ᠤ᠋ᠨ ᠪᠤᠬ᠎ᠠ ᠢ᠋ᠢᠨ ᠥᠷᠲᠡᠭᠡ — ᠲᠦᠩᠯᠢᠶᠣᠤ ᠢ᠋ᠢᠨ ᠵᠢᠩ ᠶᠤᠸᠠᠨ ᠪᠤᠬ᠎ᠠ ᠦᠷᠡᠵᠢᠭᠦᠯᠦᠨ ᠪᠣᠢᠵᠢᠭᠤᠯᠬᠤ ᠬᠢᠵᠠᠭᠠᠷᠲᠤ ᠺᠣᠮᠫᠠᠨᠢ ᠢ᠋ᠢᠨ ᠲᠤᠷᠱᠢᠯᠲᠠ ᠢ᠋ᠢᠨ ᠲᠠᠰᠤᠭ ᠲᠤ᠌᠂ ᠮᠡᠷᠭᠡᠵᠢᠯᠲᠡᠨ ᠶᠠᠭ ᠪᠤᠬ᠎ᠠ ᠢ᠋ᠢᠨ ᠦᠷ᠎ᠡ ᠢ᠋ᠢᠨ ᠮᠠᠯ ᠤ᠋ᠨ ᠠᠮᠢᠵᠢᠷᠠᠯ ᠤ᠋ᠨ ᠬᠦᠴᠦᠨ ᠪᠠ ᠨᠢᠭ᠍ᠲᠠᠴᠠ ᠢ᠋ᠢ ᠪᠠᠢᠴᠠᠭᠠᠨ ᠱᠢᠯᠭᠠᠬᠤ ᠪᠡᠷ ᠶᠠᠭᠠᠷᠠᠵᠤ ᠪᠠᠢᠯ᠎ᠠ᠃ ᠱᠢᠯᠭᠠᠨ ᠪᠠᠢᠴᠠᠭᠠᠭᠠᠳ ᠬᠢᠷᠢ ᠲᠡᠩᠴᠡᠭ᠌ᠰᠡᠨ ᠪᠤᠬ᠎ᠠ ᠢ᠋ᠢᠨ ᠦᠷ᠎ᠡ ᠢ᠋ᠢᠨ ᠨᠢᠭᠡ ᠬᠡᠰᠡᠭ ᠢ᠋ ᠨᠢ ᠬᠤᠳᠠᠯᠳᠤᠵᠤ᠂ ᠨᠢᠭᠡ ᠬᠡᠰᠡᠭ ᠢ᠋ᠨᠢ ᠲᠤᠬᠠᠶ ᠢ᠋ᠢᠨ ᠭᠠᠵᠠᠷ ᠤ᠋ᠨ ᠲᠡᠵᠢᠭᠡᠨ ᠦᠷᠡᠵᠢᠭᠦᠯᠬᠦ᠌ ᠡᠷᠦᠬᠡ ᠳ᠋ᠤ ᠦᠨ᠎ᠡ ᠲᠥᠯᠥᠪᠦᠷᠢ ᠥᠬᠡᠶᠪᠡᠷ ᠬᠠᠩᠭᠠᠨ᠎ᠠ᠃ ᠡᠳᠡᠭᠡᠷ ᠪᠦᠬᠦ᠌ ᠤᠯᠤᠰ ᠤ᠋ᠨ ᠬᠠᠮᠤᠭ ᠤ᠋ᠨ ᠰᠠᠢᠨ ᠡᠭᠦᠯᠳᠡᠷ ᠤ᠋ᠨ ᠪᠤᠬ᠎ᠠ ᠢ᠋ᠢᠨ ᠢᠴᠡᠭᠡᠯ ᠦᠷ᠎ᠡ ᠨᠢ ᠲᠦᠩᠯᠢᠶᠣᠤ ᠢ᠋ᠢᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠬᠥᠭ᠌ᠵᠢᠯᠲᠡ ᠢ᠋ᠢᠨ ᠠᠷᠤᠳᠠᠬᠢ 《ᠨᠢᠭᠤᠴᠠ ᠨᠣᠮᠧᠷ》 ᠪᠣᠯᠤᠨ᠎ᠠ᠃
ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠠᠺᠠᠳᠧᠮᠢᠴᠢ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠣᠰᠣᠯᠢᠭ ᠲᠠᠷᠢᠮᠠᠯ ᠰᠤᠳᠤᠯᠬᠤ ᠭᠠᠵᠠᠷ ᠤ᠋ᠨ ᠰᠤᠳᠤᠯᠤᠭ᠍ᠴᠢ ᠯᠢ ᠫᠸᠢ ᠦ᠋᠂ ᠬᠥᠳᠡᠭᠡ ᠠᠵᠤ ᠠᠬᠤᠶ ᠬᠥᠳᠡᠭᠡ ᠲᠣᠰᠭᠣᠨ ᠤ᠋ ᠶᠠᠮᠤᠨ ᠤ᠋ ᠨᠡᠢᠲᠡᠯᠡᠭ᠌ᠰᠡᠨ ᠮᠢᠬᠠᠨ ᠤ᠋ ᠦᠬᠡᠷ ᠤ᠋ᠨ ᠡᠭᠦᠯᠳᠡᠷ ᠪᠣᠢᠵᠢᠭᠤᠯᠬᠤ ᠥᠷᠲᠡᠭ ᠢ᠋ ᠦᠨᠡᠯᠡᠨ ᠵᠢᠱ᠌ᠢᠭ᠌ᠰᠡᠨ ᠦᠷ᠎ᠡ ᠳ᠋ᠦᠩ ᠡᠴᠡ ᠦᠵᠡᠪᠡᠯ ᠂ ᠪᠥᠬᠥ᠌ ᠤᠯᠤᠰ ᠤ᠋ᠨ ᠡᠮᠦᠨ᠎ᠡ 100 ᠨᠡᠷᠡᠰ ᠲᠤ᠌ ᠵᠢᠭ᠍ᠰᠠᠭᠠᠭ᠍ᠳᠠᠭ᠍ᠰᠠᠨ ᠦᠷ᠎ᠡ ᠢ᠋ᠢᠨ ᠦᠬᠡᠷ ᠤ᠋ᠨ ᠳᠣᠲᠣᠷ᠎ᠠ᠂ ᠲᠦᠩᠯᠢᠶᠣᠤ ᠬᠣᠲᠠ ᠢ᠋ᠢᠨ ᠲᠣᠭ᠎ᠠ ᠬᠡᠮᠵᠢᠶᠡᠨᠦ ᠡᠵᠡᠯᠡᠬᠦ᠌ ᠬᠠᠷᠢᠴᠠᠯ ᠨᠢ ᠪᠥᠬᠥ᠌ ᠤᠯᠤᠰ ᠤ᠋ᠨ ᠲᠡᠷᠢᠭᠦᠨ ᠳ᠋ᠤ ᠵᠢᠬᠰᠠᠪᠠ ᠭᠡᠯ᠎ᠠ᠃
ᠣᠳᠣᠬᠠᠨ ᠳ᠋ᠤ᠂ ᠪᠥᠬᠥ᠌ ᠬᠣᠲᠠ ᠳ᠋ᠤ ᠨᠢᠭᠡᠨᠲᠡ 2 ᠤᠯᠤᠰ ᠤ᠋ᠨ ᠲᠠᠰ ᠤ᠋ᠨ ᠮᠢᠬᠠᠨ ᠤ᠋ ᠦᠬᠡᠷ ᠤ᠋ᠨ ᠭᠤᠤᠯ ᠡᠭᠦᠯᠳᠡᠷ ᠪᠣᠢᠵᠢᠭᠤᠯᠬᠤ ᠲᠠᠯᠠᠪᠠᠶ ᠪᠠ 1ᠤᠯᠤᠰ ᠤ᠋ᠨ ᠲᠠᠰ ᠤ᠋ᠨ ᠪᠤᠬ᠎ᠠ ᠢ᠋ᠢᠨ ᠥᠷᠲᠡᠭᠡ ᠪᠠᠢᠭᠤᠯᠵᠤ᠂ ᠵᠢᠯ ᠤ᠋ᠨ ᠡᠭᠦᠯᠳᠡᠷ ᠬᠠᠩᠭᠠᠬᠤ ᠴᠢᠳᠠᠪᠤᠷᠢ᠂ ᠢᠴᠡᠭᠡᠯ ᠦᠷ᠎ᠡ ᠢ᠋ᠢᠨ ᠭᠠᠷᠤᠯᠲᠠ᠂ ᠬᠦᠪᠦᠷᠡᠯ ᠤ᠋ᠨ ᠦᠶ᠋ᠯᠡᠳᠪᠦᠷᠢᠯᠡᠯ ᠲᠣᠰ ᠲᠣᠰ 300 ᠲᠣᠯᠣᠭᠠᠶ᠂ 300 ᠲᠦᠮᠡᠨ ᠱᠢᠷᠬᠡᠭ ᠪᠠ 5000 ᠲᠣᠯᠣᠭᠠᠶ ᠢ᠋ᠢ ᠳᠠᠪᠠᠪᠠ᠃
ᠱᠢᠯᠢᠳᠡᠭ ᠡᠭᠦᠯᠳᠡᠷ ᠤ᠋ᠨ ᠦᠶ᠋ᠯᠡᠰ ᠤ᠋ᠨ ᠡᠬᠢ ᠪᠠᠶᠠᠯᠢᠭ ᠨᠢ ᠲᠤᠬᠠᠶ ᠢ᠋ᠢᠨ ᠭᠠᠵᠠᠷ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠪᠠ᠃ ᠭᠡᠭᠦ ᠳ᠋ᠡᠭᠡᠨ ᠬᠡᠷᠬᠢᠨ ᠵᠣᠬᠢᠬᠤ ᠬᠡᠮᠵᠢᠶᠡᠨᠦ ᠬᠡᠪᠴᠢᠶ᠎ᠡ ᠢ᠋ᠢ ᠪᠦᠷᠢᠯᠳᠦᠭᠦᠯᠦᠭ᠌ᠰᠡᠨ ᠰᠠᠭᠤᠷᠢᠨ ᠳᠡᠭᠡᠷ᠎ᠡ ᠂ ᠮᠢᠬᠠᠨ ᠤ᠋ ᠦᠬᠡᠷ ᠤ᠋ᠨ ᠠᠵᠤ ᠦᠶ᠋ᠯᠡᠰ ᠢ᠋ ᠪᠥᠬᠥ᠌ ᠲᠠᠯ᠎ᠠ ᠪᠡᠷ《ᠬᠦᠭᠵᠢᠬᠦᠯᠬᠦ》 ᠪᠣᠶ? ᠲᠦᠩᠯᠢᠶᠣᠤ ᠢ᠋ᠢᠨ ᠥᠭ᠌ᠭᠦᠭ᠌ᠰᠡᠨ ᠬᠠᠷᠢᠭᠤᠯᠲᠠ ᠭᠡᠪᠡᠯ ᠄ ᠨᠢᠳᠤᠯᠵᠤ ᠡᠳ᠋ᠰᠢᠭᠦᠯᠬᠦ ᠡᠨᠡ ᠬᠦ᠌ ᠭᠤᠤᠯ ᠭᠣᠭ᠍ᠴᠣᠭᠠ ᠢ᠋ᠢ ᠦᠨᠡᠨ ᠬᠦ᠌ ᠬᠦᠴᠦᠷᠬᠡᠭ᠌ᠵᠢᠭᠦᠯᠦᠨᠡ!
ᠲᠦᠩᠯᠢᠶᠣᠤ ᠬᠣᠲᠠ 《ᠮᠢᠬᠠᠨ ᠤ᠋ ᠦᠬᠡᠷ ᠬᠤᠳᠠᠯᠳᠤᠬᠤ》 ᠡᠴᠡ《ᠦᠬᠡᠷ ᠤ᠋ᠨ ᠮᠢᠬ᠎ᠠ ᠬᠤᠳᠠᠯᠳᠤᠬᠤ》ᠳᠠᠢᠰᠢ ᠰᠢᠯᠵᠢᠬᠦ ᠢ᠋ᠢ ᠲᠦᠷᠭᠡᠳᠭᠡᠨ ᠠᠬᠢᠭᠤᠯᠵᠤ᠂ ᠵᠠᠬ᠎ᠠ ᠳᠡᠯᠭᠡᠭᠦᠷ ᠢ᠋ ᠨᠡᠭᠡᠭᠡᠨ ᠬᠥᠭ᠌ᠵᠢᠭᠦᠯᠬᠦ᠌ ᠡᠨᠡ ᠬᠦ᠌ 《ᠵᠠᠩᠭᠢᠯᠠᠭ᠎ᠠ》 ᠶ᠋ᠢ ᠴᠢᠩᠭ᠎ᠠ ᠠᠳᠭᠤᠨ ᠂ ᠲᠦᠷᠦᠯ ᠲᠡᠮᠳᠡᠭ᠌ ᠢ᠋ ᠳᠡᠯᠭᠡᠷᠡᠭᠦᠯᠬᠦ᠌ ᠂ ᠨᠠᠷᠢᠯᠢᠭ ᠡᠳ᠋ᠱᠢᠭᠦᠯᠬᠦ᠌᠂ ᠶᠠᠰᠤ ᠴᠢᠨᠠᠷ ᠢ᠋ ᠪᠠᠲᠤᠯᠠᠬᠤ ᠳ᠋ᠤ ᠲᠦᠱᠢᠭ᠌ᠯᠡᠨ ᠨᠢᠲᠤᠯᠬᠤ᠂ ᠪᠣᠷᠳᠣᠬᠤ᠂ ᠦᠷᠡᠵᠢᠭᠦᠯᠦᠨ ᠪᠣᠢᠵᠢᠭᠤᠯᠬᠤ ᠵᠡᠷᠭᠡ ᠪᠠᠭᠤᠷᠠᠶ ᠭᠤᠭᠴᠤᠭ᠎ᠠ ᠢ᠋ᠢ ᠳᠠᠢᠴᠢᠯᠠᠨ ᠱᠢᠪᠲᠤᠯᠤᠯᠲᠠᠭᠠᠷᠭᠠᠪᠠ᠃ ᠪᠥᠬᠥ᠌ ᠬᠣᠲᠠ ᠳ᠋ᠤ ᠣᠳᠣ ᠮᠢᠬᠠᠨ ᠤ᠋ ᠦᠬᠡᠷ ᠨᠢᠳᠤᠯᠬᠤ ᠬᠡᠪᠴᠢᠶᠡᠵᠢᠭ᠌ᠰᠡᠨ ᠠᠵᠤ ᠠᠬᠤᠢᠯᠠᠯ 8 ᠪᠠᠢᠵᠤ ᠂ ᠵᠢᠯ ᠤ᠋ᠨ ᠨᠢᠳᠤᠯᠬᠤ ᠴᠢᠳᠠᠪᠤᠷᠢ ᠨᠢ 125 ᠲᠦᠮᠡᠨ ᠲᠣᠯᠣᠭᠠᠢ ᠳ᠋ᠤ ᠬᠦᠷᠴᠠᠢ᠃ ᠲᠦᠩᠯᠢᠶᠣᠤ ᠬᠤᠳᠠ ᠢ᠋ᠢᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠬᠦᠷᠢᠶᠡᠯᠡᠩ ᠳ᠋ᠤ 45 ᠠᠵᠤ ᠠᠬᠤᠢᠯᠠᠯ ᠰᠠᠭᠤᠷᠢᠱᠢᠵᠤ ᠂ ᠠᠵᠤ ᠦᠢᠯᠡᠰ ᠤ᠋ᠨ ᠪᠦᠯᠦᠭ᠌ᠵᠢᠯ ᠤ᠋ᠨ ᠮᠠᠶᠢᠭ ᠤ᠋ᠨ ᠬᠥᠭ᠌ᠵᠢᠯᠲᠡ ᠢ᠋ᠢ ᠪᠡᠶᠡᠯᠡᠭᠦᠯᠵᠤ᠂ ᠮᠢᠬᠠᠨ ᠤ᠋ ᠦᠬᠡᠷ ᠤ᠋ᠨ ᠠᠵᠢᠯ ᠲᠥᠷᠥᠯ ᠤ᠋ᠨ ᠨᠢᠭᠡ ᠪᠦᠯᠦᠭ ᠬᠣᠱᠢᠭᠤᠴᠢ ᠲᠦᠷᠦᠯ ᠲᠡᠮᠳᠡᠭ ᠢ᠋ ᠠᠮᠵᠢᠯᠲᠠᠲᠠᠶ ᠪᠣᠢᠵᠢᠭᠤᠯᠵᠤ᠂ ᠪᠦᠷᠢᠨ ᠪᠦᠲᠦᠨ ᠠᠵᠤ ᠦᠶ᠋ᠯᠡᠰ ᠤ᠋ᠨ ᠬᠡᠯᠬᠢᠶ᠎ᠡ ᠢ᠋ᠢ ᠪᠦᠷᠢᠯᠳᠦᠭᠦᠯᠪᠠ᠃
ᠣᠳᠣᠬᠠᠨ ᠳ᠋ᠤ᠂ ᠲᠦᠩᠯᠢᠶᠣᠤ ᠬᠣᠲᠠ ᠢ᠋ᠢᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠬᠠᠨᠳᠤᠰᠢ ᠬᠦᠴᠦᠲᠠᠢ ᠪᠤᠯᠵᠤ᠂ ᠮᠢᠬᠠᠨ ᠤ᠋ ᠦᠬᠡᠷ ᠲᠡᠵᠢᠭᠡᠬᠦ᠌ ᠬᠡᠮᠵᠢᠶ᠎ᠡ 500 ᠲᠦᠮᠡ ᠢ᠋ᠢ ᠳᠠᠪᠠᠵᠤ᠂ ᠦᠬᠡᠷ ᠤ᠋ᠨ ᠮᠢᠬ᠎ᠠ ᠵᠢᠴᠢ ᠨᠠᠷᠢᠯᠢᠭ ᠡᠳ᠋ᠱᠢᠭᠦᠯᠦᠭ᠌ᠰᠡᠨ ᠦᠢᠯᠡᠳᠬᠦᠨ ᠢ᠋ ᠳᠤᠮᠳᠠᠳᠤ ᠳᠣᠷᠣᠨᠠᠲᠤ ᠢ᠋ᠢᠨ ᠤᠯᠤᠰ᠂ ᠵᠡᠭᠦᠨ ᠡᠮᠦᠨᠡᠲᠦ ᠠᠽᠢᠶ᠎ᠠ ᠢ᠋ᠢᠨ ᠤᠯᠤᠰ ᠪᠠ ᠭᠠᠵᠠᠷ ᠣᠷᠣᠨ ᠳ᠋ᠤ ᠪᠣᠷᠣᠯᠠᠭᠤᠯᠵᠤ ᠂ ᠮᠢᠬᠠᠨ ᠤ᠋ ᠦᠬᠡᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠦᠶ᠋ᠯᠡᠳᠬᠦᠨᠦ ᠥᠷᠲᠡᠭ 404.9 ᠳ᠋ᠦᠩᠱᠢᠭᠤᠷ ᠲᠥᠭᠥᠷᠢᠭ ᠲᠤ᠌ ᠬᠦᠷᠴᠡᠶ᠃
《ᠲᠦᠩᠯᠢᠶᠣᠤ ᠢ᠋ᠢᠨ ᠮᠢᠬᠠᠨ ᠤ᠋ ᠦᠬᠡᠷ》 ᠡᠴᠡ《ᠲᠦᠩᠯᠢᠶᠣᠤ ᠢ᠋ᠢᠨ ᠦᠬᠡᠷ ᠤ᠋ᠨ ᠮᠢᠬ᠎ᠠ》 ᠳᠠᠢᠰᠢ ᠤᠷᠤᠭᠰᠢᠯᠠᠨ᠎ᠠ
2023 ᠣᠨ ᠳ᠋ᠤ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ 《ᠲᠦᠩᠯᠢᠶᠣᠤ ᠢ᠋ᠢᠨ ᠦᠬᠡᠷ ᠤ᠋ᠨ ᠮᠢᠬ᠎ᠠ》 ᠶ᠋ᠢᠨ ᠱᠢᠮ᠎ᠡ ᠲᠡᠵᠢᠭᠡᠯ ᠶᠠᠰᠤ ᠴᠢᠨᠠᠷ ᠤ᠋ᠨ ᠣᠨᠴᠠᠯᠢᠭ ᠤ᠋ᠨ ᠹᠠᠺᠲ᠋ᠤᠷ ᠤ᠋ᠨ ᠰᠤᠳᠤᠯᠭᠠᠨ ᠤ᠋ ᠮᠡᠳᠡᠭᠦᠯᠦᠯᠲᠡ ᠢ᠋ᠢ ᠨᠡᠢᠲᠡᠯᠡᠵᠦ᠍᠂ ᠲᠦᠩᠯᠢᠶᠣᠤ ᠢ᠋ᠢᠨ ᠦᠬᠡᠷ ᠤ᠋ᠨ ᠮᠢᠬᠠᠢ᠋ᠢᠨ ᠰᠠᠢᠬᠠᠨ᠂ ᠠᠮᠲᠠ ᠬᠢᠬᠡᠳ ᠱᠢᠮ᠎ᠡ ᠲᠡᠵᠢᠭᠡᠯ ᠡᠷᠡᠭᠦᠯ ᠮᠡᠨᠳᠦ᠍ ᠳ᠋ᠤ ᠱᠢᠨᠵᠢᠯᠡᠬᠦ᠌ ᠤᠬᠠᠭᠠᠨᠴᠢ ᠨᠤᠲᠠᠯᠠᠯᠲᠠ ᠬᠢᠵᠡᠶ᠃ 《ᠲᠦᠩᠯᠢᠶᠣᠤ ᠢ᠋ᠢᠨ ᠦᠬᠡᠷ ᠤ᠋ᠨ ᠮᠢᠬ᠎ᠠ》 ᠢ᠋ᠢᠨ ᠱᠢᠯᠢᠳᠡᠭ ᠴᠢᠨᠠᠷᠨᠢ ᠨᠢᠭᠡᠨᠲᠡ ᠥᠷᠭᠡᠨ ᠢ᠋ᠢᠡᠷ ᠮᠡᠳᠡᠷᠡᠭ᠌ᠳᠡᠵᠦ᠍᠂ ᠬᠣᠭᠣᠯᠠᠨ ᠱᠢᠷᠡᠭᠡᠨ ᠳᠡᠭᠡᠷᠡᠬᠢ ᠠᠮᠲᠠᠲᠤ ᠢᠳᠡᠭᠡᠨ ᠪᠤᠯᠪᠠ᠃
ᠮᠠᠯᠵᠢᠯ ᠤ᠋ᠨ ᠲᠠᠯᠠᠪᠠᠢ ᠡᠴᠡ ᠬᠣᠭᠣᠯᠠᠨ ᠱᠢᠷᠡᠭᠡ ᠬᠦᠷᠲᠡᠯ᠎ᠠ᠂ ᠰᠠᠢᠨ ᠦᠬᠡᠷ ᠤ᠋ᠨ ᠮᠢᠬ᠎ᠠ ᠶᠠᠭᠠᠬᠢᠵᠤ ᠢᠷᠡᠭᠰᠡᠨ ᠪᠤᠢ? ᠦᠪᠦᠷ ᠮᠤᠡᠭᠭᠤᠯ ᠤ᠋ᠨ ᠰᠢᠨ᠎ᠠ ᠦᠭᠡᠷ ᠮᠠᠯ ᠠᠵᠤ ᠠᠬᠤᠢ ᠢ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠪᠤᠯ ᠳᠠᠷᠤᠢ ᠭᠡᠷᠡᠴᠢ ᠮᠦᠨ᠃ ᠤᠢᠯᠠᠭᠠᠭᠰᠠᠨ ᠢ᠋ᠢᠡᠷ᠂ ᠲᠤᠰ ᠺᠤᠮᠫᠠᠨᠢ AI ᠬᠤᠮᠵᠢᠶ᠎ᠠ ᠢ᠋ᠢ ᠬᠡᠷᠡᠭᠯᠡᠨ ᠲᠤᠭ᠎ᠠ ᠪᠠᠷᠢᠮᠲᠠ ᠢ᠋ᠢ ᠬᠢᠨᠠᠨ ᠡᠵᠡᠮᠳᠡᠵᠤ᠂ ᠪᠦᠬᠦ ᠶᠠᠪᠤᠴᠠ ᠢ᠋ᠢ ᠮᠦᠷᠳᠡᠬᠦ ᠶᠠᠰᠤ ᠴᠢᠨᠠᠷ ᠤ᠋ᠨ ᠪᠠᠷᠢᠮᠵᠢᠶ᠎ᠠ ᠪᠠ ᠬᠡᠪᠴᠢᠶᠡᠵᠢᠬᠦᠯᠬᠦ ᠬᠡᠷᠡᠭᠴᠡᠬᠡ ᠳ᠋ᠤ ᠬᠦᠷᠭᠡᠵᠤ᠂ ᠪᠦᠬᠦ ᠠᠵᠤ ᠦᠢᠯᠡᠰ ᠤ᠋ᠨ ᠬᠡᠯᠬᠢᠶ᠎ᠠ ᠢ᠋ᠢᠨ ᠡᠵᠡᠮᠳᠡᠵᠤ ᠪᠤᠯᠬᠤ ᠪᠠ ᠴᠢᠨᠠᠷ ᠰᠠᠢᠲᠠᠢ ᠦᠭᠡᠷ ᠤ᠋ᠨ ᠮᠢᠬᠠᠨ ᠤ᠋ ᠦᠢᠯᠡᠳᠪᠦᠷᠢᠯᠡᠯ ᠢ᠋ ᠪᠡᠶᠡᠯᠡᠭᠦᠯᠵᠤ᠂ ᠬᠤᠷᠴᠢᠨ ᠵᠠᠭᠦᠨ ᠭᠠᠷᠤᠨ ᠬᠤᠢᠳᠤ ᠬᠤᠰᠢᠭᠤᠨ ᠤ᠋ ᠮᠢᠬᠠᠨ ᠤ᠋ ᠦᠭᠡᠷ ᠤ᠋ᠨ ᠠᠵᠤ ᠦᠢᠯᠡᠰ ᠤ᠋ᠨ ᠪᠦᠬᠦ ᠬᠡᠯᠬᠢᠶ᠎ᠠ ᠢ᠋ᠢᠨ ᠬᠦᠭᠵᠢᠯᠲᠡ ᠢ᠋ᠢ ᠠᠬᠢᠭᠤᠯᠬᠤ ᠲᠦᠯᠦᠭᠡᠯᠡᠭᠴᠢ ᠪᠤᠯᠤᠭᠰᠠᠨ ᠪᠠᠢᠨ᠎ᠠ᠃
ᠲᠦᠩᠯᠢᠶᠣᠤ ᠬᠣᠲᠠ ᠣᠳᠣᠬᠢᠴᠢᠯᠠᠭ᠍ᠰᠠᠨ ᠮᠡᠷᠭᠡᠵᠢᠯ ᠢ᠋ ᠭᠦᠶ᠋ᠴᠡᠳ ᠠᠱᠢᠭ᠍ᠯᠠᠨ᠂ ᠪᠥᠬᠥ᠌ ᠤᠯᠤᠰ ᠲᠤ᠌ ᠡᠩ ᠲᠡᠷᠢᠭᠦᠨ ᠳ᠋ᠤ ᠡᠳᠦᠷ ᠲᠤᠲᠤᠮ ᠤ᠋ᠨ ᠲᠡᠵᠢᠭᠡᠨ ᠦᠷᠡᠵᠢᠭᠦᠯᠬᠦ᠌᠂ ᠨᠢᠲᠤᠯᠵᠤ ᠡᠳ᠋ᠱᠢᠭᠦᠯᠬᠦ᠌᠂ ᠪᠣᠷᠣᠯᠠᠭᠤᠯᠭ᠎ᠠ ᠢ᠋ᠢᠨ ᠭᠦᠶ᠋ᠯᠭᠡᠭᠡ ᠵᠡᠷᠭᠡ ᠭᠣᠭ᠍ᠴᠣᠭᠠ ᠢ᠋ᠢ ᠬᠠᠮᠤᠷᠤᠭ᠍ᠰᠠᠨ ᠶᠠᠰᠤ ᠴᠢᠨᠠᠷ ᠤ᠋ᠨ ᠠᠮᠤᠷ ᠲᠦᠪᠱᠢᠨᠦ ᠮᠥᠷᠳᠡᠨ ᠤᠬᠤᠴᠢᠯᠠᠬᠤ ᠱᠢᠰᠲ᠋ᠧᠮ ᠢ᠋ ᠪᠠᠢᠭᠤᠯᠵᠤ᠂ ᠠᠷᠠᠳ ᠣᠯᠠᠨ ᠤ᠋ 《ᠢᠳᠡᠭᠡᠨ ᠤᠮᠳᠠᠭᠠᠨ ᠤ᠋ ᠠᠮᠤᠷ ᠲᠦᠪᠱᠢᠨ》 ᠢ᠋ ᠪᠠᠲᠤᠯᠠᠪᠠ᠃ ᠡᠭᠦᠨᠦ ᠬᠠᠮᠲᠤ᠂ ᠲᠥᠷᠥᠯ ᠲᠡᠮᠳᠡᠭ᠌ ᠢ᠋ᠢᠡᠷ ᠬᠣᠲᠠᠪᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ ᠢ᠋ᠢ ᠭᠦᠨᠵᠡᠭᠡᠶ ᠬᠡᠷᠡᠭ᠌ᠵᠢᠭᠦᠯᠵᠦ᠍᠂ 《ᠲᠦᠩᠯᠢᠶᠣᠤ ᠢ᠋ᠢᠨ ᠮᠢᠬᠠᠨ ᠤ᠋ ᠦᠬᠡᠷ》 ᠂ 《ᠲᠦᠩᠯᠢᠶᠣᠤ ᠢ᠋ᠢᠨ ᠦᠬᠡᠷ ᠤ᠋ᠨ ᠮᠢᠬ᠎ᠠ》 ᠢ᠋ᠢᠨ ᠣᠷᠣᠨ ᠪᠦᠰᠡ ᠢ᠋ᠢᠨ ᠨᠡᠢᠲᠡ ᠢ᠋ᠢᠨ ᠬᠡᠷᠡᠭ᠌ᠯᠡᠭᠡᠨᠦ ᠲᠥᠷᠥᠯ ᠲᠡᠮᠳᠡᠭ᠌᠂ ᠠᠵᠤ ᠠᠬᠤᠢᠯᠠᠯ ᠤ᠋ᠨ ᠲᠥᠷᠥᠯ ᠲᠡᠮᠳᠡᠭ᠌᠂ ᠣᠨᠴᠠᠯᠢᠭ᠍ᠲᠤ ᠦᠬᠡᠷ ᠤ᠋ᠨ ᠮᠢᠬᠠᠨ ᠤ᠋ ᠪᠦᠲᠦᠭᠡᠭ᠌ᠳᠡᠬᠦᠨᠦ ᠲᠥᠷᠥᠯ ᠲᠡᠮᠳᠡᠭ᠌ ᠢ᠋ ᠤᠬᠠᠭᠤᠯᠤᠨ ᠳᠡᠯᠭᠡᠷᠡᠭᠦᠯᠬᠦ᠌ ᠢ᠋ᠢ ᠴᠢᠩᠭᠠᠷᠠᠭᠤᠯᠪᠠ᠃ ᠣᠳᠣᠬᠠᠨ ᠳ᠋ᠤ᠂ ᠪᠥᠬᠥ᠌ ᠤᠯᠤᠰ ᠪᠥᠬᠥ᠌ ᠣᠷᠣᠨ ᠤ᠋ ᠨᠠᠷᠠᠲᠤ ᠠᠵᠤ ᠠᠬᠤᠢᠯᠠᠯ ᠤ᠋ᠨ ᠲᠦᠷᠦᠯ ᠲᠡᠮᠳᠡᠭ 30 ᠭᠠᠷᠤᠶ᠂ ᠦᠶ᠋ᠯᠡᠳᠬᠦᠨᠦ ᠲᠦᠷᠦᠯ ᠲᠡᠮᠳᠡᠭ ᠵᠠᠭᠤ ᠭᠠᠷᠤᠶ ᠪᠤᠯᠵᠤ᠂ ᠱᠢᠶᠠᠩᠭᠠᠩ ᠣᠣᠮᠧᠨ ᠳ᠋ᠤ ᠬᠠᠩᠭᠠᠬᠤ ᠠᠮᠢᠳᠤ ᠦᠬᠡᠷ ᠵᠢᠯ ᠪᠦᠷᠢ ᠳᠤᠮᠳᠠᠴᠢ ᠪᠡᠷ 2 ᠲᠦᠮᠡ ᠢ᠋ᠢ ᠳᠠᠪᠠᠭᠰᠠᠨ ᠪᠠᠢᠨ᠎ᠠ᠃《ᠲᠦᠩᠯᠢᠶᠣᠤ ᠮᠢᠬᠠᠨ ᠤ᠋ ᠦᠬᠡᠷ》 ᠤ᠋ᠨ ᠣᠷᠣᠨ ᠪᠦᠰᠡ ᠢ᠋ᠢᠨ ᠨᠡᠢᠲᠡ ᠢ᠋ᠢᠨ ᠬᠡᠷᠡᠭ᠌ᠯᠡᠭᠡᠨᠦ ᠲᠥᠷᠥᠯ ᠲᠡᠮᠳᠡᠭ᠌ ᠤ᠋ᠨ ᠥᠷᠲᠡᠭ 267.8 ᠳ᠋ᠦᠩᠱᠢᠭᠤᠷ ᠲᠥᠭᠥᠷᠢᠭ ᠲᠤ᠌ ᠬᠦᠷᠴᠦ᠍᠂ ᠪᠥᠬᠥ᠌ ᠤᠯᠤᠰ ᠤ᠋ᠨ ᠮᠠᠯ ᠤ᠋ᠨ ᠠᠱᠢᠭ ᠱᠢᠮ᠎ᠡ ᠢ᠋ᠢᠨ ᠪᠦᠲᠦᠭᠡᠭᠳᠡᠭᠦᠨ ᠤ᠋ ᠲᠡᠷᠢᠭᠦᠨ ᠳ᠋ᠤ ᠵᠢᠭᠰᠠᠪᠠ᠃
《2024 ᠣᠨ ᠳ᠋ᠤ᠂ ᠪᠢᠳᠡ ᠪᠥᠬᠥ᠌ ᠤᠯᠤᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠲᠡᠷᠢᠬᠥᠨ ᠪᠠᠯᠭᠠᠰᠤ ᠢ᠋ᠢ ᠪᠥᠲᠥᠭᠡᠨ ᠪᠠᠢᠭᠤᠯᠬᠤ ᠶᠡᠷᠦᠩᠬᠡᠶ ᠬᠠᠷᠠᠯᠲᠠ ᠢ᠋ᠢᠨ ᠲᠣᠭᠣᠷᠢᠨ ᠳ᠋ᠤ᠂ 〈ᠨᠢᠭᠡ ᠲᠥᠪ ᠂ ᠭᠤᠷᠪᠠᠨ ᠬᠦᠷᠢᠶᠡᠯᠡᠩ ᠲᠣᠭᠣᠷᠢᠭ᠂ ᠲᠠᠪᠤᠨ ᠰᠠᠭᠤᠷᠢᠨ ᠭᠠᠵᠠᠷ〉 ᠢ᠋ ᠲᠦᠷᠭᠡᠳᠭᠡᠨ ᠪᠥᠲᠥᠭᠡᠨ ᠪᠠᠢᠭᠤᠯᠵᠤ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠪᠥᠬᠥ᠌ ᠤᠯᠤᠰ ᠤ᠋ᠨ ᠲᠤᠰᠭᠠᠶ ᠣᠷᠣᠨ ᠤ᠋ ᠲᠠᠰ ᠤ᠋ᠨ ᠬᠣᠲᠠ ᠢ᠋ᠢᠨ ᠳᠣᠲᠣᠷᠠᠬᠢ ᠲᠣᠭ᠎ᠠ ᠪᠡᠷ ᠨᠢᠭᠡᠳᠦᠭᠡᠷ ᠲᠤ᠌ ᠵᠢᠬᠰᠠᠵᠤ ᠪᠠᠢᠭ᠍ᠰᠠᠨ ᠡᠴᠡᠪᠠᠨ ᠶᠡᠷᠦᠩᠬᠡᠢᠯᠡᠭ᠌ᠰᠡᠨ ᠦᠷ᠎ᠡ ᠠᠱᠢᠭ ᠢ᠋ᠢᠡᠷ ᠨᠢᠭᠡᠳᠦᠭᠡᠷ ᠲᠤ᠌ ᠣᠷᠣᠬᠤ ᠢ᠋ᠢ ᠦᠷᠭᠦᠯᠵᠢᠯᠡᠨ ᠠᠬᠢᠭᠤᠯᠵᠤ᠂ ᠨᠢᠲᠤᠯᠵᠤ ᠡᠳ᠋ᠱᠢᠭᠦᠯᠬᠦ᠌᠂ ᠲᠥᠷᠥᠯ ᠲᠡᠮᠳᠡᠭ ᠤ᠋ᠨ ᠠᠯᠳᠠᠷᠱᠢᠯ ᠪᠠ ᠨᠥᠯᠥᠭᠡᠯᠡᠬᠦ᠌ ᠬᠦᠴᠦᠨ᠂ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠪᠠᠲᠤᠯᠠᠭ᠎ᠠ ᠢ᠋ᠢᠨ ᠴᠢᠳᠠᠪᠤᠷᠢ ᠵᠡᠷᠭᠡ〈ᠵᠢᠷᠭᠤᠭᠠᠨ ᠪᠥᠬᠥ᠌ ᠤᠯᠤᠰ ᠲᠤ᠌ ᠨᠢᠭᠡᠳᠦᠭᠡᠷ ᠲᠤ᠌ ᠣᠷᠣᠬᠤ〉 ᠬᠠᠷᠠᠯᠲᠠ ᠢ᠋ᠢ ᠪᠡᠶᠡᠯᠡᠭᠦᠯᠬᠦ᠌ᠪᠡᠷ ᠴᠢᠷᠮᠠᠢᠨ᠎ᠠ》 ᠭᠡᠵᠤ ᠲᠦᠩᠯᠢᠶᠣᠤ ᠬᠣᠲᠠ ᠢ᠋ᠢᠨ ᠲᠠᠷᠢᠶᠠᠯᠠᠩ ᠮᠠᠯ ᠠᠵᠤ ᠠᠬᠤᠶ ᠢ᠋ᠢᠨ ᠲᠣᠪᠴᠢᠶᠠᠨ ᠤ᠋ ᠳᠡᠳ᠋ ᠳᠠᠷᠤᠭ᠎ᠠ ᠮᠠ ᠬᠠᠶ ᠹᠸᠩ ᠢᠲᠡᠭᠡᠯ ᠲᠡᠭᠦᠯᠳᠡᠷ ᠭᠡᠯᠡᠨ᠎ᠠ᠃