ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ 《ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ》᠎ᠤ᠋ᠨ ᠬᠤᠪᠢᠶᠠᠷᠢᠴᠢᠯᠠᠭᠰᠠᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠣᠶᠠᠳᠤᠭᠠᠷ ᠬᠤᠪᠢᠶᠠᠷᠢ ᠠᠩᠭᠢ ᠬᠥᠯᠥᠨ ᠪᠣᠢᠷ ᠬᠢᠩᠭᠠᠨ ᠲᠦᠩᠯᠢᠶᠣᠤ ᠤᠯᠠᠭᠠᠨᠬᠠᠳᠠ᠎ᠳᠤ ᠤᠬᠠᠭᠤᠯᠤᠨ ᠲᠠᠢᠯᠪᠤᠷᠢᠯᠠᠪᠠ
2024-12-25 09:36:01
ᠵᠣᠬᠢᠶᠠᠭ᠍ᠴᠢ᠄
ᠯᠢ ᠺᠸ ᠱᠢᠨ ᠭᠤᠤ ᠮᠢᠨ ᠨᠠ ᠭᠦᠸᠧ ᠬᠣᠩ ᠱᠸᠨ ᠱᠢᠤᠸᠠᠢ ᠢ ᠴᠢᠶᠦ᠋ᠨ ᠯᠢ ᠱᠢᠤᠸᠠᠢ ᠶᠣᠣ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠬᠠᠮᠲᠤ᠎ᠶ᠋ᠢᠨ ᠤᠬᠠᠮᠰᠠᠷ᠂ ᠡᠵᠡᠨ ᠬᠥᠮᠦᠨ᠎ᠦ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠪᠠᠲᠤ ᠴᠤᠬᠴᠠᠯᠠᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ 《ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ》᠎ᠤ᠋ᠨ ᠬᠤᠪᠢᠶᠠᠷᠢᠴᠢᠯᠠᠭᠰᠠᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠤᠬᠢᠶᠠᠨ ᠪᠠᠢᠭᠤᠯᠵᠤ᠂ ᠣᠢᠷ᠎ᠠ᠎ᠳᠤ ᠡᠯ᠎ᠡ ᠠᠢᠮᠠᠭ ᠬᠣᠲᠠ᠂ ᠪᠠᠢᠭᠤᠯᠭ᠎ᠠ ᠨᠢᠭᠡᠴᠢ᠎ᠳᠤ ᠬᠦᠷᠴᠦ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ᠃ 12 ᠰᠠᠷ᠎ᠠ᠎ᠶ᠋ᠢᠨ 17 ᠡᠴᠡ 23᠎ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠣᠶᠠᠳᠤᠭᠠᠷ ᠬᠤᠪᠢᠶᠠᠷᠢ ᠠᠩᠭᠢ ᠬᠥᠯᠥᠨ ᠪᠣᠢᠷ᠂ ᠬᠢᠩᠭᠠᠨ᠂ ᠲᠦᠩᠯᠢᠶᠣᠤ᠂ ᠤᠯᠠᠭᠠᠨᠬᠠᠳᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠹᠸᠨ ᠳ᠋ᠧᠦ ᠪᠠᠯᠭᠠᠰᠤᠨ᠎ᠤ ᠨᠠᠮ᠎ᠤᠨ ᠭᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠪᠠ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠪᠠᠶᠠᠨᠲᠣᠬᠣᠶ ᠪᠠᠯᠭᠠᠰᠤᠨ᠎ᠤ ᠰᠠᠢ ᠺᠧ ᠨᠡᠢᠭᠡᠮ ᠲᠣᠭᠣᠷᠢᠭ᠎ᠲᠤ᠌ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠱᠠᠵᠢᠨᠲᠤᠬᠤᠢ ᠪᠠᠯᠭᠠᠰᠤᠨ᠎ᠤ ᠳᠡᠳ᠋ ᠳᠠᠷᠤᠭ᠎ᠠ᠂ ᠨᠠᠨ ᠶᠤᠸᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠳ᠋ᠧᠩ ᠢᠦᠶ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ᠎ᠶ᠋ᠢᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠯᠢᠦ ᠵᠢᠶᠦ᠋ᠨ ᠢᠦᠢ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ᠎ᠶ᠋ᠢᠨ ᠲᠥᠯᠥᠭᠡᠯᠡᠭ᠌ᠴᠢ᠂ ᠬᠥᠯᠥᠨ ᠪᠣᠢᠷ ᠬᠣᠲᠠ᠎ᠶ᠋ᠢᠨ ᠡᠷᠭᠦᠨ᠎ᠡ ᠬᠣᠲᠠ᠎ᠶ᠋ᠢᠨ ᠮᠤᠩᠭᠤᠯ ᠰᠢᠪᠡᠭᠡ ᠰᠤᠮᠤ᠎ᠶ᠋ᠢᠨ ᠨᠠᠮ᠎ᠤᠨ ᠬᠤᠷᠢᠶ᠎ᠠ ᠵᠢᠨ ᠱᠦᠵᠢ ᠳ᠋ᠠ ᠹᠦ᠋ ᠯᠡ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠰᠦᠨ ᠵᠧ ᠯᠢᠨ᠂ ᠮᠠᠨᠵᠤᠤᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠯᠧᠺᠲ᠋ᠣᠷ ᠯᠢᠦ ᠵᠢᠩ ᠴᠧᠩ ᠵᠡᠷᠭᠡ 5 ᠤᠬᠠᠭᠤᠯᠤᠨ ᠲᠠᠢᠯᠪᠤᠷᠢᠯᠠᠭ᠍ᠴᠢ ᠲᠣᠰ ᠲᠣᠰ 《ᠨᠡᠢᠭᠡᠮ ᠲᠣᠭᠣᠷᠢᠭ᠎ᠤᠨ ᠵᠣᠯ ᠵᠢᠷᠭᠠᠯ᠎ᠤᠨ 〈ᠢᠵᠢᠯᠢ ᠲᠥᠪᠲᠦ ᠲᠣᠭᠣᠷᠢᠭ〉᠎ᠢ᠋ ᠵᠢᠷᠤᠭ᠍ᠯᠠᠶ᠎ᠠ》᠂ 《ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠰᠡᠳᠭᠢᠯ ᠵᠢᠷᠦᠬᠡᠨ᠎ᠳᠡᠭᠡᠨ ᠬᠠᠳᠠᠩᠰᠢᠭᠤᠯᠤᠨ ᠦᠶ᠋ᠯᠡᠳᠦᠯᠭᠡᠵᠢᠭᠦᠯᠦᠶ᠎ᠡ》 ᠵᠡᠷᠭᠡ ᠭᠤᠤᠯ ᠰᠡᠳᠦᠪ᠎ᠦᠨ ᠲᠣᠭᠣᠷᠢᠨ᠎ᠳᠤ ᠰᠡᠳᠭᠢᠯ ᠬᠥᠳᠡᠯᠭᠡᠮ᠎ᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠯᠢᠭᠡᠷ᠎ᠢ ᠶᠠᠷᠢᠵᠤ᠂ ᠳᠦᠭᠦᠮ ᠣᠢᠯᠠᠭᠠᠮᠵᠢᠲᠠᠶ ᠦᠭᠡ ᠬᠡᠯᠡ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠭᠦᠨᠵᠡᠭᠡᠶ ᠠᠭᠤᠯᠤᠭ᠍ᠳᠠᠬᠤᠨ᠎ᠢ ᠲᠠᠢᠯᠪᠤᠷᠢᠯᠠᠪᠠ᠃ ᠹᠸᠨ ᠳ᠋ᠧᠦ ᠪᠠᠯᠭᠠᠰᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠨᠢᠭᠡᠳᠦᠮᠡᠯ ᠹᠷᠤᠨᠲ᠎ᠤᠨ ᠭᠡᠱᠢᠭᠦᠨ ᠵᠣᠣ ᠳ᠋ᠠᠨ ᠳ᠋ᠠᠨ ᠭᠦᠨ ᠰᠡᠩᠬᠡᠷᠡᠭᠦᠯᠦᠯ ᠣᠯᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠠᠪᠴᠠᠩ᠎ᠢ ᠢᠳᠡᠪᠬᠢᠲᠡᠶ ᠪᠡᠷ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠴᠢᠷᠮᠠᠢᠨ ᠡᠭᠦᠳᠦᠨ᠎ᠡ ᠭᠡᠵᠦ᠍ ᠢᠯᠡᠳᠭᠡᠪᠡ᠃

ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠲᠦᠴᠢᠦᠸᠠᠨ ᠪᠠᠯᠭᠠᠰᠤᠨ᠎ᠤ ᠨᠠᠮ᠎ᠤᠨ ᠭᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ ᠪᠣᠯᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠴᠢᠨᠳᠠᠮᠤᠨᠢ ᠨᠡᠢᠭᠡᠮ ᠲᠣᠭᠣᠷᠢᠭ᠎ᠲᠤ ᠬᠣᠶᠠᠳᠤᠭᠠᠷ  ᠬᠤᠪᠢᠶᠠᠷᠢ ᠠᠩᠬᠢ᠎ᠶ᠋ᠢᠨ ᠤᠬᠠᠭᠤᠯᠤᠨ ᠲᠠᠢᠯᠪᠤᠷᠢᠯᠠᠭ᠍ᠴᠢ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤᠷᠳᠤ ᠤᠳᠠᠭᠠᠨ ᠬᠤᠭᠤᠴᠠᠭᠠᠨ᠎ᠳᠤ ᠪᠦᠯᠬᠦᠮᠳᠡᠨ ᠨᠢᠬᠳᠠᠷᠠᠵᠦ᠂ ᠭᠠᠷ ᠬᠣᠯᠪᠣᠨ ᠡᠷᠡᠮᠡᠬᠡᠢᠯᠡᠨ ᠤᠷᠤᠭ᠍ᠰᠢᠯᠠᠵᠤ᠂ ᠬᠠᠷᠢᠯᠴᠠᠨ ᠬᠠᠪᠰᠤᠷᠤᠯᠴᠠᠭ᠍ᠰᠠᠨ ᠰᠡᠳᠭᠢᠯ ᠬᠥᠳᠡᠯᠭᠡᠮ᠎ᠡ ᠦᠯᠢᠬᠡᠷ᠎ᠢ ᠶᠠᠷᠢᠵᠤ᠂ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ᠎ᠳᠦ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠶ᠋ᠢᠨ ᠬᠠᠢᠷ᠎ᠠ ᠬᠠᠯᠠᠮᠵᠢ ᠪᠠ ᠬᠦᠴᠦᠨ ᠴᠢᠳᠠᠯ᠎ᠢ ᠭᠦᠨᠵᠡᠭᠡᠢ ᠮᠡᠳᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠨᠢ ᠤᠯᠤᠰ᠎ᠤᠨ ᠬᠥᠭ᠌ᠵᠢᠯᠲᠡ᠂ ᠨᠤᠲᠤᠭ ᠤᠰᠤᠨ᠎ᠤ ᠪᠦᠳᠦᠭᠡᠨ ᠪᠠᠢᠭᠤᠯᠤᠯᠲᠠ ᠵᠢᠴᠢ ᠬᠤᠪᠢ ᠬᠥᠮᠦᠨ᠎ᠦ ᠵᠣᠯ ᠵᠢᠷᠭᠠᠯ᠎ᠳᠤ ᠦᠵᠡᠭᠦᠯᠬᠦ᠌ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠭᠤᠯᠪᠠ᠃ 《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠪᠢᠳᠡᠨ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠨᠡᠩ ᠭᠦᠨᠵᠡᠭᠡᠢ᠂ ᠨᠡᠩ ᠨᠡᠪᠲᠡᠷᠬᠡᠢ ᠲᠠᠨᠢᠯᠲᠠ ᠪᠠ ᠣᠢᠯᠠᠭᠠᠯᠲᠠ᠎ᠲᠠᠶ ᠪᠣᠯᠭᠠᠭ᠍ᠰᠠᠨ ᠪᠥᠭᠡᠳ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠨᠡᠢᠭᠡᠮ᠎ᠦᠨ ᠡᠶ᠎ᠡ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠳᠤᠮᠳᠠᠬᠢ ᠥᠪᠡᠷ᠎ᠦᠨ ᠬᠠᠷᠢᠭᠤᠴᠠᠯᠭ᠎ᠠ ᠪᠠ ᠡᠭᠦᠷᠭᠡᠯᠡᠯ᠎ᠢᠶᠡᠨ ᠨᠡᠩ ᠲᠣᠳᠣᠷᠬᠠᠢ ᠪᠣᠯᠭᠠᠵᠠᠢ》 ᠭᠡᠵᠦ᠍ ᠲᠦᠴᠢᠦᠸᠠᠨ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠬᠠᠭᠤᠯᠭ᠎ᠠ ᠵᠢᠨ ᠠᠵᠢᠯᠳᠠᠨ ᠰᠦᠨ ᠫᠸᠩ ᠸᠧᠢ ᠬᠡᠯᠡᠨ᠎ᠡ᠃

ᠲᠦᠩᠯᠢᠶᠣᠤ ᠬᠣᠲᠠ᠎ᠶ᠋ᠢᠨ ᠵᠠᠷᠤᠳ ᠬᠣᠱᠢᠭᠤᠨ᠎ᠤ ᠴᠢᠪᠠᠭᠠᠳᠤ᠎ᠰᠤᠮᠤ ᠪᠣᠯᠤᠨ ᠯᠦᠪᠸᠢ ᠪᠠᠯᠭᠠᠰᠤᠨ᠎ᠳᠤ ᠬᠣᠶᠠᠳᠤᠭᠠᠷ ᠬᠤᠪᠢᠶᠠᠷᠢ ᠠᠩᠭᠢ᠎ᠶ᠋ᠢᠨ ᠤᠬᠠᠭᠤᠯᠤᠨ ᠲᠠᠢᠯᠪᠤᠷᠢᠯᠠᠭ᠍ᠴᠢ ᠲᠣᠰ ᠲᠣᠰ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》᠂《ᠬᠢᠯᠢ᠎ᠶ᠋ᠢᠨ ᠵᠢᠵᠢᠭ ᠪᠠᠯᠭᠠᠰᠤ ᠡᠬᠡ ᠤᠯᠤᠰ᠎ᠤᠨ ᠤᠮᠠᠷᠠᠲᠤ᠎ᠶ᠋ᠢᠨ ᠦᠵᠡᠰᠬᠦᠯᠡᠩᠳᠤ ᠰᠠᠢᠬᠠᠨ ᠦᠵᠡᠮᠵᠢ᠎ᠶ᠋ᠢᠨ ᠣᠷᠣᠨ᠎ᠢ ᠴᠣᠭ᠍ᠴᠠᠯᠠᠯ᠎ᠠ》 ᠵᠡᠷᠭᠡ ᠰᠡᠳᠦᠪ᠎ᠢᠶᠡᠷ ᠤᠬᠠᠭᠤᠯᠤᠨ ᠲᠠᠢᠯᠪᠤᠷᠢᠯᠠᠪᠠ᠃ ᠣᠯᠠᠨ᠎ᠢᠶᠠᠷ᠎ᠢᠶᠠᠨ ᠦᠪᠡᠷ ᠤ᠋ᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠠᠮᠢᠲᠤᠯᠢᠬ ᠳᠦᠷᠰᠦᠯᠢᠭ ᠬᠡᠷᠡᠭ᠎ᠦᠨ ᠵᠢᠱ᠌ᠢᠶ᠎ᠡ᠂ ᠨᠠᠷᠢᠨ ᠪᠣᠳᠠᠲᠠᠶ ᠲᠣᠭ᠎ᠠ ᠪᠠᠷᠢᠮᠲᠠ᠎ᠪᠡᠷ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ᠎ᠳᠤ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠦᠭᠡ ᠬᠡᠯᠡ ᠨᠢ ᠠᠮᠢᠳᠤ ᠴᠣᠪᠣᠭᠣᠯᠢᠭ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠪᠠᠭ᠎ᠠ᠎ᠪᠠᠷ ᠶᠡᠬᠡ᠎ᠶ᠋ᠢ ᠲᠤᠰᠬᠠᠵᠤ᠂ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠵᠠᠢ᠃ ᠴᠢᠪᠠᠭᠠᠲᠤ ᠰᠤᠮᠤ᠎ᠵᠢᠨ ᠤᠭᠠᠯᠵᠠ ᠭᠠᠴᠠᠭ᠎ᠠ᠎ᠶ᠋ᠢᠨ ᠠᠷᠠᠳ ᠪᠠᠢ ᠰᠠᠷᠠᠨᠬᠡᠷᠡᠯ᠄《ᠤᠬᠠᠭᠤᠯᠤᠨ ᠲᠠᠢᠯᠪᠤᠷᠢᠯᠠᠯᠳᠠ ᠨᠢ ᠦᠨᠳᠦᠰᠦᠨ ᠱᠠᠲᠤᠨ᠎ᠳᠤ ᠮᠠᠰᠢ ᠣᠢᠷᠠᠲᠤᠵᠤ᠂ ᠮᠠᠯᠴᠢᠨ ᠲᠠᠷᠢᠶᠠᠴᠢᠨ ᠪᠦᠷ ᠣᠢᠯᠠᠭᠠᠨ ᠬᠡᠷᠡᠭ᠌ᠯᠡᠵᠦ᠍ ᠪᠣᠯᠤᠨ᠎ᠠ᠃ ᠲᠠᠷᠠᠭᠠᠴᠢ ᠪᠡᠷ ᠪᠢᠳᠡ ᠦᠢᠯᠡᠳᠪᠦᠷᠢᠯᠡᠯ᠎ᠢᠶᠡᠨ ᠰᠠᠢᠲᠤᠷ ᠵᠣᠬᠢᠶᠠᠨ ᠪᠠᠢᠭᠤᠯᠵᠤ᠂ ᠠᠵᠤ ᠦᠢᠯᠡᠰ᠎ᠢ ᠬᠥᠭ᠌ᠵᠢᠭᠦᠯᠬᠦ᠌᠎ᠪᠡᠷ ᠳᠠᠮᠵᠢᠨ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃

ᠤᠯᠠᠭᠠᠨᠬᠠᠳᠠ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠥᠪᠥᠷ ᠮᠣᠩᠭᠣᠯ᠎ᠤᠨ ᠠᠷᠪᠠᠳᠤᠭᠠᠷ ᠭᠠᠵᠠᠷ ᠱᠢᠨᠵᠢᠯᠡᠭᠡ ᠠᠭᠤᠷᠬᠠᠶ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠵᠤ ᠨᠡᠭᠡᠭᠡᠨ ᠬᠥᠭ᠌ᠵᠢᠭᠦᠯᠬᠦ᠌ ᠬᠠᠷᠢᠭᠤᠴᠠᠯᠭᠠᠲᠤ ᠺᠣᠮᠫᠠᠨᠢ᠎ᠳᠤ ᠤᠬᠠᠭᠤᠯᠤᠨ ᠲᠠᠢᠯᠪᠤᠷᠢᠯᠠᠭ᠍ᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠦᠨ ᠲᠣᠭᠣᠷᠢᠨ᠎ᠳᠤ ᠦᠪᠡᠷ ᠤ᠋ᠨ ᠥᠩᠭᠡᠷᠡᠯᠲᠡ ᠪᠠ ᠳᠡᠷᠭᠡᠳᠡᠬᠢ ᠠᠮᠢᠳᠤᠯᠢᠭ ᠵᠢᠱ᠌ᠢᠶ᠎ᠡ᠎ᠲᠡᠶ᠎ᠪᠡᠨ ᠤᠶᠠᠯᠳᠤᠭᠤᠯᠤᠨ᠂ ᠠᠮᠢᠳᠤᠯᠢᠭ ᠦᠭᠡ ᠬᠡᠯᠡ ᠪᠠ ᠴᠢᠩ ᠦᠨᠡᠨᠴᠢ ᠰᠡᠳᠭᠢᠯᠭᠡ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ  ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠠᠴᠢ ᠬᠣᠯᠪᠣᠭ᠍ᠳᠠᠯ᠎ᠢ ᠲᠣᠳᠣᠷᠬᠠᠢᠯᠠᠨ ᠥᠭᠦᠯᠡᠵᠦ᠍᠂ ᠬᠤᠷᠠᠯ᠎ᠳᠤ ᠣᠷᠣᠯᠴᠠᠭ᠍ᠰᠠᠳ᠎ᠲᠤ ᠦᠵᠡᠯ ᠰᠠᠨᠠᠭᠠᠨ᠎ᠤ ᠭᠦᠨᠴᠡ᠎ᠲᠡᠶ ᠪᠥᠭᠡᠳ ᠲᠤᠳᠤᠨᠤ ᠤᠢᠯᠠᠭᠠᠮᠵᠢᠳᠡᠢ ᠤᠬᠠᠭᠤᠯᠤᠨ ᠲᠠᠢᠯᠪᠤᠷᠢᠯᠠᠵᠦ᠂ ᠣᠯᠠᠨ᠎ᠢᠶᠠᠷ᠎ᠢᠶᠠᠨ ᠭᠦᠨ ᠰᠡᠩᠬᠡᠷᠡᠭᠦᠯᠦᠯ ᠣᠯᠵᠠᠶ ᠭᠡᠵᠦ᠍ ᠢᠯᠡᠳᠭᠡᠪᠡ᠃ 《ᠤᠬᠠᠭᠤᠯᠤᠨ ᠲᠠᠢᠯᠪᠤᠷᠢᠯᠠᠭ᠍ᠴᠢ᠎ᠶ᠋ᠢᠨ ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭᠠᠳ ᠪᠢ ᠶᠡᠬᠡᠳᠡ ᠰᠡᠳᠭᠢᠯ ᠳᠣᠭ᠍ᠳᠣᠯᠵᠤ᠂ ᠲᠤᠢᠯ᠎ᠢᠶᠠᠷ ᠤᠷᠮᠠᠱᠢᠨ ᠵᠣᠷᠢᠭ᠍ᠵᠢᠪᠠ᠂ ᠵᠠᠮ ᠬᠠᠷᠢᠯᠴᠠᠭᠠᠨ᠎ᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠨᠡᠩ ᠴᠢᠷᠮᠠᠢᠨ ᠠᠵᠢᠯᠯᠠᠵᠤ᠂ ᠤᠯᠠᠨ ᠲᠦᠮᠡᠨ᠎ᠳᠦ ᠳᠥᠭᠥᠮ ᠳᠥᠲᠡ᠂ ᠥᠨᠳᠥᠷ ᠪᠦᠲᠦᠮᠵᠢᠲᠡᠢ᠂ ᠠᠮᠤᠷ ᠲᠦᠪᠱᠢᠨ ᠶᠠᠪᠤᠵᠤ ᠰᠠᠭᠤᠬᠤ ᠣᠷᠴᠢᠨ ᠲᠣᠭᠣᠷᠢᠨ᠎ᠢ ᠬᠠᠩᠭᠠᠵᠤ᠂ 〈ᠵᠠᠮ ᠨᠡᠭᠡᠭᠡᠬᠦ᠌ ᠬᠣᠱᠢᠭᠤᠴᠢ〉 ᠪᠤᠯᠵᠤ᠂ ᠵᠠᠮ ᠬᠠᠷᠢᠯᠴᠠᠭᠠᠨ᠎ᠤ ᠦᠯᠢᠭᠡᠷ᠎ᠢ ᠰᠠᠢᠲᠤᠷ ᠶᠠᠷᠢᠨ᠎ᠠ》 ᠭᠡᠵᠦ ᠤᠯᠠᠭᠠᠨᠬᠠᠳᠠ ᠬᠣᠲᠠ᠎ᠶ᠋ᠢᠨ ᠵᠠᠮ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠠᠯᠪᠠᠨ ᠬᠡᠷ᠎ᠦᠨ ᠡᠷᠬᠢᠯᠡᠭ᠌ᠴᠢ ᠵᠠᠩ ᠢ ᠼᠦᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号