ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠳᠡ ᠱᠢᠪᠲᠤᠯᠬᠤ》 ᠴᠢᠩᠭ᠎ᠠ ᠪᠤᠳᠠᠳᠤ ᠬᠦᠴᠦᠨ᠎ᠢ ᠢᠯᠡᠷᠡᠭᠦᠯᠤᠯ᠎ᠠ
2024-12-01 11:46:34
ᠵᠣᠬᠢᠶᠠᠭ᠍ᠴᠢ᠄
ᠵᠧᠩ ᠱᠢᠤᠸᠠᠢ ᠯᠢᠶᠠᠩ ᠡᠦ ᠽᠢ ᠱᠢᠤᠸᠠᠨ
ᠣᠩᠱᠢᠭ᠍ᠰᠠᠨ ᠣᠳᠠᠭ᠎ᠠ᠄
★★★☆☆

《ᠰᠢᠷᠬᠡᠭ ᠡᠪᠡᠰᠦ》 ᠡᠴᠡ ᠠᠪᠤᠭᠠᠳ 《ᠴᠣᠮᠣ ᠰᠦ》 ᠵᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ ᠬᠦᠷᠲᠡᠯ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠮᠢᠩᠭᠠᠨ ᠳ᠋ᠦᠩᠱᠢᠭᠤᠷ᠎ᠤᠨ ᠲᠡᠰ᠎ᠤᠨ ᠠᠵᠤ ᠦᠢᠯᠡᠰ᠎ᠦᠨ ᠪᠦᠯᠦᠭ᠌ᠵᠢᠯ᠎ᠢ ᠪᠣᠢᠵᠢᠭᠤᠯᠪᠠ ;

ᠪᠦᠬᠦ᠌ ᠪᠥᠮᠪᠥᠷᠴᠡᠭ᠎ᠦᠨ ᠲᠡᠷᠢᠭᠦᠨ᠎ᠦ ᠱᠢᠯᠦᠬᠡᠶ ᠡᠪᠡᠳᠴᠢᠨ᠎ᠦ ᠸᠠᠺᠼᠢᠨ᠂ ᠳᠠᠭᠠᠯᠲᠠ ᠢᠰᠭᠡᠭᠦᠷ Q10᠂ ᠥᠨᠳᠥᠷ ᠦᠷ᠎ᠡ ᠠᠱᠢᠭ᠍ᠲᠤ ᠰᠢᠷ᠎ᠠ ᠬᠥᠭᠡᠴᠦ᠍᠎ᠶ᠋ᠢᠨ ᠡᠳ᠋᠎ᠦᠨ ᠦᠶ᠋ᠯᠡᠳᠪᠦᠷᠢᠯᠡᠯ᠎ᠦᠨ ᠰᠠᠭᠤᠷᠢᠨ ᠪᠠᠢᠭᠤᠯᠤᠭ᠍ᠳᠠᠭ᠍ᠰᠠᠨ᠎ᠡᠴᠡ ᠠᠪᠤᠭᠠᠳ ᠶᠤᠸᠠᠨ ᠵᠢᠩ ᠣᠶᠤᠨᠴᠢ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ᠂ ᠬᠤᠸᠠ ᠶᠣᠣ ᠬᠡᠷᠡᠯᠴᠢ ᠴᠠᠬᠢᠯᠭᠠᠨ᠎ᠤ 12GW᠎ᠤ᠋ᠨ ᠲᠠᠩ ᠲᠠᠯᠠᠰᠲᠤ ᠴᠠᠬᠢᠭᠤᠷ᠎ᠤᠨ ᠢᠯᠲᠠᠰᠤ᠂ ᠱᠢᠨ ᠬᠤᠸᠠᠨ᠎ᠤ 10 ᠲᠦᠮᠡᠨ ᠲᠣᠨ᠎ᠤ ᠮᠥᠬᠥᠯᠢᠭ᠌ᠲᠦ ᠴᠠᠬᠢᠭᠤᠷ ᠵᠡᠷᠭᠡ ᠲᠥᠷᠥᠯ ᠵᠦᠶ᠋ᠯ ᠬᠤᠢᠨ᠎ᠠ ᠬᠤᠢᠨ᠎ᠠ ᠡᠴᠡ ᠪᠠᠨ ᠠᠱᠢᠭ᠍ᠯᠠᠯᠲᠠ᠎ᠳᠤ ᠤᠷᠤᠭ᠍ᠰᠠᠨ᠂ ᠵᠢᠤ᠎ᠲᠠᠢ᠎ᠶ᠋ᠢᠨ 30 ᠲᠦᠮᠡᠨ ᠲᠣᠨ᠎ᠤ ᠬᠡᠯᠬᠢᠶ᠎ᠡ᠎ᠶ᠋ᠢ ᠤᠷᠲᠤᠳᠬᠠᠨ ᠨᠥᠬᠥᠪᠥᠷᠢᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ᠂ ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠮᠧᠲ᠋ᠢᠯ ᠠᠯᠳᠧᠭᠢᠳ᠋᠎ᠦᠨ ᠪᠥᠭᠡᠭᠡᠨᠡᠷᠡᠯ᠎ᠢ ᠲᠠᠰ ᠳᠡᠪᠱᠢᠭᠦᠯᠬᠦ᠌ ᠥᠭᠡᠷᠡᠴᠢᠯᠡᠨ ᠰᠠᠢᠵᠢᠷᠠᠭᠤᠯᠤᠯᠲᠠ ᠵᠡᠷᠭᠡ ᠲᠥᠷᠥᠯ ᠵᠦᠶ᠋ᠯ᠎ᠢ ᠯᠠᠪᠳᠠᠭᠤᠨ᠎ᠢᠶᠠᠷ ᠠᠬᠢᠭᠤᠯᠤᠭ᠍ᠰᠠᠨ ᠬᠦᠷᠲᠡᠯ᠎ᠡ ᠁

ᠡᠲᠡᠭᠡᠷ ᠠᠯᠢ ᠣᠯᠠᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥᠯ ᠵᠦᠶ᠋ᠯ᠎ᠢ ᠠᠮᠵᠢᠯᠲᠠ᠎ᠲᠠᠶ ᠬᠡᠷᠡᠭ᠌ᠵᠢᠭᠦᠯᠦᠭ᠌ᠰᠡᠨ᠎ᠨᠢ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠴᠢᠩᠭ᠎ᠠ ᠬᠦᠴᠦᠳᠡᠢ ᠪᠤᠳᠠᠳᠤ ᠬᠦᠴᠦᠨ᠎ᠢ ᠢᠯᠡᠷᠡᠭᠦᠯᠪᠡ᠃

ᠣᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ ᠤᠯᠤᠰ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠯᠬᠤᠭ᠎ᠠ᠎ᠶ᠋ᠢ ᠴᠢᠩᠭ᠎ᠠ ᠳᠠᠭᠠᠵᠤ᠂ ᠬᠣᠶᠠᠷ ᠶᠡᠬᠡ ᠶᠠᠪᠤᠳᠠᠯ ᠵᠢᠴᠢ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠭᠤᠤᠯ ᠡᠭᠦᠷᠭᠡ᠎ᠶ᠋ᠢᠨ ᠲᠣᠭᠣᠷᠢᠨ᠎ᠳᠤ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 《ᠪᠡᠭᠡᠵᠢᠩ ᠲᠢᠶᠠᠨᠵᠢᠨ ᠾᠧᠪᠧᠶ》 ᠶ᠋ᠢᠨ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠳᠦ ᠢᠳᠡᠪᠬᠢᠲᠡᠶ ᠠᠭᠤᠰᠤᠯᠴᠠᠵᠤ᠂ ᠪᠡᠭᠡᠵᠢᠩ ᠬᠣᠲᠠ᠎ᠶ᠋ᠢᠨ ᠬᠠᠢᠳᠢᠶᠠᠨ ᠲᠣᠭᠣᠷᠢᠭ᠎ᠲᠠᠶ ᠭᠠᠷ ᠬᠣᠯᠪᠣᠨ 《ᠬᠣᠶᠠᠷ ᠴᠠᠭ᠎ᠤᠨ ᠱᠢᠨ᠎ᠡ᠎ᠶ᠋ᠢ ᠡᠭᠦᠳᠬᠦ᠌ ᠲᠣᠭᠣᠷᠢᠭ》 ᠢ᠋ ᠬᠠᠮᠲᠤ᠎ᠪᠠᠷ ᠪᠠᠢᠭᠤᠯᠵᠤ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠪᠦᠰᠡᠯᠡᠯᠳᠡ ᠱᠢᠪᠲᠤᠯᠬᠤ᠌ 《ᠭᠠᠪᠱᠢᠭᠠᠶ ᠠᠩᠭᠢ》 ᠶ᠋ᠢᠨ ᠡᠬᠦᠷᠬᠡ ᠵᠢ ᠵᠣᠷᠢᠭ᠍ᠲᠠᠶ ᠡᠭᠦᠷᠭᠡᠯᠡᠵᠦ᠍᠂ ᠣᠷᠣᠨ ᠪᠦᠰᠡ᠎ᠶ᠋ᠢᠨ ᠴᠢᠳᠠᠪᠦᠷᠢᠳᠠᠨ ᠤ᠋ ᠲᠦᠪ ᠪᠠ ᠰᠢᠨ᠎ᠡ ᠵᠢ ᠡᠬᠦᠳᠬᠦ ᠦᠨᠳᠦᠷᠯᠢᠭ ᠢ᠋ ᠬᠦᠴᠦᠯᠡᠨ ᠪᠠᠢᠭᠤᠯᠵᠤ᠂ ᠦᠨᠳᠦᠷ ᠲᠦᠪᠰᠢᠨ ᠪᠦᠬᠦᠢ ᠤᠯᠤᠰ ᠤ᠋ᠨ ᠰᠢᠨ᠎ᠡ ᠵᠢ ᠡᠬᠦᠳᠬᠦ ᠬᠡᠯᠪᠡᠷᠢ ᠵᠢᠨ ᠬᠤᠳᠠ ᠵᠢ ᠴᠢᠷᠮᠠᠢᠨ ᠪᠠᠢᠭᠤᠯᠵᠦ ᠪᠠᠢᠨ᠎ᠠ᠃

2023 ᠣᠨ᠎ᠳᠤ ᠬᠥᠬᠡᠬᠣᠲᠠ ᠪᠥᠬᠥ᠌ ᠤᠯᠤᠰ᠎ᠤᠨ 288 ᠲᠤᠰᠭᠠᠶ ᠣᠷᠣᠨ᠎ᠤ ᠲᠠᠰ ᠵᠢᠴᠢ ᠲᠡᠭᠦᠨ᠎ᠡᠴᠡ ᠳᠡᠭᠡᠭ᠌ᠰᠢᠬᠢ ᠬᠣᠲᠠ᠎ᠶ᠋ᠢᠨ ᠳᠣᠲᠣᠷ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠢᠭᠠᠯᠲᠠ ᠲᠣᠭ᠎ᠠ 30 ᠳ᠋ᠤᠭᠠᠷ᠎ᠲᠤ ᠤᠷᠤᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ᠎ᠳᠤ ᠲᠦᠷᠦᠭᠦᠯᠡᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠭᠣᠣᠯᠯᠠᠭ᠍ᠴᠢ ᠬᠥᠳᠡᠯᠭᠡᠬᠦ ᠬᠦᠴᠦᠨ ᠮᠥᠨ᠂ ᠪᠠᠰᠠ ᠴᠤ᠌ ᠣᠷᠣᠨ᠎ᠤ ᠲᠥᠪ ᠬᠤᠳᠠ ᠵᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠦᠭᠡᠢ ᠶᠠᠪᠤᠬᠤ ᠵᠠᠮ ᠮᠥᠨ᠃

ᠱᠢᠨ᠎ᠡ ᠪᠠᠢᠳᠠᠯ ᠳᠣᠣᠷ᠎ᠠ᠂ ᠬᠥᠬᠡᠬᠣᠲᠠ 《ᠤᠮᠠᠷᠠᠳᠤ ᠬᠡᠰᠡᠭ ᠲᠤ᠌ ᠰᠤᠳᠤᠯᠤᠨ ᠨᠡᠭᠡᠭᠡᠬᠦ᠌᠂ ᠳᠤᠮᠳᠠ ᠬᠡᠰᠡᠭ ᠲᠤ᠌ ᠨᠡᠪᠴᠢᠭᠦᠯᠬᠦ᠌᠂ ᠡᠮᠦᠨᠡᠳᠤ ᠬᠡᠰᠡᠭ ᠲᠤ᠌ ᠬᠡᠷᠡᠭ᠌ᠵᠢᠭᠦᠯᠬᠦ》 ᠱᠢᠨ᠎ᠡ᠎ᠶ᠋ᠢ ᠡᠭᠦᠳᠬᠦ᠌ ᠪᠠᠢᠷᠢᠱᠢᠯ᠎ᠢ ᠠᠯᠬᠤᠮ ᠠᠯᠬᠤᠮ᠎ᠢᠶᠠᠷ ᠪᠠᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠪᠠᠷᠠᠯᠠᠯᠲᠦ ᠴᠢᠨᠠᠷᠲᠠᠢ ᠪᠠᠢᠷᠢᠱᠢᠭᠤᠯᠵᠤ᠂ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠴᠢᠷᠮᠠᠢᠨ ᠡᠵᠡᠯᠡᠵᠦ᠍᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠢᠨᠵᠧᠨᠧᠷᠢᠩ ᠳᠤᠮᠳᠠ ᠬᠥᠬᠡᠬᠣᠲᠠ ᠲᠤᠰᠭᠠᠢ ᠮᠡᠷᠭᠡᠵᠢᠯᠲᠡᠨ᠎ᠦ ᠪᠦᠯᠬᠦᠮ᠂ ᠲᠠᠭᠠᠭᠤᠯᠤᠬ᠍ᠴᠢ ᠠᠵᠤ ᠠᠬᠤᠢᠯᠠᠯ ᠵᠢᠴᠢ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢᠶᠠᠷ ᠴᠢᠬᠤᠯᠠ ᠲᠤᠯᠭᠠᠭᠤᠷᠢᠯᠠᠬᠤ ᠴᠡᠭ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ᠎ᠶ᠋ᠢᠨ ᠲᠡᠰ ᠵᠡᠷᠭᠡ 3 ᠳᠠᠪᠬᠤᠷᠭ᠎ᠠ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠪᠠ᠃

ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠲᠠᠯ᠎ᠠ᠎ᠪᠠᠷ᠂ ᠵᠠᠩ ᠶᠦᠩ ᠠᠺᠠᠳᠧᠮᠢᠴᠢ ᠪᠣᠯᠤᠨ ᠯᠢ ᠰᠢ ᠾᠧ ᠫᠷᠤᠹᠧᠰᠰᠤᠷ ᠤ᠋ᠨ ᠪᠦᠯᠬᠦᠮ᠎ᠦᠨ ᠬᠦᠴᠦᠷᠬᠡᠭ ᠶᠡᠬᠡ ᠪᠣᠳᠠᠲᠤ ᠬᠦᠴᠦᠨ᠎ᠳᠦ ᠲᠦᠱᠢᠭ᠌ᠯᠡᠨ᠂ 《ᠰᠦᠷᠬᠦ ᠵᠢ ᠲᠠᠭᠠᠭᠠᠬᠤ ᠪᠦᠬᠡᠳ ᠡᠪᠡᠳᠴᠢᠨ᠎ᠢ ᠡᠰᠡᠷᠭᠦᠴᠡᠬᠦ᠌ ᠴᠢᠳᠡᠪᠦᠷᠢ ᠪᠡᠷ ᠴᠢᠩᠭ᠎ᠠ ᠥᠨᠳᠥᠷ ᠭᠠᠷᠤᠯᠲᠠ᠎ᠲᠠᠶ ᠦᠬᠡᠷ᠎ᠦᠨ ᠱᠢᠨ᠎ᠡ ᠡᠭᠦᠯᠳᠡᠷ᠎ᠢ ᠲᠥᠯᠥᠪᠯᠡᠬᠦ᠌ ᠪᠠ ᠪᠣᠢᠵᠢᠭᠤᠯᠬᠤ》 ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠢ ᠠᠩᠬ᠎ᠠ ᠤᠳᠠᠭ᠎ᠠ ᠭᠥᠯᠢᠶᠡᠨ ᠠᠪᠴᠠᠶ᠃ ᠭᠡᠷᠡᠯᠴᠢ ᠵᠤᠷᠪᠤᠰ᠂ ᠰᠦ᠎ᠶ᠋ᠢᠨ ᠦᠢᠯᠡᠰ᠂ ᠰᠦᠨ ᠬᠦᠴᠢᠯ᠎ᠦᠨ ᠪᠠᠺᠲ᠋ᠧᠷᠢ᠎ᠶ᠋ᠢᠨ 3 ᠴᠡᠭ ᠨᠢ ᠠᠮᠵᠢᠯᠳᠠ ᠲᠠᠢ ᠪᠡᠷ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ᠎ᠱᠢᠪᠲᠤᠯᠬᠤ》 ᠢᠨᠵᠧᠨᠧᠷᠢᠩ᠎ᠢᠶᠡᠷ ᠰᠤᠩᠭᠤᠬᠳᠠᠪᠠ᠃

ᠡᠭᠦᠨ᠎ᠦ ᠬᠠᠮᠲᠤ᠂ ᠲᠡᠷᠢᠬᠢ ᠪᠠ ᠮᠠᠰᠢᠨ ᠎ᠢ ᠵᠠᠯᠭᠠᠬᠤ᠂ ᠠᠵᠤ ᠦᠶ᠋ᠯᠡᠳᠪᠦᠷᠢ᠎ᠶ᠋ᠢᠨ ᠵᠥᠭᠡᠯᠡᠨ ᠲᠣᠨᠣᠭ᠂ ᠡᠨᠧᠷᠭᠢ ᠬᠠᠳᠠᠭᠠᠯᠠᠬᠤ ᠵᠡᠷᠭᠡ ᠬᠦᠷᠢᠶᠡᠨ᠎ᠳᠦ ᠬᠣᠲᠠ᠎ᠶ᠋ᠢᠨ ᠲᠠᠰ᠎ᠤᠨ 15 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠲᠥᠷᠥᠯ ᠵᠦᠶ᠋ᠯ᠎ᠢ ᠡᠬᠢᠯᠡᠨ ᠬᠡᠷᠡᠭ᠌ᠵᠢᠭᠦᠯᠪᠡ᠃

ᠡᠭᠦᠨ᠎ᠳᠦ᠂ ᠴᠧᠨ ᠷᠦᠨ ᠱᠧᠩ ᠠᠺᠠᠳᠧᠮᠢᠴᠢ᠎ᠶ᠋ᠢᠨ ᠪᠦᠯᠬᠦᠮ᠎ᠲᠡᠶ ᠬᠠᠮᠲᠤ ᠪᠠᠷ ᠠᠬᠢᠭᠤᠯᠤᠭ᠍ᠰᠠᠨ 《ᠠᠮᠢᠲᠠᠨ᠎ᠤ mRNA ᠸᠠᠺᠼᠢᠨ᠎ᠢ ᠲᠠᠮᠵᠢᠭᠤᠯᠬᠤ ᠱᠢᠰᠲ᠋ᠧᠮ》 ᠤ᠋ᠨ ᠲᠥᠷᠥᠯ ᠵᠦᠶ᠋ᠯ᠂ ᠹᠸᠩ ᠴᠢ ᠠᠺᠠᠳᠧᠮᠢᠴᠢ᠎ᠶ᠋ᠢᠨ ᠪᠦᠯᠬᠦᠮ᠎ᠲᠡᠶ ᠬᠠᠮᠲᠤᠷᠠᠯᠴᠠᠭ᠍ᠰᠠᠨ 《ᠬᠤᠵᠢᠷᠯᠢᠭ ᠭᠠᠵᠠᠷ ᠲᠤ᠌ ᠲᠠᠭᠠᠭᠠᠴᠠᠳᠠᠢ ᠴᠠᠷᠭᠠᠰᠤ᠎ᠶ᠋ᠢᠨ ᠡᠭᠦᠯᠳᠡᠷ᠎ᠢ ᠰᠣᠩᠭᠣᠨ ᠪᠣᠢᠵᠢᠭᠤᠯᠬᠤ》 ᠲᠥᠷᠥᠯ ᠵᠦᠶ᠋ᠯ ᠵᠢᠴᠢ ᠴᠧᠨ ᠱᠢ ᠢ ᠠᠺᠠᠳᠧᠮᠢᠴᠢ᠎ᠶ᠋ᠢᠨ ᠪᠦᠯᠬᠦᠮ᠎ᠲᠡᠶ ᠬᠠᠮᠳᠤᠷᠠᠨ ᠥᠷᠨᠢᠭᠦᠯᠦᠭ᠌ᠰᠡᠨ 《ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠨᠢᠰᠦᠭᠦᠷ᠎ᠦᠨ ᠳᠠᠭᠤᠷᠢᠶᠠᠮᠠᠯ ᠪᠤᠳᠤᠯᠲᠠ᠎ᠶ᠋ᠢᠨ ᠨᠡᠭᠡᠭᠡᠯᠲᠡ ᠵᠢᠴᠢ ᠬᠡᠷᠡᠭ᠌ᠯᠡᠯᠲᠡ》 ᠶ᠋ᠢᠨ ᠲᠥᠷᠥᠯ ᠵᠦᠶ᠋ᠯ ᠵᠡᠷᠭᠡ ᠪᠠᠭ᠍ᠲᠠᠨ᠎ᠠ᠃

ᠡᠳᠡᠭᠡᠷ ᠳᠡᠭᠡᠳᠦ ᠲᠡᠰ᠎ᠤᠨ ᠴᠢᠳᠠᠪᠤᠷᠢᠲᠠᠨ᠎ᠲᠠᠶ ᠬᠠᠮᠲᠤᠷᠠᠯᠴᠠᠬᠤ ᠲᠦᠷᠦᠯ ᠵᠦᠢᠯ ᠨᠢ ᠣᠷᠣᠨ᠎ᠤ ᠲᠥᠪ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠮ ᠳᠡᠭᠡᠷ᠎ᠡ ᠯᠠᠪᠳᠠᠭᠤᠨ᠎ᠢᠶᠠᠷ ᠤᠷᠤᠭ᠍ᠰᠢᠯᠠᠬᠤ᠎ᠳᠤ ᠬᠦᠴᠦᠷᠬᠡᠭ ᠶᠡᠬᠡ ᠤᠶᠤᠨ᠎ᠤ ᠬᠦᠴᠦᠨ᠎ᠤ ᠲᠤᠯᠭᠠᠭᠤᠷᠢᠯᠠᠯ ᠬᠠᠩᠭᠠᠪᠠ᠃

ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠬᠥᠬᠡᠬᠣᠲᠠ 《ᠨᠢᠭᠡ ᠣᠷᠣᠨ ᠲᠤᠯᠤᠭᠠᠨ ᠲᠥᠪ》 ᠤ᠋ᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠤᠯᠪᠠ᠃

ᠤᠯᠤᠰ᠎ᠤᠨ ᠰᠦ᠎ᠶ᠋ᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠠᠩᠬ᠎ᠠ ᠤᠳᠠᠭ᠎ᠠ 《ᠴᠢᠳᠠᠮᠵᠢᠲᠤ ᠬᠡᠯᠪᠡᠷᠢ᠎ᠶ᠋ᠢᠨ ᠴᠠᠭᠠᠨ ᠢᠳᠡᠭᠡᠨ ᠦᠢᠯᠡᠳᠬᠦ᠌ ᠪᠠ ᠠᠵᠤ ᠦᠢᠯᠡᠰᠵᠢᠭᠦᠯᠦᠨ ᠵᠢᠱ᠌ᠢᠶ᠎ᠡ ᠦᠵᠡᠭᠦᠯᠬᠦ᠌》 ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠢᠯ᠎ᠢ ᠥᠷᠨᠢᠭᠦᠯᠪᠡ᠃ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠴᠠᠷᠭᠠᠰᠤ᠎ᠶ᠋ᠢᠨ ᠬᠣᠶᠠᠷ ᠱᠢᠨ᠎ᠡ ᠡᠭᠦᠯᠳᠡᠷ ᠤᠯᠤᠰ᠎ᠤᠨ ᠬᠢᠨᠠᠨ ᠲᠣᠭ᠍ᠲᠠᠭᠠᠯᠲᠠ᠎ᠳ᠋ᠤ ᠤᠷᠤᠭ᠍ᠰᠢᠲᠠᠢ ᠬᠢᠷᠢ ᠲᠠᠩᠴᠡᠭᠰᠡᠨ ᠪᠥᠭᠡᠳ ᠴᠡᠯᠡᠭᠡᠷ ᠲᠠᠯ᠎ᠠ ᠤᠯᠠᠨ ᠤᠯᠤᠰ᠎ᠤᠨ ᠡᠪᠡᠰᠦᠨ᠎ᠦ ᠦᠢᠯᠡᠰ᠎ᠦᠨ ᠶᠡᠬᠡ ᠬᠤᠷᠠᠯ᠎ᠢ ᠠᠮᠵᠢᠯᠲᠠ᠎ᠲᠠᠶ ᠡᠷᠬᠢᠯᠡᠪᠡ᠃ ᠠᠮᠢᠲᠠᠨ᠎ᠤ ᠸᠠᠺᠼᠢᠨ᠎ᠤ ᠮᠡᠷᠭᠡᠵᠢᠯ᠎ᠦᠨ ᠲᠥᠪ ᠡᠴᠡ 《ᠤᠯᠤᠰ᠎ᠤᠨ ᠠᠮᠢᠳᠤ ᠭᠠᠬᠠᠶ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠥᠪᠥᠷ ᠮᠣᠩᠭᠣᠯ᠎ᠳᠠᠬᠢ ᠬᠤᠪᠢᠶᠠᠷᠢ ᠲᠥᠪ》 ᠵᠢᠩᠬᠢᠨᠢ᠎ᠪᠡᠷ ᠫᠠᠢᠰᠠ ᠡᠯᠭᠦᠨ ᠪᠠᠢᠭᠤᠯᠤᠬᠳᠠᠪᠠ᠃

ᠡᠭᠦᠨ᠎ᠦ ᠬᠠᠮᠲᠤ᠂ ᠵᠠᠮ ᠬᠠᠷᠢᠯᠴᠠᠭ᠎ᠠ ᠵᠢᠨ ᠦᠢᠯᠡᠰ ᠬᠢᠬᠡᠳ ᠡᠨᠧᠷᠭᠢ᠎ᠶ᠋ᠢᠨ ᠰᠢᠰᠲᠸᠮ ᠤ᠋ᠨ ᠠᠭᠤᠰᠤᠯᠴᠠᠯ᠂ ᠠᠵᠤ ᠦᠶ᠋ᠯᠡᠳᠪᠦᠷᠢ᠎ᠶ᠋ᠢᠨ ᠵᠥᠭᠡᠯᠡᠨ ᠲᠣᠨᠣᠭ᠂ ᠠᠰᠢᠬᠳᠤ ᠪᠠᠺᠲ᠋ᠧᠷᠢ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠢᠴᠢ ᠣᠶᠤᠨᠴᠢ ᠦᠶ᠋ᠯᠡᠳᠬᠦ᠌ ᠦᠶ᠋ᠯᠡᠰ᠎ᠦᠨ ᠰᠤᠳᠤᠯᠭᠠᠨ᠎ᠤ ᠬᠦᠷᠢᠶᠡᠯᠡᠩ᠎ᠦᠨ 4 ᠰᠤᠳᠤᠯᠤᠨ ᠨᠡᠭᠡᠭᠡᠬᠦ᠌ ᠪᠠᠢᠭᠤᠯᠤᠮᠵᠢ ᠪᠣᠳᠠᠲᠤ ᠴᠣᠭ᠍ᠴᠠᠵᠢᠭᠤᠯᠤᠬᠰᠠᠨ ᠠᠵᠢᠯᠯᠠᠭᠠᠨ᠎ᠢ ᠪᠡᠶᠡᠯᠡᠭᠦᠯᠪᠡ᠃ 《ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠢᠯᠡᠰᠵᠢᠯᠲᠡ》᠂ 《ᠲᠠᠷᠢᠶᠠᠨ ᠭᠠᠵᠠᠷ᠎ᠤᠨ ᠬᠦᠴᠦ᠍ ᠱᠢᠮ᠎ᠡ᠎ᠶ᠋ᠢ ᠪᠣᠢᠵᠢᠭᠤᠯᠬᠤ》᠂ 《ᠭᠠᠬᠠᠶ᠎ᠳᠤ ᠬᠡᠷᠡᠭ᠌ᠯᠡᠬᠦ᠌ ᠢᠳᠡᠪᠬᠢ ᠥᠬᠡᠢᠳᠡᠭᠦᠯᠬᠦ᠌ ᠸᠠᠺᠼᠢᠨ》 ᠨᠢ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠂ ᠮᠡᠷᠭᠡᠵᠢᠯ᠎ᠦᠨ ᠡᠭᠦᠳᠦᠯᠲᠡ᠎ᠶ᠋ᠢᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠪᠡ᠃

ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠲᠠᠯ᠎ᠠ᠎ᠪᠠᠷ  ᠬᠥᠬᠡᠬᠣᠲᠠ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠲᠠᠰᠤᠷᠠᠯᠲᠠ ᠦᠭᠡᠢ ᠴᠢᠩᠭᠠᠳᠭᠠᠵᠤ᠂ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ᠎ᠢ ᠶᠡᠬᠡ᠎ᠪᠡᠷ ᠴᠢᠩᠭᠠᠷᠠᠭᠤᠯᠵᠤ᠂ 《ᠬᠠᠳᠠᠭᠤ ᠨᠡᠮᠡᠭ᠌ᠳᠡᠯ — ᠬᠠᠮᠤᠷᠬᠤ ᠶᠤᠰᠤᠳᠠᠢ ᠵᠢ ᠪᠦᠬᠦᠨ᠎ᠢ ᠬᠠᠮᠤᠷᠬᠤ — ᠱᠠᠩᠨᠠᠵᠤ ᠨᠥᠬᠥᠪᠥᠷᠢᠯᠡᠵᠥ ᠤᠷᠮᠠᠱᠢᠭᠤᠯᠬᠤ》 ᠲᠣᠭ᠍ᠲᠠᠴᠠ᠎ᠶ᠋ᠢ ᠪᠠᠢᠭᠤᠯᠪᠠ᠃

ᠬᠣᠲᠠ᠎ᠶ᠋ᠢᠨ ᠱᠠᠲᠤᠨ᠎ᠤ ᠡᠳ᠋᠎ᠦᠨ ᠵᠠᠰᠠᠭ ᠤ᠋ᠨ ᠣᠷᠣᠭᠤᠯᠤᠯᠲᠠ 2.5 ᠳ᠋ᠦᠩᠱᠢᠭᠤᠷ ᠲᠥᠭᠥᠷᠢᠭ᠎ᠲᠦ ᠬᠦᠷᠬᠦ᠌᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠷᠤᠳᠠᠯ᠎ᠢ 4.05 ᠳ᠋ᠦᠩᠱᠢᠭᠤᠷ ᠲᠥᠭᠥᠷᠢᠭ ᠣᠯᠪᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ ᠰᠠᠷ᠎ᠠ ᠨᠢᠬᠡᠪᠦᠷᠢ ᠪᠠᠷ ᠴᠤᠭ᠍ᠯᠠᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠣᠷᠣᠭᠤᠯᠤᠯᠲᠠ᠎ᠶ᠋ᠢ 28.77 ᠳ᠋ᠦᠩᠱᠢᠭᠤᠷ ᠲᠥᠭᠥᠷᠢᠭ ᠠᠬᠢᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠪᠦᠲᠦᠮᠵᠢᠲᠡᠶ ᠬᠥᠲᠥᠯᠥᠨ ᠵᠢᠯᠣᠭᠣᠳᠪᠠ᠃

ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ 《ᠭᠤᠷᠪᠠ᠎ᠶ᠋ᠢ ᠠᠷᠢᠯᠭᠠᠬᠤ ᠠᠵᠢᠯ᠎ᠢ ᠪᠦᠬᠦᠨ᠎ᠢ ᠪᠦᠷᠬᠦᠬᠦᠯᠬᠦ》 ᠠᠵᠢᠯᠯᠠᠭ᠎ᠠ᠎ᠶ᠋ᠢ ᠢᠳᠡᠪᠬᠢᠲᠡᠶ ᠠᠬᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ + ᠠᠵᠤ ᠠᠬᠤᠢᠯᠠᠯ》ᠨᠢᠭᠡᠳ ᠨᠢᠭᠡ᠎ᠪᠡᠷ ᠤᠨᠢᠨ ᠲᠡᠭᠡᠷ᠎ᠡ ᠨᠢ ᠦᠶ᠋ᠯᠡᠴᠢᠯᠡᠬᠦ᠌ ᠵᠠᠭ᠍ᠪᠤᠷ᠎ᠢ ᠪᠠᠢᠭᠤᠯᠪᠠ᠃ ᠠᠵᠤ ᠠᠬᠤᠢᠯᠠᠯ᠎ᠤᠨ 32 ᠣᠨᠴᠠ ᠲᠣᠮᠢᠯᠠᠭ᠍ᠳᠠᠭ᠍ᠴᠢ᠎ᠶ᠋ᠢᠨ ᠠᠵᠢᠯᠯᠠᠬᠤ ᠦᠷᠳᠡᠭᠡ 600 ᠠᠵᠤ ᠠᠬᠤᠢᠯᠠᠯ᠎ᠳᠤ 2000 ᠭᠠᠷᠤᠢ ᠬᠥᠮᠦᠨ ᠤᠳᠠᠭ᠎ᠠ ᠵᠢᠨ ᠮᠡᠷᠭᠡᠵᠢᠯ᠎ᠦᠨ ᠲᠦᠷᠤᠯ᠂ ᠡᠳ᠋᠎ᠦᠨ ᠶᠠᠪᠤᠳᠠᠯ᠎ᠤᠨ ᠲᠦᠷᠤᠯ᠎ᠦᠨ ᠦᠢᠯᠡᠴᠢᠯᠡᠭᠡ ᠬᠠᠩᠭᠠᠵᠠᠢ᠃

240 ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ 1.44 ᠳ᠋ᠦᠩᠱᠢᠭᠤᠷ ᠲᠥᠭᠥᠷᠢᠭ ᠨᠡᠮᠡᠨ ᠪᠤᠳᠤᠵᠥ ᠰᠠᠭᠤᠯᠭᠠᠨ ᠬᠠᠰᠤᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠯᠠ ᠬᠤᠷᠠᠮᠳᠤᠭᠤᠯᠬᠤ ᠬᠡᠷᠡᠭ᠌ᠴᠡᠭᠡ᠎ᠶ᠋ᠢ 2.07 ᠳ᠋ᠦᠩᠱᠢᠭᠤᠷ ᠲᠥᠭᠥᠷᠢᠭ ᠲᠠᠨᠢᠯᠴᠠᠭᠤᠯᠪᠠ᠃

ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠦᠢᠯᠡᠴᠢᠯᠡᠭᠡᠨ᠎ᠦ ᠦᠷᠳᠡᠭᠡ᠎ᠶ᠋ᠢ ᠪᠠᠢᠭᠤᠯᠵᠤ᠂ ᠱᠢᠨ᠎ᠡ᠎ᠪᠡᠷ ᠨᠡᠮᠡᠭ᠌ᠳᠡᠭ᠌ᠰᠡᠨ ᠲᠤᠰᠭᠠᠢ ᠠᠱᠢᠭ 3599 ᠬᠤᠪᠢ ᠪᠠᠢᠵᠤ᠂ ᠡᠭᠦᠨ᠎ᠦ ᠳᠣᠲᠣᠷ᠎ᠠ ᠡᠭᠦᠳᠦᠯᠳᠡ ᠵᠢᠨ ᠲᠤᠰᠭᠠᠢ ᠠᠱᠢᠭ 886 ᠬᠤᠪᠢ ᠪᠠᠢᠨ᠎ᠠ᠃

ᠡᠭᠦᠨ᠎ᠦ ᠬᠠᠮᠲᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠤᠨ ᠱᠠᠲᠤᠯᠵᠢᠨ ᠡᠩᠨᠡᠭᠡ᠎ᠶ᠋ᠢ ᠬᠦᠴᠦᠯᠡᠨ ᠪᠠᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ — ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ — ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ》 ᠢ᠋ ᠪᠣᠢᠵᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠠᠵᠤ ᠠᠬᠤᠢᠯᠠᠯ ᠲᠦᠷᠦᠭᠦᠯᠡᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠥᠷᠨᠢᠭᠦᠯᠬᠦ᠌᠎ᠶ᠋ᠢ ᠠᠬᠢᠭᠤᠯᠪᠠ᠃

ᠣᠳᠣᠬᠠᠨ ᠪᠣᠯᠲᠠᠯ᠎ᠠ  ᠬᠥᠬᠡᠬᠣᠲᠠ 32 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠂ 533 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠵᠢᠴᠢ 649 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠠᠮᠵᠢᠯᠲᠠ᠎ᠲᠠᠶ ᠪᠤᠢᠵᠢᠭᠤᠯᠪᠠ᠃

ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ 224 ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠲᠥᠪ ᠪᠣᠯᠤᠨ 32 ᠠᠵᠤ ᠠᠬᠤᠢᠯᠠᠯ᠎ᠤᠨ ᠣᠨᠴᠠ ᠲᠣᠮᠢᠯᠠᠭ᠍ᠳᠠᠭ᠍ᠰᠠᠳ᠎ᠤᠨ ᠠᠵᠢᠯᠯᠠᠬᠤ ᠦᠷᠳᠡᠭᠡ᠎ᠶ᠋ᠢ ᠪᠠᠢᠭᠤᠯᠵᠤ᠂ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠪᠠᠲᠤ ᠪᠡᠬᠢ ᠦᠨᠳᠦᠰᠦ ᠰᠠᠭᠤᠷᠢ ᠵᠢ ᠳᠠᠯᠪᠢᠵᠡᠢ᠃ ᠠᠵᠤ ᠦᠢᠯᠡᠰ ᠵᠢᠭᠠᠨ ᠰᠤᠷᠭᠠᠯᠳᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ 79 ᠪᠠᠢᠭᠤᠯᠵᠤ᠂ ᠠᠵᠤ ᠦᠢᠯᠡᠰ᠎ᠦᠨ ᠬᠡᠯᠬᠢᠶ᠎ᠡ ᠪᠣᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃

ᠤᠶᠠᠨ ᠬᠠᠳᠠᠨ ᠴᠢᠨᠠᠷᠲᠠᠢ᠎ᠪᠠᠷ ᠳᠡᠭᠡᠳᠦ ᠲᠡᠰ᠎ᠤᠨ ᠴᠢᠳᠠᠪᠤᠷᠢᠲᠠᠨ᠎ᠤ ᠪᠦᠯᠬᠦᠮ᠎ᠢ 50 ᠭᠠᠷᠤᠢ᠂ ᠬᠣᠶᠠᠷ ᠬᠦᠷᠢᠶᠡᠯᠡᠩ᠎ᠦᠨ ᠠᠺᠠᠳᠧᠮᠢᠴᠢ᠎ᠶ᠋ᠢ  30 ᠭᠠᠷᠤᠢ ᠣᠷᠣᠭᠤᠯᠤᠨ ᠠᠪᠴᠢᠷᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ᠎ᠢ ᠶᠡᠬᠡ᠎ᠪᠡᠷ ᠪᠤᠵᠠᠭᠠᠢᠷᠠᠭᠤᠯᠵᠤ᠂ ᠠᠵᠤ ᠦᠢᠯᠡᠰ᠎ᠦᠨ 200 ᠭᠠᠷᠤᠢ ᠳᠡᠭᠡᠳᠦ ᠲᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠲᠠᠢ᠌ᠴᠢᠯᠠᠪᠠ᠃ 34 ᠵᠠᠬ᠎ᠠ ᠳᠡᠯᠭᠡᠭᠦᠷᠴᠢᠯᠡᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡ (ᠮᠡᠷᠭᠡᠵᠢᠯ᠎ᠢ ᠱᠢᠯᠵᠢᠭᠦᠯᠬᠦ᠌)᠎ᠶ᠋ᠢᠨ ᠪᠠᠢᠭᠤᠯᠤᠮᠵᠢ᠎ᠶ᠋ᠢ ᠢᠳᠡᠪᠬᠢᠲᠡᠢ ᠪᠣᠢᠵᠢᠭᠤᠯᠵᠤ᠂ 3251 ᠬᠥᠮᠦᠨ᠎ᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠢ ᠲᠤᠱᠢᠶᠠᠯᠲᠠᠨ᠎ᠤ ᠡᠩᠨᠡᠭᠡ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠳᠤ ᠪᠦᠬᠦ᠌ ᠲᠠᠯ᠎ᠠ᠎ᠶ᠋ᠢᠨ ᠦᠢᠯᠡᠴᠢᠯᠡᠭᠡ ᠪᠠ ᠬᠦᠴᠦᠲᠡᠢ ᠳᠡᠮᠵᠢᠯᠭᠡ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号