ᠪᠡᠯᠡ ᠬᠤᠷᠠᠮᠳᠤᠭᠤᠯᠬᠤ ᠠᠷᠭ᠎ᠠ ᠵᠠᠮ ᠳᠤᠲᠠᠮᠠᠭ᠂ ᠪᠡᠯᠡ ᠬᠤᠷᠠᠮᠳᠤᠭᠤᠯᠬᠤ ᠥᠪᠡᠷ ᠤ᠋ᠨ ᠥᠷᠲᠡᠭ ᠥᠨᠳᠥᠷ᠂ ᠵᠢᠭᠡᠯᠡᠯᠭᠡ ᠤᠯᠬᠤ ᠨᠤᠷᠮ᠎ᠠ ᠳᠣᠣᠷ᠎ᠠ᠂ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠳ᠋ᠤ ᠨᠡᠢᠳᠡᠮ ᠲᠤᠯᠭᠠᠷᠠᠵᠤ ᠪᠠᠢᠭ᠎ᠠ ᠡᠨᠡ ᠬᠦ᠌ ᠪᠡᠯᠡ ᠬᠤᠷᠠᠮᠳᠤᠭᠤᠯᠭ᠎ᠠ ᠵᠢᠨ ᠬᠦᠴᠢᠷ ᠠᠰᠠᠭᠤᠳᠠᠯ ᠢ᠋ ᠬᠡᠷᠬᠢᠨ ᠰᠢᠢᠳᠪᠤᠷᠢᠯᠡᠬᠦ ᠪᠤᠢ? ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ᠋ ᠲᠣᠮᠣ ᠳ᠋ᠠᠢᠲ᠋ᠠ ᠶ᠋ᠢᠨ ᠲᠥᠪ᠂ ᠦᠪᠦᠷ ᠮᠤᠨᠭᠭᠤᠯ ᠤ᠋ᠨ ᠬᠥᠳᠡᠭᠡ ᠲᠣᠰᠭᠣᠨ ᠤ᠋ ᠢᠲᠡᠭᠡᠮᠵᠢ ᠶ᠋ᠢᠨ ᠬᠣᠷᠱᠢᠶᠠ ᠶ᠋ᠢᠨ ᠬᠣᠯᠪᠣᠭᠠᠲᠤ ᠬᠣᠷᠱᠢᠶᠠ ᠬᠠᠮᠳᠤᠷᠠᠨ ᠡᠨᠡ ᠵᠢᠯ ᠤ᠋ᠨ ᠡᠬᠢᠨ ᠳ᠋ᠤ 《ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ》 ᠶ᠋ᠢᠨ ᠮᠦᠩᠭᠦᠨ ᠭᠦᠢᠯᠭᠡᠭᠡᠨ ᠤ᠋ ᠦᠢᠯᠡᠴᠢᠯᠡᠭᠡ ᠭᠠᠷᠭᠠᠭᠰᠠᠨ ᠡᠴᠡ ᠨᠠᠭᠠᠰᠢ 11 ᠰᠠᠷ᠎ᠠ ᠵᠢᠨ ᠰᠡᠬᠦᠯᠴᠢ ᠪᠤᠯᠳᠠᠯ᠎ᠠ᠂ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ 11303 ᠡᠷᠦᠬᠡ ᠳ᠋ᠤ ᠨᠡᠢᠲᠡ 40.03 ᠳ᠋ᠦᠩᠱᠢᠭᠤᠷ ᠲᠥᠭᠥᠷᠢᠭ ᠤ᠋ᠨ ᠵᠢᠬᠡᠯᠡᠯᠬᠡ ᠤᠯᠭᠤᠵᠤ᠂ ᠦᠨᠡᠨᠴᠢ ᠢᠳᠡᠬᠡᠮᠵᠢ ᠵᠢ ᠪᠤᠳᠠᠳᠤ ᠦᠷ᠎ᠠ ᠠᠰᠢᠭ ᠪᠤᠯᠭᠠᠨ ᠬᠤᠪᠢᠷᠠᠭᠤᠯᠤᠭᠰᠠᠨ ᠵᠢᠡᠷ ᠪᠠᠷᠠᠬᠤ ᠦᠬᠡᠢ ᠬᠤᠪᠢ ᠶ᠋ᠢᠨ ᠦᠢᠯᠡᠳᠪᠤᠷᠢ ᠬᠤᠳᠠᠯᠳᠤᠭᠠᠨ ᠤ᠋ ᠡᠷᠦᠬᠡ ᠶ᠋ᠢᠨ ᠪᠡᠯᠡ ᠬᠤᠷᠠᠮᠳᠤᠭᠤᠯᠬᠤ ᠳ᠋ᠤ ᠬᠦᠴᠢᠷ ᠠᠰᠠᠭᠤᠳᠠᠯ ᠢ᠋ ᠪᠦᠳᠦᠮᠵᠢᠳᠠᠢ ᠰᠢᠢᠳᠪᠤᠷᠢᠯᠡᠭᠰᠡᠨ ᠪᠠᠢᠨ᠎ᠠ᠃
《ᠪᠢᠳᠡ ᠬᠥᠬᠡᠬᠣᠲᠠ ᠳ᠋ᠤ ᠨᠢᠭᠡ ᠬᠤᠪᠢᠶᠠᠷᠢ ᠳᠡᠯᠭᠡᠭᠦᠷ ᠨᠡᠭᠡᠭᠡᠬᠦ ᠰᠠᠨᠠᠭ᠎ᠠ ᠲᠠᠢ ᠪᠤᠯᠪᠠᠴᠤ ᠱᠢᠨ᠎ᠡ ᠲᠥᠬᠥᠭᠡᠷᠦᠮᠵᠢ ᠬᠤᠳᠠᠯᠳᠤᠨ ᠠᠪᠬᠤ ᠪᠠᠯᠠ ᠮᠥᠩᠭᠥ᠌ ᠳᠤᠲᠠᠭ᠍ᠳᠠᠵᠤ ᠪᠠᠢᠪᠠ᠂ ᠰᠡᠬᠦᠯᠡᠷ ᠨᠢ 〈ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ〉 ᠪᠠᠢᠬᠤ ᠶ᠋ᠢ ᠮᠡᠳᠡᠭᠡᠳ ᠥᠪᠥᠷ ᠮᠣᠩᠭᠣᠯ ᠤ᠋ᠨ ᠬᠥᠳᠡᠭᠡ ᠲᠣᠰᠭᠣᠨ ᠤ᠋ ᠢᠲᠡᠭᠡᠮᠵᠢ ᠶ᠋ᠢᠨ ᠬᠣᠷᠱᠢᠶᠠ ᠶ᠋ᠢᠨ ᠬᠣᠯᠪᠣᠭᠠᠲᠤ ᠬᠣᠷᠱᠢᠶᠠ ᠳ᠋ᠤ ᠭᠤᠶᠤᠴᠢᠯᠠᠯ ᠳᠡᠪᠰᠢᠭᠦᠯᠦᠭᠡᠳ 50 ᠲᠦᠮᠡᠨ ᠲᠥᠭᠥᠷᠢᠭ ᠤ᠋ᠨ ᠢᠲᠡᠭᠡᠮᠵᠢᠲᠦ ᠵᠢᠭᠡᠯᠡᠯᠭᠡ ᠤᠯᠵᠤ ᠬᠤᠪᠢᠶᠠᠷᠢ ᠲᠠᠯᠬᠡᠬᠦᠷ ᠵᠢᠡᠨ ᠨᠡᠬᠡᠬᠡᠭᠰᠡᠨ ᠶᠤᠮ᠃ ᠡᠨᠡ ᠵᠢᠭᠡᠯᠡᠯᠭᠡ ᠶ᠋ᠢᠨ ᠬᠦᠦ ᠮᠦᠩᠬᠦ ᠵᠢᠨ ᠨᠤᠷᠮ᠎ᠠ ᠨᠢ ᠡᠩ ᠤ᠋ᠨ ᠬᠤᠳᠠᠯᠳᠤᠭᠠᠨ ᠤ᠋ ᠵᠢᠭᠡᠯᠡᠯᠭᠡ ᠡᠴᠡ ᠳᠤᠤᠷ᠎ᠠ ᠪᠦᠭᠡᠳ ᠵᠢᠭᠡᠯᠡᠯᠭᠡ ᠶ᠋ᠢᠨ ᠮᠦᠨᠭᠭᠦ ᠪᠡᠨ ᠨᠢᠭᠡ ᠭᠠᠷᠠᠭ ᠤ᠋ᠨ ᠲᠤᠳᠤᠷ᠎ᠠ ᠤᠯᠴᠢᠬᠠᠵᠠᠢ᠂ ᠤᠳᠤ ᠢᠳᠡᠬᠡᠮᠵᠢᠳᠠᠢ ᠪᠤᠯ ᠪᠡᠯᠡ ᠬᠤᠷᠠᠮᠳᠤᠭᠤᠯᠭ᠎ᠠ ᠵᠢᠨ ᠲᠠᠯ᠎ᠠ ᠪᠡᠷ ᠨᠡᠬᠡᠷᠡᠨ ᠪᠤᠳᠠᠳᠤ ᠠᠰᠢᠭ ᠬᠦᠷᠳᠡᠬᠦ ᠪᠤᠯᠤᠭᠰᠠᠨ ᠰᠢᠤ》 ᠭᠡᠵᠦ ᠥᠪᠥᠷ ᠮᠣᠩᠭᠣᠯ ᠤ᠋ᠨ ᠵᠢᠦ ᠰᠸ ᠶᠢᠨ ᠰᠠᠨ ᠰᠢᠶᠦ᠋ᠨ ᠢᠳᠡᠭᠡᠨ ᠤᠮᠳᠠᠭᠠᠨ ᠤ᠋ ᠬᠠᠮᠢᠶᠠᠷᠤᠯᠲᠠ ᠶ᠋ᠢᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ 《ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ》 ᠵᠢ ᠪᠢᠰᠢᠷᠡᠨ ᠶᠠᠷᠢᠨ᠎ᠠ᠃
《ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ》 ᠪᠤᠯ ᠢᠲᠡᠭᠡᠮᠵᠢ ᠶ᠋ᠢᠨ ᠦᠨᠡᠯᠡᠯᠲᠡ ᠪᠡᠷ ᠦᠨᠳᠦᠰᠦᠨ ᠪᠠᠷᠢᠮᠵᠢᠶ᠎ᠠ ᠪᠣᠯᠭᠠᠵᠤ᠂ ᠢᠳᠡᠭᠡᠮᠵᠢᠳᠠᠢ ᠪᠤᠯ ᠠᠰᠢᠭ ᠬᠦᠷᠳᠡᠬᠦ ᠬᠡᠯᠪᠡᠷᠢ ᠪᠡᠷ ᠤᠯᠭᠤᠬᠤ ᠢᠳᠡᠭᠡᠮᠵᠢᠳᠦ ᠵᠢᠭᠡᠯᠡᠯᠭᠡ ᠪᠤᠯᠬᠤ ᠶᠤᠮ᠃ ᠦᠪᠡᠷᠳᠡᠬᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠦᠴᠢᠷ ᠤᠢᠷ᠎ᠠ ᠶ᠋ᠢᠨ ᠵᠢᠯ ᠳ᠋ᠤ ᠴᠤᠭ᠍ᠯᠠᠭᠤᠯᠤᠭ᠍ᠰᠠᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ 1.7 ᠳ᠋ᠦᠩᠱᠢᠭᠤᠷ ᠵᠤᠷᠪᠤᠰ ᠢᠲᠡᠭᠡᠮᠵᠢ ᠶ᠋ᠢᠨ ᠮᠡᠳᠡᠭᠡ ᠵᠠᠩᠬᠢ ᠳ᠋ᠤ ᠰᠠᠭᠤᠷᠢᠯᠠᠨ ᠪᠦᠬᠦ ᠤᠷᠤᠨ ᠤ᠋ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢ ᠶ᠋ᠢ ᠦᠨᠡᠯᠡᠬᠦ ᠭᠦᠶ᠋ᠴᠡᠳᠭᠡᠯ ᠲᠣᠭ᠎ᠠ ᠶ᠋ᠢᠨ ᠵᠠᠭ᠍ᠪᠤᠷ ᠢ᠋ ᠪᠠᠢᠭᠤᠯᠵᠤ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢ ᠳ᠋ᠤ ᠬᠤᠪᠢ ᠤᠯᠭᠤᠨ᠂ ᠮᠥᠩᠭᠥᠨ ᠭᠦᠶ᠋ᠯᠭᠡᠭᠡᠨᠦ ᠪᠠᠢᠭᠤᠯᠤᠮᠵᠢ ᠶ᠋ᠢᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠤ ᠤᠯᠭᠤᠬᠤ ᠵᠢᠭᠡᠯᠡᠯᠭᠡ ᠶ᠋ᠢᠨ ᠬᠡᠮᠵᠢᠶ᠎ᠡ ᠵᠢ ᠲᠤᠬᠲᠠᠭᠠᠬᠤ ᠳ᠋ᠤ ᠡᠰᠢ ᠪᠠᠷᠢᠮᠳᠠ ᠬᠠᠩᠭᠠᠪᠠ᠃
ᠤᠢᠯᠠᠭᠠᠭᠰᠠᠨ ᠶ᠋ᠢᠡᠷ᠂ ᠮᠠᠨ ᠤ᠋ ᠤᠷᠤᠨ ᠤ᠋ 286.5 ᠲᠦᠮᠡᠨ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠳᠣᠲᠣᠷ᠎ᠠ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ 70% ᠭᠠᠷᠤᠢ ᠵᠢ ᠨᠢ ᠡᠵᠡᠯᠡᠵᠦ ᠪᠤᠢ᠃ 《ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ》 ᠨᠢ ᠪᠠᠷᠢᠴᠠᠭᠠᠯᠠᠬᠤ ᠴᠢᠬᠤᠯᠠ ᠥᠬᠡᠶ᠂ ᠪᠠᠳᠤᠯᠠᠨ ᠳᠠᠭᠠᠭᠠᠬᠤ ᠬᠡᠷᠡᠭ ᠥᠬᠡᠶ᠂ ᠢᠲᠡᠭᠡᠮᠵᠢ ᠳ᠋ᠤ ᠲᠦᠱᠢᠭ᠌ᠯᠡᠬᠦ᠌᠂ ᠰᠦᠯᠵᠢᠶ᠎ᠠ ᠪᠡᠷ ᠭᠦᠢᠴᠡᠳᠭᠡᠬᠦ ᠵᠡᠷᠭᠡ ᠲᠦᠭᠡᠮᠡᠯ ᠬᠠᠷᠠᠭᠠᠯᠵᠠᠯ ᠤ᠋ᠨ ᠴᠢᠨᠠᠷᠳᠠᠢ ᠳᠦᠭᠦᠮ ᠳᠦᠳᠡ ᠦᠪᠡᠷᠮᠢᠴᠡ ᠦᠢᠯᠡᠴᠢᠯᠡᠭᠡ ᠪᠡᠷ ᠪᠦᠬᠦ ᠤᠷᠤᠨ ᠤ᠋ ᠡᠯ᠎ᠠ ᠲᠦᠷᠦᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠳ᠋ᠤ 3.45% — 6% ᠶ᠋ᠢᠨ ᠬᠦᠦ ᠮᠦᠩᠬᠦ ᠵᠢᠨ ᠨᠤᠷᠮ᠎ᠠ ᠪᠡᠷ ᠵᠢᠭᠡᠯᠡᠯᠭᠡ ᠤᠯᠭᠤᠵᠤ᠂ ᠰᠢᠯᠢᠳᠡᠭ ᠰᠠᠢᠨ ᠢᠳᠡᠬᠡᠮᠵᠢ ᠲᠠᠢ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠵᠢᠭᠡᠯᠡᠯᠭᠡ ᠶ᠋ᠢᠨ ᠬᠦᠦ ᠮᠦᠩᠬᠦ ᠵᠢᠨ ᠨᠤᠷᠮ᠎ᠠ ᠵᠢ 20% ᠰᠢᠬᠠᠮ ᠪᠠᠭᠤᠷᠠᠭᠤᠯᠪᠠ᠃ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠢᠳᠡᠭᠡᠮᠵᠢ ᠵᠢᠨ ᠪᠠᠢᠳᠠᠯ ᠵᠢᠡᠨ ᠦᠨᠳᠤᠰᠤᠯᠡᠨ ᠲᠤᠰ ᠵᠢᠬᠡᠯᠡᠯᠬᠡ ᠵᠢ ᠬᠠᠮᠤᠭ ᠤ᠋ᠨ ᠶᠡᠬᠡ ᠳ᠋ᠡᠭᠡᠨ 500 ᠲᠦᠮᠡᠨ ᠲᠦᠭᠦᠷᠢᠭ ᠤᠯᠵᠤ ᠪᠤᠯᠬᠤ ᠮᠦᠷᠲᠡᠭᠡᠨ ᠵᠢᠭᠡᠯᠡᠯᠭᠡ ᠠᠪᠬᠤ ᠪᠦᠬᠦ ᠶᠠᠪᠤᠴᠠ ᠵᠢ ᠰᠦᠯᠵᠢᠶᠡᠨ ᠳᠡᠭᠡᠷ᠎ᠡ ᠭᠦᠢᠴᠡᠳᠭᠡᠵᠦ᠂ ᠵᠢᠭᠡᠯᠡᠯᠭᠡ ᠭᠤᠶᠤᠴᠢᠯᠠᠬᠤ᠂ ᠭᠡᠷ᠎ᠡ ᠲᠤᠬᠲᠠᠬᠤ᠂ ᠵᠢᠬᠡᠯᠡᠯᠬᠡ ᠵᠢᠨ ᠮᠦᠩᠬᠦ ᠪᠡᠨ ᠭᠠᠷᠭᠠᠨ ᠠᠪᠴᠤ ᠬᠡᠷᠡᠭᠯᠡᠬᠦ ᠬᠦᠷᠳᠡᠯᠡᠬᠢ ᠡᠯ᠎ᠠ ᠭᠤᠬᠴᠤᠭ᠎ᠠ ᠶ᠋ᠢᠨ ᠬᠢᠨᠠᠨ ᠵᠦᠪᠰᠢᠶᠡᠷᠡᠬᠦ ᠴᠠᠭ ᠨᠢ ᠤᠤᠯ ᠤ᠋ᠨ ᠲᠤᠬᠠᠢ ᠶ᠋ᠢᠨ ᠲᠠᠯᠠᠪᠤᠷ ᠲᠤ᠌ ᠬᠦᠷᠴᠦ ᠭᠦᠢᠴᠡᠳᠭᠡᠬᠥ ᠳᠤ ᠨᠠᠭᠠᠳᠤ ᠵᠠᠬ᠎ᠠ ᠳ᠋ᠠᠭᠠᠨ 3 — 5 ᠠᠵᠢᠯᠯᠠᠬᠤ ᠡᠳᠦᠷ ᠬᠡᠷᠡᠭᠰᠡᠵᠤ ᠪᠠᠢᠬᠰᠠᠨ ᠪᠤᠯ ᠤᠳᠤ ᠬᠠᠮᠤᠭ ᠤ᠋ᠨ ᠬᠤᠷᠳᠤᠨ ᠳ᠋ᠠᠭᠠᠨ ᠬᠠᠭᠠᠰᠬᠠᠨ ᠴᠠᠭ ᠤ᠋ᠨ ᠲᠤᠳᠤᠷ᠎ᠠ ᠭᠦᠢᠴᠡᠳᠭᠡᠵᠤ ᠲᠠᠢᠯᠬᠦ ᠪᠤᠯᠵᠠᠢ᠃
《〈ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ〉 ᠨᠢ ᠪᠦᠬᠦ ᠤᠷᠤᠨ ᠤ᠋ ᠬᠤᠪᠢ ᠶ᠋ᠢᠨ ᠦᠢᠯᠡᠳᠪᠤᠷᠢ ᠬᠤᠳᠠᠯᠳᠤᠭᠠᠨ ᠤ᠋ ᠡᠷᠦᠬᠡ ᠶ᠋ᠢᠨ ᠦᠶ᠋ᠯᠡᠳᠪᠦᠷᠢᠯᠡᠯ ᠡᠵᠡᠩᠨᠡᠯᠲᠡ ᠪᠠ ᠪᠡᠯᠡᠳᠭᠡᠯ ᠪᠠᠯᠠ ᠮᠥᠩᠭᠥ ᠶ᠋ᠢᠨ ᠬᠡᠷᠡᠭ᠌ᠴᠡᠭᠡ ᠵᠢ ᠪᠦᠳᠦᠮᠵᠢᠳᠠᠢ ᠬᠠᠩᠭᠠᠵᠤ᠂ ᠬᠤᠪᠢ ᠶ᠋ᠢᠨ ᠠᠵᠤ ᠠᠬᠤᠶ ᠶ᠋ᠢᠨ ᠬᠥᠭ᠌ᠵᠢᠨ ᠪᠤᠵᠠᠭᠠᠢᠷᠠᠬᠤ ᠶ᠋ᠢ ᠬᠦᠴᠦᠳᠠᠢ ᠠᠬᠢᠭᠤᠯᠪᠠ᠃ ᠲᠠᠷᠠᠭᠠᠴᠢ ᠪᠡᠷ ᠪᠢᠳᠡ ᠪᠡᠯᠡ ᠮᠦᠩᠭᠦ ᠶ᠋ᠢᠨ ᠢᠷᠡᠯᠳᠡ ᠶ᠋ᠢ ᠪᠠᠶᠠᠯᠢᠭᠵᠢᠭᠤᠯᠤᠨ᠂ ᠦᠢᠯᠡᠴᠢᠯᠡᠭᠡ ᠪᠡᠨ ᠦᠷᠭᠡᠳᠭᠡᠵᠤ᠂ ᠨᠠᠩ ᠣᠯᠠᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠤ ᠦᠨᠡᠨᠴᠢ ᠢᠲᠡᠭᠡᠮᠵᠢᠲᠠᠢ ᠪᠠᠢᠬᠤ ᠶ᠋ᠢᠨ ᠦᠨ᠎ᠡ ᠦᠷᠲᠡᠭ ᠢ᠋ ᠮᠡᠳᠡᠷᠡᠭᠦᠯᠵᠦ᠂ ᠦᠨᠡᠨᠴᠢ ᠢᠲᠡᠭᠡᠮᠵᠢ ᠵᠢ ᠪᠤᠳᠠᠳᠤ ᠦᠷ᠎ᠠ ᠠᠰᠢᠭ ᠪᠤᠯᠭᠠᠨ ᠬᠤᠪᠢᠷᠠᠭᠤᠯᠵᠤ ᠪᠤᠯᠤᠨ᠎ᠠ ᠭᠡᠳᠡᠭ ᠢ᠋ ᠮᠡᠳᠡᠷᠡᠭᠦᠯᠦᠨ᠎ᠡ᠃ ᠡᠭᠦᠨ ᠤ᠋ ᠬᠠᠮᠲᠤ 〈ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ〉 ᠶ᠋ᠢᠨ ᠲᠦᠷᠢᠮ᠂ ᠭᠦᠶ᠋ᠴᠡᠳᠭᠡᠯ ᠲᠣᠭ᠎ᠠ᠂ ᠵᠠᠭ᠍ᠪᠤᠷ᠂ ᠶᠠᠪᠤᠴᠠ ᠵᠡᠷᠭᠡ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠤ᠂ ᠣᠯᠠᠨ ᠡᠱᠢᠵᠢᠭ᠌ᠰᠡᠨ ᠮᠥᠩᠭᠥᠨ ᠭᠦᠶ᠋ᠯᠭᠡᠭᠡᠨ ᠤ᠋ ᠦᠢᠯᠡᠴᠢᠯᠡᠭᠡ ᠭᠠᠷᠭᠠᠨ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠤ ᠨᠠᠩ ᠶᠡᠬᠡ ᠠᠱᠢᠭ ᠬᠦᠷᠲᠡᠭᠡᠨ᠎ᠡ》 ᠭᠡᠵᠦ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠢᠲᠡᠭᠡᠮᠵᠢ ᠶ᠋ᠢᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠳᠠᠷᠤᠭ᠎ᠠ ᠸᠠᠩ ᠫᠸᠩ ᠶᠠᠷᠢᠵᠤ ᠪᠠᠢᠯ᠎ᠠ᠃