ᠱᠢᠨ᠎ᠡ ᠡᠭᠦᠳᠦᠯᠳᠠ ᠵᠢᠨ ᠨᠢᠭᠤᠴᠠ ᠨᠣᠮᠧᠷ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ ᠎ᠢ ᠬᠥᠭ᠌ᠵᠢᠭᠡᠵᠤ ᠠᠵᠤ ᠦᠢᠯᠡᠳᠪᠦᠷᠢ᠎ᠶ᠋ᠢᠨ ᠬᠠᠭᠤᠴᠢᠨ ᠰᠠᠭᠤᠷᠢᠨ ᠪᠤᠭᠤᠲᠤ ᠬᠤᠲᠠ ᠱᠢᠨ᠎ᠡ ᠭᠠᠢᠬᠠᠮᠱᠢᠭ᠎ᠢ ᠪᠢᠴᠢᠭ᠌ᠯᠡᠨᠠᠮ
2024-12-18 10:00:52
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 23 ᠎ᠤ᠋ ᠡᠳᠦᠷ᠂ ᠭᠤᠷᠪᠠᠳᠤᠭᠠᠷ ᠬᠤᠭᠤᠴᠠᠭᠠᠨ᠎ᠤ ᠪᠤᠭᠤᠲᠤ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠠᠩᠨᠠᠯ᠎ᠤᠨ ᠱᠠᠩᠨᠠᠯ ᠣᠯᠭᠣᠬᠤ ᠠᠵᠢᠯᠯᠠᠭ᠎ᠠ ᠶᠠᠪᠤᠭ᠍ᠳᠠᠪᠠ᠃ ᠪᠤᠭᠤᠲᠤ ᠬᠤᠳᠠ ᠠᠵᠤ ᠠᠬᠤᠢᠯᠠᠯᠲᠠᠨ᠎ᠳᠤ ᠲᠠᠬᠢᠨᠲᠠ ᠬᠠᠮᠤᠭ᠎ᠤᠨ ᠳᠡᠭᠡᠳᠦ ᠬᠦᠨᠳᠦᠳᠭᠡᠯ ᠲᠡᠪᠰᠢᠭᠦᠯᠵᠦ᠍᠂ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬ᠍ᠴᠢ᠎ᠶ᠋ᠢ ᠬᠤᠳᠠ᠎ᠶ᠋ᠢᠨ  ᠵᠢᠡᠨ ᠬᠠᠮᠤᠭ᠎ᠤᠨ ᠭᠤᠤᠯ ᠪᠠᠢᠷᠢᠨ᠎ᠳᠤ ᠲᠠᠯᠪᠢᠭᠰᠠᠨ ᠪᠠᠢᠨ᠎ᠠ᠃

15 ᠵᠢᠯ᠎ᠦᠨ ᠡᠮᠦᠨᠡᠬᠢ ᠡᠨᠡ ᠡᠳᠦᠷ —

2009 ᠣᠨ᠎ᠤ 8 ᠰᠠᠷ᠎ᠠ᠎ᠶ᠋ᠢᠨ 23 ᠤ᠋ ᠡᠳᠦᠷ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠤᠯᠤᠰ᠎ᠤᠨ ᠳᠡᠳ᠋ ᠲᠡᠷᠢᠭᠦᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠵᠤ ᠪᠠᠢᠭ᠍ᠰᠠᠨ  ᠰᠢ ᠵᠢᠨ ᠫᠢᠩ ᠪᠤᠭᠤᠲᠤ᠎ᠳᠤ ᠬᠦᠷᠴᠦ᠍ ᠱᠢᠨᠵᠢᠯᠡᠨ ᠪᠠᠢᠴᠠᠭᠠᠵᠤ᠂ ᠪᠤᠭᠤᠲᠤ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠠᠬᠢᠭᠤᠯᠤᠭ᠍ᠰᠠᠨ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ 《ᠨᠢᠭᠡ ᠱᠢᠨ᠎ᠡ᠎ᠶ᠋ᠢ ᠡᠭᠦᠳᠴᠦ᠍᠂ ᠭᠤᠷᠪᠠ᠎ᠶ᠋ᠢ ᠪᠡᠶᠡᠯᠡᠭᠦᠯᠬᠦ᠌》 ᠴᠢᠬᠤᠯᠠ ᠵᠢᠭᠠᠪᠤᠷᠢ ᠥᠭ᠌ᠴᠦ᠂ ᠱᠢᠨ᠎ᠡ᠎ᠶ᠋ᠢ ᠡᠭᠦᠳᠬᠦ᠌᠎ᠶ᠋ᠢᠨ ᠪᠤᠭᠤᠲᠤ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠡᠬᠢ ᠲᠡᠷᠢᠭᠦᠨ ᠴᠢᠬᠤᠯᠠ ᠪᠠᠢᠷᠢ ᠰᠠᠭᠤᠷᠢ᠎ᠶ᠋ᠢ ᠲᠣᠭ᠍ᠲᠠᠭᠠᠪᠠ᠃

ᠣᠯᠠᠨ ᠵᠢᠯ᠎ᠦᠨ ᠲᠤᠷᠰᠢ ᠪᠤᠭᠤᠲᠤ ᠬᠣᠲᠠ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠪᠠ᠃ 2023 ᠣᠨ᠎ᠳᠤ ᠪᠤᠭᠤᠲᠤ ᠬᠣᠲᠠ ᠵᠢᠯ ᠪᠦᠷᠢ᠎ᠶ᠋ᠢᠨ 8 ᠰᠠᠷ᠎ᠠ᠎ᠶ᠋ᠢᠨ 23 ᠎ᠤ᠋ ᠡᠳᠦᠷ᠎ᠢ 《ᠪᠤᠭᠤᠲᠤ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠳᠦᠷ》  ᠪᠣᠯᠭᠠᠵᠤ᠂ 8 ᠰᠠᠷ᠎ᠠ᠎ᠶ᠋ᠢᠨ 23 ᠎ᠤ᠋ ᠡᠳᠦᠷ᠎ᠦᠨ ᠪᠠᠢᠭ᠎ᠠ ᠭᠠᠷᠠᠭ᠎ᠢ 《ᠪᠤᠭᠤᠲᠤ᠎ᠶ᠋ᠢᠨ ᠴᠢᠳᠠᠪᠤᠷᠢᠲᠠᠨ᠎ᠤ ᠭᠠᠷᠠᠭ》 ᠪᠣᠯᠭᠠᠵᠠᠶ᠃


ᠱᠢᠨ᠎ᠡ ᠤᠷᠤᠯᠳᠤᠭᠠᠨ᠎ᠤ ᠵᠠᠮ ᠳᠡᠭᠡᠷ᠎ᠡ ᠱᠢᠨ᠎ᠡ ᠬᠤᠷᠳᠤᠴᠠ᠎ᠶ᠋ᠢ ᠪᠡᠶᠡᠯᠡᠭᠦᠯᠪᠡ

ᠥᠩᠭᠡᠷᠡᠭ᠌ᠰᠡᠨ᠎ᠳᠦ ᠪᠤᠭᠤᠲᠤ 《ᠳᠤᠮᠳᠠᠳᠤ ᠤᠯᠤᠰ᠎ᠤᠨ ᠠᠩᠬᠠᠳᠠᠭ᠍ᠴᠢ ᠲᠠᠩᠺ》᠂《ᠨᠢᠰᠭᠡᠯ ᠫᠤᠤᠳᠠᠬᠤ ᠠᠩᠬᠠᠳᠠᠭ᠍ᠴᠢ ᠫᠤᠤ》᠂ 《ᠠᠩᠬᠠᠳᠠᠭ᠍ᠴᠢ ᠠᠲ᠋ᠣᠮ᠎ᠤᠨ ᠪᠥᠮᠪᠥᠭᠡ ᠪᠣᠯᠤᠨ ᠤᠰᠤᠲᠥ᠋ᠷᠥᠭ᠌ᠴᠢ ᠪᠥᠮᠪᠥᠭᠡ᠎ᠶ᠋ᠢᠨ ᠴᠥᠮ᠎ᠡ᠎ᠶ᠋ᠢᠨ ᠲᠦᠯᠡᠰᠢ》 ᠵᠢᠨ ᠭᠠᠢᠬᠠᠮᠱᠢᠭ᠎ᠢ ᠡᠭᠦᠳᠴᠡᠢ᠃ ᠡᠳᠦᠭᠡ ᠪᠤᠭᠤᠲᠤ ᠬᠤᠳᠠ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠪᠠᠷ 《ᠬᠥᠳᠡᠯᠭᠡᠬᠦ᠌  ᠬᠦᠴᠦ ᠶ᠋ᠢᠨ ᠰᠣᠯᠢᠭ᠍ᠳᠠᠯ》᠂ 《ᠭᠣᠢᠳᠠ ᠰᠠᠢᠬᠠᠨ ᠬᠤᠪᠢᠷᠠᠯᠲᠠ》  ᠵᠢᠨ ᠢᠷᠠᠭᠤ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍ ᠪᠠᠢᠨ᠎ᠠ᠃

ᠱᠢᠨ᠎ᠡ᠎ᠶ᠋ᠢ ᠡᠭᠦᠳᠬᠦ᠌ ᠪᠣᠯ ᠡᠨᠡ ᠬᠦ᠌ ᠬᠣᠲᠠ᠎ᠶ᠋ᠢᠨ ᠭᠧᠨ᠎ᠳᠦ ᠭᠦᠨ ᠦᠨᠳᠦᠰᠦᠯᠡᠭ᠌ᠰᠡᠨ ᠨᠢᠭᠤᠴᠠ ᠨᠣᠮᠧᠷ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ ᠪᠤᠭᠤᠲᠤ ᠬᠤᠳᠠ ᠡᠬᠢ ᠪᠠᠶᠠᠯᠢᠭ ᠡᠯᠪᠡᠭ ᠳᠡᠯᠪᠡᠭ ᠪᠠᠢᠬᠤ ᠳᠠᠪᠠᠭᠤᠯᠢᠭ᠎ᠲᠠᠭᠠᠨ ᠲᠦᠱᠢᠭ᠌ᠯᠡᠨ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠵᠠᠮ᠎ᠢᠶᠠᠨ ᠡᠬᠢᠯᠡᠭᠦᠯᠵᠡᠢ᠃ ᠱᠢᠨ᠎ᠡ ᠴᠠᠭ ᠦᠶ᠎ᠡ᠂ ᠱᠢᠨ᠎ᠡ ᠠᠶᠠᠨ᠎ᠳᠤ ᠬᠡᠯᠪᠡᠷᠢ᠎ᠪᠡᠨ ᠬᠤᠪᠢᠷᠠᠭᠤᠯᠤᠨ ᠲᠠᠬᠢᠨ ᠪᠠᠢᠭᠤᠯᠬᠤ ᠴᠢᠬᠤᠯᠠ ᠶᠡᠬᠡ ᠰᠡᠳᠦᠪ᠎ᠤᠨ ᠡᠮᠦᠨ᠎ᠡ ᠡᠨᠡ ᠬᠦ᠌ ᠬᠠᠭᠤᠴᠢᠨ ᠠᠵᠤ ᠦᠢᠯᠡᠳᠪᠦᠷᠢ᠎ᠶ᠋ᠢᠨ ᠬᠤᠳᠠ 《ᠲᠤᠮᠤ ᠣᠩᠭᠣᠴᠠ᠎ᠴᠢᠭᠯᠡᠯ᠎ᠢᠶᠡᠨ ᠬᠤᠪᠢᠷᠠᠭᠤᠯᠬᠤ᠎ᠳᠤ ᠪᠡᠷᠬᠡ》 ᠬᠦᠴᠢᠷᠳᠡᠯ᠎ᠢ ᠢᠯᠠᠨ ᠲᠠᠪᠠᠵᠤ᠂ ᠥᠷᠢᠰᠥᠯᠳᠦᠭᠡᠨ᠎ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠱᠢᠨ᠎ᠡ ᠠᠵᠠ ᠲᠤᠬᠢᠶᠠᠯ᠎ᠢ ᠴᠢᠩᠭ᠎ᠠ ᠡᠵᠡᠮᠳᠡᠨ᠂ ᠪᠦᠰᠡᠯᠡᠯᠲᠡ᠎ᠶ᠋ᠢ ᠱᠢᠪᠲᠤᠯᠤᠨ ᠦᠰᠦᠷᠦᠯᠲᠡ ᠵᠢ ᠪᠡᠶᠡᠯᠡᠭᠦᠯᠦᠭᠰᠡᠨ ᠪᠠᠢᠨ᠎ᠠ᠃

2022 ᠣᠨ᠎ᠳᠤ  ᠪᠤᠭᠤᠲᠤ ᠬᠤᠲᠠ ᠵᠢᠨ ᠬᠢᠨ 《ᠲᠡᠦᠬᠡ᠎ᠶ᠋ᠢᠨ ᠬᠠᠮᠤᠭ᠎ᠤᠨ ᠰᠠᠢ᠌ᠨ ᠲᠦᠪᠰᠢᠨ᠎ᠳᠦ ᠪᠤᠴᠠᠵᠤ᠂ ᠪᠤᠭᠤᠲᠤ᠎ᠶ᠋ᠢᠨ ᠰᠦᠷ ᠵᠢᠪᠬᠤᠭ᠎ᠠ᠎ᠶ᠋ᠢ ᠲᠠᠬᠢᠨ ᠮᠠᠨᠳᠤᠭᠤᠯᠤᠨ᠎ᠠ》 ᠭᠡᠵᠦ᠍ ᠲᠤᠩᠬᠠᠭᠯᠠᠪᠠ᠃ 2023 ᠣᠨ᠎ᠳᠤ  ᠪᠤᠭᠤᠲᠤ ᠬᠣᠲᠠ《ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ》ᠤ᠋ᠨ ᠬᠡᠯᠪᠡᠷᠢ᠎ᠪᠡᠷ 《ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠶᠡᠬᠡ ᠪᠡᠷ ᠬᠥᠭ᠌ᠵᠢᠭᠦᠯᠬᠦ᠌ ᠲᠤᠬᠠᠶ ᠰᠠᠨᠠᠯ》ᠢ᠋ ᠨᠡᠢᠲᠡᠯᠡᠵᠦ᠍᠂ ᠱᠢᠨ᠎ᠡ᠎ᠶ᠋ᠢ ᠡᠭᠦᠳᠬᠦ᠌᠎ᠶ᠋ᠢᠨ ᠪᠤᠭᠤᠲᠤ᠎ᠳᠤ ᠦᠵᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ᠎ᠢ ᠳᠠᠬᠢᠨᠲᠠ ᠴᠢᠬᠤᠯᠠᠴᠢᠯᠠᠭ᠍ᠰᠠᠨ᠎ᠢᠶᠠᠷ ᠪᠠᠷᠠᠬᠤ ᠥᠬᠡᠶ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠭᠤᠤᠯᠳᠠᠯᠭ᠎ᠠ᠎ᠲᠠᠶ ᠡᠭᠦᠷᠭᠡ ᠪᠣᠯᠤᠨ ᠲᠡᠮᠡᠴᠡᠬᠦ᠌ ᠬᠠᠷᠠᠯᠲᠠ᠎ᠶ᠋ᠢ ᠤᠯᠠᠮ ᠨᠢᠭᠡ ᠠᠯᠬᠤᠮ ᠳᠤᠷᠠᠳᠤᠭ᠍ᠰᠠᠨ ᠪᠠᠢᠨ᠎ᠠ᠃ 2024 ᠣᠨ᠎ᠤ ᠱᠢᠨ᠎ᠡ ᠵᠢᠯ᠎ᠦᠨ ᠠᠩᠬᠠᠨ᠎ᠤ ᠡᠳᠦᠷ ᠪᠤᠭᠤᠲᠤ ᠬᠣᠲᠠ 《ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠦᠷᠭᠡᠳᠭᠡᠨ ᠬᠡᠷᠡᠭ᠌ᠵᠢᠭᠦᠯᠵᠦ᠍ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠢ᠋《ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ》 ᠤ᠋ᠨ ᠬᠡᠯᠪᠡᠷᠢ᠎ᠪᠡᠷ ᠭᠠᠷᠭᠠᠵᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠥᠭ᠌ᠵᠢᠯᠲᠡ᠎ᠳᠦ ᠳᠠᠬᠢᠨᠲᠠ ᠠᠩᠬᠠᠷᠤᠯ᠎ᠢᠶᠠᠨ ᠲᠥᠪᠯᠡᠷᠡᠭᠦᠯᠪᠡ᠃

《ᠳᠡᠯᠡᠬᠡᠶ᠎ᠶ᠋ᠢᠨ ᠬᠣᠪᠣᠷ ᠱᠢᠷᠣᠶ᠎ᠶ᠋ᠢᠨ ᠬᠣᠲᠠ》᠂ 《ᠳᠡᠯᠡᠬᠡᠶ᠎ᠶ᠋ᠢᠨ ᠪᠣᠬᠢᠷᠲᠤᠯ ᠥᠬᠡᠶ ᠴᠠᠬᠢᠭᠤᠷ᠎ᠤᠨ ᠬᠣᠲᠠ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠭ ᠲᠡᠮᠳᠡᠭ᠎ᠦᠨ ᠬᠡᠯᠪᠡᠷᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠪᠠ; ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ᠂ ᠲᠡᠷᠢᠭᠦᠨ᠎ᠦ ᠲᠡᠮᠦᠷᠯᠢᠭ ᠮᠠᠲ᠋ᠧᠷᠢᠶᠠᠯ᠂ ᠨᠡᠭᠦᠷᠡᠰᠦᠨ ᠱᠢᠷᠬᠡᠭ᠌ᠯᠢᠭ ᠵᠢᠴᠢ ᠳᠡᠭᠡᠳᠦ ᠮᠣᠯᠧᠺᠦᠯ᠎ᠦᠨ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ᠎ᠤ ᠮᠠᠰᠢᠨ ᠵᠢᠴᠢ ᠢᠵᠢ ᠲᠦᠬᠦᠷᠵᠢᠯ᠂ ᠤᠰᠤᠲᠥ᠋ᠷᠥᠭ᠌ᠴᠢ ᠡᠨᠧᠷᠭᠢ᠎ᠶ᠋ᠢᠨ ᠨᠥᠭᠡᠴᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠠᠭᠤᠳᠠᠯᠵᠤ᠂ ᠭᠤᠤᠯᠳᠠᠯᠭ᠎ᠠ᠎ᠲᠠᠶ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠪᠦᠯᠦᠭ᠌ᠵᠢᠯ᠎ᠢ ᠲᠦᠷᠭᠡᠳᠭᠡᠨ ᠴᠣᠭ᠍ᠴᠠᠯᠠᠪᠠ ᠁ ᠪᠤᠭᠤᠲᠤ ᠬᠣᠲᠠ ᠪᠥᠬᠥ᠌ ᠬᠣᠲᠠ᠎ᠲᠠᠶᠠᠭᠠᠷ᠎ᠢᠶᠡᠷ᠎ᠢᠶᠠᠨ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ᠂ ᠴᠢᠳᠠᠮᠠᠭᠠᠶ ᠬᠢᠵᠦ᠍ ᠴᠢᠳᠠᠮᠠᠭᠠᠶ ᠪᠦᠲᠦᠭᠡᠬᠦ᠌ ᠪᠣᠳᠠᠲᠤ ᠠᠵᠢᠯᠯᠠᠭ᠎ᠠ᠎ᠪᠠᠷ᠎ᠢᠶᠠᠨ 《ᠱᠢᠨ᠎ᠡ ᠵᠢ ᠡᠭᠦᠳᠬᠦ》 ᠵᠠᠮ᠎ᠢᠶᠡᠷ ᠵᠠᠮᠨᠠᠭᠰᠠᠨ ᠪᠠᠢᠨ᠎ᠠ᠃

2023 ᠣᠨ᠎ᠳᠤ ᠪᠤᠭᠤᠲᠤ ᠬᠤᠳᠠ᠎ᠶ᠋ᠢᠨ GDP ᠵᠢᠨ ᠶᠡᠷᠦᠩᠬᠡᠢ ᠬᠡᠮᠵᠢᠢ᠎ᠡ 4263.9 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠦᠬᠦ᠌ ᠤᠯᠤᠰ᠎ᠤᠨ ᠵᠠᠭᠤᠨ ᠬᠦᠴᠦᠷᠬᠡᠭ ᠬᠤᠳᠠ᠎ᠶ᠋ᠢᠨ ᠳᠤᠮᠳᠠ ᠨᠡᠮᠡᠭ᠌ᠳᠡᠯ᠎ᠦᠨ ᠬᠤᠷᠳᠤᠴᠠ ᠪᠡᠷ ᠲᠡᠷᠢᠭᠦᠨ᠎ᠳᠦ ᠣᠷᠣᠵᠤ᠂ ᠶᠡᠷᠦᠩᠬᠡᠢ ᠬᠡᠮᠵᠢᠢ᠎ᠡ ᠨᠢ 9 ᠪᠠᠢᠷᠢ ᠲᠠᠭᠡᠭᠰᠢᠯᠡᠪᠡ᠃ 2024 ᠣᠨ᠎ᠤ ᠳᠡᠭᠡᠷ᠎ᠡ ᠬᠠᠭᠠᠰ ᠵᠢᠯ᠎ᠳᠦ ᠪᠤᠭᠤᠲᠤ ᠬᠣᠲᠠ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 2252.3 ᠳ᠋ᠦᠩᠱᠢᠭᠤᠷ ᠲᠥᠭᠥᠷᠢᠭ᠎ᠢ ᠪᠡᠶᠡᠯᠡᠭᠦᠯᠵᠦ᠍᠂ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠣᠷᠣᠨ᠎ᠳᠤ ᠨᠢᠭᠡᠳᠦᠭᠡᠷ᠎ᠲᠦ ᠣᠷᠣᠵᠤ᠂ ᠪᠥᠬᠥ᠌ ᠤᠯᠤᠰ᠎ᠤᠨ ᠵᠠᠭᠤᠨ ᠬᠦᠴᠦᠷᠬᠡᠭ ᠬᠣᠲᠠ᠎ᠵᠢᠨ ᠲᠤᠳᠤᠷ᠎ᠠ ᠨᠢᠭᠡᠳᠦᠭᠡᠷ᠎ᠲᠦ ᠣᠷᠣᠪᠠ᠃

   

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠱᠢᠨ᠎ᠡ ᠬᠥᠳᠡᠯᠭᠡᠭᠦᠷ᠎ᠢ ᠬᠦᠭᠵᠢᠭᠡᠪᠡ

《ᠤᠯᠤᠰ᠎ᠤᠨ ᠳᠣᠲᠣᠭᠠᠳᠤ᠎ᠶ᠋ᠢᠨ ᠠᠩᠬᠠᠨ᠎ᠤ ᠡᠭᠦᠳᠦᠯᠲᠡ! ᠵᠠᠭᠤᠨ ᠮᠧᠲ᠋ᠷ᠎ᠦᠨ ᠡᠷᠭᠦᠭᠦᠯ ᠲᠡᠷᠭᠡ ᠵᠢ ᠠᠯᠤᠰ᠎ᠡᠴᠡ ᠲᠥᠪᠯᠡᠷᠡᠭᠦᠯᠦᠨ ᠡᠵᠡᠮᠳᠡᠬᠦ᠌ ᠲᠥᠷᠥᠯ ᠵᠦᠶ᠋ᠯ᠎ᠢ ᠪᠤᠭᠤᠲᠤ᠎ᠶ᠋ᠢᠨ ᠪᠣᠯᠣᠳ ᠲᠡᠮᠦᠷ᠎ᠦᠨ ᠺᠣᠮᠫᠠᠨᠢ᠎ᠳᠤ ᠨᠠᠢᠳᠠᠪᠤᠷᠢᠵᠢᠭᠤᠯᠪᠠ》᠂ 《ᠪᠤᠭᠤᠲᠤ᠎ᠶ᠋ᠢᠨ ᠬᠥᠩᠭᠡᠨᠴᠠᠭᠠᠨ᠎ᠤ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠠᠩᠬᠠᠳᠠᠭ᠍ᠴᠢ ᠦᠯᠢᠶᠡᠭᠦᠷ ᠮᠠᠱᠢᠨ᠎ᠢ ᠳᠡᠭᠦᠵᠢᠯᠡᠨ ᠤᠭ᠍ᠰᠠᠷᠠᠭᠠᠳ ᠠᠮᠵᠢᠯᠲᠠ ᠤᠯᠪᠠ》᠁ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠷ᠎ᠡ ᠪᠦᠲᠦᠭᠡᠯ ᠪᠦᠬᠦᠨ ᠦᠶ᠋ᠯᠡᠳᠪᠦᠷᠢᠯᠡᠯ᠎ᠦᠨ ᠡᠮᠦᠨ᠎ᠡ ᠹᠷᠣᠨᠲ᠎ᠲᠤ ᠴᠣᠯᠭᠣᠷᠠᠨ ᠭᠠᠷᠪᠠ᠃

2024 ᠣᠨ᠎ᠤ ᠱᠢᠨ᠎ᠡ ᠵᠢᠯ ᠡᠬᠢᠯᠡᠮᠡᠭ᠌ᠴᠡ ᠪᠤᠭᠤᠲᠤ ᠬᠣᠲᠠ᠎ᠶ᠋ᠢᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ  ᠥᠨᠳᠥᠷ ᠲᠦᠪᠱᠢᠨ ᠪᠥᠬᠥᠶ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢ ᠪᠣᠢᠵᠢᠭᠤᠯᠬᠤ᠂ ᠥᠨᠳᠥᠷ ᠡᠨᠧᠷᠭᠢ᠎ᠶ᠋ᠢᠨ ᠲᠡᠰ ᠪᠦᠬᠦᠢ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠬᠤ᠂ ᠥᠨᠳᠥᠷ ᠪᠦᠲᠦᠮᠵᠢᠲᠡᠶ ᠪᠡᠷ ᠰᠤᠳᠤᠯᠤᠨ ᠨᠡᠭᠡᠭᠡᠵᠦ᠍ ᠤᠨᠳᠤᠤᠰᠢᠭᠤᠯᠬᠤ᠎ᠶ᠋ᠢ ᠠᠬᠢᠭᠤᠯᠬᠤ᠂ ᠴᠢᠨᠠᠷ ᠰᠠᠢᠲᠠᠶ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠪᠦᠷᠢᠨᠱᠢᠬᠦᠯᠬᠦ᠌᠂ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠱᠢᠰᠲ᠋ᠧᠮ᠎ᠢ ᠪᠠᠢᠭᠤᠯᠬᠤ ᠬᠠᠷᠠᠯᠲᠠ ᠡᠭᠦᠷᠭᠡ᠎ᠶ᠋ᠢ ᠳᠤᠷᠠᠳᠤᠭ᠍ᠰᠠᠨ ᠪᠠᠢᠨ᠎ᠠ᠃

ᠵᠢᠯ᠎ᠤᠨ ᠡᠬᠢᠨ᠎ᠡᠴᠡ ᠪᠤᠭᠤᠲᠤ ᠬᠣᠲᠠ ᠳᠡᠭᠡᠳᠦ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠶ᠋ᠢ 2.75 ᠳ᠋ᠦᠩᠱᠢᠭᠤᠷ ᠲᠥᠭᠥᠷᠢᠭ ᠭᠤᠶᠤᠴᠢᠯᠡᠨ ᠣᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠥᠨ ᠵᠢᠯᠣᠭᠣᠳᠭᠤ᠂ ᠴᠢᠬᠤᠯᠠ ᠶᠡᠬᠡ ᠲᠤᠰᠭᠠᠶ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠵᠡᠷᠭᠡ᠎ᠳᠤ ᠬᠡᠷᠡᠭ᠌ᠯᠡᠪᠡ; ᠥᠪᠡᠷᠲᠡᠭᠡᠨ ᠵᠠᠰᠠᠬᠤ ᠣᠷᠣᠨ᠎ᠤ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠱᠠᠩᠨᠠᠬᠤ ᠪᠡᠯᠡ ᠮᠥᠩᠭᠥ᠌ 1600 ᠲᠦᠮᠡᠨ ᠲᠥᠭᠥᠷᠢᠭ᠂ ᠲᠤᠰᠭᠠᠢᠭᠰᠠᠨ ᠨᠠᠷᠢᠯᠢᠭᠵᠢᠭᠰᠠᠨ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠱᠠᠩᠨᠠᠬᠤ ᠪᠡᠯᠡ ᠮᠥᠩᠭᠥ᠌ 700 ᠲᠦᠮᠡᠨ ᠲᠥᠭᠥᠷᠢᠭ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠲᠤᠰᠭᠠᠶ ᠵᠦᠢᠯ᠎ᠦᠨ ᠪᠡᠯᠡ ᠮᠥᠩᠭᠥ᠌ 3400 ᠲᠦᠮᠡᠨ ᠲᠥᠭᠥᠷᠢᠭ᠎ᠢ ᠭᠤᠶᠤᠴᠢᠯᠡᠨ ᠣᠯᠵᠤ᠂ ᠠᠵᠤ ᠠᠬᠤᠢᠯᠠᠯ᠎ᠢ ᠵᠣᠷᠢᠭ᠍ᠵᠢᠭᠤᠯᠤᠨ ᠬᠥᠲᠥᠯᠥᠨ ᠵᠢᠯᠣᠭᠣᠳᠴᠤ᠌ ᠪᠠᠢᠭᠠᠳ ᠠᠵᠤ ᠦᠢᠯᠡᠳᠪᠦᠷᠢ᠎ᠶ᠋ᠢᠨ ᠬᠦᠷᠢᠶᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶ᠋ᠢ ᠨᠡᠮᠡᠭ᠌ᠳᠡᠭᠦᠯᠪᠡ᠃

ᠡᠢᠮᠦᠷᠬᠦᠦ ᠡᠷᠴᠢᠮᠳᠠᠢ ᠴᠢᠨᠭᠭ᠎ᠠ ᠪᠠᠲᠤᠯᠠᠭ᠎ᠠ ᠳᠤᠤᠷ᠎ᠠ ᠪᠤᠭᠤᠲᠤ ᠬᠣᠲᠠ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠤᠯᠤᠰ᠎ᠤᠨ ᠲᠠᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠦᠷᠭᠦᠯᠵᠢᠯᠡᠨ ᠡᠭᠦᠳᠦᠨ ᠪᠠᠢᠭᠤᠯᠬᠤ᠎ᠶ᠋ᠢ ᠳᠡᠮᠵᠢᠵᠦ᠍᠂ 2 ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠪᠠᠷᠢᠮᠵᠢᠶᠠᠯᠠᠨ ᠳᠡᠭᠡᠭ᠌ᠰᠢᠯᠡᠭᠦᠯᠬᠦ᠌᠎ᠶ᠋ᠢ ᠳᠡᠮᠵᠢᠵᠦ᠍᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠢ 32 ᠬᠡᠷᠡᠭ᠌ᠵᠢᠭᠦᠯᠵᠦ᠍᠂ 9 ᠲᠤᠷᠱᠢᠯᠲᠠ᠎ᠶ᠋ᠢᠨ ᠲᠠᠰᠤᠭ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠱᠢᠯᠢᠳᠡᠭ᠌ᠵᠢᠭᠦᠯᠦᠨ ᠳᠠᠬᠢᠨ ᠪᠠᠢᠭᠤᠯᠬᠤ᠎ᠶ᠋ᠢ ᠦᠨᠭᠭᠡᠷᠡᠭᠦᠯᠬᠦ ᠵᠢ ᠳᠡᠮᠵᠢᠵᠦ᠂ 48 ᠠᠵᠤ ᠠᠬᠤᠢᠯᠠᠯ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠲᠥᠪ᠎ᠲᠦ ᠵᠥᠪᠱᠢᠶᠡᠷᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ 6 ᠵᠢ ᠪᠣᠢᠵᠢᠭᠤᠯᠤᠨ ᠮᠠᠭᠠᠳᠯᠠᠨ ᠲᠤᠭᠲᠠᠭᠠᠵᠤ᠂ ᠪᠥᠬᠥ᠌ ᠣᠷᠣᠨ ᠳ᠋ᠤ ᠲᠡᠷᠢᠭᠦᠯᠡᠪᠡ᠃ 10 ᠬᠥᠮᠦᠨ᠎ᠢ ᠤᠯᠤᠰ᠎ᠤᠨ ᠲᠠᠰ᠎ᠤᠨ ᠡᠯ᠎ᠡ ᠲᠥᠷᠥᠯ᠎ᠦᠨ ᠴᠢᠳᠠᠪᠤᠷᠢᠲᠠᠨ᠎ᠤ ᠲᠥᠯᠥᠪᠯᠡᠭᠡ᠎ᠳᠦ ᠭᠤᠶᠤᠴᠢᠯᠠᠨ ᠮᠡᠳᠡᠭᠦᠯᠬᠦ᠌᠎ᠪᠡᠷ ᠲᠠᠨᠢᠯᠴᠠᠭᠤᠯᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠨᠢᠭᠡᠨᠲᠡ ᠪᠤᠭᠤᠲᠤ᠎ᠶ᠋ᠢᠨ ᠬᠠᠮᠤᠭ᠎ᠤᠨ ᠱᠢᠨ᠎ᠡ ᠬᠥᠳᠡᠯᠭᠡᠬᠦ᠌ ᠡᠨᠧᠷᠭᠢ ᠪᠤᠯᠵᠤ᠂ ᠤᠯᠠᠮᠵᠢᠯᠠᠯᠲᠤ ᠠᠵᠤ ᠦᠢᠯᠡᠰ᠎ᠦᠨ ᠳᠡᠰ ᠳᠡᠪᠱᠢᠯᠳᠡ᠎ᠶ᠋ᠢ ᠲᠦᠷᠭᠡᠳᠭᠡᠨ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠲᠡᠷᠢᠭᠦᠨ ᠪᠠᠢᠷᠢ᠎ᠶ᠋ᠢ ᠡᠵᠡᠯᠡᠵᠦ᠍᠂ ᠢᠷᠡᠭᠡᠳᠦᠢ᠎ᠶ᠋ᠢᠨ ᠠᠵᠤ ᠦᠢᠯᠡᠰ ᠪᠡᠷᠭᠡ ᠵᠢ ᠲᠤᠭᠤᠯᠤᠨ ᠪᠠᠢᠷᠢᠱᠢᠭᠤᠯᠤᠯᠲᠠ ᠬᠢᠵᠦ᠍᠂ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠳᠠᠪᠠᠭᠤᠯᠢᠭ ᠪᠠᠢᠷᠢ᠎ᠶ᠋ᠢ ᠡᠵᠡᠯᠡᠵᠦ᠍᠂ ᠡᠨᠡ ᠬᠦ᠌ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ᠎ᠤ ᠱᠢᠨ᠎ᠡ ᠭᠠᠢᠬᠠᠮᠱᠢᠭ᠎ᠢ ᠲᠠᠬᠢᠨ ᠡᠭᠦᠳᠪᠡ᠃

    

《ᠲᠠᠨ᠎ᠢ ᠬᠠᠨᠤᠮᠵᠢᠲᠠᠢ ᠪᠠᠢᠯᠭᠠᠬᠤ》 《ᠲᠠᠨ᠎ᠢ ᠰᠠᠨᠠᠭ᠎ᠠ ᠠᠮᠤᠷ ᠪᠠᠢᠯᠭᠠᠬᠤ》ᠦᠶ᠋ᠯᠡᠴᠢᠯᠡᠭᠡ ᠨᠢ ᠱᠢᠨ᠎ᠡ ᠭᠠᠢᠬᠠᠮᠱᠢᠭ᠎ᠢ ᠡᠭᠦᠳᠪᠡ

ᠮᠢᠨᠭ ᠶᠠᠨᠭ᠌ ᠪᠦᠯᠦᠭᠯᠡᠯ 《ᠡᠮᠦᠨᠡᠰᠢ ᠭᠤᠸᠠᠩᠳᠦ᠋ᠩ᠎ᠢ ᠡᠵᠡᠯᠡᠵᠦ᠍᠂ ᠤᠮᠠᠷᠠᠰᠢ ᠥᠪᠥᠷ ᠮᠣᠩᠭᠣᠯ᠎ᠢ ᠡᠵᠡᠯᠡᠬᠦ᠌》 ᠪᠠᠢᠯᠳᠤᠬᠤ ᠪᠤᠳᠤᠯᠭ᠎ᠠ᠎ᠶ᠋ᠢᠨ ᠠᠤᠭ᠎ᠠ ᠵᠣᠷᠢᠭ᠎ᠢ ᠡᠪᠦᠷᠯᠡᠨ ᠬᠦᠷᠴᠦ ᠢᠷᠡᠪᠡ᠃ ᠠᠵᠤ ᠦᠶ᠋ᠯᠡᠰ᠎ᠦᠨ ᠬᠡᠯᠬᠢᠶ᠎ᠡ᠎ᠪᠡᠷ ᠬᠠᠮᠤᠭ᠎ᠤᠨ ᠪᠦᠷᠢᠨ ᠪᠦᠲᠦᠨ᠂ ᠠᠵᠤ ᠦᠶ᠋ᠯᠡᠰ᠎ᠦᠨ ᠢᠵᠢ ᠪᠥᠷᠢᠳᠦᠭ᠌ᠰᠡᠨ᠎ᠢᠶᠡᠷ ᠬᠠᠮᠤᠭ᠎ᠤᠨ ᠪᠦᠷᠢᠨ᠂ ᠨᠥᠯᠥᠭᠡᠯᠡᠨ ᠳᠠᠢᠴᠢᠯᠠᠬᠤ ᠬᠦᠴᠦᠨ᠎ᠢᠶᠡᠷ ᠬᠠᠮᠤᠭ᠎ᠤᠨ ᠴᠢᠩᠭ᠎ᠠ ᠪᠥᠬᠥᠶ ᠪᠥᠬᠥ᠌ ᠤᠯᠤᠰ᠎ᠤᠨ ᠬᠠᠮᠤᠭ᠎ᠤᠨ ᠴᠢᠬᠤᠯᠠ ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ ᠶᠠᠭ ᠬᠦᠴᠦᠷᠬᠡᠭ᠌ᠵᠢᠨ ᠮᠠᠨᠳᠤᠵᠤ ᠪᠠᠢᠨ᠎ᠠ᠃

ᠸᠸ ᠯᠦᠩ ᠪᠦᠯᠦᠭᠯᠡᠯ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢ ᠬᠥᠭ᠌ᠵᠢᠭᠦᠯᠬᠦ᠌ 《ᠢᠯᠠᠯᠲᠠ ᠤᠯᠬᠤ ᠲᠦᠯᠬᠢᠭᠦᠷ》 ᠢ᠋ ᠪᠤᠭᠤᠲᠤ᠎ᠳᠤ ᠠᠪᠴᠢᠷᠠᠵᠤ᠂ ᠡᠨᠡ ᠬᠦ᠌ ᠬᠤᠪᠤᠷ ᠰᠢᠷᠤᠢ ᠪᠡᠷ ᠪᠢᠯᠬᠠᠭᠰᠠᠨ ᠬᠠᠯᠠᠭᠤᠨ ᠬᠥᠷᠥᠰᠥ ᠲᠠᠢ ᠠᠭᠤᠯᠠ ᠳᠠᠪᠠᠵᠤ ᠳᠠᠯᠠᠢ᠎ᠶ᠋ᠢ ᠭᠡᠲᠦᠯᠦᠨ᠂ ᠬᠠᠷᠢᠯᠴᠠᠨ ᠲᠦᠱᠢᠭ᠌ᠯᠡᠯᠴᠡᠨ ᠬᠠᠮᠲᠤ ᠣᠷᠣᠱᠢᠵᠤ᠂ ᠭᠠᠷ ᠬᠣᠯᠪᠣᠨ ᠬᠠᠮᠲᠤ᠎ᠪᠠᠷ ᠠᠱᠢᠭ ᠬᠦᠷᠳᠡᠬᠦ᠌᠎ᠪᠡᠷ ᠬᠦᠴᠦᠯᠡᠨ ᠴᠢᠷᠮᠠᠢᠪᠠ᠃

ᠪᠤᠭᠤᠲᠤ ᠶᠠᠭᠠᠬᠢᠭᠠᠳ ᠬᠤᠯᠠ ᠤᠢᠷ᠎ᠠ᠎ᠵᠢᠨ ᠬᠦᠮᠦᠰ᠎ᠤᠨ ᠠᠨᠭᠬᠠᠷᠤᠯ ᠳ᠋ᠤ ᠬᠦᠷᠦᠭᠰᠡᠨ ᠪᠤᠢ?ᠭᠡᠪᠡᠯ ᠬᠠᠷᠢᠭᠤᠯᠲᠠ ᠨᠢ ᠳᠠᠷᠤᠢ 《ᠲᠠᠨ᠎ᠢ ᠬᠠᠨᠤᠮᠵᠢᠲᠠᠢ ᠪᠠᠢᠯᠭᠠᠬᠤ》᠂ 《ᠲᠠᠨ᠎ᠢ ᠰᠠᠨᠠᠭ᠎ᠠ ᠠᠮᠤᠷ ᠪᠠᠢᠯᠭᠠᠬᠤ》 ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠳᠤ ᠪᠤᠢ᠃ 2021 ᠣᠨ᠎ᠳᠤ ᠪᠤᠭᠤᠲᠤ ᠬᠣᠲᠠ 《ᠲᠠᠨ᠎ᠢ ᠬᠠᠨᠤᠮᠵᠢᠲᠠᠢ ᠪᠠᠢᠯᠭᠠᠬᠤ》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠲᠦᠷᠦᠯ ᠲᠡᠮᠳᠡᠭ᠎ᠢ ᠪᠣᠶ ᠪᠣᠯᠭᠠᠬᠤ ᠵᠢ ᠪᠦᠲᠦᠭᠡᠯᠴᠢ ᠴᠢᠨᠠᠷᠲᠠᠶ᠎ᠪᠠᠷ ᠳᠤᠷᠠᠳᠴᠤ᠌᠂ 2023 ᠣᠨ᠎ᠳᠤ ᠪᠠᠰᠠ 《ᠲᠠᠨ᠎ᠢ ᠰᠠᠨᠠᠭ᠎ᠠ ᠠᠮᠤᠷ ᠪᠠᠢᠯᠭᠠᠬᠤ》 ᠲᠡᠷᠢᠭᠦᠨ ᠵᠡᠷᠭᠡ᠎ᠶ᠋ᠢᠨ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠠᠰ ᠳᠡᠪᠱᠢᠭᠦᠯᠪᠡ᠃

《ᠵᠠᠰᠠᠬ᠎ᠤᠨ ᠤᠷᠳᠤᠨ ᠪᠠ ᠬᠤᠳᠠᠯᠳᠤᠭᠠᠨ᠎ᠤ᠋ ᠬᠤᠭᠤᠷᠤᠨᠳᠤᠬᠢ ᠦᠨᠡᠨᠴᠢ ᠪᠡᠷ ᠶᠠᠷᠢᠯᠴᠠᠬᠤ ᠦᠷᠯᠦᠭᠡ᠎ᠶ᠋ᠢᠨ ᠬᠣᠭᠣᠯᠠᠨ᠎ᠤ ᠬᠤᠷᠠᠯ》᠂ 《ᠪᠢ ᠠᠵᠤ ᠠᠬᠤᠢᠯᠠᠯ ᠳ᠋ᠤ ᠵᠠᠬ᠎ᠠ ᠳᠡᠯᠭᠡᠭᠦᠷ ᠡᠷᠢᠨ ᠥᠭᠴᠦ ᠵᠠᠬᠢᠶᠠᠯᠠᠭ᠎ᠠ᠎ᠶ᠋ᠢᠨ ᠬᠠᠭᠤᠳᠠᠰᠤ ᠣᠯᠵᠤ ᠥᠭ᠌ᠭᠦᠨ᠎ᠡ》 ᠵᠡᠷᠭᠡ ᠦᠵᠦ᠍ ᠦᠢᠯᠡᠴᠢᠯᠡᠭᠡᠨ᠎ᠦ ᠲᠣᠭ᠍ᠲᠡᠴᠡ᠎ᠶ᠋ᠢ ᠵᠢᠷᠤᠵᠤ ᠲᠥᠯᠥᠪᠯᠡᠨ᠂ ᠦᠨᠡᠨ ᠰᠡᠳᠭᠢᠯ ᠡᠪᠦᠷᠯᠡᠨ ᠴᠢᠳᠠᠯ᠎ᠤᠨ ᠬᠢᠷᠢ᠎ᠪᠡᠷ᠎ᠢᠶᠡᠨ ᠴᠢᠷᠮᠠᠢᠵᠤ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠨ ᠥᠭᠴᠦ᠂ ᠬᠦᠨᠳᠦᠳᠭᠡᠯ ᠬᠠᠷᠠᠭᠠᠯᠵᠠᠯ᠎ᠢᠶᠠᠷ ᠠᠵᠤ ᠠᠬᠤᠢᠯᠠᠯᠲᠠᠨ᠎ᠢ ᠬᠠᠨᠤᠮᠵᠢᠲᠠᠢ ᠪᠣᠯᠭᠠᠪᠠ᠃《ᠨᠢᠭᠡ ᠴᠣᠩᠬᠤᠪᠴᠢ᠎ᠢᠶᠠᠷ ᠭᠥᠯᠢᠶᠡᠨ ᠠᠪᠴᠤ᠌ ᠱᠢᠶ᠋ᠳᠪᠦᠷᠢᠯᠡᠬᠦ》᠂ 《ᠭᠦᠢᠴᠡᠳᠭᠡᠵᠦ ᠳᠡᠢᠯᠬᠦ ᠦᠭᠡᠢ ᠤᠴᠢᠷ ᠶᠠᠪᠤᠳᠠᠯ᠎ᠢ ᠲᠤᠰᠭᠠᠬᠤ ᠴᠤᠩᠬᠤᠪᠴᠢ》᠂ 《12345 ᠠᠵᠤ ᠠᠬᠤᠢᠯᠠᠯ᠎ᠤᠨ ᠲᠤᠰᠭᠠᠶ ᠰᠠᠭᠤᠳᠠᠯ》᠂ ᠁ ᠵᠡᠷᠭᠡ ᠠᠷᠭ᠎ᠠ ᠬᠡᠮᠵᠢᠶ᠎ᠡ᠎ᠶ᠋ᠢᠨ ᠬᠢᠯᠠᠰ ᠴᠡᠭ ᠣᠯᠠᠨᠲᠠ ᠢᠯᠡᠷᠡᠵᠦ᠂ ᠨᠠᠷᠢᠨ ᠵᠦᠶ᠋ᠯᠡᠰ᠎ᠢ ᠴᠠᠭ ᠲᠤᠬᠠᠢ ᠳ᠋ᠤᠨᠢ ᠰᠢᠨᠡᠳᠭᠡᠪᠡ᠃  ᠪᠠᠷᠠᠭᠤᠨ ᠬᠡᠰᠡᠭ᠎ᠤᠨ ᠭᠠᠵᠠᠷ ᠤᠷᠤᠨ᠎ᠤ ᠠᠩᠬᠠᠳᠠᠭ᠍ᠴᠢ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠵᠢᠭᠠᠯᠲᠠ ᠲᠣᠭ᠎ᠠ᠎ᠶ᠋ᠢ ᠦᠨᠡᠯᠡᠬᠦ᠌ ᠱᠢᠰᠲ᠋ᠧᠮ᠎ᠢ ᠪᠠᠢᠭᠤᠯᠵᠤ᠂ ᠬᠣᠪᠣᠷ ᠱᠢᠷᠣᠢ ᠪᠠ ᠴᠠᠬᠢᠭᠤᠷ᠎ᠤᠨ ᠠᠵᠤ ᠦᠢᠯᠡᠰ᠎ᠦᠨ ᠬᠡᠯᠬᠢᠶ᠎ᠡ᠎ᠶ᠋ᠢᠨ 《ᠬᠠᠤᠯᠢ᠎ᠶ᠋ᠢᠨ ᠶᠠᠪᠤᠳᠠᠯ᠎ᠤᠨ ᠬᠣᠯᠪᠣᠭ᠎ᠠ》 ᠶ᠋ᠢ ᠵᠣᠬᠢᠶᠠᠨ ᠪᠠᠢᠭᠤᠯᠵᠤ᠂ ᠠᠵᠤ ᠠᠬᠤᠢᠯᠠᠯ᠎ᠤᠨ 《ᠬᠠᠤᠯᠢ ᠪᠡᠷ ᠵᠠᠰᠠᠬᠤ ᠪᠡᠶ᠎ᠡ᠎ᠶ᠋ᠢᠨ ᠪᠠᠢᠴᠠᠭᠠᠯᠲᠠ》᠎ᠶ᠋ᠢ ᠭᠦᠨᠵᠡᠭᠡᠢ ᠥᠷᠨᠢᠭᠦᠯᠪᠡ᠃

ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠌ ᠦᠶ᠋ᠯᠡᠴᠢᠯᠡᠭᠡ ᠪᠠ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠨᠢ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠵᠢᠯ ᠬᠢᠵᠦ᠍ ᠦᠶ᠋ᠯᠡᠰ ᠪᠤᠰᠬᠠᠬᠤ ᠤᠷᠮ᠎ᠠ ᠵᠤᠷᠢᠭ᠎ᠢ ᠬᠥᠭ᠌ᠵᠢᠭᠡᠵᠦ᠍᠂ ᠡᠯ᠎ᠡ ᠭᠠᠵᠠᠷ᠎ᠤᠨ ᠳᠠᠭᠠᠭᠤᠯᠤᠭᠴᠢ ᠠᠵᠤ ᠠᠬᠤᠢᠯᠠᠯ᠎ᠤᠨ ᠠᠩᠬᠠᠷᠤᠯ᠎ᠢ ᠲᠠᠲᠠᠨ ᠢᠷᠡᠬᠦᠯᠵᠦ᠂ ᠠᠯᠢ ᠤᠯᠠᠨ 《ᠴᠢᠨᠠᠷ ᠰᠠᠢᠲᠠᠢ ᠳᠡᠭᠡᠳᠦ ᠲᠡᠰ᠎ᠤᠨ》 ᠲᠦᠷᠦᠯ ᠵᠦᠢᠯ ᠨᠢ ᠶᠠᠭ ᠪᠤᠭᠤᠲᠤ᠎ᠶ᠋ᠢᠨ ᠨᠤᠲᠤᠭ ᠳᠡᠪᠢᠰᠭᠡᠷ ᠳᠡᠭᠡᠷ᠎ᠡ ᠰᠦᠨᠳᠡᠷᠯᠡᠨ ᠪᠣᠰᠴᠤ᠌᠂ ᠲᠡᠦᠬᠡ᠎ᠶ᠋ᠢᠨ ᠬᠠᠮᠤᠭ᠎ᠤᠨ ᠰᠠᠢ᠌ᠨ ᠲᠦᠪᠱᠢᠨ᠎ᠢ ᠲᠠᠬᠢᠨ ᠡᠭᠦᠳᠬᠦ᠌ ᠬᠢᠵᠠᠭᠠᠯᠠᠰᠢ ᠦᠭᠡᠢ ᠭᠠᠢᠬᠠᠮᠱᠢᠭ᠎ᠢ ᠢᠯᠡᠷᠡᠭᠦᠯᠵᠦ᠍ ᠪᠠᠢᠨ᠎ᠠ᠃

ᠭᠤᠷᠪᠠᠳᠤᠭᠠᠷ ᠬᠤᠭᠤᠴᠠᠭᠠᠨ᠎ᠤ ᠪᠤᠭᠤᠲᠤ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠠᠩᠨᠠᠯ ᠣᠯᠭᠣᠬᠤ ᠠᠵᠢᠯᠯᠠᠭ᠎ᠠ ᠳᠡᠭᠡᠷ᠎ᠡ ᠱᠠᠩᠨᠠᠯ ᠭᠥᠷᠳᠡᠭ᠌ᠰᠡᠨ ᠠᠵᠤ ᠠᠬᠤᠢᠯᠠᠯ᠎ᠨᠢ《ᠪᠠᠭᠠᠲᠤᠷᠴᠤᠳ᠎ᠤᠨ ᠬᠠᠮᠳᠦ》 ᠪᠣᠯᠤᠨ 《ᠭᠠᠪᠢᠶᠠᠲᠤ ᠬᠤᠪᠢ ᠬᠥᠮᠦᠨ》 ᠎ᠤ᠋ ᠲᠥᠯᠥᠭᠡᠯᠡᠭ᠌ᠴᠢ᠎ᠶ᠋ᠢᠨ ᠬᠤᠪᠢ᠎ᠪᠠᠷ ᠲᠡᠳᠡᠨ᠎ᠳᠦ ᠲᠤᠰᠭᠠᠢᠯᠠᠨ ᠪᠠᠢᠭᠤᠯᠵᠤ ᠥᠭ᠌ᠭᠦᠭ᠌ᠰᠡᠨ ᠡᠨᠡ ᠬᠦ᠌ ᠦᠪᠡᠳᠡᠭ᠌ᠰᠢ ᠴᠤᠭᠯᠠᠭᠠᠨ᠎ᠳᠤ ᠬᠤᠷᠠᠨ ᠴᠤᠭ᠍ᠯᠠᠷᠠᠵᠤ᠂  ᠲᠡᠳᠡᠨ᠎ᠦ ᠱᠢᠨ᠎ᠡ᠎ᠶ᠋ᠢ ᠡᠭᠦᠳᠴᠦ᠍ ᠦᠶ᠋ᠯᠡᠰ ᠪᠤᠰᠬᠠᠭᠰᠠᠨ ᠰᠣᠩᠭᠣᠳᠠᠭ ᠥᠯᠢᠭᠡᠷ ᠲᠣᠮᠣᠭ᠎ᠢᠶᠠᠨ ᠶᠠᠷᠢᠵᠤ᠂  ᠴᠢᠨᠠᠷ ᠰᠠᠢᠲᠠᠶ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠬᠠᠮᠤᠭ᠎ᠤᠨ ᠬᠦᠴᠦᠷᠬᠡᠭ ᠲᠠᠭᠤᠨ᠎ᠢ ᠬᠠᠮᠲᠤ᠎ᠪᠠᠷ ᠴᠢᠪᠬᠠᠳᠠᠭ᠍ᠰᠠᠨ ᠴᠢᠷᠮᠠᠢᠯᠭ᠎ᠠ᠎ᠪᠠᠨ ᠳᠡᠯᠭᠡᠨ ᠦᠵᠡᠭᠦᠯᠪᠡ᠃

ᠪᠤᠭᠤᠲᠤ ᠬᠤᠲᠠ ᠤᠳᠤ ᠶᠠᠭ ᠱᠢᠨ᠎ᠡ᠎ᠶ᠋ᠢ ᠡᠭᠦᠳᠬᠦ᠌ ᠨᠢᠭᠤᠴᠠ ᠨᠣᠮᠧᠷ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ ᠲᠦᠷᠪᠡᠨ ᠵᠦᠭ ᠨᠠᠢ᠍ᠮᠠᠨ ᠵᠣᠪᠬᠢᠰ᠎ᠤᠨ ᠬᠦᠴᠦᠨ᠎ᠢ ᠨᠢᠭ᠍ᠲᠠᠷᠠᠭᠤᠯᠵᠤ᠂ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠵᠤ᠂ ᠡᠷᠡᠮᠡᠬᠡᠢᠯᠡᠨ ᠲᠡᠮᠡᠴᠡᠵᠦ᠂ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠴᠢᠷᠮᠠᠢᠨ ᠵᠠᠮᠨᠠᠵᠤ᠂ 《ᠠᠵᠤ ᠦᠢᠯᠡᠳᠪᠦᠷᠢ᠎ᠶ᠋ᠢᠨ ᠥᠪᠥᠷ ᠮᠣᠩᠭᠣᠯ᠎ᠢ ᠲᠠᠬᠢᠨ ᠴᠣᠭ᠍ᠴᠠᠯᠠᠬᠤ》 ᠳ᠋ᠤ ᠪᠤᠭᠤᠲᠤ᠎ᠶ᠋ᠢᠨ ᠬᠦᠴᠦᠨ ᠴᠢᠳᠠᠯ᠎ᠢᠶᠠᠨ ᠨᠡᠮᠡᠷᠢᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号