ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ》 ᠤ᠋ᠨ ᠬᠤᠪᠢᠶᠠᠷᠢᠴᠢᠯᠠᠭᠰᠠᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠷᠪᠠᠳᠤᠭᠠᠷ ᠬᠤᠪᠢᠶᠠᠷᠢ ᠠᠩᠭᠢ ᠦᠬᠠᠶ ᠪᠠᠶᠠᠨᠨᠠᠭᠤᠷ ᠠᠯᠠᠱᠠ ᠣᠷᠳᠣᠰ᠎ᠲᠤ ᠤᠬᠠᠭᠤᠯᠤᠨ ᠲᠠᠢᠯᠪᠤᠷᠢᠯᠠᠪᠠ
2024-12-26 09:44:53
ᠵᠣᠬᠢᠶᠠᠭ᠍ᠴᠢ᠄
ᠬᠤᠤ ᠪᠢᠶᠤᠤ ᠲᠡᠭᠦᠰᠪᠢᠯᠢᠭ ᠯᠢᠦ ᠬᠣᠩ ᠵᠠᠩ ᠬᠤᠤ ᠱᠢᠤᠸᠠᠢ ᠯᠢᠶᠠᠨ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 17 ᠡᠴᠡ 23 ᠤ᠋ ᠡᠳᠦᠷ ᠪᠣᠯᠲᠠᠯ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》᠎ᠤ᠋ᠨ ᠬᠤᠪᠢᠶᠠᠷᠢᠴᠢᠯᠠᠭᠰᠠᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠷᠪᠠᠳᠤᠭᠠᠷ ᠬᠤᠪᠢᠶᠠᠷᠢ ᠠᠩᠬᠢ ᠦᠬᠠᠢ᠂ ᠪᠠᠶᠠᠨᠨᠠᠭᠤᠷ᠂ ᠠᠯᠠᠱᠠ᠂ ᠤᠷᠳᠤᠰ᠎ᠲᠤ ᠬᠦᠷᠴᠦ᠍ ᠤᠬᠠᠭᠤᠯᠤᠨ ᠲᠠᠢᠯᠪᠤᠷᠢᠯᠠᠪᠠ᠃

12 ᠰᠠᠷ᠎ᠠ᠎ᠶ᠋ᠢᠨ 19 ᠎ᠤ᠋ ᠦᠳᠡ᠎ᠶ᠋ᠢᠨ ᠡᠮᠦᠨ᠎ᠡ᠂ ᠦᠬᠠᠶ ᠬᠣᠲᠠ᠎ᠶ᠋ᠢᠨ ᠠᠷᠠᠳ᠎ᠦᠨ ᠦᠢᠯᠡᠴᠢᠯᠡᠭᠡᠨ᠎ᠤ ᠲᠥᠪ᠎ᠦᠨ ᠭᠤᠷᠪᠠᠳᠤᠭᠠᠷ ᠳᠠᠪᠬᠤᠷᠯᠢᠭ᠎ᠤᠨ ᠬᠤᠷᠠᠯ᠎ᠤᠨ ᠬᠡᠷ᠎ᠲᠦ ᠬᠥᠮᠦᠰ ᠳᠦᠭᠦᠷᠲᠡᠯ᠎ᠡ ᠰᠠᠭᠤᠯᠴᠠᠵᠤ᠂ ᠬᠥᠷ ᠬᠥᠭ᠌ᠵᠢᠶᠡᠨ᠎ᠢᠶᠡᠷ ᠪᠢᠯᠬᠠᠵᠤ᠂ ᠦᠬᠠᠶ ᠬᠣᠲᠠ᠎ᠶ᠋ᠢᠨ ᠱᠢᠭᠤᠳ ᠬᠠᠷᠢᠶ᠎ᠠ ᠡᠯ᠎ᠡ ᠨᠢᠭᠡᠴᠢ᠂ ᠱᠢᠨ᠎ᠡ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠱᠢᠨ᠎ᠡ ᠠᠵᠢᠯ ᠣᠯᠭᠣᠯᠲᠠ᠎ᠶ᠋ᠢᠨ ᠬᠦᠮᠦᠰ᠎ᠤᠨ ᠲᠥᠯᠥᠭᠡᠯᠡᠭ᠌ᠴᠢᠳ ᠬᠠᠮᠲᠤ᠎ᠪᠠᠷ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠪᠠ᠃ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠯᠢ ᠢ ᡁᠢ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ᠎ᠶ᠋ᠢᠨ ᠲᠥᠯᠥᠭᠡᠯᠡᠭ᠌ᠴᠢ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠨᠢᠭᠡᠳᠦᠭᠡᠷ ᠳᠡᠰ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠭ᠌ᠴᠢ ᠴᠧᠨ ᠴᠤᠤ᠂ 《ᠠᠬᠠᠮᠠᠳ ᠺᠠᠳ᠋ᠷ᠂ ᠠᠬᠠᠮᠠᠳ ᠪᠠᠢᠯᠳᠤᠭᠴᠢ᠂ ᠠᠬᠠᠮᠠᠳ ᠲᠤᠰᠬᠠᠢ ᠮᠡᠷᠭᠡᠵᠢᠯᠳᠡᠨ᠂ ᠠᠬᠠᠮᠠᠳ ᠪᠠᠭᠰᠢ᠂ ᠠᠬᠠᠮᠠᠳ ᠵᠢᠱ᠌ᠢᠶᠡᠴᠢ》 ᠵᠢᠨ ᠤᠬᠠᠭᠤᠯᠤᠨ ᠲᠠᠢᠯᠪᠤᠷᠢᠯᠠᠭ᠍ᠴᠢ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ ᠵᠠᠩ ᠵᠢᠶᠠᠨ᠂ 《ᠠᠬᠠᠮᠠᠳ ᠺᠠᠳ᠋ᠷ᠂ ᠠᠬᠠᠮᠠᠳ ᠪᠠᠢᠯᠳᠤᠭᠴᠢ᠂ ᠠᠬᠠᠮᠠᠳ ᠲᠤᠰᠬᠠᠢ ᠮᠡᠷᠭᠡᠵᠢᠯᠳᠡᠨ᠂ ᠠᠬᠠᠮᠠᠳ ᠪᠠᠭᠰᠢ᠂ ᠠᠬᠠᠮᠠᠳ ᠵᠢᠱ᠌ᠢᠶᠡᠴᠢ》᠎ᠵᠢᠨ ᠤᠬᠠᠭᠤᠯᠤᠨ ᠲᠠᠢᠯᠪᠤᠷᠢᠯᠠᠭ᠍ᠴᠢ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠦᠬᠠᠶ᠎ᠶ᠋ᠢᠨ ᠡᠨᠧᠷᠭᠢ᠎ᠶ᠋ᠢᠨ ᠺᠣᠮᠫᠠᠨᠢ᠎ᠶ᠋ᠢᠨ ᠰᠣᠨᠢᠨ ᠮᠡᠳᠡᠭᠡᠨ᠎ᠦ ᠲᠥᠪ᠎ᠦᠨ ᠶᠡᠷᠦᠩᠬᠡᠶ ᠨᠠᠢᠷᠠᠭᠤᠯᠬᠤ ᠲᠠᠰᠤᠭ᠎ᠤᠨ ᠤᠤᠯ᠎ᠤᠨ ᠡᠷᠬᠢᠯᠡᠭ᠌ᠴᠢ ᠯᠦᠸᠧ ᠵᠠᠨ ᠭᠦᠸᠧ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠭᠤᠤ ᠹᠠᠨ ᠯᠢ᠂ ᠡᠷᠢᠶᠡᠨ ᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠳᠡᠳ᠋ ᠵᠠᠬᠢᠷᠤᠯ ᠹᠠᠨ ᠬᠣᠩ ᠶᠢᠩ  ᠵᠡᠷᠭᠡ 6 ᠤᠬᠠᠭᠤᠯᠤᠨ ᠲᠠᠢᠯᠪᠤᠷᠢᠯᠠᠭ᠍ᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠠᠵᠢᠯ᠎ᠤᠨ ᠭᠤᠤᠯ ᠱᠢᠵᠢᠮ᠎ᠦᠨ ᠲᠣᠭᠣᠷᠢᠨ᠎ᠳᠤ ᠥᠪᠡᠷ ᠥᠪᠡᠷ᠎ᠦᠨ ᠠᠵᠢᠯ᠎ᠤ᠋ᠨ ᠥᠩᠭᠡᠷᠡᠯᠲᠡ ᠪᠠ ᠪᠣᠳᠣᠵᠤ ᠰᠡᠳᠬᠢᠭᠰᠡᠨ ᠵᠦᠶ᠋ᠯ᠎ᠲᠡᠶ᠎ᠪᠡᠨ ᠤᠶᠠᠯᠳᠤᠭᠤᠯᠤᠨ᠂ ᠲᠣᠰ ᠲᠣᠰ 《ᠨᠡᠢᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠡᠬᠡ ᠬᠡᠷ ᠪᠦᠯᠢ ᠪᠤᠯᠭᠠᠨ ᠪᠦᠳᠦᠭᠡᠨ ᠪᠠᠢᠭᠤᠯᠤᠶ᠎ᠠ》᠂ 《〈ᠭᠠᠢᠯᠢ᠎ᠶ᠋ᠢᠨ ᠶᠠᠪᠤᠳᠠᠯ〉 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠳᠤ ᠬᠡᠷᠡᠯ ᠭᠢᠯᠪᠠᠭ᠎ᠠ ᠨᠡᠮᠡᠷᠢᠯᠡᠨ᠎ᠡ》᠂ 《ᠨᠢᠭᠡᠨ ᠤᠯᠤᠰ᠎ᠤᠨ ᠬᠡᠦᠬᠡᠳ᠎ᠦᠨ ᠬᠠᠢᠷ᠎ᠠ ᠰᠡᠳᠭᠢᠯᠭᠡ》᠂ 《〈ᠲᠠᠪᠤᠨ ᠬᠠᠮᠲᠤ᠎ᠶ᠋ᠢᠨ ᠲᠠᠨᠢᠯᠲᠠ〉 ᠶ᠋ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠦᠨᠳᠦᠰᠦᠯᠡᠭᠦᠯᠦᠶ᠎ᠡ》 ᠂ 《〈ᠲᠦᠮᠡᠨ ᠬᠥᠮᠦᠨ ᠠᠭᠤᠯᠠᠨ᠎ᠳᠤ ᠭᠠᠷᠴᠤ᠌ ᠨᠡᠭᠦᠷᠡᠰᠦ ᠮᠠᠯᠳᠠᠬᠰᠠᠨ ᠶᠡᠬᠡ ᠳᠠᠢᠯᠠᠯᠳᠤᠭᠠᠨ〉 ᠢ᠋ ᠲᠠᠬᠢᠨ ᠡᠷᠭᠢᠴᠡᠭᠦᠯᠬᠦ ᠨᠢ 》᠂ 《ᠦᠨᠳᠦᠰᠦᠲᠡᠨ᠎ᠦ ᠪᠦᠯᠬᠦᠮᠳᠡᠯ᠎ᠦᠨ ᠦᠨᠳᠤᠰᠤ ᠰᠤᠷᠪᠤᠯᠵᠢ ᠵᠢ ᠰᠠᠢᠲᠤᠷ ᠰᠠᠬᠢᠨ ᠬᠠᠮᠠᠭᠠᠯᠠᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠵᠠᠢ᠃ ᠣᠯᠠᠨ᠎ᠢᠶᠠᠷ᠎ᠢᠶᠠᠨ ᠮᠠᠰᠢ ᠶᠡᠭᠡ ᠤᠯᠤᠯᠳᠠ ᠲᠦᠷᠦᠭᠳᠡᠯ ᠤᠯᠤᠭᠰᠠᠨ᠎ᠢᠶᠡᠨ ᠢᠯᠡᠳᠭᠡᠪᠠ᠃

ᠲᠣᠰ ᠡᠳᠦᠷ᠎ᠦᠨ ᠦᠳᠡ᠎ᠶ᠋ᠢᠨ ᠬᠣᠢᠨ᠎ᠠ᠂ ᠭᠤᠷᠪᠠᠳᠤᠭᠠᠷ ᠬᠤᠪᠢᠶᠠᠷᠢ ᠠᠩᠭᠢ ᠵᠢᠨ ᠬᠢᠨ ᠪᠠᠰᠠ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠤᠨ ᠪᠢᠨ ᠾᠧ ᠵᠡᠭᠡᠯᠢ ᠭᠤᠳᠤᠮᠵᠢ᠎ᠶ᠋ᠢᠨ ᠪᠢᠨ ᠾᠧ ᠨᠡᠢᠭᠡᠮ ᠲᠣᠭᠣᠷᠢᠭ᠎ᠲᠤ ᠬᠦᠷᠴᠦ᠍ ᠤᠬᠠᠭᠤᠯᠤᠨ ᠲᠠᠢᠯᠪᠤᠷᠢᠯᠠᠵᠤ᠂ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌  《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠲᠠᠰᠤᠷᠠᠯᠲᠠ ᠥᠬᠡᠶ ᠴᠢᠩᠭᠠᠳᠭᠠᠵᠤ᠂ 《ᠳᠥᠷᠪᠡ᠎ᠶ᠋ᠢ ᠬᠠᠮᠳᠤᠳᠬᠠᠬᠤ》 ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠪᠠ᠃ 《ᠡᠨᠡ ᠡᠳᠦᠷ᠎ᠦᠨ ᠤᠬᠠᠭᠤᠯᠤᠨ ᠲᠠᠢᠯᠪᠤᠷᠢᠯᠠᠯᠲᠠ ᠨᠢ ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ᠃ ᠨᠡᠢᠭᠡᠮ ᠲᠣᠭᠣᠷᠢᠭ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠪᠠᠢᠭᠤᠯᠤᠯᠲᠠ᠎ᠶ᠋ᠢᠨ ᠬᠦᠳᠦᠯᠥᠨ ᠳᠠᠭᠠᠭᠤᠯᠬᠤ ᠦᠢᠯᠡᠳᠦᠯ᠎ᠢ ᠦᠷᠭᠦᠯᠵᠢᠯᠡᠨ ᠰᠠᠢᠲᠤᠷ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠤ ᠪᠠᠢᠬᠤ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠤᠯᠠᠨ ᠲᠠᠯ᠎ᠠ᠎ᠪᠠᠷ ᠬᠦᠴᠦ᠍᠎ᠪᠡᠨ ᠬᠠᠮᠲᠤᠳᠭᠠᠵᠤ᠂ ᠤᠯᠠᠨ ᠠᠷᠭ᠎ᠠ ᠬᠡᠮᠵᠢᠢ᠎ᠡ᠎ᠶ᠋ᠢ ᠵᠡᠷᠭᠡ᠎ᠪᠡᠷ ᠬᠡᠷᠡᠭ᠌ᠯᠡᠨ ᠬᠠᠷᠢᠶ᠎ᠠ ᠣᠷᠣᠨ᠎ᠤ ᠪᠠᠨ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠡᠩ ᠰᠠᠢ᠌ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ》 ᠭᠡᠵᠦ᠍ ᠪᠢᠨ ᠾᠧ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠯᠢᠦᠢ ᠶᠣᠣ ᠬᠡᠯᠡᠪᠡ᠃

ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ ᠤ᠋ᠨ ᠱᠸ᠋ ᠭᠤᠸᠠᠩ ᠱᠢᠶᠠᠩ᠎ᠤᠨ ᠠᠷᠠᠳ᠎ᠤᠨ ᠵᠠᠰᠠᠭ᠎ᠤᠨ ᠣᠷᠳᠣᠨ ᠪᠠ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ᠎ᠳᠤ ᠬᠡᠳᠦᠨ ᠤᠬᠠᠭᠤᠯᠤᠨ ᠲᠠᠢᠯᠪᠤᠷᠢᠯᠠᠭ᠍ᠴᠢ ᠥᠪᠡᠷᠮᠢᠴᠡ ᠬᠠᠷᠠᠭᠠᠰᠤ ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ  ᠬᠦᠨᠵᠡᠭᠡᠢ ᠲᠠᠢᠯᠪᠤᠷᠢᠯᠠᠵᠤ᠂ ᠲᠤᠬᠠᠶ᠎ᠶ᠋ᠢᠨ ᠲᠠᠯᠠᠪᠠᠶ᠎ᠶ᠋ᠢᠨ ᠰᠣᠨᠣᠰᠤᠭ᠍ᠴᠢᠳ᠎ᠤᠨ ᠬᠠᠯᠠᠭᠤᠨ ᠬᠦᠷᠢᠶᠡᠯᠡᠯ᠎ᠢ ᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠲᠦ ᠬᠦᠴᠦᠨ ᠴᠢᠳᠠᠯ᠎ᠢᠶᠠᠨ ᠡᠷᠭᠦᠬᠦ᠌ ᠬᠠᠯᠠᠭᠤᠨ ᠰᠡᠳᠭᠢᠯᠭᠡ ᠪᠠ ᠡᠷᠡᠰ ᠵᠣᠷᠢᠭ᠎ᠢ ᠨᠢ ᠬᠥᠭ᠌ᠵᠢᠭᠡᠪᠡ᠃ ᠪᠠᠶᠠᠨᠨᠠᠭᠤᠷ ᠬᠤᠳᠠ᠎ᠶ᠋ᠢᠨ ᠪᠡᠯᠡ ᠣᠷᠣᠭᠤᠯᠤᠯᠲᠠ᠎ᠶ᠋ᠢ ᠠᠬᠢᠭᠤᠯᠬᠤ ᠲᠥᠪ᠎ᠦᠨ ᠨᠠᠮ᠎ᠤᠨ ᠠᠵᠢᠯ᠎ᠤᠨ ᠺᠠᠳ᠋ᠷ ᠸᠠᠩ ᠬᠤᠢ᠄《ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭᠠᠳ ᠪᠢ ᠶᠡᠭᠡᠳᠡ ᠰᠡᠩᠬᠡᠷᠡᠭᠦᠯᠦᠯ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠨᠡᠩ ᠭᠦᠨᠵᠡᠭᠡᠢ ᠪᠦᠬᠡᠳ ᠪᠦᠬᠦ᠌ ᠲᠠᠯ᠎ᠠ᠎ᠶ᠋ᠢᠨ ᠲᠠᠨᠢᠯᠲᠠ᠎ᠲᠠᠶ ᠪᠣᠯᠵᠠᠢ᠃ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠬᠣᠢᠱᠢᠳᠠ᠎ᠶ᠋ᠢᠨ ᠠᠵᠢᠯ ᠳᠤᠮᠳᠠ᠎ᠪᠠᠨ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠪᠡᠶ᠎ᠡ ᠪᠡᠷ᠎ᠢᠶᠡᠨ ᠬᠡᠪ ᠲᠠᠭᠤᠷᠢᠶᠠᠯ ᠪᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠦᠯᠢᠬᠡᠷ᠎ᠢ ᠰᠠᠢᠲᠤᠷ ᠶᠠᠷᠢᠵᠤ᠂ ᠪᠦᠬᠦ᠌ ᠬᠤᠳᠠ᠎ᠶ᠋ᠢᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠳᠤ ᠬᠤᠪᠢ ᠨᠡᠮᠡᠷᠢ ᠦᠵᠡᠭᠦᠯᠦᠨ᠎ᠡ》 ᠬᠡᠵᠠᠢ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠠᠯᠠᠱᠠ᠎ᠶ᠋ᠢᠨ ᠴᠠᠬᠢᠯᠭᠠᠨ ᠬᠠᠩᠭᠠᠬᠤ ᠺᠣᠮᠫᠠᠨᠢ ᠪᠠ ᠠᠯᠠᠱᠠ ᠵᠡᠭᠦᠨ ᠬᠣᠱᠢᠭᠤᠨ᠎ᠤ ᠪᠠᠶᠠᠨᠬᠣᠲᠠ ᠪᠠᠯᠭᠠᠰᠤᠨ᠎ᠤ ᠪᠠᠶᠠᠨᠬᠦ᠍ᠢ᠍ᠳᠡᠭᠡ ᠭᠠᠴᠠᠭ᠎ᠠ᠎ᠳᠤ ᠤᠬᠠᠭᠤᠯᠤᠨ ᠲᠠᠢᠯᠪᠤᠷᠢᠯᠠᠭ᠍ᠴᠢ ᠥᠪᠡᠷ᠎ᠦᠨ ᠠᠮᠢᠳᠤᠷᠠᠯ ᠪᠠ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠠᠮᠢᠳᠤᠯᠢᠭ ᠦᠭᠡ ᠬᠡᠯᠡ ᠪᠠ  ᠪᠣᠳᠠᠲᠠᠢ ᠵᠢᠱ᠌ᠢᠶ᠎ᠡ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠦᠨ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠦᠨ᠎ᠡ ᠥᠷᠲᠡᠭ᠎ᠢ ᠪᠥᠬᠥ᠌ ᠲᠠᠯ᠎ᠠ᠎ᠪᠠᠷ ᠣᠯᠠᠨ ᠬᠠᠷᠠᠭᠠᠰᠤ᠎ᠠᠴᠠ ᠭᠦᠨᠵᠡᠭᠡᠶ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠬᠰᠠᠨ ᠠᠭᠤᠯᠭ᠎ᠠ ᠨᠢ ᠠᠮᠢᠳᠤᠯᠢᠬ ᠴᠣᠪᠣᠭᠣᠯᠢᠭ᠂ ᠪᠠᠭ᠎ᠠ᠎ᠪᠠᠷ ᠶᠡᠬᠡ᠎ᠶ᠋ᠢ ᠬᠠᠷᠠᠭᠤᠯᠵᠤ᠂ ᠬᠢᠯᠪᠠᠷ ᠣᠢᠯᠠᠭᠠᠮᠵᠢᠲᠠᠶ ᠪᠠᠢᠵᠤ᠂ ᠲᠤᠬᠠᠶ᠎ᠶ᠋ᠢᠨ ᠭᠠᠵᠠᠷ᠎ᠤᠨ ᠺᠠᠳ᠋ᠷ ᠣᠯᠠᠨ ᠲᠦᠮᠡᠨ ᠰᠣᠨᠣᠰᠤᠭᠠᠳ ᠶᠡᠬᠡᠳᠡ ᠵᠣᠷᠢᠭ᠍ᠵᠢᠵᠠᠶ᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠠᠯᠠᠱᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠠᠷᠤᠭ᠎ᠠ ᠵᠠᠩ ᠱᠢᠶᠤᠤ ᠲᠦᠩ᠄ 《ᠬᠣᠢᠱᠢᠳᠠ ᠪᠢᠳᠡ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢᠶᠠᠨ ᠦᠨᠡᠨ ᠬᠦ᠌ ᠴᠢᠩᠭᠠᠳᠭᠠᠵᠤ᠂ ᠺᠣᠮᠫᠠᠨᠢ᠎ᠶ᠋ᠢᠨ ᠬᠢᠨ᠎ᠤ 〈ᠴᠢ ᠱᠠᠨ ᠠᠨᠠᠷ᠎ᠤᠨ ᠦᠷ᠎ᠡ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ〉 ᠦᠨᠳᠦᠰᠦᠲᠡᠨ᠎ᠦ ᠪᠦᠯᠬᠦᠮᠳᠡᠯ᠎ᠦᠨ ᠰᠣᠶᠣᠯ᠎ᠤᠨ ᠲᠦᠷᠦᠯ ᠲᠡᠮᠳᠡᠭ᠎ᠢ ᠦᠷᠭᠦᠯᠵᠢᠯᠡᠨ ᠪᠠᠢᠭᠤᠯᠵᠤ᠂ 〈ᠲᠠᠮᠠᠬᠡᠲᠤ  ᠨᠤᠲᠤᠭ ᠲᠸ᠋ ᠴᠠᠬᠢᠯᠭᠠᠨ ᠬᠠᠩᠭᠠᠬᠤ〉 ᠦᠢᠯᠡᠴᠢᠯᠡᠭᠡᠨ᠎ᠦ ᠦᠷᠳᠡᠭᠡ᠎ᠶ᠋ᠢᠨ ᠠᠵᠢᠯ ᠵᠢᠡᠨ ᠪᠣᠳᠠᠲᠠᠢ ᠰᠠᠢᠲᠤᠷ ᠬᠢᠵᠦ᠍᠂ ᠰᠡᠳᠭᠢᠯ ᠨᠢᠬᠡᠳᠦᠨ ᠬᠦᠴᠦ᠍᠎ᠪᠡᠨ ᠬᠠᠮᠲᠤᠳᠭᠠᠵᠤ ᠡᠭᠡ ᠤᠯᠤᠰ᠎ᠤᠨ ᠤᠮᠠᠷᠠᠲᠤ᠎ᠶ᠋ᠢᠨ ᠦᠨᠳᠦᠰᠦᠲᠡᠨ᠎ᠦ ᠭᠠᠵᠠᠷ ᠣᠷᠣᠨ᠎ᠳᠤ ᠴᠠᠬᠢᠯᠭᠠᠨ ᠨᠡᠪᠲᠡᠷᠡᠭᠦᠯᠬᠦ᠌ ᠢᠨᠵᠧᠨᠧᠷᠢᠩ᠎ᠢ ᠰᠠᠢᠲᠤᠷ ᠠᠳᠭᠤᠨ᠎ᠠ》 ᠬᠡᠵᠠᠢ᠃

ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠠᠯᠳᠠᠨᠱᠢᠷᠡᠭᠡᠲᠤ ᠪᠠᠯᠭᠠᠰᠤ᠎ᠶ᠋ᠢᠨ ᠸᠠᠩ ᠹᠦ᠋ ᠵᠠᠮ ᠨᠡᠢᠭᠡᠮ ᠲᠣᠭᠣᠷᠢᠭ᠎ᠲᠤ ᠤᠬᠠᠭᠤᠯᠤᠨ ᠲᠠᠢᠯᠪᠤᠷᠢᠯᠠᠭ᠍ᠴᠢ ᠵᠢᠷᠤᠭ ᠦᠰᠦᠭ᠎ᠢ ᠬᠠᠪᠰᠤᠷᠭᠠᠨ ᠥᠯᠢᠭᠡᠷ ᠶᠠᠷᠢᠬᠤ ᠬᠡᠯᠪᠡᠷᠢ᠎ᠪᠡᠷ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠤᠭ᠍ᠰᠠᠨ ᠠᠵᠢᠯ᠎ᠤᠨ ᠦᠷ᠎ᠡ ᠪᠦᠲᠦᠮᠵᠢ᠎ᠶ᠋ᠢ ᠤᠬᠠᠭᠤᠯᠤᠨ ᠲᠠᠢᠯᠪᠤᠷᠢᠯᠠᠪᠠ᠃ ᠸᠠᠩ ᠹᠦ᠋ ᠵᠠᠮ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠵᠢᠶᠠᠩ ᠨᠠ ᠤᠬᠠᠭᠤᠯᠤᠨ ᠲᠠᠢᠯᠪᠤᠷᠢᠯᠠᠯᠳᠠ ᠶ᠋ᠢ ᠰᠣᠨᠣᠰᠤᠭ᠍ᠰᠠᠨ᠎ᠤ ᠳᠠᠷᠠᠭ᠎ᠠ᠄ 《ᠸᠠᠩ ᠹᠦ᠋ ᠵᠠᠮ ᠨᠡᠢᠭᠡᠮ ᠲᠣᠭᠣᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠨᠡᠢᠭᠡᠮ ᠲᠣᠭᠣᠷᠢᠭ ᠮᠥᠨ᠂ ᠪᠢᠳᠡ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠯᠳᠠ᠂ ᠤᠷᠠᠨ ᠰᠠᠢᠬᠠᠨ᠎ᠤ ᠬᠠᠮᠲᠤᠷᠠᠭ᠍ᠰᠠᠨ ᠲᠣᠭ᠍ᠯᠠᠯᠲᠠ ᠪᠠ ᠵᠥᠪᠳᠡᠯᠴᠡᠨ ᠶᠠᠷᠢᠯᠴᠠᠬᠤ ᠵᠡᠷᠭᠡ ᠠᠵᠢᠯᠯᠠᠭ᠎ᠠ ᠵᠢ ᠪᠠᠢᠩᠭᠤ ᠵᠢᠨ ᠴᠢᠨᠠᠷᠳᠠᠢ ᠥᠷᠨᠢᠭᠦᠯᠬᠦ᠌ ᠪᠡᠷ ᠳᠠᠮᠵᠢᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠣᠯᠠᠨ ᠡᠱᠢᠵᠢᠭ᠌ᠰᠡᠨ ᠠᠮᠤᠷ ᠠᠮᠤᠭᠤᠯᠠᠩ ᠠᠵᠤ ᠲᠦᠷᠦᠭᠦ᠌ ᠣᠷᠴᠢᠨ ᠨᠥᠬᠥᠴᠡᠯ᠎ᠢ ᠪᠣᠶ ᠪᠣᠯᠭᠠᠵᠤ᠂ ᠣᠯᠠᠨ ᠲᠦᠮᠡᠨ᠎ᠦ ᠳᠤᠮᠳᠠᠳᠤ᠎ᠶ᠋ᠢᠨ ᠰᠣᠶᠣᠯ᠎ᠤᠨ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠲᠤᠨ᠎ᠳᠤ ᠦᠵᠡᠭᠲᠠᠮ᠎ᠠ ᠭᠠᠷ ᠲᠸ᠋ ᠪᠠᠷᠢᠭᠲᠠᠮ᠎ᠠ ᠰᠡᠳᠬᠢᠯ ᠳ᠋ᠤ ᠰᠠᠭᠤᠭᠲᠠᠮ᠎ᠠ ᠪᠠᠳᠤ ᠴᠤᠭᠴᠠᠯᠠᠨ᠎ᠠ》 ᠬᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号