ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ 12 ᠰᠠᠷ᠎ᠠ ᠶ᠋ᠢᠨ 16 — 17 ᠤ᠋ ᠡᠳᠦᠷ ᠪᠤᠯᠳᠠᠯ᠎ᠠ ᠬᠥᠬᠡᠬᠣᠲᠠ ᠳ᠋ᠦ ᠬᠠᠭᠤᠴᠢ ᠰᠤᠳᠤᠯᠤᠯ ᠤ᠋ᠨ ᠬᠠᠷᠠᠭᠠᠨ ᠳ᠋ᠡᠬᠢ ᠤᠮᠠᠷᠠᠲᠤ ᠬᠢᠯᠢ ᠶ᠋ᠢᠨ ᠰᠣᠶᠣᠯ ᠤ᠋ᠨ ᠡᠷᠳᠡᠮ ᠱᠢᠨᠵᠢᠯᠡᠭᠡᠨ ᠤ᠋ ᠰᠤᠳᠤᠯᠤᠨ ᠶᠠᠷᠢᠯᠴᠠᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠭᠤᠴᠢ ᠰᠤᠳᠤᠯᠤᠯ ᠤ᠋ᠨ ᠲᠤᠬᠠᠢᠯᠠᠭ᠍ᠰᠠᠨ ᠠᠵᠢᠯ ᠤ᠋ᠨ ᠪᠣᠯᠪᠠᠰᠤᠷᠠᠯ ᠤ᠋ᠨ ᠠᠩᠭᠢ᠂ ᠥᠪᠡᠷᠲᠡᠭᠡᠨ ᠵᠠᠰᠠᠬᠤ ᠣᠷᠣᠨ ᠤ᠋ ᠳᠥᠷᠪᠡᠳᠦᠭᠡᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠲᠤᠬᠠᠢᠯᠠᠭ᠍ᠰᠠᠨ ᠠᠵᠢᠯ ᠤ᠋ᠨ ᠪᠣᠯᠪᠠᠰᠤᠷᠠᠯ ᠤ᠋ᠨ ᠠᠩᠭᠢ ᠡᠷᠬᠢᠯᠡᠭᠰᠡᠨ ᠮᠦᠷᠲᠡᠭᠡᠨ ᠬᠦᠷᠢᠶᠡᠯᠡᠩ ᠪᠠᠢᠭᠤᠯᠤᠭ᠍ᠳᠠᠭ᠍ᠰᠠᠨ 70 ᠵᠢᠯ ᠤ᠋ᠨ ᠣᠶ ᠪᠠᠨ ᠪᠡᠯᠭᠡᠯᠡᠨ᠂ ᠤᠮᠠᠷᠠᠲᠤ ᠬᠢᠯᠢ ᠶ᠋ᠢᠨ ᠰᠣᠶᠣᠯ ᠤ᠋ᠨ ᠶᠡᠷᠦᠩᠬᠡᠢᠯᠡᠭ᠌ᠰᠡᠨ ᠴᠢᠨᠠᠷᠲᠠᠶ ᠰᠣᠶᠣᠯ ᠤ᠋ᠨ ᠲᠦᠷᠦᠯ ᠲᠡᠮᠳᠡᠭ ᠢ᠋ ᠤᠯᠠᠮ ᠨᠢᠭᠡ ᠠᠯᠬᠤᠮ ᠪᠣᠶ ᠪᠣᠯᠭᠠᠬᠤ᠂ ᠬᠠᠭᠤᠴᠢ ᠰᠤᠳᠤᠯᠤᠯ ᠤ᠋ᠨ ᠳᠡᠯᠡᠬᠡᠶ ᠶ᠋ᠢᠨ ᠲᠡᠷᠢᠭᠦᠨ ᠲᠠᠰ ᠤ᠋ᠨ ᠱᠢᠨᠵᠢᠯᠡᠭᠡᠨ ᠤ᠋ ᠰᠠᠯᠠᠭ᠎ᠠ ᠵᠢ ᠪᠣᠢᠵᠢᠭᠤᠯᠬᠤ ᠳ᠋ᠤ ᠬᠦᠴᠦᠨ ᠨᠠᠮᠡᠷᠢᠯᠡᠭᠰᠡᠨ ᠪᠠᠢᠨ᠎ᠠ᠃
ᠤᠯᠤᠰ ᠤ᠋ᠨ ᠳᠣᠲᠣᠭᠠᠳᠤ ᠶ᠋ᠢᠨ ᠡᠷᠳᠡᠮ ᠱᠢᠨᠵᠢᠯᠡᠭᠡᠨ ᠤ᠋ ᠬᠦᠷᠢᠶᠡᠯᠡᠩ ᠭᠠᠵᠠᠷ᠂ ᠬᠠᠭᠤᠴᠢ ᠰᠤᠳᠤᠯᠤᠯ ᠤ᠋ᠨ ᠰᠤᠳᠤᠯᠭᠠᠨ ᠤ᠋ ᠪᠠᠢᠭᠤᠯᠤᠮᠵᠢ᠂ ᠪᠥᠬᠥ᠌ ᠤᠯᠤᠰ ᠤ᠋ᠨ ᠡᠯ᠎ᠡ ᠶᠡᠬᠡ ᠳᠡᠭᠡᠳᠦ ᠰᠤᠷᠭᠠᠭᠤᠯᠢ ᠵᠢᠴᠢ ᠣᠷᠣᠨ ᠤ᠋ ᠳᠣᠲᠣᠷᠠᠬᠢ ᠡᠯ᠎ᠡ ᠠᠢᠮᠠᠭ ᠬᠣᠲᠠ ᠶ᠋ᠢᠨ ᠬᠠᠭᠤᠴᠢ ᠰᠤᠳᠤᠯᠤᠯ ᠤ᠋ᠨ ᠰᠤᠳᠤᠯᠭᠠᠨ ᠤ᠋ ᠨᠢᠭᠡᠴᠢ ᠶ᠋ᠢᠨ 150 ᠭᠠᠷᠤᠶ ᠲᠤᠰᠭᠠᠶ ᠮᠡᠷᠭᠡᠵᠢᠯᠲᠡᠨ ᠡᠷᠳᠡᠮᠲᠡᠨ ᠬᠤᠷᠠᠯ ᠳ᠋ᠦ ᠤᠷᠤᠯᠴᠠᠵᠤ᠂ ᠵᠢᠷᠭᠤᠭᠠᠨ ᠶᠡᠬᠡ ᠭᠤᠤᠯ ᠰᠡᠳᠦᠪ ᠬᠤᠪᠢᠶᠠᠨ ᠲᠤᠰᠭᠠᠶ ᠰᠡᠳᠦᠪᠲᠦ ᠬᠠᠷᠢᠭᠤ ᠮᠡᠳᠡᠭᠦᠯᠦᠯᠲᠡ ᠪᠠ ᠶᠠᠷᠢᠯᠴᠠᠭ᠎ᠠ ᠬᠢᠵᠠᠢ᠃ ᠡᠷᠳᠡᠮᠳᠡᠨ ᠮᠡᠷᠭᠡᠵᠢᠯᠲᠡᠳ ᠬᠠᠭᠤᠴᠢᠨ ᠴᠢᠯᠠᠭᠤᠨ ᠵᠡᠪᠰᠡᠭ ᠤ᠋ᠨ ᠴᠠᠭ ᠦᠶ᠎ᠡ ᠶ᠋ᠢᠨ ᠬᠠᠭᠤᠴᠢ ᠰᠤᠳᠤᠯᠤᠯ ᠤ᠋ᠨ ᠢᠯᠡᠷᠡᠭᠦᠯᠦᠯᠲᠡ ᠪᠠ ᠰᠤᠳᠤᠯᠭᠠᠨ᠂ ᠪᠠᠷᠠᠭᠤᠨ ᠯᠢᠶᠣᠤ ᠾᠧ ᠭᠣᠣᠯ ᠤ᠋ᠨ ᠰᠠᠪᠠ ᠭᠠᠵᠠᠷ ᠤ᠋ᠨ ᠡᠷᠲᠡ ᠦᠶ᠎ᠡ ᠶ᠋ᠢᠨ ᠪᠣᠯᠪᠠᠰᠤᠨ ᠤ᠋ ᠰᠤᠳᠤᠯᠭᠠᠨ᠂ ᠶᠠᠩ ᠱᠤᠤ ᠶ᠋ᠢᠨ ᠴᠠᠭ ᠦᠶ᠎ᠡ ᠬᠦᠷᠡᠯ ᠵᠡᠪᠰᠡᠭ ᠤ᠋ᠨ ᠴᠠᠭ ᠦᠶ᠎ᠡ ᠶ᠋ᠢᠨ ᠬᠠᠳᠤᠨ ᠭᠣᠣᠯ ᠤ᠋ᠨ ᠳᠤᠮᠳᠠ ᠤᠷᠤᠰᠭᠠᠯ ᠤ᠋ᠨ ᠣᠷᠣᠨ ᠪᠦᠰᠡ ᠶ᠋ᠢᠨ ᠪᠣᠯᠪᠠᠰᠤᠨ ᠤ᠋ ᠤᠯᠠᠷᠢᠯ ᠬᠤᠪᠢᠰᠤᠯ᠂ ᠰᠦᠩ ᠯᠢᠶᠣᠤ ᠶ᠋ᠢᠨ ᠬᠤᠳᠠ ᠶ᠋ᠢᠨ ᠪᠠᠭᠤᠷᠢ ᠶ᠋ᠢᠨ ᠬᠠᠭᠤᠴᠢ ᠰᠤᠳᠤᠯᠤᠯ ᠤ᠋ᠨ ᠢᠯᠡᠷᠡᠭᠦᠯᠦᠯᠲᠡ ᠪᠠ ᠰᠤᠳᠤᠯᠭᠠᠨ᠂ ᠤᠷᠳᠤ ᠴᠠᠭᠠᠨ ᠬᠡᠷᠡᠮ ᠤ᠋ᠨ ᠬᠠᠭᠤᠴᠢ ᠰᠤᠳᠤᠯᠤᠯ ᠤ᠋ᠨ ᠢᠯᠡᠷᠡᠭᠦᠯᠦᠯᠲᠡ ᠪᠠ ᠤᠳᠤ ᠦᠶ᠎ᠡ ᠶ᠋ᠢᠨ ᠦᠨ᠎ᠡ ᠦᠷᠳᠡᠭ᠂ ᠳᠥᠷᠪᠡᠳᠦᠭᠡᠷ ᠤᠳᠠᠭᠠᠨ ᠤ᠋ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠲᠤᠬᠠᠢᠯᠠᠭ᠍ᠰᠠᠨ ᠠᠵᠢᠯ ᠤ᠋ᠨ ᠪᠣᠯᠪᠠᠰᠤᠷᠠᠯ ᠵᠡᠷᠭᠡ ᠲᠠᠯ᠎ᠠ ᠪᠠᠷ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠶ᠋ᠢᠨ ᠠᠵᠢᠯ ᠢ᠋ ᠭᠦᠨᠵᠡᠭᠡᠢ ᠰᠤᠳᠤᠯᠤᠨ ᠶᠠᠷᠢᠯᠴᠠᠵᠤ᠂ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠤᠯᠠᠨ ᠳᠠᠪᠬᠤᠷ ᠦᠷᠳᠡᠭ ᠤ᠋ᠨ ᠠᠭᠤᠯᠤᠭ᠍ᠳᠠᠬᠤᠨ ᠢ᠋ ᠤᠯᠠᠮ ᠴᠢᠨᠠᠭ᠍ᠰᠢᠳᠠ ᠲᠣᠳᠣᠷᠬᠠᠢᠯᠠᠨ ᠥᠭᠦᠯᠡᠵᠦ᠍᠂ ᠪᠣᠳᠠᠲᠤ ᠪᠣᠳᠠᠰ ᠵᠢᠡᠷ ᠥᠪᠥᠷ ᠮᠣᠩᠭᠣᠯ ᠤ᠋ᠨ ᠬᠠᠭᠤᠴᠢ ᠰᠤᠳᠤᠯᠤᠯ ᠤ᠋ᠨ ᠰᠣᠶᠣᠯ ᠤ᠋ᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠵᠢᠨ ᠪᠦᠷᠢᠯᠳᠦᠯ ᠲᠤᠮᠳᠠᠬᠢ ᠡᠭᠦᠷᠭᠡ ᠬᠠᠷᠢᠭᠤᠴᠠᠯᠭ᠎ᠠ ᠵᠢ ᠲᠣᠳᠣᠷᠬᠠᠢᠯᠠᠨ ᠥᠭᠦᠯᠡᠪᠠ ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号