12 ᠰᠠᠷ᠎ᠠ᠎ᠶ᠋ᠢᠨ 3᠎ᠤ᠋ ᠡᠳᠦᠷ᠂ ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠹᠢᠯᠢᠫᠢᠨ ᠳ᠋ᠦ ᠲᠤᠬᠯᠠᠯᠳᠠ ᠭᠠᠷᠭᠠᠭᠰᠠᠨ᠎ᠤ ᠳᠠᠷᠠᠭ᠎ᠠ ᠪᠤᠴᠠᠵᠤ ᠢᠷᠡᠭᠡᠳ ᠤᠳᠠᠯ ᠦᠭᠡᠢ ᠪᠡᠷ ᠪᠠᠴᠢᠮ ᠰᠣᠷᠢᠯᠲᠠ᠎ᠳᠤ ᠣᠷᠣᠯᠴᠠᠪᠠ᠃ ᠶᠡᠬᠡ ᠲᠢᠩᠬᠢᠮ᠎ᠳᠦ ᠠᠷᠪᠠᠨ ᠬᠡᠳᠦᠨ ᠲᠣᠭ᠍ᠯᠠᠭ᠍ᠴᠢ ᠮᠣᠷᠢᠨ ᠬᠤᠭᠤᠷ᠎ᠤᠨ ᠨᠠᠢᠷᠠᠯ ᠬᠥᠭ᠌ᠵᠢᠮ 《ᠮᠣᠷᠢᠳᠠᠨᠤ ᠵᠢᠪᠬᠤᠭ᠎ᠠ》 ᠶ᠋ᠢ ᠬᠥᠭ᠌ᠵᠢᠮᠳᠡᠵᠦ᠍ ᠂ ᠬᠥᠭ᠌ᠵᠢᠮ᠎ᠦᠨ ᠡᠬᠡᠰᠢᠭ ᠲᠢᠩᠬᠢᠮ᠎ᠳᠦ ᠴᠤᠤᠷᠢᠶᠠᠲᠤᠵᠤ ᠪᠠᠢᠯ᠎ᠠ᠃
14 ᠵᠢᠯ᠎ᠦᠨ ᠤᠯᠠᠮᠵᠢᠯᠠᠯ ᠪᠠ ᠰᠢᠨ᠎ᠡ ᠡᠭᠦᠳᠦᠯᠲᠡ᠂ ᠪᠠᠷᠢᠮᠲᠠᠯᠠᠯ ᠪᠠ ᠨᠡᠭᠡᠭᠡᠯᠲᠡ ᠪᠡᠷ ᠳᠠᠮᠵᠢᠨ ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠳᠤ ᠮᠡᠨᠳᠦᠯᠡᠭ᠌ᠰᠡᠨ ᠳᠡᠯᠡᠬᠡᠶ᠎ᠶ᠋ᠢᠨ ᠠᠩᠬᠠᠳᠠᠭ᠍ᠴᠢ ᠮᠣᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ᠂ ᠥᠪᠡᠷᠮᠢᠴᠡ ᠤᠷᠠᠯᠢᠭ ᠲᠠᠢ ᠲᠣᠭ᠍ᠯᠠᠯᠲᠠ᠎ᠶ᠋ᠢᠨ ᠬᠡᠪ ᠨᠠᠮᠪᠠᠪᠠᠷᠢᠶᠠᠨ ᠤᠯᠤᠰ᠎ᠤᠨ ᠳᠣᠲᠣᠭᠠᠳᠤ ᠭᠠᠳᠠᠭᠠᠳᠤ᠎ᠳᠤ ᠨᠡᠷ᠎ᠡ ᠠᠯᠳᠠᠷᠱᠢᠪᠠ᠃
ᠲᠩᠷᠢᠯᠢᠭ ᠡᠭᠡᠱᠢᠭ ᠵᠢᠵᠢᠭ ᠪᠠᠯᠭᠠᠰᠤᠨ᠎ᠳᠤ ᠬᠠᠩᠭᠢᠨᠠᠨ᠎ᠠ
ᠠᠩᠬᠠᠳᠠᠭ᠍ᠴᠢ ᠮᠣᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠶᠠᠭᠠᠬᠢᠭᠠᠳ ᠦᠦᠱᠢᠨ ᠬᠣᠱᠢᠭᠤᠨ᠎ᠳᠤ ᠮᠡᠨᠳᠦᠯᠡᠭ᠌ᠰᠡᠨ ᠪᠤᠢ?
《ᠪᠢᠳᠡ ᠪᠣᠯ ᠳᠡᠯᠡᠬᠡᠢ᠎ᠶ᠋ᠢᠨ ᠠᠩᠬᠠᠳᠠᠭ᠍ᠴᠢ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠪᠤᠯᠤᠨ᠎ᠠ᠂ ᠨᠢᠭᠡ ᠬᠣᠱᠢᠭᠤ ᠱᠢᠶᠠᠨ᠎ᠳᠤ ᠨᠠᠢᠷᠠᠯ ᠬᠥᠭ᠌ᠵᠢᠮ᠎ᠦᠨ ᠪᠦᠯᠬᠦᠮ ᠪᠠᠢᠭᠤᠯᠬᠤ ᠨᠢ ᠮᠠᠰᠢ ᠬᠢᠯᠪᠠᠷ ᠪᠤᠰᠤ ᠶᠤᠮ!》 ᠭᠡᠵᠦ᠍ ᠳᠤᠮᠳᠠᠳᠤ ᠤᠯᠤᠰ ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ᠎ᠦᠨ ᠳᠠᠷᠤᠭ᠎ᠠ᠎ᠶ᠋ᠢᠨ ᠬᠠᠢ ᠣᠮᠣᠭ ᠲᠡᠭᠦᠯᠳᠡᠷ ᠬᠡᠯᠡᠨ᠎ᠠ᠃
ᠵᠢᠨ ᠬᠠᠢ ᠮᠣᠷᠢᠨ ᠬᠤᠭᠤᠷ᠎ᠤᠨ ᠬᠥᠭ᠌ᠵᠢᠮ᠎ᠦᠨ ᠪᠦᠯᠬᠦᠮ᠎ᠦᠨ ᠬᠥᠭ᠌ᠵᠢᠯᠲᠡ᠎ᠶ᠋ᠢ ᠳᠤᠷᠠᠳᠬᠤ ᠲᠠᠢ ᠵᠡᠷᠭᠡ 14 ᠵᠢᠯ᠎ᠦᠨ ᠡᠮᠦᠨ᠎ᠡ ᠬᠥᠭ᠌ᠵᠢᠮ᠎ᠦᠨ ᠪᠦᠯᠬᠦᠮ ᠪᠠᠢᠭᠤᠯᠤᠭ᠍ᠳᠠᠬᠤ ᠦᠶ᠎ᠡ ᠪᠡᠨ ᠡᠷᠬᠢᠴᠡᠭᠦᠯᠦᠯᠡ᠃
《2009 ᠣᠨ᠎ᠳᠤ ᠦᠦᠱᠢᠨ ᠬᠣᠱᠢᠭᠤ ᠮᠣᠷᠢᠨ ᠬᠤᠭᠤᠷ᠎ᠤᠨ ᠣᠨᠴᠠᠯᠢᠭ᠍ᠲᠤ ᠰᠣᠶᠣᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠲᠦᠭᠡᠮᠡᠯᠵᠢᠭᠦᠯᠬᠦ᠌ ᠠᠵᠢᠯ᠎ᠢ ᠥᠷᠨᠢᠭᠦᠯᠪᠡ᠃ 2010 ᠣᠨ᠎ᠤ 3 ᠰᠠᠷ᠎ᠠ᠎ᠳᠤ ᠦᠦᠱᠢᠨ ᠬᠣᠱᠢᠭᠤᠨ᠎ᠤ ᠮᠤᠷᠢᠨ ᠬᠤᠭᠤᠷ᠎ᠤᠨ ᠬᠥᠭ᠌ᠵᠢᠮ᠎ᠦᠨ ᠪᠦᠯᠬᠦᠮ ᠪᠠᠢᠭᠤᠯᠤᠭ᠍ᠳᠠᠪᠠ᠃ ᠬᠣᠶᠠᠷ ᠵᠢᠯ ᠱᠢᠬᠠᠮ᠎ᠤᠨ ᠪᠣᠯᠪᠠᠰᠤᠷᠠᠯ ᠪᠠ ᠬᠤᠷᠠᠮᠳᠤᠭᠤᠯᠤᠯ᠎ᠢᠶᠠᠷ ᠳᠠᠮᠵᠢᠭᠠᠳ 2012 ᠣᠨ᠎ᠳᠤ ᠦᠦᠱᠢᠨ ᠬᠣᠱᠢᠭᠤᠨ᠎ᠤ ᠮᠤᠷᠢᠨ ᠬᠤᠭᠤᠷ᠎ᠤᠨ ᠬᠥᠭ᠌ᠵᠢᠮ᠎ᠦᠨ ᠪᠦᠯᠬᠦᠮ ᠮᠣᠩᠭᠣᠯ ᠤᠯᠤᠰ᠎ᠲᠤ ᠬᠦᠷᠴᠦ᠍ ᠭᠤᠷᠪᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠮᠤᠷᠢᠨ ᠬᠤᠭᠤᠷ᠎ᠤᠨ ᠤᠷᠠᠯᠢᠭ᠎ᠤᠨ ᠨᠠᠢᠷ᠎ᠲᠤ ᠣᠷᠣᠯᠴᠠᠵᠤ᠂ ᠳᠡᠯᠡᠬᠡᠢ᠎ᠶ᠋ᠢᠨ ᠮᠤᠷᠢᠨ ᠬᠤᠭᠤᠷ ᠤᠨ ᠤᠷᠠᠯᠢᠭ᠎ᠤᠨ 〈ᠭᠠᠷᠮᠠᠭᠠᠢ ᠬᠤᠪᠢ ᠨᠡᠮᠡᠷᠢ ᠦᠵᠡᠬᠦᠯᠦᠭᠰᠡᠨ〉 ᠱᠠᠩᠨᠠᠯ ᠪᠠ ᠤᠷᠠᠯᠢᠭ᠎ᠤᠨ ᠨᠠᠢᠷ᠎ᠤᠨ ᠲᠤᠰᠭᠠᠢ ᠲᠣᠭ᠍ᠯᠠᠯᠲᠠ᠎ᠶ᠋ᠢᠨ ᠠᠯᠳᠠᠨ ᠱᠠᠩᠨᠠᠯ᠎ᠢ ᠬᠦᠷᠲᠡᠪᠡ᠃ ᠡᠭᠦᠨ᠎ᠡᠴᠡ ᠰᠡᠭᠦᠯᠡᠷ ᠣᠯᠠᠨ᠎ᠤ ᠢᠲᠡᠭᠡᠯ ᠤᠯᠠᠮ ᠨᠡᠮᠡᠭ᠌ᠳᠡᠵᠦ᠍᠂ ᠮᠣᠩᠭᠣᠯ ᠦᠨᠳᠦᠰᠦᠲᠡᠨ᠎ᠦ ᠥᠪᠡᠷᠮᠢᠴᠡ ᠳᠠᠭᠤᠤ ᠬᠥᠭ᠌ᠵᠢᠮ᠎ᠢ ᠬᠠᠳᠠᠭᠠᠯᠠᠭ᠍ᠰᠠᠨ ᠰᠠᠭᠤᠷᠢᠨ ᠳᠡᠭᠡᠷ᠎ᠡ ᠱᠢᠨ᠎ᠡ᠎ᠶ᠋ᠢ ᠡᠭᠦᠳᠦᠨ ᠥᠷᠥᠨᠡᠳᠠᠬᠢᠨ᠎ᠤ ᠨᠠᠢᠷᠠᠯ ᠬᠥᠭ᠌ᠵᠢᠮ᠎ᠦᠨ ᠬᠦᠴᠦᠨ ᠵᠦᠶ᠋ᠯ᠎ᠲᠠᠢ ᠠᠭᠤᠰᠤᠯᠴᠠᠭᠤᠯᠵᠤ᠂ ᠮᠣᠷᠢᠨ ᠬᠤᠭᠤᠷ᠎ᠤᠨ ᠪᠦᠯᠬᠦᠮ᠎ᠢ ᠮᠣᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠪᠣᠯᠭᠠᠨ ᠳᠡᠰ ᠳᠡᠪᠰᠢᠭᠦᠯᠬᠦ᠎ᠪᠠᠷ ᠲᠣᠭ᠍ᠲᠠᠵᠠᠢ》 ᠭᠡᠵᠦ ᠵᠢᠨ ᠬᠠᠶ ᠭᠡᠯᠡᠨ᠎ᠡ᠃
ᠰᠤᠷᠪᠤᠯᠵᠢᠯᠠᠭ᠍ᠴᠢ ᠬᠥᠭ᠌ᠵᠢᠮ᠎ᠦᠨ ᠪᠦᠯᠬᠦᠮ᠎ᠦᠨ ᠪᠣᠯᠪᠠᠰᠤᠷᠠᠯ᠎ᠤᠨ ᠶᠡᠬᠡ ᠲᠢᠩᠬᠢᠮ᠎ᠳᠦ ᠢᠷᠡᠬᠦ᠌ ᠦᠶ᠎ᠡ᠎ᠳᠦ ᠲᠣᠭ᠍ᠯᠠᠭ᠍ᠴᠢᠳ ᠶᠠᠭ ᠱᠢᠨ᠎ᠡ ᠨᠠᠢᠷᠠᠯ ᠬᠥᠭ᠌ᠵᠢᠮ᠎ᠦᠨ ᠠᠶ᠎ᠠ ᠪᠣᠯᠪᠠᠰᠤᠷᠠᠵᠤ ᠪᠠᠢᠪᠠ᠃ ᠪᠦᠬᠦ ᠪᠦᠯᠬᠦᠮ᠎ᠤᠨ 45 ᠲᠣᠭ᠍ᠯᠠᠭ᠍ᠴᠢᠳ᠎ᠤᠨ ᠣᠯᠠᠩᠬᠢ ᠨᠢ ᠦᠦᠱᠢᠨ ᠬᠣᠱᠢᠭᠤᠨ᠎ᠤ ᠲᠤᠬᠠᠢ᠎ᠶ᠋ᠢᠨ ᠭᠠᠵᠠᠷ᠎ᠠᠴᠠ ᠢᠷᠡᠭ᠌ᠰᠡᠨ ᠪᠠᠢᠯ᠎ᠠ᠃
《ᠪᠢᠳᠡ ᠥᠨᠳᠥᠷ ᠠᠶᠠᠰ᠂ ᠳᠤᠮᠳᠠ ᠠᠶᠠᠰ᠂ ᠳᠡᠳ᠋ ᠳᠤᠮᠳᠠ ᠠᠶᠠᠰ ᠂ ᠨᠠᠮ ᠠᠶᠠᠰ᠎ᠤᠨ ᠮᠤᠷᠢᠨ ᠬᠤᠭᠤᠷ᠂ ᠸᠢᠤᠯᠤᠨ᠋ᠼᠸᠯ ᠵᠡᠷᠭᠡ ᠴᠢᠪᠬᠠᠳᠠᠰᠤᠲᠤ ᠬᠥᠭ᠌ᠵᠢᠮ᠎ᠦᠨ ᠠᠶ᠎ᠠ᠎ᠶ᠋ᠢ ᠬᠥᠭ᠌ᠵᠢᠮᠳᠡᠵᠦ᠍ ᠴᠢᠳᠠᠬᠤ᠎ᠪᠠᠷ ᠪᠠᠷᠠᠬᠤ ᠦᠭᠡᠢ ᠪᠠᠰᠠ ᠨᠠᠢᠷᠠᠯ ᠬᠥᠭ᠌ᠵᠢᠮ᠎ᠦᠨ ᠭᠠᠤᠯᠢᠨ ᠦᠯᠢᠶᠡᠪᠦᠷᠢ᠂ ᠮᠣᠳᠣᠨ ᠦᠯᠢᠶᠡᠪᠦᠷᠢ ᠵᠡᠷᠭᠡ ᠦᠯᠢᠶᠡᠪᠦᠷᠢ ᠬᠥᠭ᠌ᠵᠢᠮ᠎ᠦᠨ ᠠᠶ᠎ᠠ ᠵᠢᠴᠢ ᠳᠡᠯᠡᠳᠭᠦ ᠬᠥᠭ᠌ᠵᠢᠮ᠎ᠢ ᠬᠥᠭ᠌ᠵᠢᠮᠳᠡᠵᠦ᠍ ᠴᠢᠳᠠᠨ᠎ᠠ᠃ ᠪᠠᠰᠠ ᠮᠣᠩᠭᠣᠯ ᠦᠨᠳᠦᠰᠦᠲᠡᠨ᠎ᠦ ᠥᠪᠡᠷᠮᠢᠴᠡ ᠣᠨᠴᠠᠯᠢᠭ᠎ᠲᠠᠶ ᠳᠡᠯᠡᠳᠭᠦ ᠬᠥᠭ᠌ᠵᠢᠮ᠎ᠦᠨ ᠰᠠᠪᠬᠢᠨ ᠭᠤᠲᠤᠯ᠎ᠤᠨ ᠬᠡᠩᠭᠡᠷᠭᠡ᠂ ᠰᠦᠨ ᠰᠠᠭᠤᠯᠠᠭ᠎ᠠ᠎ᠶ᠋ᠢᠨ ᠬᠡᠩᠭᠡᠷᠭᠡ᠂ ᠡᠮᠡᠭᠡᠯ᠎ᠦᠨ ᠬᠡᠩᠭᠡᠷᠭᠡ᠂ ᠲᠠᠱᠢᠭᠤᠷ᠎ᠤᠨ ᠬᠡᠩᠭᠡᠷᠭᠡ᠂ ᠤᠷᠭ᠎ᠠ᠎ᠶ᠋ᠢᠨ ᠢᠨᠴᠢᠳᠦᠭᠦᠷ᠂ ᠴᠤᠭᠤᠷ᠎ᠤᠨ ᠮᠣᠷᠢᠨ ᠬᠤᠭᠤᠷ ᠪᠠ ᠮᠤᠳᠤᠨ ᠴᠤᠭᠤᠷ᠂ ᠲᠣᠪᠱᠢᠭᠤᠷ᠂ ᠦᠨᠳᠦᠷ ᠠᠶᠠᠰ᠎ᠤᠨ ᠬᠥᠭᠡᠮᠡᠢ᠂ ᠨᠠᠮ ᠠᠶᠠᠰ᠎ᠤᠨ ᠬᠥᠭᠡᠮᠡᠢ ᠵᠡᠷᠭᠡ 20 ᠭᠠᠷᠤᠶ ᠲᠥᠷᠥᠯ᠎ᠦᠨ ᠦᠨᠳᠦᠰᠦᠲᠡᠨ᠎ᠦ ᠥᠪᠡᠷᠮᠢᠴᠡ ᠣᠨᠴᠠᠯᠢᠭ᠎ᠲᠠᠶ ᠬᠥᠭ᠌ᠵᠢᠮ᠎ᠦᠨ ᠵᠢᠮᠰᠡᠭ ᠪᠠ ᠳᠠᠭᠤᠯᠠᠬᠤ ᠠᠷᠭ᠎ᠠ᠎ᠵᠢ ᠡᠵᠡᠮᠰᠢᠪᠡ》 ᠭᠡᠵᠦ ᠵᠢᠨ ᠬᠠᠶ ᠬᠡᠯᠡᠪᠡ᠃
ᠵᠢᠨ ᠬᠠᠢ ᠪᠣᠯ ᠳᠤᠮᠳᠠᠳᠤ ᠤᠯᠤᠰ᠎ᠤᠨ ᠠᠩᠬᠠᠳᠠᠭ᠍ᠴᠢ ᠪᠦᠯᠦᠭ᠎ᠤᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠮᠤᠷᠢᠨ ᠬᠤᠭᠤᠷ᠎ᠤᠨ ᠬᠥᠭ᠌ᠵᠢᠮ ᠪᠣᠯᠤᠨ ᠤᠨᠤᠯ᠎ᠤᠨ ᠰᠤᠳᠤᠯᠭᠠᠨ᠎ᠤ ᠠᠰᠫᠢᠷᠠᠨᠲ ᠪᠣᠯᠤᠨ᠎ᠠ᠂ ᠡᠭᠦᠨ᠎ᠦ ᠬᠠᠮᠲᠤ ᠪᠠᠰᠠ ᠮᠤᠷᠢᠨ ᠬᠤᠭᠤᠷ᠎ᠤᠨ ᠤᠷᠳᠤᠰ᠎ᠲᠠᠬᠢ ᠤᠯᠠᠮᠵᠢᠯᠠᠯᠲᠤ ᠬᠥᠭ᠌ᠵᠢᠮᠳᠡᠬᠦ᠌ ᠠᠷᠭ᠎ᠠ ᠮᠡᠷᠭᠡᠵᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠯᠭᠠᠮᠵᠢᠯᠠᠭ᠍ᠴᠢ ᠪᠣᠯᠤᠨ᠎ᠠ᠃ ᠲᠡᠷᠡᠪᠡᠷ ᠮᠣᠷᠢᠨ ᠬᠤᠭᠤᠷ᠂ ᠴᠣᠭᠣᠷ᠂ ᠨᠠᠮ ᠠᠶᠠᠰ᠎ᠤᠨ ᠲᠷᠤᠮᠪᠤᠨᠢ ᠬᠥᠭ᠌ᠵᠢᠮᠳᠡᠬᠦ᠌᠎ᠳᠡᠭᠡᠨ ᠭᠠᠷᠮᠠᠭᠠᠶ ᠪᠥᠭᠡᠳ 3 ᠮᠣᠷᠢᠨ ᠬᠤᠭᠤᠷ᠎ᠤᠨ ᠵᠢᠭᠠᠬᠤ ᠮᠠᠲ᠋ᠧᠷᠢᠶᠠᠯ ᠪᠢᠴᠢᠵᠦ᠍᠂ ᠣᠯᠠᠨ ᠠᠶ᠎ᠠ ᠵᠣᠬᠢᠶᠠᠭ᠍ᠰᠠᠨ ᠶᠤᠮ᠃
ᠣᠯᠠᠨ ᠵᠢᠯ᠎ᠦᠨ ᠲᠤᠷᠰᠢ ᠬᠥᠭ᠌ᠵᠢᠮ᠎ᠦᠨ ᠪᠦᠯᠬᠦᠮ ᠨᠢ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠴᠡᠷᠢᠭ᠎ᠦᠨ ᠬᠥᠭ᠌ᠵᠢᠮ᠎ᠦᠨ ᠪᠦᠯᠬᠦᠮ᠂ ᠤᠯᠤᠰ᠎ᠤᠨ ᠨᠠᠢᠷᠠᠯ ᠬᠥᠭ᠌ᠵᠢᠮ᠎ᠦᠨ ᠪᠦᠯᠬᠦᠮ᠂ ᠥᠪᠥᠷ ᠮᠣᠩᠭᠣᠯ᠎ᠤᠨ ᠦᠨᠳᠦᠰᠦᠲᠡᠨ᠎ᠦ ᠳᠠᠭᠤᠤ ᠪᠥᠵᠢᠭ ᠵᠦᠴᠦᠭᠡ᠎ᠶ᠋ᠢᠨ ᠬᠦᠷᠢᠶᠡᠯᠡᠩ᠎ᠦᠨ ᠨᠠᠢᠷᠠᠯ ᠬᠥᠭ᠌ᠵᠢᠮ᠎ᠦᠨ ᠪᠦᠯᠬᠦᠮ ᠪᠠ ᠣᠷᠳᠣᠰ ᠬᠣᠲᠠ᠎ᠶ᠋ᠢᠨ ᠤᠯᠠᠭᠠᠨᠮᠥ᠋ᠴᠢᠷ᠎ᠦᠨ ᠨᠠᠢᠷᠠᠯ ᠬᠥᠭ᠌ᠵᠢᠮ᠎ᠦᠨ ᠪᠦᠯᠬᠦᠮ᠎ᠲᠡᠶ ᠣᠯᠠᠨ ᠤᠳᠠᠭ᠎ᠠ ᠬᠠᠮᠲᠤᠷᠠᠨ ᠲᠣᠭ᠍ᠯᠠᠯᠲᠠ ᠭᠠᠷᠭᠠᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠦᠵᠡᠭ᠌ᠴᠢᠳ᠎ᠦᠨ ᠪᠠᠬᠠᠷᠬᠠᠯ᠎ᠢ ᠶᠡᠬᠡᠳᠡ ᠣᠯᠤᠭ᠍ᠰᠠᠨ ᠪᠠᠢᠨ᠎ᠠ᠃
ᠦᠨᠳᠦᠰᠦᠲᠡᠨ᠎ᠤ ᠬᠢ ᠪᠤᠯ ᠳᠠᠷᠤᠢ ᠳᠡᠯᠡᠬᠡᠶ᠎ᠶ᠋ᠢᠨ ᠬᠢ ᠶᠤᠮ᠂ ᠮᠣᠷᠢᠨ ᠬᠤᠭᠤᠷ ᠶᠠᠭᠠᠬᠢᠭᠠᠳ ᠳᠡᠯᠡᠬᠡᠶ ᠵᠢᠨ ᠲᠠᠪᠴᠠᠩ᠎ᠳᠤ ᠭᠠᠷᠴᠤ ᠴᠢᠳᠠᠭᠰᠠᠨ ᠪᠣᠶ?
ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ᠎ᠦᠨ ᠲᠡᠷᠢᠭᠦᠨ᠂ ᠪᠦᠯᠬᠦᠮ᠎ᠦᠨ ᠳᠡᠳ᠋ ᠳᠠᠷᠤᠭ᠎ᠠ ᠮᠦᠩᠬᠡ ᠪᠦᠯᠬᠦᠮ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ ᠱᠢᠨᠵᠢᠶᠠᠩ᠎ᠠᠴᠠ ᠦᠦᠱᠢᠨ ᠬᠣᠱᠢᠭᠤᠨ᠎ᠳᠤ ᠢᠷᠡᠵᠦ᠍᠂ ᠮᠤᠷᠢᠨ ᠬᠤᠭᠤᠷ᠎ᠤᠨ ᠲᠣᠭ᠍ᠯᠠᠯᠲᠠ ᠪᠠ ᠵᠣᠬᠢᠶᠠᠨ ᠪᠦᠲᠦᠭᠡᠯᠭᠡ᠎ᠳᠦ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠣᠷᠣᠯᠴᠠᠪᠠ᠃
《ᠮᠤᠷᠢᠨ ᠬᠤᠭᠤᠷ ᠪᠣᠯᠪᠠᠰᠤᠷᠠᠬᠤ᠎ᠳᠤ ᠪᠤᠯᠴᠢᠩ᠎ᠤᠨ ᠴᠡᠭᠡᠵᠢᠯᠡᠬᠦᠢ᠎ᠶ᠋ᠢ ᠪᠦᠷᠢᠯᠳᠦᠭᠦᠯᠬᠦ᠌ ᠬᠡᠷᠡᠭ᠌ᠲᠡᠢ᠃ ᠮᠣᠷᠢᠨ ᠬᠤᠭᠤᠷ ᠲᠠᠲᠠᠬᠤ ᠪᠣᠯ ᠨᠢᠭᠡ ᠵᠦᠶ᠋ᠯ᠎ᠦᠨ ᠠᠮᠢᠳᠤᠷᠠᠯ᠎ᠤᠨ ᠠᠷᠭ᠎ᠠ ᠮᠠᠶᠢᠭ ᠮᠥᠨ᠂ ᠳᠡᠯᠡᠬᠡᠶ᠎ᠶ᠋ᠢᠨ ᠰᠣᠩᠭᠣᠳᠠᠭ ᠨᠠᠷᠠᠲᠤ ᠬᠥᠭ᠌ᠵᠢᠮ 〈ᠴᠠᠷᠳᠠᠰᠢ ᠪᠥᠵᠢᠭ᠎ᠦᠨ ᠠᠶ᠎ᠠ〉 ᠶ᠋ᠢ ᠪᠢ ᠠᠷᠪᠠ ᠭᠠᠷᠤᠶ ᠵᠢᠯ ᠬᠥᠭ᠌ᠵᠢᠮᠳᠡᠵᠦ᠍᠂ ᠨᠡᠢᠲᠡ ᠲᠦᠮᠡ ᠭᠠᠷᠤᠶ ᠤᠳᠠᠭ᠎ᠠ ᠪᠣᠯᠪᠠᠰᠤᠷᠠᠵᠤ ᠲᠣᠭ᠍ᠯᠠᠵᠠᠶ》 ᠭᠡᠵᠦ ᠮᠥᠩᠬᠡ ᠭᠡᠯᠡᠨ᠎ᠡ᠂᠃
《ᠥᠷᠥᠨᠡᠳᠠᠬᠢᠨ᠎ᠤ ᠭᠠᠸ᠋ᠯᠢᠨ ᠦᠯᠢᠶᠡᠪᠦᠷᠢ ᠬᠥᠭ᠌ᠵᠢᠮ᠎ᠦᠨ ᠲᠡᠮᠦᠷᠯᠢᠭ᠎ᠦᠨ ᠲᠠᠭᠤᠨ ᠣᠨᠴᠠᠭᠠᠶ ᠬᠠᠩᠭᠢᠨᠠᠮ᠎ᠠ ᠪᠠᠢᠳᠠᠭ᠂ ᠲᠠᠭᠤᠨ᠎ᠤ ᠬᠡᠰᠡᠭ᠎ᠦᠨ ᠲᠡᠩᠴᠡᠭᠦᠷᠢ᠎ᠶ᠋ᠢᠨ ᠲᠠᠯ᠎ᠠ᠎ᠪᠠᠷ ᠠᠶ᠎ᠠ ᠵᠣᠬᠢᠶᠠᠭ᠍ᠴᠢᠳ ᠪᠢᠳᠡᠨ᠎ᠲᠡᠶ ᠬᠠᠮᠲᠤ ᠳᠠᠬᠢᠨ ᠳᠠᠪᠲᠠᠨ ᠲᠤᠷᠱᠢᠵᠤ᠂ ᠲᠣᠭ᠎ᠠ ᠥᠬᠡᠶ ᠣᠯᠠᠨ ᠤᠳᠠᠭ᠎ᠠ ᠵᠠᠰᠠᠭ᠍ᠰᠠᠨ᠎ᠤ ᠳᠠᠷᠠᠭ᠎ᠠ ᠰᠠᠶᠢ ᠠᠭᠤᠰᠤᠨ ᠨᠡᠢᠯᠡᠳᠡᠭ》 ᠭᠡᠵᠦ ᠮᠦᠩᠭᠡ ᠶᠠᠷᠢᠨ᠎ᠠ᠃ ᠡᠨᠡ ᠨᠢ ᠲᠡᠷᠡ ᠴᠢᠭ᠎ᠢᠶᠡᠷ᠎ᠢᠶᠡᠨ ᠨᠢᠭᠡ ᠵᠦᠢᠯ᠎ᠦᠨ ᠱᠢᠪᠲᠤᠯᠤᠯᠲᠠ ᠮᠥᠨ ᠭᠡᠵᠦ᠍ ᠮᠦᠩᠬᠡ ᠦᠵᠡᠳᠡᠭ᠃
2014 ᠣᠨ᠎ᠤ 5 ᠰᠠᠷ᠎ᠠ᠎ᠶ᠋ᠢᠨ 28᠎ᠤ᠋ ᠡᠳᠦᠷ᠂ ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠤᠯᠤᠰ᠎ᠤᠨ ᠶᠡᠬᠡ ᠲᠢᠶᠠᠲ᠋ᠷ᠎ᠲᠤ ᠠᠮᠵᠢᠯᠲᠠ᠎ᠲᠠᠶ ᠲᠣᠭ᠍ᠯᠠᠵᠤ᠂ ᠤᠯᠠᠮᠵᠢᠯᠠᠯᠲᠤ ᠮᠤᠷᠢᠨ ᠬᠤᠭᠤᠷ ᠪᠣᠯᠤᠨ ᠨᠠᠢᠷᠠᠯ ᠬᠥᠭ᠌ᠵᠢᠮ᠎ᠦᠨ ᠠᠭᠤᠰᠤᠯᠴᠠᠯ᠎ᠤᠨ ᠱᠢᠨ᠎ᠡ᠎ᠶ᠋ᠢ ᠡᠭᠦᠳᠦᠭ᠌ᠰᠡᠨ ᠬᠥᠱᠢᠭᠡ᠎ᠶ᠋ᠢ ᠰᠡᠬᠦᠪᠡ᠃
ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ ᠤᠷᠢᠳ ᠬᠣᠵᠢᠳ ᠮᠣᠩᠭᠣᠯ ᠤᠯᠤᠰ᠂ ᠺᠣᠷᠢᠶᠠ᠂ ᠶᠠᠫᠣᠨ᠂ ᠹᠷᠠᠨᠼᠢ ᠵᠡᠷᠭᠡ ᠤᠯᠤᠰ᠎ᠲᠤ ᠲᠣᠭᠣᠷᠢᠨ ᠲᠣᠭ᠍ᠯᠠᠯᠲᠠ ᠭᠠᠷᠭᠠᠵᠤ᠂ 12 ᠲᠦᠷᠦᠯ᠎ᠦᠨ ᠤᠯᠠᠨ ᠤᠯᠤᠰ᠎ᠤᠨ ᠱᠠᠩᠨᠠᠯ ᠬᠦᠷᠳᠡᠵᠤ᠂ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ᠎ᠦᠨ ᠨᠡᠷ᠎ᠡ ᠠᠯᠳᠠᠷ ᠬᠤᠯᠠ ᠳᠠᠭᠤᠷᠢᠰᠤᠪᠠ᠃
ᠮᠣᠷᠢᠨ ᠬᠤᠭᠤᠷ᠎ᠤᠨ ᠬᠥᠭ᠌ᠵᠢᠮ᠎ᠦᠨ ᠪᠦᠯᠬᠦᠮ ᠡᠨᠳᠡ ᠮᠡᠨᠳᠦᠯᠡᠵᠦ᠍᠂ ᠡᠨᠳᠡ ᠦᠨᠳᠦᠰᠦᠯᠡᠵᠦ᠍᠂ ᠲᠡᠳᠡᠨ᠎ᠦ ᠵᠣᠬᠢᠶᠠᠨ ᠪᠦᠲᠦᠭᠡᠬᠦ᠌ ᠠᠪᠢᠶᠠᠰ ᠪᠢᠯᠢᠭ ᠨᠢ ᠴᠦ᠍ ᠣᠷᠳᠣᠰ᠎ᠤᠨ ᠲᠠᠯ᠎ᠠ ᠨᠤᠲᠤᠭ᠎ᠤᠨ ᠵᠠᠩ ᠠᠭᠠᠯᠢ᠎ᠠᠴᠠ ᠢᠷᠡᠯᠲᠡ᠎ᠲᠡᠶ ᠶᠤᠮ᠃ ᠵᠣᠬᠢᠶᠠᠨ ᠪᠦᠲᠦᠭᠡᠬᠦ᠌ ᠡᠩᠨᠡᠭᠡ᠎ᠳᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠤᠰᠭᠠᠶ ᠮᠡᠷᠭᠡᠵᠢᠯᠲᠡᠨ ᠪᠠᠢᠬᠤ ᠮᠥᠷᠲᠡᠭᠡᠨ ᠤᠤᠭᠠᠯ ᠨᠤᠲᠤᠭ᠎ᠤᠨ ᠴᠢᠳᠠᠪᠤᠷᠢᠲᠠᠨ ᠴᠤ᠌ ᠪᠠᠢᠨ᠎ᠠ᠃
《 〈ᠰᠢᠷᠠᠠᠤᠰᠤ᠎ᠵᠢᠨ ᠲᠩᠷᠢᠯᠢᠭ ᠤᠶᠠᠩᠭ᠎ᠠ〉 ᠪᠣᠯ ᠮᠢᠨᠦ᠍ ᠬᠥᠭ᠌ᠵᠢᠮ᠎ᠦᠨ ᠪᠦᠯᠬᠦᠮ᠎ᠳᠦ ᠵᠣᠬᠢᠶᠠᠭ᠍ᠰᠠᠨ ᠠᠩᠬᠠᠳᠠᠭ᠍ᠴᠢ ᠳᠠᠭᠤᠤ ᠪᠣᠯᠤᠨ᠎ᠠ᠂ ᠪᠠᠰᠠ ᠨᠢᠭᠡ ᠨᠢ 〈ᠲᠠᠯ᠎ᠠ ᠨᠤᠲᠤᠭ᠎ᠤᠨ ᠬᠤᠪᠢᠰᠭᠠᠯ᠎ᠤᠨ ᠷᠣᠮᠠᠨᠲ᠋ᠢᠭ ᠳᠠᠭᠤᠤ〉 ᠂ 3 ᠵᠢᠯ᠎ᠦᠨ ᠴᠠᠭ ᠵᠠᠷᠤᠴᠠᠭᠤᠯᠵᠤ ᠪᠠᠢᠭᠠᠳ ᠵᠣᠬᠢᠶᠠᠨ ᠪᠦᠲᠦᠭᠡᠭ᠌ᠰᠡᠨ ᠶᠤᠮ》 ᠭᠡᠵᠦ᠍᠎ᠶ᠋ᠢᠨ ᠬᠠᠶ ᠬᠡᠯᠡᠭ᠌ᠰᠡᠨ᠎ᠢᠶᠡᠨ ᠵᠠᠯᠭᠠᠭᠠᠳ᠂ ᠳᠠᠭᠤᠤ ᠬᠥᠭ᠌ᠵᠢᠮ᠎ᠦᠨ ᠵᠣᠬᠢᠶᠠᠨ ᠪᠦᠲᠦᠭᠡᠯᠭᠡ᠎ᠨᠢ ᠣᠯᠠᠨ ᠲᠦᠮᠡᠨ᠎ᠲᠡᠶ ᠣᠢᠷᠠᠲᠤᠵᠤ᠂ ᠠᠮᠢᠳᠤᠷᠠᠯ᠎ᠲᠠᠶ ᠣᠢᠷᠠᠲᠤᠵᠤ᠂ ᠨᠠᠩ ᠬᠤᠷᠴᠠ ᠮᠡᠳᠡᠷᠡᠮᠵᠢ᠎ᠲᠡᠶ ᠪᠠᠢᠬᠤ᠎ᠶ᠋ᠢ ᠱᠠᠭᠠᠷᠳᠠᠨ᠎ᠠ᠂ ᠲᠡᠭᠦᠨ᠎ᠦ ᠳᠡᠷᠡ᠎ᠶ᠋ᠢᠨ ᠬᠠᠵᠠᠭᠤ᠎ᠳᠤ ᠪᠢᠷ ᠪᠠ ᠲᠡᠮᠳᠡᠭ᠌ᠯᠡᠯ᠎ᠦᠨ ᠳᠡᠪᠲᠡᠷ ᠲᠠᠯᠪᠢᠭ᠍ᠰᠠᠭᠠᠷ ᠪᠠᠢᠵᠤ᠂ ᠵᠠᠷᠢᠮ᠎ᠳᠠᠭᠠᠨ ᠰᠥᠨᠢ ᠳᠦᠯᠢ᠎ᠪᠡᠷ ᠰᠠᠢᠨ ᠬᠥᠭ ᠠᠶᠠᠰ᠎ᠢ ᠪᠤᠳᠤᠵᠤ ᠣᠯᠪᠠᠯ ᠲᠡᠮᠳᠡᠭ᠌ᠯᠡᠴᠢᠬᠡᠳᠡᠭ᠃
ᠣᠳᠣᠬᠠᠨ᠎ᠳᠤ᠂ ᠬᠥᠭ᠌ᠵᠢᠮ᠎ᠦᠨ ᠪᠦᠯᠬᠦᠮ᠎ᠦᠨ ᠪᠣᠯᠪᠠᠰᠤᠷᠠᠬᠤ ᠠᠶ᠎ᠠ ᠨᠢ 100 ᠭᠠᠷᠤᠶ ᠪᠠᠢᠵᠤ᠂ ᠬᠠᠮ ᠲᠣᠭ᠍ᠯᠠᠯᠲᠠ᠂ ᠨᠠᠢᠷᠠᠯ ᠬᠥᠭ᠌ᠵᠢᠮᠳᠡᠯᠭᠡ᠂ ᠲᠣᠮᠣ ᠬᠡᠯᠪᠡᠷᠢ᠎ᠶ᠋ᠢᠨ ᠦᠯᠢᠶᠡᠪᠦᠷᠢ ᠴᠢᠪᠬᠠᠳᠠᠰᠤᠨ ᠬᠥᠭ᠌ᠵᠢᠮ᠎ᠦᠨ ᠲᠤᠭᠯᠠᠯᠲᠠ ᠪᠠ ᠠᠳᠠᠯᠢ ᠪᠤᠰᠤ ᠬᠡᠪ ᠨᠠᠮᠪᠠ᠎ᠲᠠᠶ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠣᠩᠭᠣᠳᠠᠭ ᠳᠠᠭᠤᠤ ᠬᠥᠭ᠌ᠵᠢᠮ᠎ᠦᠨ ᠪᠦᠲᠦᠭᠡᠯ ᠵᠢᠴᠢ ᠣᠷᠣᠨ ᠨᠤᠲᠤᠭ᠎ᠤᠨ ᠣᠨᠴᠠᠯᠢᠭ᠎ᠲᠠᠶ ᠪᠦᠲᠦᠭᠡᠯ᠎ᠢ ᠳᠡᠯᠭᠡᠨ ᠦᠵᠡᠭᠦᠯᠵᠦ᠍᠂ ᠪᠥᠬᠥ᠌ ᠳᠡᠯᠡᠬᠡᠶ᠎ᠳᠦ ᠮᠣᠷᠢᠨ ᠬᠤᠭᠤᠷ᠎ᠤᠨ ᠳᠠᠭᠤᠤ ᠬᠥᠭ᠌ᠵᠢᠮ᠎ᠦᠨ ᠢᠷᠠᠭᠤ ᠰᠠᠢᠬᠠᠨ᠂ ᠬᠦᠴᠦᠨ ᠴᠢᠳᠠᠯ᠎ᠤᠨ ᠭᠤᠤ᠎ᠠ ᠰᠠᠢᠬᠠᠨ᠎ᠢ ᠳᠡᠯᠭᠡᠨ ᠦᠵᠡᠭᠦᠯᠪᠡ᠃
ᠲᠠᠯ᠎ᠠ ᠨᠤᠲᠤᠭ ᠡᠴᠡ ᠡᠭᠦᠰᠴᠦ ᠲᠠᠯ᠎ᠠ ᠨᠤᠲᠤᠭ᠎ᠲᠤ ᠦᠨᠳᠦᠰᠦᠯᠡᠪᠡ
《 ᠦᠨᠳᠦᠰᠦᠲᠡᠨ᠎ᠦ ᠦᠨᠡᠲᠦ ᠡᠷᠳᠡᠨᠢ 》᠂ 《ᠦᠨᠳᠦᠰᠦᠲᠡᠨ᠎ᠤ ᠬᠢ ᠪᠣᠯ ᠳᠠᠷᠤᠢ ᠳᠡᠯᠡᠬᠡᠢ᠎ᠶ᠋ᠢᠨ ᠬᠢ》᠂ 《ᠳᠠᠭᠤᠤ ᠬᠥᠭ᠌ᠵᠢᠮ ᠰᠤᠨᠤᠰᠤᠮᠠᠬᠴᠠ ᠲᠠᠯ᠎ᠠ ᠨᠤᠲᠤᠭ᠎ᠲᠤ ᠪᠡᠶ᠎ᠡ ᠪᠡᠷ᠎ᠵᠢᠡᠨ ᠤᠴᠢᠭᠰᠠᠨ ᠱᠢᠭ》᠂ 《 ᠵᠠᠷᠢᠮ ᠠᠶ᠎ᠠ᠎ᠶ᠋ᠢ ᠨᠢᠭᠡ ᠤᠳᠠᠭ᠎ᠠ ᠰᠣᠨᠣᠰᠤᠪᠠᠯ᠂ ᠶᠠᠭ ᠨᠢᠭᠡ ᠨᠠᠰᠤ᠎ᠶ᠋ᠢ ᠥᠩᠭᠡᠷᠡᠭᠦᠯᠦᠭ᠌ᠰᠡᠨ ᠱᠢᠭ》᠂ 《ᠳᠡᠯᠡᠬᠡᠢ ᠳ᠋ᠠᠬᠢᠨ᠎ᠢ ᠳᠣᠩᠰᠣᠯᠭᠠᠵᠤ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠨ᠎ᠠ》᠁ ᠬᠥᠭ᠌ᠵᠢᠮ᠎ᠦᠨ ᠪᠦᠯᠬᠦᠮ᠎ᠦᠨ ᠸᠢᠳᠢᠤ᠋᠎ᠶ᠋ᠢᠨ ᠳ᠋ᠤᠭᠠᠷ ᠳᠡᠭᠡᠷ᠎ᠡ᠂ ᠰᠦᠯᠵᠢᠶᠡᠨ ᠠᠨᠳᠠᠨᠠᠷ ᠥᠪᠡᠷ᠎ᠦᠨ ᠰᠡᠳᠭᠢᠯᠭᠡ ᠪᠠ ᠮᠠᠭ᠍ᠲᠠᠭᠠᠯ᠎ᠤᠨ ᠦᠭᠡ᠎ᠪᠡᠨ ᠵᠠᠯᠭᠠᠭ᠎ᠠ᠎ᠪᠠᠷ ᠦᠯᠡᠳᠡᠭᠡᠵᠦ᠍᠂ ᠣᠯᠠᠨ ᠲᠣᠭ᠍ᠯᠠᠭ᠍ᠴᠢ ᠪᠠᠰᠠ ᠣᠯᠠᠨ᠎ᠤ ᠪᠠᠬᠠᠷᠬᠠᠳᠠᠭ 《ᠰᠦᠯᠵᠢᠶᠡᠨ᠎ᠦ ᠣᠳᠣᠨ》ᠪᠣᠯᠵᠠᠶ᠃
2022 ᠣᠨ᠎ᠡᠴᠡ ᠡᠬᠢᠯᠡᠨ᠂ ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠨᠠᠢᠷᠠᠯ ᠬᠥᠭ᠌ᠵᠢᠮ᠎ᠦᠨ ᠪᠦᠯᠬᠦᠮ᠎ᠦᠨ ᠬᠢᠨ ᠸᠢᠳᠢᠣ᠋᠎ᠶ᠋ᠢᠨ ᠳ᠋ᠤᠭᠠᠷ᠎ᠢᠶᠡᠷ ᠰᠦᠯᠵᠢᠶ᠎ᠡ᠎ᠳᠤ ᠭᠠᠷᠴᠤ᠌᠂ ᠸᠢᠳᠢᠣ᠋᠎ᠶ᠋ᠢᠨ ᠳ᠋ᠤᠭᠠᠷ᠂ ᠴᠤᠤᠷᠢᠶ᠎ᠡ᠂ ᠪᠤᠱᠢᠭᠤ ᠭᠠᠷ ᠵᠡᠷᠭᠡ ᠲᠠᠪᠴᠠᠩ᠎ᠳᠤ ᠣᠷᠣᠵᠤ ᠰᠠᠭᠤᠨ᠂ ᠮᠤᠷᠢᠨ ᠬᠤᠭᠤᠷ᠎ᠤᠨ ᠲᠣᠭ᠍ᠯᠠᠯᠲᠠ᠎ᠶ᠋ᠢ ᠵᠦᠴᠦᠭᠡ᠎ᠶ᠋ᠢᠨ ᠲᠢᠶᠠᠲ᠋ᠷ᠎ᠠᠴᠠ ᠡᠯᠡᠰᠦᠨ ᠴᠦᠯ᠂ ᠲᠠᠯ᠎ᠠ ᠨᠤᠲᠤᠭ᠎ᠤᠨ ᠭᠦᠨ᠎ᠳᠦ ᠨᠡᠭᠦᠯᠭᠡᠵᠦ᠍᠂ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ ᠨᠡᠭᠦᠯᠭᠡᠵᠦ᠍᠂ ᠨᠡᠩ ᠤᠯᠠᠨ ᠬᠥᠮᠦᠨ᠎ᠳᠦ ᠮᠤᠷᠢᠨ ᠬᠤᠭᠤᠷ ᠰᠣᠨᠣᠰᠭᠠᠵᠤ᠂ ᠮᠤᠷᠢᠨ ᠬᠤᠭᠤᠷ ᠭᠡᠬᠦ᠌ ᠡᠨᠡ ᠬᠦ᠌ ᠡᠷᠲᠡᠨ᠎ᠦ ᠬᠦᠭ᠌ᠵᠢᠮᠳᠡᠬᠦᠷᠢ ᠤᠢ᠍ᠢᠯᠠᠭᠠᠭᠤᠯᠪᠠ᠃
ᠣᠳᠣᠬᠠᠨ᠎ᠳᠤ᠂ ᠳᠤᠮᠳᠠᠳᠤ ᠤᠯᠤᠰ·ᠦᠦᠱᠢᠨ᠎ᠤ ᠮᠤᠷᠢᠨ ᠬᠤᠭᠤᠷ᠎ᠤᠨ ᠬᠥᠭ᠌ᠵᠢᠮ᠎ᠦᠨ ᠪᠦᠯᠬᠦᠮ ᠨᠢᠭᠡᠨᠲᠡ ᠦᠨᠳᠦᠰᠦᠨ ᠱᠠᠲᠤᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠲᠣᠭ᠍ᠯᠠᠯᠲᠠ᠎ᠶ᠋ᠢ 1000 ᠭᠠᠷᠤᠢ ᠤᠳᠠᠭ᠎ᠠ ᠥᠷᠨᠢᠭᠦᠯᠵᠦ᠍᠂ ᠬᠦᠯᠢᠶᠡᠨ ᠠᠪᠤᠭ᠍ᠴᠢᠳ 10 ᠲᠦᠮᠡ ᠭᠠᠷᠤᠢ ᠬᠥᠮᠦᠨ ᠤᠳᠠᠭ᠎ᠠ᠎ᠳᠤ ᠬᠦᠷᠴᠡᠢ᠃ 2010 ᠣᠨ᠎ᠠᠴᠠ ᠮᠣᠷᠢᠨ ᠬᠤᠭᠤᠷ ᠦᠦᠱᠢᠨ ᠬᠣᠱᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠬᠢᠴᠢᠶᠡᠯ ᠪᠣᠯᠵᠠᠶ᠃ ᠦᠦᠱᠢᠨ ᠬᠣᠱᠢᠭᠤ ᠤᠳᠤ ᠨᠢᠭᠡᠨᠲᠡ ᠮᠣᠷᠢᠨ ᠬᠤᠭᠤᠷ᠎ᠤᠨ ᠬᠥᠭ᠌ᠵᠢᠮ᠎ᠳᠦ ᠪᠠᠬᠠᠲᠠᠶ 10000 ᠭᠠᠷᠤᠶ ᠬᠥᠮᠦᠨ᠎ᠢ ᠬᠥᠮᠦᠵᠢᠭᠦᠯᠪᠡ᠃ ᠦᠦᠱᠢᠨ ᠬᠣᠱᠢᠭᠤ ᠪᠠᠰᠠ《ᠳᠤᠮᠳᠠᠳᠤ ᠤᠯᠤᠰ᠎ᠤᠨ ᠮᠤᠷᠢᠨ ᠬᠤᠭᠤᠷ᠎ᠤᠨ ᠰᠣᠶᠣᠯ᠎ᠢ ᠤᠯᠠᠮᠵᠢᠯᠠᠨ ᠬᠠᠮᠠᠭᠠᠯᠠᠬᠤ ᠰᠠᠭᠤᠷᠢᠨ》 ᠵᠢᠡᠷ ᠦᠨᠡᠯᠡᠭ᠌ᠳᠡᠵᠦ᠍᠂ 《ᠳᠤᠮᠳᠠᠳᠤ ᠤᠯᠤᠰ᠎ᠤᠨ ᠮᠤᠷᠢᠨ ᠬᠤᠭᠤᠷ᠎ᠤᠨ ᠰᠣᠶᠣᠯ᠎ᠤᠨ ᠰᠤᠳᠤᠯᠭᠠᠨ᠎ᠤ ᠲᠥᠪ》 ᠪᠣᠯᠤᠨ《ᠳᠤᠮᠳᠠᠳᠤ ᠤᠯᠤᠰ᠎ᠤᠨ ᠮᠤᠷᠢᠨ ᠬᠤᠭᠤᠷ᠎ᠤᠨ ᠮᠦᠽᠧᠢ》 ᠵᠢ ᠪᠠᠢᠭᠤᠯᠪᠠ᠃
ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ᠂ ᠰᠣᠩᠭᠣᠳᠠᠭ ᠦᠨᠳᠦᠰᠦᠲᠡᠨ᠎ᠦ ᠳᠠᠭᠤᠤ ᠬᠥᠭ᠌ᠵᠢᠮ᠎ᠢ ᠳᠡᠯᠭᠡᠨ ᠦᠵᠡᠬᠦᠯᠦᠨ᠎ᠡ᠃ ᠳᠤᠮᠳᠠᠳᠤ ᠤᠯᠤᠰ· ᠦᠦᠱᠢᠨ᠎ᠤ ᠮᠤᠷᠢᠨ ᠬᠤᠭᠤᠷ᠎ᠤᠨ ᠬᠥᠭ᠌ᠵᠢᠮ᠎ᠦᠨ ᠪᠦᠯᠬᠦᠮ ᠤᠳᠤ ᠨᠡᠩ ᠭᠣᠢᠳᠠ ᠰᠠᠢᠬᠠᠨ ᠲᠣᠭ᠍ᠯᠠᠯᠲᠠ᠎ᠶ᠋ᠢᠨ ᠲᠦᠪᠱᠢᠨ᠎ᠢᠶᠡᠷ ᠲᠠᠯ᠎ᠠ ᠨᠤᠲᠤᠭ᠎ᠲᠤ ᠦᠨᠳᠦᠰᠦᠯᠡᠵᠦ᠍᠂ ᠤᠯᠠᠨ ᠲᠦᠮᠡᠨ᠎ᠳᠦ ᠦᠢᠯᠡᠴᠢᠯᠡᠵᠦ᠍᠂ ᠮᠤᠷᠢᠨ ᠬᠤᠭᠤᠷ᠎ᠤᠨ ᠰᠣᠶᠣᠯ᠎ᠢ ᠤᠯᠠᠮᠵᠢᠯᠠᠵᠤ ᠪᠠᠢᠨ᠎ᠠ᠃ ᠲᠠᠢᠰᠠᠨ ᠳᠡᠭᠡᠷ᠎ᠡ ᠲᠡᠳᠡ ᠶᠠᠭ ᠣᠷᠳᠣᠰ᠎ᠤᠨ ᠲᠠᠯ᠎ᠠ ᠨᠤᠲᠤᠭ ᠳᠡᠭᠡᠷᠡᠬᠢ ᠴᠠᠬᠢᠷᠮ᠎ᠠ ᠴᠡᠴᠡᠭ ᠱᠢᠭ ᠦᠨᠭᠭᠡ ᠮᠢᠷᠠᠯᠵᠠᠨ ᠳᠡᠯᠭᠡᠷᠡᠨ᠎ᠡ; ᠲᠠᠢᠰᠠᠨ᠎ᠤ ᠳᠣᠣᠷ᠎ᠠ ᠦᠨᠳᠦᠰᠦᠲᠡᠨ᠎ᠦ ᠤᠨᠴᠠᠯᠢᠬ᠍ᠳᠤ ᠨᠠᠢᠷᠠᠯ ᠬᠥᠭ᠌ᠵᠢᠮ᠎ᠦᠨ ᠬᠠᠢᠨ ᠰᠦᠪᠡᠭ᠌ᠴᠢᠯᠡᠯᠳᠡ᠎ᠶ᠋ᠢᠨ ᠠᠶᠠᠯᠠᠯ ᠮᠥᠨ ᠦᠷᠭᠦᠯᠵᠢᠯᠡᠭ᠌ᠰᠡᠭᠡᠷ ᠁